ᠴᠢᠩᠱᠠᠨ ᠲᠤᠭᠤᠷᠢᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠵᠢᠴᠢ《ᠪᠤᠭᠤᠳᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ》ᠭᠤᠤᠯ ᠰᠡᠳᠦᠪᠳᠦ ᠦᠢᠯᠡᠳᠦᠯᠭᠡ ᠶᠢᠨ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/9
      11 ᠰᠠᠷ᠎ᠠ ᠶᠢᠨ 4 ᠤ ᠡᠳᠦᠷ᠂ ᠴᠢᠩᠱᠠᠨ ᠲᠤᠭᠤᠷᠢᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠵᠢᠴᠢ《ᠪᠤᠭᠤᠳᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ》ᠭᠤᠤᠯ ᠰᠡᠳᠦᠪᠳᠦ ᠦᠢᠯᠡᠳᠦᠯᠭᠡ ᠶᠢᠨ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠴᠢᠨᠠᠭᠰᠢᠳᠠ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ᠂ ᠪᠦᠭᠦ ᠲᠤᠭᠤᠷᠢᠭ ᠲᠠᠶᠠᠭᠠᠷ ᠢᠶᠠᠨ ᠴᠤᠭ ᠰᠦᠯᠳᠡ ᠪᠠᠨ ᠪᠠᠳᠠᠷᠠᠭᠤᠯᠵᠤ᠂  ᠪᠠᠶᠢᠳᠠᠯ ᠢᠶᠠᠨ ᠰᠢᠯᠢᠳᠡᠭᠵᠢᠭᠦᠯᠵᠦ᠂ ᠬᠦᠴᠦᠨ ᠢᠶᠠᠨ ᠨᠢᠭᠳᠠᠷᠠᠭᠤᠯᠵᠤ᠂ ᠪᠤᠭᠤᠳᠤ  ᠶᠢ ᠲᠡᠷᠢᠭᠦᠨ ᠳᠤ ᠤᠷᠤᠭᠤᠯᠬᠤ ᠪᠠᠷ ᠴᠢᠷᠮᠠᠶᠢᠵᠤ᠂ ᠰᠦᠷ ᠵᠢᠪᠬᠤᠭ᠎ᠠ ᠪᠠᠨ ᠲᠠᠬᠢᠨ ᠮᠠᠨᠳᠤᠭᠤᠯᠵᠤ᠂ ᠭᠡᠷᠡᠯ ᠰᠠᠴᠤᠷᠠᠩᠭᠤᠢ ᠠᠮᠵᠢᠯᠳᠠ ᠶᠢ ᠲᠠᠬᠢᠨ ᠡᠭᠦᠳᠬᠦ ᠶᠢ ᠠᠬᠢᠭᠤᠯᠵᠤ ᠴᠢᠩᠱᠠᠨ ᠤ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠵᠠᠢ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠶᠠᠷᠢᠶ᠎ᠠ ᠲᠠᠯᠪᠢᠵᠠᠢ᠃ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ ᠪᠠᠢ ᠶᠦᠨ ᠰᠢ ᠬᠤᠷᠠᠯ ᠡᠷᠬᠢᠯᠡᠪᠡ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠲᠤᠭᠤᠷᠢᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠰᠢᠤᠢ ᠼᠠᠢ ᠹᠧᠩ ᠴᠢᠩᠱᠠᠨ ᠲᠤᠭᠤᠷᠢᠭ ᠤᠨ ᠭᠤᠤᠯ ᠰᠡᠳᠦᠪᠳᠦ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠬᠦ ᠳᠤ ᠪᠤᠳᠠᠳᠠᠢ ᠲᠤᠬᠢᠷᠠᠭᠤᠯᠤᠯᠳᠠ ᠬᠢᠪᠡ᠃ ᠬᠤᠳᠠ ᠶᠢᠨ ᠨᠠᠮ ᠤᠨ ᠬᠤᠷᠢᠶᠠᠨ ᠤ ᠬᠤᠶᠠᠳᠤᠭᠠᠷ ᠲᠤᠭᠤᠷᠢᠨ ᠵᠢᠯᠤᠭᠤᠳᠬᠤ ᠲᠤᠭᠤᠶᠢᠯᠠᠩ ᠤᠨ ᠲᠠᠷᠤᠭ᠎ᠠ ᠲᠠᠩ ᠯᠢᠩ ᠵᠢᠴᠢ ᠬᠤᠯᠪᠤᠭᠳᠠᠯ ᠪᠦᠬᠦᠢ ᠬᠡᠰᠢᠭᠦᠳ ᠬᠤᠷᠠᠯ ᠳᠤ ᠤᠷᠤᠯᠴᠠᠨ ᠵᠢᠭᠠᠨ ᠵᠢᠯᠤᠭᠤᠳᠪᠠ᠃ 
微信图片_20221107150702.png
      ᠳ᠋ᠢᠩ ᠺᠠᠢ᠂ ᠤᠳᠤᠬᠠᠨ ᠳᠤ ᠪᠢᠳᠡ ᠶᠠᠭ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠠᠭᠠᠨ ᠪᠠᠶᠢᠵᠤ᠂ ᠬᠤᠳᠠ ᠶᠢᠨ ᠨᠠᠮ ᠤᠨ ᠬᠤᠷᠢᠶ᠎ᠠ ᠪᠦᠬᠦ ᠬᠤᠳᠠ ᠶᠢᠨ ᠭᠡᠪᠴᠢᠶᠡᠨ ᠳᠤ《 ᠪᠤᠭᠤᠳᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ》ᠭᠤᠤᠯ ᠰᠡᠳᠦᠪᠳᠦ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠬᠦ ᠨᠢ ᠶᠠᠭ ᠴᠠᠭ ᠲᠠᠭᠠᠨ ᠲᠤᠬᠢᠷᠠᠵᠤ ᠪᠠᠶᠢᠨ᠎ᠠ᠂ ᠪᠦᠬᠦ ᠲᠤᠭᠤᠷᠢᠭ ᠤᠨ ᠡᠯ᠎ᠡ ᠡᠳᠡᠭᠡᠳ ᠤᠨ ᠬᠢᠨ ᠵᠠᠪᠠᠯ《 ᠪᠤᠭᠤᠳᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ》ᠭᠤᠤᠯ ᠰᠡᠳᠦᠪᠳᠦ ᠦᠢᠯᠡᠳᠦᠯᠭᠡ ᠶᠢᠨ ᠠᠵᠢᠯᠯᠠᠭ᠎ᠠ ᠶᠢᠨ ᠴᠢᠬᠤᠯᠠ ᠠᠴᠢ ᠬᠤᠯᠪᠤᠭᠳᠠᠯ ᠢ ᠬᠦᠨᠵᠡᠭᠡᠢ ᠲᠠᠨᠢᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠶᠢ ᠴᠢᠩᠭ᠎ᠠ ᠵᠢᠷᠤᠮᠯᠠᠵᠤ᠂ ᠨᠠᠷᠢᠨ ᠨᠢᠮᠪᠠᠢ ᠵᠤᠬᠢᠶᠠᠨ ᠪᠠᠶᠢᠭᠤᠯᠵᠤ᠂ ᠯᠠᠪᠳᠠᠭᠤᠨ ᠪᠠᠳᠤᠳᠠᠢ ᠦᠷᠨᠢᠭᠦᠯᠵᠦ᠂ ᠦᠨᠡᠨ ᠪᠤᠳᠠᠳᠠᠢ ᠦᠷ᠎ᠡ ᠪᠦᠳᠦᠮᠵᠢ ᠣᠯᠬᠤ ᠶᠢ ᠦᠨᠡᠨᠬᠦ ᠪᠠᠳᠤᠯᠠᠬᠤ ᠭᠡᠷᠡᠭᠳᠡᠢ ᠬᠡᠵᠦ ᠵᠢᠭᠠᠵᠤ ᠭᠠᠷᠭᠠᠪᠠ᠃       ᠳ᠋ᠢᠩ ᠺᠠᠢ᠂《 ᠪᠤᠭᠤᠳᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ》ᠭᠤᠤᠯ ᠰᠡᠳᠦᠪᠳᠦ ᠦᠢᠯᠡᠳᠦᠯᠭᠡ ᠶᠢᠨ ᠠᠵᠢᠯᠯᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠪᠦᠬᠦ ᠲᠤᠭᠤᠷᠢᠭ ᠤᠨ ᠦᠷᠭᠡᠨ ᠤᠯᠠᠨ ᠨᠠᠮ ᠤᠨ ᠬᠡᠰᠢᠭᠦᠳ ᠺᠠᠳ᠋ᠷᠴᠤᠳ ᠰᠡᠳᠬᠢᠯ ᠰᠠᠨᠠᠭ᠎ᠠ᠂ ᠤᠶᠤᠨ ᠴᠢᠳᠠᠯ ᠢᠶᠠᠨ《ᠲᠤᠯᠤᠭᠠᠨ ᠰᠢᠨ᠎ᠡ ᠬᠦᠭᠡᠮᠳᠦᠭ ᠠᠭᠤᠯᠠ》ᠬᠡᠮᠡᠭᠦ ᠪᠦᠳᠦᠭᠡᠨ ᠪᠠᠶᠢᠭᠤᠯᠤᠯᠳᠠ ᠶᠢᠨ ᠬᠠᠷᠠᠯᠳᠠ ᠶᠢ ᠪᠡᠶᠡᠯᠡᠭᠦᠯᠬᠦ ᠠᠵᠢᠯ ᠳᠤ ᠲᠦᠪᠯᠡᠷᠡᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ᠂ ᠬᠠᠮᠳᠤᠴᠢ ᠰᠡᠳᠬᠢᠯ ᠬᠠᠮᠳᠤᠴᠢ ᠵᠣᠷᠢᠭ ᠢ ᠪᠦᠷᠢᠯᠳᠦᠭᠦᠯᠦᠨ᠂ ᠬᠦᠭᠵᠢᠯᠳᠡ ᠶᠢᠨ ᠬᠦᠴᠦᠷᠭᠡᠭ ᠶᠡᠭᠡ ᠬᠠᠮᠳᠤᠴᠢ ᠬᠦᠴᠦᠨ ᠢ ᠪᠤᠢ ᠪᠤᠯᠭᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠤ᠂ ᠪᠠᠷᠢᠮᠵᠢᠶ᠎ᠠ ᠲᠠᠢ ᠬᠠᠷᠭᠤᠭᠤᠯᠵᠤ ᠬᠦᠰᠦᠨᠦᠭ ᠲᠠᠢ ᠬᠠᠷᠭᠤᠭᠤᠯᠵᠤ᠂ ᠠᠰᠠᠭᠤᠳᠠᠯ ᠢ ᠡᠷᠢᠵᠦ᠂ ᠵᠦᠷᠢᠶ᠎ᠡ ᠪᠠᠨ ᠡᠷᠢᠵᠦ᠂ ᠦᠪᠡᠷ ᠤᠨ ᠪᠡᠶ᠎ᠡ ᠳᠡᠭᠡᠨ ᠬᠠᠷᠢᠭᠤᠴᠠᠬᠤ᠂ ᠠᠵᠢᠯ ᠳᠠᠭᠠᠨ ᠬᠠᠷᠢᠭᠤᠴᠠᠬᠤ᠂ ᠴᠢᠩᠱᠠᠨ ᠲᠤᠭᠤᠷᠢᠭ ᠤᠨ ᠠᠵᠢᠯ ᠦᠢᠯᠡᠰ ᠲᠤ ᠬᠠᠷᠢᠭᠤᠴᠠᠬᠤ ᠤᠪᠣᠷ ᠢᠶᠠᠷ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠠᠵᠢᠯ ᠢ ᠰᠠᠶᠢᠳᠤᠷ ᠠᠳᠬᠤᠵᠤ᠂ ᠤᠶᠤᠨ ᠰᠠᠨᠠᠭᠠᠨ ᠤ ᠰᠢᠨ᠎ᠡ ᠲᠦᠷᠰᠦ ᠪᠠᠶᠢᠳᠠᠯ᠂ ᠠᠵᠢᠯ ᠤᠨ ᠰᠢᠨ᠎ᠡ ᠦᠷ᠎ᠡ ᠪᠦᠳᠦᠮᠵᠢ ᠪᠠᠷ ᠡᠯ᠎ᠡ ᠲᠠᠯ᠎ᠠ ᠶᠢᠨ ᠬᠦᠰᠡᠯ ᠡᠷᠡᠮᠡᠯᠵᠢᠯ ᠳᠤ ᠬᠠᠷᠢᠭᠤ ᠥᠭᠬᠦ ᠭᠡᠷᠡᠭᠳᠡᠢ᠃ ᠬᠠᠷᠢᠭᠤᠴᠠᠯᠭ᠎ᠠ ᠡᠭᠦᠷᠭᠡᠯᠡᠨ ᠠᠵᠢᠯ ᠬᠢᠭᠦ ᠪᠠᠨ ᠴᠢᠩᠭᠠᠳᠬᠠᠵᠤ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠤ᠂ ᠣᠮᠤᠭ ᠰᠦᠷ ᠢᠶᠠᠨ ᠴᠢᠨᠠᠭᠰᠢᠳᠠ ᠬᠦᠪᠴᠢᠯᠡᠵᠦ᠂ ᠢᠳᠡᠭᠡᠯ ᠵᠤᠷᠢᠭ ᠢᠶᠠᠨ ᠪᠠᠳᠤᠳᠬᠠᠵᠤ᠂ ᠨᠠᠷᠢᠨ ᠨᠢᠮᠪᠠᠢ ᠳᠤ ᠨᠠᠶᠢᠳᠠᠪᠤᠷᠢᠵᠢᠭᠤᠯᠵᠤ᠂ ᠪᠠᠭ᠎ᠠ ᠳᠤ ᠨᠠᠶᠢᠳᠠᠪᠤᠷᠢᠵᠢᠭᠤᠯᠵᠤ᠂ ᠴᠢᠳᠠᠮᠠᠭᠠᠢ  ᠪᠠᠷ ᠬᠢᠵᠦ ᠴᠢᠳᠠᠮᠠᠭᠠᠢ ᠪᠠᠷ ᠪᠦᠳᠦᠭᠡᠬᠦ ᠡᠷᠴᠢ ᠵᠤᠷᠢᠭ᠂ ᠵᠤᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠰᠠᠨᠠᠭᠠᠴᠢᠯᠠᠭ᠎ᠠ ᠠᠴᠠ ᠪᠠᠨ ᠪᠡᠷᠭᠡ ᠰᠡᠳᠦᠪ ᠢ ᠰᠢᠢᠳᠪᠦᠷᠢᠯᠡᠬᠦ ᠭᠠᠪᠰᠢᠭᠠᠢ ᠵᠤᠷᠢᠭ ᠪᠠ ᠲᠡᠷᠢᠭᠦᠨ ᠤ ᠬᠢ ᠲᠠᠢ ᠬᠠᠷᠭᠤᠭᠤᠯᠵᠤ᠂ ᠵᠤᠷᠢᠭᠳᠠᠢ ᠪᠠᠷ ᠤᠷᠤᠭᠰᠢᠯᠠᠨ ᠲᠠᠪᠰᠢᠬᠤ ᠪᠠᠶᠢᠳᠠᠯ ᠢ ᠪᠤᠢ ᠪᠤᠯᠭᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠲᠤᠮᠳᠠᠬᠢ ᠭᠤᠤᠯᠯᠠᠬᠤ ᠬᠦᠴᠦᠨ ᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠪᠤᠳᠠᠳᠠᠢ ᠠᠵᠢᠯᠯᠠᠵᠤ ᠪᠤᠳᠠᠳᠤ ᠦᠷ᠎ᠡ ᠪᠦᠳᠦᠮᠵᠢ ᠪᠠᠷ ᠢᠶᠠᠨ ᠪᠤᠭᠤᠳᠤ ᠳᠤ ᠢᠷᠠᠭᠤ ᠠᠯᠳᠠᠷ ᠢ ᠲᠡᠮᠡᠴᠡᠵᠦ᠂ ᠬᠤᠪᠢ ᠨᠡᠮᠡᠷᠢ ᠦᠵᠡᠭᠦᠯᠬᠦ ᠭᠡᠷᠡᠭᠳᠡᠢ ᠬᠡᠵᠦ ᠱᠠᠭᠠᠷᠳᠠᠵᠠᠢ᠃ 
微信图片_20221107151314.png
      ᠳ᠋ᠢᠩ ᠺᠠᠢ᠂《ᠰᠠᠭᠤᠵᠤ ᠲᠣᠭᠲᠠᠬᠤ ᠦᠭᠡᠢ》ᠪᠠᠴᠢᠮ ᠲᠤᠯᠭᠠᠮ᠎ᠠ ᠰᠡᠳᠬᠢᠯᠭᠡ ᠪᠠᠷ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ᠂ ᠬᠤᠳᠠᠯᠳᠤᠭᠠᠴᠢᠨ ᠤᠷᠢᠵᠤ ᠪᠡᠯᠡ  ᠮᠦᠩᠭᠦ ᠲᠠᠲᠠᠨ ᠠᠪᠴᠢᠷᠠᠬᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠡᠯ᠎ᠡ ᠵᠦᠢᠯ ᠤᠨ ᠠᠵᠤ ᠠᠬᠤᠶᠢᠯᠠᠯ ᠳᠤ ᠠᠰᠢᠭ ᠬᠦᠷᠳᠡᠭᠡᠵᠦ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠣᠳᠤᠯᠭ᠎ᠠ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ ᠵᠤᠯᠭᠠᠭᠤᠯᠬᠤ ᠪᠠ ᠤᠬᠠᠭᠤᠯᠤᠨ ᠬᠦᠳᠦᠯᠦᠨ ᠵᠢᠯᠤᠭᠤᠳᠬᠤ ᠶᠢ ᠢᠳᠡᠪᠬᠢᠳᠡᠢ ᠰᠠᠶᠢᠳᠤᠷ ᠬᠢᠵᠦ᠂ ᠪᠦᠬᠦ ᠵᠢᠯ ᠳᠤ ᠬᠠᠮᠤᠭ ᠰᠠᠶᠢᠨ ᠦᠷ᠎ᠡ ᠪᠦᠳᠦᠭᠡᠯ ᠣᠯᠬᠤ ᠶᠢ ᠴᠢᠷᠮᠠᠶᠢᠨ ᠪᠠᠳᠤᠯᠠᠨ᠎ᠠ᠃ ᠲᠠᠷᠠᠭ᠎ᠠ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠡ ᠲᠠᠯ᠎ᠠ ᠶᠢᠨ ᠠᠵᠢᠯ ᠢ ᠡᠷᠳᠡᠭᠡᠨ ᠲᠤᠬᠢᠷᠠᠭᠤᠯᠤᠨ ᠪᠠᠶᠢᠷᠢᠯᠠᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ᠂ ᠬᠤᠳᠠᠯᠳᠤᠭᠠᠴᠢᠨ ᠤᠷᠢᠵᠤ ᠪᠡᠯᠡ  ᠮᠦᠩᠭᠦ ᠲᠠᠲᠠᠨ ᠠᠪᠴᠢᠷᠠᠬᠤ᠂ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠢ ᠦᠭᠡᠷᠡᠴᠢᠯᠡᠬᠦ ᠵᠠᠷᠭᠡ ᠠᠵᠢᠯ ᠤᠨ ᠴᠠᠭ ᠤᠨ ᠬᠦᠰᠦᠨᠦᠭᠳᠦ᠂ ᠵᠠᠮ ᠱᠤᠭᠤᠮ ᠤᠨ ᠵᠢᠷᠤᠭ ᠢ ᠡᠷᠳᠡᠭᠡᠨ ᠭᠠᠷᠭᠠᠬᠤ ᠭᠡᠷᠡᠭᠳᠡᠢ᠃ ᠤᠳᠤᠬᠠᠨ ᠤ ᠪᠠᠶᠢᠳᠠᠯ ᠳᠠᠭᠠᠨ ᠰᠠᠭᠤᠷᠢᠯᠠᠵᠤ ᠬᠤᠶᠢᠰᠢᠳᠠ ᠶᠢᠨ ᠶᠠᠪᠤᠳᠠᠯ ᠢ ᠪᠤᠳᠤᠯᠬᠢᠯᠠᠵᠤ᠂ ᠯᠠᠪᠳᠠᠭᠤᠨ ᠲᠤᠭᠳᠠᠭᠤᠨ ᠢᠶᠠᠷ ᠰᠠᠭᠤᠷᠢ ᠲᠠᠯᠪᠢᠬᠤ᠂ ᠤᠷᠳᠤ ᠤᠳᠠᠭᠠᠨ ᠳᠤ ᠠᠰᠢᠭᠳᠠᠢ᠂ ᠰᠡᠯᠭᠦᠬᠦ ᠬᠦᠴᠦᠨ ᠢ ᠨᠡᠮᠡᠭᠳᠡᠭᠦᠯᠬᠦ ᠶᠠᠪᠤᠳᠠᠯ ᠢ ᠢᠯᠡᠭᠦᠭᠡᠨ ᠬᠢᠵᠦ᠂ ᠴᠢᠳᠠᠮᠠᠭᠠᠢ ᠪᠠᠷ ᠠᠵᠢᠯᠯᠠᠵᠤ ᠴᠢᠳᠠᠮᠠᠭᠠᠢ ᠪᠠᠷ ᠦᠷ᠎ᠡ ᠪᠦᠳᠦᠮᠵᠢ ᠭᠠᠷᠭᠠᠬᠤ ᠪᠠᠷ ᠭᠠᠵᠠᠷ ᠤᠷᠤᠨ ᠤ ᠴᠢᠨᠠᠷ ᠰᠠᠶᠢᠲᠠᠢ ᠬᠦᠭᠵᠢᠯᠳᠡ ᠶᠢ ᠪᠡᠶᠡᠯᠡᠭᠦᠯᠬᠦ ᠶᠢ ᠠᠬᠢᠭᠤᠯᠬᠤ ᠭᠡᠷᠡᠭᠳᠡᠢ ᠬᠡᠵᠦ ᠴᠢᠬᠤᠯᠠᠴᠢᠯᠠᠪᠠ᠃                                                                                               ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号