ᠲᠤᠭᠤᠷᠢᠭ ᠤᠨ ᠬᠤᠳᠠ ᠶᠢᠨ ᠬᠠᠮᠢᠶᠠᠷᠤᠯᠳᠠ ᠶᠢᠨ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠡ ᠴᠠᠰᠤ ᠤᠷᠣᠬᠤ ᠶᠢ ᠠᠷᠭᠠᠴᠠᠬᠤ ᠪᠡᠯᠡᠳᠭᠡᠯ ᠠᠵᠢᠯ ᠢ ᠪᠦᠬᠦ ᠬᠦᠴᠦᠨ‌‍ᠢᠶ᠋ᠡᠷ ᠢᠶᠠᠨ ᠰᠠᠶᠢᠳᠤᠷ ᠬᠢᠵᠡᠢ
ᠨᠡᠶᠢᠲᠡᠯᠡᠭᠰᠡᠨ ᠴᠠᠭ᠄
2022/12/1
       ᠲᠡᠭᠷᠢ ᠬᠦᠢᠳᠡᠷᠡᠵᠦ ᠴᠠᠰᠤ ᠤᠷᠤᠭᠰᠠᠨ ᠴᠠᠭ ᠠᠭᠤᠷ ᠢ ᠪᠦᠳᠦᠮᠵᠢᠳᠡᠢ ᠠᠷᠭᠠᠴᠠᠵᠤ᠂ ᠬᠤᠳᠠ ᠶᠢᠨ ᠲᠤᠭᠤᠷᠢᠭ ᠤᠨ ᠵᠠᠮ ᠤᠨ ᠰᠠᠭᠠᠳ ᠦᠭᠡᠢ ᠨᠡᠪᠳᠡᠷᠡᠬᠦ ᠶᠢ ᠪᠠᠳᠤᠯᠠᠬᠤ ᠶᠢᠨ ᠲᠦᠯᠦᠭᠡ᠂ ᠤᠶᠢᠷ᠎ᠠ ᠳᠤ᠂ ᠲᠤᠭᠤᠷᠢᠭ ᠤᠨ ᠬᠤᠳᠠ ᠶᠢᠨ ᠬᠠᠮᠢᠶᠠᠷᠤᠯᠳᠠ ᠶᠢᠨ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠡ ᠤᠷᠢᠳᠴᠢᠯᠠᠨ ᠲᠦᠯᠦᠪᠯᠡᠵᠦ᠂ ᠪᠦᠬᠦ ᠲᠠᠯ᠎ᠠ ᠪᠠᠷ ᠪᠠᠶᠢᠷᠢᠯᠠᠭᠤᠯᠵᠤ᠂ ᠴᠠᠰᠤ ᠠᠷᠢᠯᠭᠠᠬᠤ ᠠᠵᠢᠯ ᠳᠤ ᠨᠠᠷᠢᠨ ᠬᠢᠨᠠᠮᠠᠭᠠᠢ ᠪᠡᠯᠡᠳᠭᠡᠯ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠵᠠᠢ᠃ ᠤᠳᠤᠬᠠᠨ ᠳᠤ᠂ ᠴᠠᠰᠤ ᠬᠠᠶᠢᠯᠠᠭᠤᠯᠬᠤ ᠨᠤᠨᠳᠠᠭ ᠢ 200 ᠲᠤᠨ ᠨᠦᠭᠡᠴᠡᠯᠡᠵᠦ᠂ 100 ᠲᠤᠨ ᠴᠠᠰᠤ ᠬᠠᠶᠢᠯᠠᠭᠤᠯᠬᠤ ᠨᠤᠨᠳᠠᠭ ᠢ ᠵᠠᠬᠢᠶᠠᠯᠠᠨ ᠨᠦᠭᠡᠴᠡᠯᠡᠵᠦ᠂  ᠴᠠᠭ ᠲᠤᠬᠠᠢ ᠳᠤᠨᠢ ᠨᠦᠭᠦᠪᠦᠷᠢᠯᠡᠵᠤ᠂ ᠪᠡᠯᠡᠳᠭᠡᠯ ᠠᠵᠢᠯ ᠬᠦᠢᠴᠡᠳ ᠪᠠᠶᠢᠬᠤ ᠶᠢ ᠪᠠᠳᠤᠯᠠᠵᠠᠢ᠃ 2 ᠲᠣᠮᠣ ᠬᠡᠯᠪᠡᠷᠢ ᠶᠢᠨ ᠲᠤᠰᠬᠠᠶᠢᠵᠢᠭᠰᠠᠨ ᠰᠠᠴᠤᠬᠤ ᠮᠠᠰᠢᠨ᠂ 2 ᠲᠤᠮᠳᠠ ᠬᠡᠯᠪᠡᠷᠢ ᠶᠢᠨ ᠰᠠᠴᠤᠬᠤ ᠮᠠᠰᠢᠨ᠂ 7 ᠪᠠᠭ᠎ᠠ ᠬᠡᠯᠪᠡᠷᠢ‌‍ᠶᠢᠨ ᠰᠠᠴᠤᠬᠤ ᠮᠠᠰᠢᠨ᠂ 5 ᠲᠡᠷᠭᠡᠨ ᠳᠤ ᠠᠴᠢᠬᠤ ᠴᠠᠰᠤᠨ ᠱᠤᠸᠠᠰᠠ᠂ 8 ᠭᠠᠷ ᠲᠦᠰᠢᠭᠦᠷ ᠮᠠᠶ᠋ᠢᠭ ᠤᠨ ᠴᠠᠰᠤᠨ ᠱᠤᠸᠠᠰᠠ ᠶᠢ ᠪᠡᠯᠡᠳᠭᠡᠵᠦ᠂ ᠴᠠᠭ ᠢᠮᠠᠭᠳᠠ ᠵᠠᠷᠯᠢᠭ ᠬᠦᠯᠢᠶᠡᠬᠦ ᠪᠠᠶᠢᠳᠠᠯ ᠳᠤ ᠪᠠᠶᠢᠵᠤ᠂ ᠲᠡᠮᠦᠷ ᠬᠤᠰᠤᠭᠤᠷ᠂ ᠴᠠᠰᠤ ᠠᠷᠢᠯᠭᠠᠬᠤ ᠬᠦᠷᠵᠡ᠂ ᠱᠦᠭᠦᠷ ᠵᠡᠷᠭᠡ ᠴᠠᠰᠤ ᠠᠷᠢᠯᠭᠠᠬᠤ ᠰᠠᠭᠤᠷᠢ ᠲᠦᠭᠦᠭᠡᠷᠦᠮᠵᠢ ᠶᠢ ᠪᠡᠯᠡᠳᠬᠡᠵᠦ᠂ ᠴᠠᠰᠤ ᠠᠷᠢᠯᠭᠠᠬᠤ ᠲᠡᠷᠭᠡ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯᠳᠠᠨ ᠤᠷᠢᠳᠴᠢᠯᠠᠨ ᠲᠦᠯᠦᠪᠯᠡᠭᠰᠡᠨ ᠵᠠᠮ ᠢᠶᠠᠷ᠂ ᠮᠠᠰᠢᠨ ᠲᠧᠭᠨᠢᠭ ᠢ ᠬᠦᠮᠦᠨ ᠤ ᠬᠦᠴᠦᠨ ᠲᠠᠢ ᠤᠶᠠᠯᠳᠤᠭᠤᠯᠤᠭᠰᠠᠨ ᠠᠵᠢᠯᠯᠠᠬᠤ ᠠᠷᠭ᠎ᠠ ᠮᠠᠶ᠋ᠢᠭ ᠢᠶᠠᠷ ᠦᠳᠳᠡᠷ ᠲᠦᠷᠭᠡᠨ ᠢᠶᠠᠷ ᠴᠠᠰᠤ ᠠᠷᠢᠯᠭᠠᠵᠤ᠂ ᠬᠤᠳᠠ ᠶᠢᠨ ᠠᠷᠠᠳ ᠤᠨ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠪᠠᠳᠤᠯᠠᠵᠤ᠂ ᠬᠤᠳᠠ ᠶᠢᠨ ᠤᠷᠴᠢᠨ ᠲᠤᠭᠤᠷᠢᠨ ᠤ ᠴᠡᠪᠡᠷ ᠲᠡᠭᠰᠢ ᠪᠠᠶᠢᠬᠤ ᠶᠢ ᠪᠦᠳᠦᠮᠵᠢᠳᠡᠢ ᠬᠠᠮᠠᠭᠠᠯᠠᠵᠠᠢ᠃                                                ᠤᠷᠴᠢᠭᠤᠯᠤᠭᠴᠢ᠄ ᠠᠯᠢᠮ᠎ᠠ                                                ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号