| | 11 ᠰᠠᠷ᠎ᠠ ᠶᠢᠨ 21 ᠤ ᠡᠳᠦᠷ᠂ 2022 ᠤᠨ ᠤ ᠪᠦᠬᠦ ᠪᠦᠮᠪᠦᠷᠴᠡᠭ ᠤᠨ ᠢᠨᠵᠧᠨᠧᠷᠢᠩ ᠤᠨ ᠮᠧᠬᠠᠨᠢᠭ | ᠦᠢᠯᠡᠳᠬᠦ 50 ᠬᠦᠴᠦᠷᠭᠡᠭ ᠲᠦᠷᠦᠭᠦᠴᠦᠳ ᠤᠨ ᠬᠤᠷᠠᠯ ᠱᠠᠩᠬᠠᠢ ᠳᠤ ᠶᠠᠪᠤᠭᠳᠠᠪᠠ᠃ ᠬᠤᠷᠠᠯ ᠠᠴᠠ ᠪᠦᠬᠦ | ᠪᠦᠮᠪᠦᠷᠴᠡᠭ ᠤᠨ ᠢᠨᠵᠧᠨᠧᠷᠢᠩ ᠤᠨ ᠮᠠᠰᠢᠨ ᠦᠢᠯᠡᠳᠬᠦ 50 ᠬᠦᠴᠦᠷᠭᠡᠭ ᠬᠤᠳᠠᠯᠳᠤᠭᠠᠨᠴᠢᠨ ᠤ ᠨᠡᠷᠡᠰ ᠤᠨ | ᠵᠢᠭᠰᠠᠭᠠᠯᠳᠠ ᠶᠢ ᠨᠡᠶᠢᠳᠡᠯᠡᠪᠡ᠂ ᠤᠮᠠᠷᠠᠳᠤ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠤᠮᠠᠷᠠᠳᠤ ᠬᠤᠪᠢ | ᠨᠡᠶᠢᠯᠡᠭᠦᠯᠦᠭᠰᠡᠨ ᠺᠤᠮᠫᠠᠨᠢ ᠲᠠᠩ ᠭᠠᠭᠴᠠ ᠠᠭᠤᠷᠬᠠᠢ ᠶᠢᠨ ᠮᠠᠰᠢᠨ ᠲᠡᠷᠭᠡ ᠶᠢᠨ ᠦᠢᠯᠡᠳᠬᠦᠨ ᠪᠠᠷ ᠢᠶᠠᠨ 10 ᠵᠢᠯ | ᠲᠠᠷᠠᠭᠠᠯᠠᠨ ᠲᠤᠰ ᠨᠡᠷᠡᠰ ᠤᠨ ᠵᠢᠭᠰᠠᠭᠠᠯᠳᠠ ᠳᠤ ᠤᠷᠤᠪᠠ᠃ ᠤᠮᠠᠷᠠᠳᠤ ᠶᠢᠨ ᠬᠦᠨᠳᠦ ᠠᠵᠤ ᠦᠢᠯᠡᠳᠪᠦᠷᠢ ᠶᠢᠨ | ᠪᠦᠯᠦᠭᠯᠡᠯ ᠤᠨ ᠬᠡᠷᠡᠭ ᠮᠡᠳᠡᠭᠴᠢ᠂ ᠤᠮᠠᠷᠠᠳᠤ ᠬᠤᠪᠢ ᠨᠡᠶᠢᠯᠡᠭᠦᠯᠦᠭᠰᠡᠨ ᠺᠤᠮᠫᠠᠨᠢ ᠶᠢᠨ ᠨᠠᠮ ᠤᠨ ᠬᠤᠷᠢᠶᠠᠨ ᠤ ᠱᠦᠵᠢ᠂ | ᠶᠡᠷᠦᠩᠭᠡᠢ ᠲᠠᠭᠠᠭᠠᠮᠠᠯ ᠡᠦ ᠴᠢᠩ ᠹᠧᠩ 2022 ᠤᠨ ᠤ ᠲᠤᠮᠳᠠᠳᠤ ᠤᠯᠤᠰ ᠤᠨ ᠢᠨᠵᠧᠨᠧᠷᠢᠩ ᠤᠨ ᠮᠧᠬᠠᠨᠢᠭ ᠤᠨ | ᠠᠵᠤ ᠦᠢᠯᠡᠰ ᠤᠨ ᠨᠦᠯᠦᠭᠡᠯᠡᠬᠦ ᠬᠦᠴᠦᠨ ᠲᠠᠢ 50 ᠬᠦᠮᠦᠨ ᠤ ᠨᠡᠷᠡᠰ ᠲᠤ ᠵᠢᠭᠰᠠᠭᠠᠭᠳᠠᠪᠠ᠃ ᠡᠭᠦᠨ ᠤ ᠬᠠᠮᠳᠤ | ᠨᠡᠶᠢᠳᠡᠯᠡᠭᠳᠡᠭᠰᠡᠨ ᠡᠯ᠎ᠡ ᠨᠠᠷᠢᠨ ᠬᠤᠪᠢᠶᠠᠷᠢᠯᠠᠭᠰᠠᠨ ᠬᠦᠷᠢᠶᠡᠨ ᠳᠤ᠂ ᠤᠮᠠᠷᠠᠳᠤ ᠶᠢᠨ ᠬᠦᠨᠳᠦ ᠠᠵᠤ ᠦᠢᠯᠡᠳᠪᠦᠷᠢ ᠶᠢᠨ | ᠪᠦᠯᠦᠭᠯᠡᠯ ᠤᠨ ᠤᠮᠠᠷᠠᠳᠤ ᠬᠤᠪᠢ ᠨᠡᠶᠢᠯᠡᠭᠦᠯᠦᠭᠰᠡᠨ ᠺᠤᠮᠫᠠᠨᠢ《2022 ᠣᠨ ᠤ ᠲᠤᠮᠳᠠᠳᠤ | ᠤᠯᠤᠰ ᠤᠨᠢᠨᠵᠧᠨᠧᠷᠢᠩ ᠤᠨ ᠮᠧᠬᠠᠨᠢᠭ ᠤᠨ ᠲᠤᠰᠬᠠᠶᠢᠵᠢᠭᠰᠠᠨ ᠦᠢᠯᠡᠳᠬᠦ ᠬᠤᠳᠠᠯᠳᠤᠭᠠᠴᠢᠨ ᠤ 10 | ᠬᠦᠴᠦᠷᠭᠡᠭ》 ᠤᠨ ᠨᠡᠷᠡᠰ ᠲᠤ ᠵᠢᠭᠰᠠᠭᠠᠭᠳᠠᠪᠠ᠃ ᠤᠮᠠᠷᠠᠳᠤ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ | ᠤᠮᠠᠷᠠᠳᠤ ᠬᠤᠪᠢ ᠨᠡᠶᠢᠯᠡᠭᠦᠯᠦᠭᠰᠡᠨ ᠺᠤᠮᠫᠠᠨᠢ ᠶᠢᠨ《NTE240BAT ᠭᠡᠯᠪᠡᠷᠢ ᠶᠢᠨ ᠵᠢᠯᠣᠭᠤᠴᠢ ᠦᠭᠡᠢ | ᠴᠠᠬᠢᠯᠭᠠᠨ ᠲᠠᠮᠵᠢᠭᠤᠯᠭᠠᠳᠤ ᠠᠭᠤᠷᠬᠠᠢ ᠳᠤ ᠬᠡᠷᠡᠭᠯᠡᠬᠦ ᠮᠠᠰᠢᠨ ᠽᠢ ᠶᠢᠨ ᠠᠭᠤᠷᠬᠠᠢᠶᠢᠨ ᠦᠢᠯᠡᠰ ᠤᠨ ᠲᠥᠪᠡᠳ ᠤᠨ | ᠵᠦᠢ ᠯᠦᠩ ᠵᠡᠰ ᠤᠨ ᠦᠢᠯᠡᠰ ᠤᠨ ᠬᠢᠵᠠᠭᠠᠷᠳᠤ ᠺᠤᠮᠫᠠᠨᠢᠶᠢᠨ ᠤᠶᠤᠨᠴᠢ ᠠᠭᠤᠷᠬᠠᠢ ᠶᠢᠨ ᠪᠦᠳᠦᠭᠡᠨ | ᠪᠠᠶᠢᠭᠤᠯᠤᠯᠳᠠ ᠶᠢᠨ ᠲᠤᠮᠳᠠᠬᠢ ᠬᠡᠷᠡᠭᠯᠡᠯᠳᠡ》 ᠶᠢᠨ ᠲᠦᠷᠦᠯ ᠵᠦᠢᠯ ᠨᠢ ᠢᠷᠠᠭᠤ ᠠᠯᠳᠠᠷᠳᠠᠢ ᠪᠠᠷ《2022T50 | ᠢᠨᠵᠧᠨᠧᠷᠢᠩ ᠤᠨ ᠮᠧᠬᠠᠨᠢᠭ ᠤᠨ ᠬᠡᠷᠡᠭᠯᠡᠯᠳᠡ ᠶᠢᠨ ᠵᠢᠱᠢᠶ᠎ᠡ》 ᠪᠠᠷ ᠰᠤᠩᠭᠤᠭᠳᠠᠪᠠ᠃ | | | | ᠤᠷᠴᠢᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | | | | |