【ᠪᠤᠭᠤᠳᠤ ᠪᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ】ᠴᠢᠩᠱᠠᠨ ᠲᠤᠭᠤᠷᠢᠭ᠄《 ᠨᠢᠭᠡ ᠴᠤᠭᠴᠠᠵᠢᠭᠤᠯᠬᠤ ᠪᠦᠳᠦᠭᠡᠨ ᠪᠠᠶᠢᠭᠤᠯᠤᠯᠳᠠ》 ᠪᠠᠷ ᠭᠠᠷᠳᠠᠴᠠ ᠪᠤᠯᠭᠠᠵᠤ᠂ ᠶᠡᠭᠡ ᠲᠤᠮᠳᠠ ᠪᠠᠭ᠎ᠠ ᠨᠢᠯᠬᠠᠰ  ᠤᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠳᠤᠳᠬᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2022/12/12
微信图片_20221212182403_副本.jpg
      ᠰᠤᠷᠤᠯᠭ᠎ᠠ ᠶᠢᠨ ᠬᠤᠭᠤᠴᠠᠭᠠᠨ ᠤ ᠭᠤᠯᠳᠤ ᠴᠢᠭᠯᠡᠯ ᠢᠶᠠᠷ ᠨᠡᠪᠳᠡᠷᠡᠭᠦ ᠶᠢ ᠪᠡᠶᠡᠯᠡᠭᠦᠯᠵᠦ᠂  ᠬᠠᠮᠵᠢᠯᠴᠠᠨ ᠬᠦᠮᠦᠵᠢᠭᠦᠯᠬᠦ ᠦᠢᠯᠡᠴᠢᠯᠡᠯ ᠢ ᠪᠤᠢ ᠪᠤᠯᠭᠠᠬᠤ ᠶᠢᠨ ᠲᠦᠯᠦᠭᠡ᠂ ᠴᠢᠩᠱᠠᠨ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠡ ᠪᠤᠭᠤᠳᠤ ᠶᠢᠨ ᠪᠠᠭᠰᠢ ᠶᠢᠨ ᠲᠡᠭᠡᠳᠦ ᠰᠤᠷᠭᠠᠭᠤᠯᠢ ᠳᠤ《ᠦᠵᠡᠯ ᠰᠠᠨᠠᠭ᠎ᠠ ᠤᠯᠤᠰ ᠲᠦᠷᠦ ᠶᠢᠨ ᠠᠷᠤᠷ᠎ᠠ ᠶᠢᠨ ᠨᠠᠮᠠᠭ᠎ᠠ》ᠰᠤᠩᠭᠠᠵᠤ᠂ ᠪᠤᠭᠤᠳᠤ ᠬᠤᠳᠠ ᠶᠢᠨ ᠠᠩᠬᠠᠨ ᠤ《 ᠰᠢᠨ᠎ᠡ ᠴᠠᠭ ᠦᠶ᠎ᠡ ᠶᠢᠨ ᠶᠡᠭᠡ ᠲᠤᠮᠳᠠ ᠪᠠᠭ᠎ᠠ ᠨᠢᠯᠬᠠᠰ ᠤᠨ ᠦᠵᠡᠯ ᠰᠠᠨᠠᠭ᠎ᠠ ᠤᠯᠤᠰ ᠲᠦᠷᠦ ᠶᠢᠨ ᠨᠢᠭᠡ ᠴᠤᠭᠴᠠᠵᠢᠭᠤᠯᠬᠤ ᠬᠤᠯᠪᠤᠭ᠎ᠠ》 ᠶᠢ ᠬᠠᠮᠳᠤᠷᠠᠯᠴᠠᠨ ᠪᠠᠶᠢᠭᠤᠯᠵᠤ᠂ ᠪᠤᠭᠤᠳᠤ ᠬᠤᠳᠠ ᠶᠢᠨ ᠤᠬᠠᠭᠤᠯᠤᠨ ᠲᠦᠭᠡᠮᠡᠯᠵᠢᠭᠰᠡᠨ《ᠦᠵᠡᠯ ᠰᠠᠨᠠᠭ᠎ᠠ ᠤᠯᠤᠰ ᠲᠦᠷᠦ ᠶᠢᠨ ᠨᠢᠭᠡ ᠴᠤᠭᠴᠠᠵᠢᠭᠤᠯᠬᠤ ᠰᠤᠷᠭᠠᠨ ᠬᠦᠮᠦᠵᠢᠯ ᠤᠨ ᠦᠯᠢᠭᠡᠷ ᠲᠠᠭᠤᠷᠢᠶᠠᠯ》 ᠪᠤᠯᠵᠠᠢ᠃
微信图片_20221212182330_副本.jpg
      ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠬᠦᠮᠦᠵᠢᠭᠦᠯᠬᠦ ᠵᠠᠩᠬᠢᠯᠠᠭ᠎ᠠ ᠨᠢ ᠵᠠᠭᠤᠨ ᠵᠢᠯ ᠤᠨ ᠨᠠᠮ  ᠤᠨ ᠲᠡᠦᠭᠡ ᠶᠢᠨ ᠭᠦᠨ ᠵᠤᠵᠠᠭᠠᠨ ᠬᠢᠴᠢᠶᠡᠯ ᠤᠨ ᠪᠢᠴᠢᠭ ᠢ ᠰᠠᠶᠢᠳᠤᠷ ᠠᠰᠢᠭᠯᠠᠬᠤ ᠳᠤ ᠪᠤᠢ᠂ ᠡᠭᠦᠨ ᠤ ᠲᠦᠯᠦᠭᠡ᠂ ᠴᠢᠩᠱᠠᠨ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠡ ᠬᠦᠨᠵᠡᠭᠡᠢ ᠰᠤᠷᠤᠯᠴᠠᠵᠤ᠂ ᠠᠳᠠᠯᠢᠳᠬᠠᠨ ᠰᠤᠷᠤᠯᠴᠠᠬᠤ᠂ ᠰᠤᠳᠤᠯᠤᠨ ᠰᠤᠷᠤᠯᠴᠠᠬᠤ᠂ ᠬᠠᠷᠢᠯᠴᠠᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ᠂ ᠪᠠᠭᠰᠢ ᠰᠤᠷᠤᠭᠴᠢ ᠶᠢᠨ ᠲᠤᠮᠳᠠ ᠬᠤᠪᠢᠰᠬᠠᠯ ᠤᠨ ᠭᠧᠨ ᠢ ᠵᠤᠵᠠᠭᠠᠳᠬᠠᠵᠤ᠂《ᠬᠤᠪᠢᠰᠬᠠᠯ ᠤᠨ ᠨᠦᠭᠴᠢᠭᠰᠡᠨ ᠪᠠᠭᠠᠳᠤᠷᠴᠤᠳ ᠢ ᠲᠤᠷᠠᠰᠤᠨ ᠰᠠᠨᠠᠭᠠᠯᠵᠠᠬᠤ》 ᠵᠡᠷᠭᠡ ᠰᠢᠷᠢᠰ ᠬᠦᠳᠡᠯᠭᠡᠭᠡᠨ ᠢ ᠵᠤᠬᠢᠶᠠᠨ ᠪᠠᠶᠢᠭᠤᠯᠤᠨ ᠦᠷᠨᠢᠭᠦᠯᠵᠦ ᠂ ᠨᠠᠮ ᠤᠨ ᠦᠭᠡ ᠶᠢ ᠰᠤᠨᠤᠰᠴᠤ ᠨᠠᠮ ᠢ ᠲᠠᠭᠠᠨ ᠶᠠᠪᠤᠬᠤ ᠬᠡᠭᠦ ᠢᠳᠡᠭᠡᠯ ᠢ ᠰᠠᠨᠠᠭᠠᠴᠢᠯᠭᠠᠳᠤ ᠬᠦᠬᠡᠭᠡᠴᠡᠯᠳᠦᠯ ᠪᠤᠯᠭᠠᠵᠠᠢ᠃                                                 ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号