ᠴᠢᠩᠱᠠᠨ ᠲᠤᠭᠤᠷᠢᠭ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/12
 
6380646826735947104819687.jpg
      12 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠪᠠ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠦᠪᠯᠡᠯ ᠤᠨ ᠬᠤᠷᠠᠯ ᠢ ᠬᠤᠷᠠᠯᠳᠤᠭᠤᠯᠵᠤ᠂ 12 ᠰᠠᠷ᠎ᠠ ᠶᠢᠨ 6 ᠤ ᠡᠳᠦᠷ ᠤᠨ ᠬᠤᠷᠠᠯᠳᠤᠭᠤᠯᠤᠭᠰᠠᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠤᠷᠠᠯ ᠪᠠ ᠨᠠᠮ ` ᠤᠨ ᠲᠦᠪ ᠬᠤᠷᠢᠶᠠᠨ ᠤ ᠨᠠᠮ ᠤᠨ ᠭᠠᠳᠠᠨᠠᠬᠢ ᠬᠦᠮᠦᠰ ᠤᠨ ᠰᠠᠭᠤᠳᠠᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2021 ᠤᠨ ᠤ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠲᠤᠰᠢᠶᠠᠯ ᠤᠨ ᠮᠡᠳᠡᠭᠦᠯᠦᠯᠳᠡ ᠶᠢᠨ ᠦᠨᠡᠯᠡᠯᠳᠡ ᠶᠢᠨ ᠠᠰᠠᠭᠤᠳᠠᠯ ᠢ ᠴᠡᠭᠴᠡᠯᠡᠨ ᠦᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ᠂ 2022 ᠤᠨ ᠤ ᠨᠠᠮ ᠤᠨ ᠪᠠᠶᠢᠭᠤᠯᠤᠯᠳᠠ ᠶᠢᠨ ︽ᠱᠦᠵᠢ ᠶᠢᠨ ᠲᠦᠷᠦᠯ ᠵᠦᠢᠯ︾ ᠤᠨ ᠬᠡᠷᠡᠭᠵᠢᠭᠦᠯᠦᠭᠰᠡᠨ ᠪᠠᠶᠢᠳᠠᠯ ᠪᠠ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠦᠪᠯᠡᠯ ᠤᠨ ᠡᠯ᠎ᠡ ᠵᠤᠬᠢᠴᠠᠭᠤᠯᠬᠤ ᠪᠠᠭ᠎ᠠ ᠲᠤᠭᠤᠶᠢᠯᠠᠩ ᠤᠨ ᠠᠵᠢᠯ ᠤᠨ ᠪᠠᠶᠢᠳᠠᠯ ᠤᠨ ᠮᠡᠳᠡᠭᠦᠯᠦᠯᠳᠡ ᠶᠢ ᠰᠤᠨᠤᠰᠴᠤ᠂ ︽ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠂ ᠪᠤᠭᠤᠳᠤ ᠬᠤᠳᠠ ᠶᠢᠨ ᠨᠠᠮ ᠤᠨ ᠬᠤᠷᠢᠶ᠎ᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭᠠᠨ ᠤ ᠭᠤᠤᠯᠳᠠᠯᠭᠠᠳᠤ ᠡᠭᠦᠷᠭᠡ ᠪᠠ ᠠᠵᠢᠯ ᠤᠨ ᠬᠤᠪᠢᠶᠠᠷᠢᠯᠠᠯ ᠤᠨ ᠲᠦᠰᠦᠯ︾ ︽ᠴᠢᠩᠱᠠᠨ ᠲᠤᠭᠤᠷᠢᠭ ᠤᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠨᠠᠮ ᠤᠨ ᠪᠠᠶᠢᠭᠤᠯᠤᠯᠳᠠ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠦᠰᠦᠯ︾ ᠤᠳ ᠤᠨ ᠲᠤᠬᠠᠢ ᠰᠤᠳᠤᠯᠤᠨ ᠵᠦᠪᠳᠡᠯᠴᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠮᠠᠭᠠᠳᠯᠠᠯᠳᠠ ᠪᠠ ᠴᠢᠬᠤᠯᠠ ᠱᠠᠭᠠᠷᠳᠠᠯᠭ᠎ᠠ ᠶᠢ ᠬᠦᠨᠵᠡᠭᠡᠢ ᠤᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠬᠤ ᠭᠢᠭᠡᠳ ᠶᠡᠷᠦᠩᠭᠡᠢ ᠱᠦᠵᠢ ᠠᠴᠠ ᠪᠤᠭᠤᠳᠤ ᠳᠤ ᠲᠠᠯᠪᠢᠭᠰᠠᠨ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠰᠢᠳᠤᠷᠭᠤ ᠪᠠᠷ ᠦᠢᠯᠡᠳᠦᠯᠭᠡᠵᠢᠭᠦᠯᠬᠦ ᠲᠠᠢ ᠨᠢᠭᠳᠠ ᠤᠶᠠᠯᠳᠤᠭᠤᠯᠤᠨ᠂ ᠲᠤᠭᠳᠠᠭᠤᠨ ᠤ ᠲᠤᠮᠳᠠ ᠤᠷᠤᠭᠰᠢᠯᠠᠬᠤ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠡᠨᠡ ᠵᠢᠯ ᠤᠨ ᠡᠯ᠎ᠡ ᠲᠦᠷᠦᠯ ᠤᠨ ᠰᠡᠭᠦᠯ ᠬᠤᠷᠢᠶᠠᠬᠤ ᠠᠵᠢᠯ ᠢ ᠰᠠᠶᠢᠳᠤᠷ ᠬᠢᠵᠦ᠂ ᠲᠠᠷᠠᠭ᠎ᠠ ᠵᠢᠯ ᠤᠨ ᠡᠯ᠎ᠡ ᠲᠦᠷᠦᠯ ᠤᠨ ᠠᠵᠢᠯ ᠢ ᠨᠠᠷᠢᠨ ᠪᠤᠳᠠᠳᠠᠢ ᠲᠦᠯᠦᠪᠯᠡᠵᠦ᠂ ᠦᠨᠡᠨ ᠪᠤᠳᠠᠳᠠᠢ ᠦᠷ᠎ᠡ ᠪᠦᠳᠦᠮᠵᠢ ᠤᠯᠬᠤ ᠶᠢ ᠦᠨᠡᠨᠬᠦ ᠪᠠᠳᠤᠯᠠᠬᠤ ᠭᠡᠷᠡᠭᠳᠡᠢ ᠭᠡᠵᠦ ᠵᠢᠭᠠᠵᠤ ᠭᠠᠷᠭᠠᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                   ᠤᠷᠴᠢᠭᠤᠯᠤᠭᠴᠢ᠄ ᠠᠯᠢᠮ᠎ᠠ                                                  ᠬᠢᠨᠠᠭᠴᠢ᠄ ᠪᠠᠢ ᠢᠦᠢ ᠰᠢᠶᠠ   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号