ᠲᠤᠭᠤᠷᠢᠭ ᠤᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ 2284 ᠬᠦᠮᠦᠨ ᠤᠳᠠᠭ᠎ᠠ 423 ᠡᠳᠦᠷ ᠤᠨ ᠦᠨᠳᠦᠷ ᠬᠤᠷᠳᠤᠴᠠᠳᠤ ᠵᠠᠰᠠᠮᠠᠯ ᠵᠠᠮ ᠳᠠᠬᠢ ᠵᠢᠵᠢᠭᠦᠷᠯᠡᠨ ᠰᠠᠬᠢᠬᠤ ᠠᠵᠢᠯ ᠲᠡᠭᠦᠰ ᠠᠮᠵᠢᠯᠳᠠ ᠲᠠᠢ ᠪᠡᠶᠡᠯᠡᠭᠳᠡᠪᠡ
ᠨᠡᠶᠢᠲᠡᠯᠡᠭᠰᠡᠨ ᠴᠠᠭ᠄
2022/12/19
      ᠤᠶᠢᠷ᠎ᠠ ᠶᠢᠨ ᠡᠳᠦᠷ ᠤᠳ ᠲᠤ᠂ ᠲᠤᠭᠤᠷᠢᠭ ᠤᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠦᠨᠳᠦᠷ ᠬᠤᠷᠳᠤᠴᠠᠳᠤ ᠵᠠᠰᠠᠮᠠᠯ ᠵᠠᠮ ᠤᠨ ᠠᠭᠤᠯᠵᠠᠷ ᠳᠠᠬᠢ 400 ᠭᠠᠷᠤᠢ ᠡᠳᠦᠷ ᠤᠨ ᠵᠢᠵᠢᠭᠦᠷᠯᠡᠨ ᠰᠠᠬᠢᠬᠤ ᠠᠵᠢᠯ ᠲᠡᠭᠦᠰ ᠠᠮᠵᠢᠯᠳᠠ ᠲᠠᠢ ᠪᠡᠶᠡᠯᠡᠭᠳᠡᠪᠡ᠃ ᠬᠦᠭᠡᠭᠡ ᠡᠪᠦᠯ ᠤᠨ ᠬᠠᠬᠢᠷ ᠬᠦᠢᠳᠡᠨ ᠳᠤ᠂ ᠠᠭᠠᠬᠢᠮ᠎ᠠ ᠬᠠᠯᠠᠭᠤᠨ ᠵᠤᠨ ᠤ ᠤᠯᠠᠷᠢᠯ ᠳᠤ᠂ ᠲᠦᠷᠪᠡᠨ ᠵᠠᠭᠤ ᠭᠠᠷᠤᠢ ᠬᠤᠨᠤᠭ ᠡᠳᠦᠷ ᠰᠦᠨᠢ ᠦᠭᠡᠢ ᠵᠢᠳᠬᠦᠵᠦ᠂ ᠰᠠᠯᠬᠢ ᠪᠤᠷᠤᠭᠠᠨ ᠢ ᠲᠤᠭᠤᠯᠵᠤ᠂  ᠴᠢᠩᠱᠠᠨ‌‍ᠲ᠋ᠤᠭᠤᠷᠢᠭ ᠤᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠬᠤᠶᠠᠷ ᠮᠢᠩᠭ᠎ᠠ ᠭᠠᠷᠤᠢ ᠬᠦᠮᠦᠨ ᠤᠳᠠᠭ᠎ᠠ ᠲᠤᠮᠢᠯᠠᠵᠤ᠂ ᠬᠢᠵᠢᠭ ᠤᠨ ᠲᠠᠷᠬᠠᠯᠳᠠ ᠶᠢᠨ ᠬᠡᠯᠬᠢᠶ᠎ᠡ ᠶᠢ ᠲᠠᠰᠤᠯᠵᠤ᠂ ᠤᠯᠠᠨ ᠲᠦᠮᠡᠨ ᠤ ᠢᠳᠡᠭᠡᠨ ᠤ ᠠᠮᠤᠷ ᠲᠦᠪᠰᠢᠨ᠂ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ᠂ ᠬᠤᠳᠠ ᠎ ᠶᠢᠨ ᠰᠡᠷᠭᠡᠶᠢᠯᠡᠯᠳᠡ ᠶᠢᠨ ᠱᠤᠭᠤᠮ ᠢ ᠰᠠᠬᠢᠨ ᠬᠠᠮᠠᠭᠠᠯᠠᠬᠤ ᠳᠤ   ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠮᠠᠰᠢ ᠶᠡᠭᠡ ᠬᠦᠴᠦᠨ ᠵᠢᠳᠬᠦᠯ ᠭᠠᠷᠭᠠᠵᠤ᠂ ᠠᠷᠠᠳ ᠲᠦᠮᠡᠨ ᠳᠤ ᠪᠠᠳᠤ ᠪᠠᠬᠢ ᠠᠶᠤᠯᠬᠦᠢ ᠶᠢᠨ ᠬᠠᠯᠬᠠᠪᠴᠢ ᠶᠢ ᠪᠠᠶᠢᠭᠤᠯᠵᠠᠢ᠃
微信图片_20221219102216_副本.jpg
                                                       ᠤᠷᠴᠢᠭᠤᠯᠤᠭᠴᠢ᠄ ᠠᠯᠢᠮ᠎ᠠ                                                        ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号