ᠵᠤᠯ ᠵᠢᠷᠭᠠᠯᠳᠤ ᠵᠠᠮ ᠤᠨ ᠵᠡᠭᠡᠯᠢ ᠭᠤᠳᠤᠮᠵᠢ ᠶᠢᠨ ᠨᠠᠷᠠᠨ ᠭᠡᠷᠡᠯᠳᠦ ᠨᠡᠶᠢᠭᠡᠮ ᠲᠤᠭᠤᠷᠢᠭ ᠦᠨᠡᠨ ᠰᠡᠳᠬᠢᠯ  ᠠᠴᠠ ᠪᠠᠨ ᠪᠤᠳᠠᠳᠤ ᠶᠠᠪᠤᠳᠠᠯ ᠬᠢᠵᠤ ᠪᠠᠶᠢᠨ᠎ᠠ《4050》ᠨᠠᠰᠤᠨ ᠤ ᠨᠦᠭᠦᠪᠦᠷᠢ ᠨᠢ ᠬᠦᠮᠦᠨ ᠤ ᠰᠡᠳᠬᠢᠯ  ᠢ ᠲᠤᠯᠠᠭᠠᠴᠠᠭᠤᠯᠤᠮ᠎ᠠ ᠪᠠᠶᠢᠨ᠎ᠠ
ᠨᠡᠶᠢᠲᠡᠯᠡᠭᠰᠡᠨ ᠴᠠᠭ᠄
2022/12/19
      ᠠᠮᠢᠳᠤᠯᠢᠭ ᠢᠶᠠᠷ ᠠᠵᠢᠯ ᠤᠯᠤᠭᠰᠠᠳ ᠤᠨ ᠲᠤᠰ ᠪᠡᠶ᠎ᠡ ᠶᠢᠨ ᠠᠰᠢᠭ ᠲᠤᠰᠠ ᠶᠢ ᠦᠨᠡᠨᠬᠦ ᠪᠠᠳᠤᠯᠠᠵᠤ᠂ ᠠᠵᠢᠯ ᠤᠯᠬᠤ ᠳᠤ ᠬᠦᠴᠢᠷᠳᠡᠯ ᠲᠠᠢ ᠬᠦᠮᠦᠰ ᠢ ᠮᠠᠭᠠᠳᠯᠠᠨ ᠲᠤᠭᠳᠠᠭᠠᠬᠤ ᠠᠵᠢᠯ ᠢ ᠯᠠᠪᠳᠠᠭᠤᠨ ᠵᠢᠷᠤᠮᠳᠠᠢ ᠦᠷᠨᠢᠭᠦᠯᠬᠦ  ᠶᠢᠨ ᠲᠦᠯᠦᠭᠡ᠂ ᠤᠶᠢᠷ᠎ᠠ ᠳᠤ᠂ ᠵᠤᠯ ᠵᠢᠷᠭᠠᠯᠳᠤ ᠵᠠᠮ ᠤᠨ ᠵᠡᠭᠡᠯᠢ ᠭᠤᠳᠤᠮᠵᠢ ᠶᠢᠨ ᠨᠠᠷᠠᠨ ᠭᠡᠷᠡᠯᠳᠦ ᠨᠡᠶᠢᠭᠡᠮ ᠲᠤᠭᠤᠷᠢᠭ ᠤᠯᠠᠨ ᠠᠷᠭ᠎ᠠ ᠬᠡᠯᠪᠡᠷᠢ ᠶᠢ ᠵᠡᠷᠭᠡᠪᠡᠷ ᠬᠡᠷᠡᠭᠯᠡᠵᠦ᠂《4050》 ︵《4050》 ᠨᠢ ᠲᠦᠴᠢᠭᠡᠳ᠂ ᠲᠠᠪᠢᠭᠠᠳ ᠨᠠᠰᠤᠨ ᠤ ᠬᠦᠮᠦᠰ ᠢ ᠵᠢᠭᠠᠵᠤ ᠪᠤᠢ︶ ᠬᠦᠮᠦᠰ ᠤᠨ ᠨᠦᠭᠦᠪᠦᠷᠢ ᠮᠦᠩᠬᠦ ᠶᠢ ᠮᠠᠭᠠᠳᠯᠠᠨ ᠲᠤᠭᠳᠠᠭᠠᠬᠤ ᠠᠵᠢᠯ ᠢ ᠰᠠᠶᠢᠳᠤᠷ ᠬᠢᠵᠤ᠂ ᠨᠡᠶᠢᠭᠡᠮ ᠲᠤᠭᠤᠷᠢᠭ ᠤᠨ ᠠᠵᠢᠯᠳᠠᠳ ᠠᠴᠠ《4050》ᠬᠦᠮᠦᠰ ᠤᠨ ᠨᠡᠶᠢᠭᠡᠮ ᠤᠨ ᠲᠠᠭᠠᠳᠬᠠᠯ ᠤᠨ ᠨᠦᠭᠦᠪᠦᠷᠢ ᠶᠢᠨ ᠡᠳ᠋ᠯᠡᠬᠦ ᠬᠦᠷᠢᠶ᠎ᠡ ᠬᠡᠪᠴᠢᠶ᠎ᠡ᠂ ᠨᠦᠬᠦᠴᠡᠯ᠂ ᠡᠳᠡᠭᠡᠳ᠂ ᠭᠠᠷ ᠬᠦᠢᠴᠡᠳᠭᠡᠯ ᠤᠨ ᠠᠯᠬᠤᠮ ᠲᠠᠷᠠᠭᠠᠯᠠᠯ ᠪᠠ ᠲᠤᠰᠢᠶᠠᠬᠤ ᠴᠢᠬᠤᠯᠠᠳᠠᠢ ᠮᠠᠲ᠋ᠧᠷᠢᠶᠠᠯ ᠤᠨ ᠲᠤᠬᠠᠢ ᠨᠢᠭᠡᠳ ᠨᠢᠭᠡ ᠪᠠᠷ ᠲᠠᠶᠢᠯᠪᠤᠷᠢᠯᠠᠨ ᠲᠤᠳᠤᠷᠬᠠᠶᠢᠯᠠᠵᠠᠢ᠃ ᠤᠳᠤ ᠪᠤᠯᠳᠠᠯ᠎ᠠ᠂ 50 ᠭᠠᠷᠤᠢ ᠯᠠᠪᠯᠠᠨ ᠠᠰᠠᠭᠤᠭᠰᠠᠨ ᠬᠦᠮᠦᠨ ᠢ ᠬᠦᠯᠢᠶᠡᠨ ᠲᠤᠰᠴᠤ᠂ 43 ᠠᠮᠢᠳᠤᠯᠢᠭ ᠢᠶᠠᠷ ᠠᠵᠢᠯ ᠤᠯᠤᠭᠰᠠᠳ ᠤᠨ ᠨᠡᠶᠢᠭᠡᠮ ᠤᠨ ᠲᠠᠭᠠᠳᠬᠠᠯ ᠤᠨ ᠨᠦᠭᠦᠪᠦᠷᠢ ᠤᠨ ᠭᠠᠷ ᠬᠦᠢᠴᠡᠳᠭᠡᠯ ᠢ ᠪᠡᠶᠡᠯᠡᠭᠦᠯᠵᠡᠢ᠃ ᠲᠠᠷᠠᠭᠠᠴᠢ ᠶᠢᠨ ᠠᠯᠬᠤᠮ ᠳᠤ᠂ ᠨᠠᠷᠠᠨ ᠭᠡᠷᠡᠯᠳᠦ ᠨᠡᠶᠢᠭᠡᠮ ᠲᠤᠭᠤᠷᠢᠭ ᠠᠵᠢᠯ ᠤᠨ ᠶᠠᠪᠤᠴᠠ ᠶᠢ ᠴᠢᠩᠳᠠᠯᠠᠵᠤ᠂ 2022 ᠤᠨ ᠤ ᠠᠮᠢᠳᠤᠯᠢᠭ ᠢᠶᠠᠷ ᠠᠵᠢᠯ ᠤᠯᠤᠭᠰᠠᠳ ᠤᠨ ᠨᠡᠶᠢᠭᠡᠮ ᠤᠨ ᠲᠠᠭᠠᠳᠬᠠᠯ ᠤᠨ ᠠᠵᠢᠯ ᠢ ᠴᠢᠨᠠᠷ ᠰᠠᠶᠢᠳᠠᠢ ᠪᠡᠶᠡᠯᠡᠭᠦᠵᠦ᠂ ᠠᠷᠠᠳ ᠲᠤ ᠠᠰᠢᠭ ᠬᠦᠷᠳᠡᠭᠡᠬᠦ ᠲᠦᠷᠦ ᠶᠢᠨ ᠪᠤᠳᠤᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ᠎ᠠ᠃
2_副本.jpg
                                                  ᠤᠷᠴᠢᠭᠤᠯᠤᠭᠴᠢ᠄ ᠠᠯᠢᠮ᠎ᠠ                                                  ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号