ᠴᠢᠩ ᠹᠦ᠋ ᠪᠠᠯᠠᠭᠠᠰᠤ ᠭᠤᠤᠯ ᠤᠨ ᠵᠠᠮ ᠤᠨ ᠬᠢᠨᠠᠯᠳᠠ ᠬᠠᠮᠢᠶᠠᠷᠤᠯᠳᠠ ᠶᠢ ᠰᠤᠯᠠᠷᠠᠭᠤᠯᠬᠤ ᠦᠭᠡᠢ
ᠨᠡᠶᠢᠲᠡᠯᠡᠭᠰᠡᠨ ᠴᠠᠭ᠄
2022/12/19
      《ᠪᠤᠬᠢᠷᠳᠤᠯ ᠦᠭᠡᠢ》《ᠡᠶ᠎ᠡ ᠵᠤᠬᠢᠴᠠᠯᠳᠠᠢ》ᠬᠦᠭᠵᠢᠯᠳᠡ ᠶᠢᠨ ᠤᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢᠨ ᠲᠦᠯᠦᠭᠡ᠂ ᠴᠢᠩ ᠹᠦ᠋ ᠪᠠᠯᠠᠭᠠᠰᠤ ᠶᠢᠨ ᠭᠤᠤᠯ ᠤᠨ ᠲᠠᠷᠤᠭ᠎ᠠ ᠶᠢᠨ ᠠᠯᠪᠠᠨ ᠭᠡᠷ ᠤᠨ ᠬᠢᠨ ᠭᠤᠤᠯ ‍ᠤᠨ‌ᠵᠠᠮ ᠤᠨ ᠬᠢᠨᠠᠯᠳᠠ ᠬᠠᠮᠢᠶᠠᠷᠤᠯᠳᠠ ᠶᠢ ᠶᠡᠭᠡ ᠬᠦᠴᠦᠨ ᠢᠶᠠᠷ ᠴᠢᠩᠭᠠᠳᠬᠠᠵᠤ᠂ ᠡᠨᠡ ᠵᠢᠯ ᠠᠴᠠ ᠨᠠᠰᠢ᠂ ᠭᠤᠤᠯ ᠮᠦᠷᠡᠨ ᠤ ᠵᠠᠮ ᠢ 11 ᠤᠳᠠᠭ᠎ᠠ ᠱᠠᠯᠠᠪᠳᠠᠨ ᠪᠠᠶᠢᠴᠠᠭᠠᠵᠤ ᠨᠢᠭᠤᠴᠠ ᠪᠠᠷ ᠰᠤᠷᠪᠤᠯᠵᠢᠯᠠᠵᠤ᠂ ᠲᠦᠷᠢᠮ ᠠᠴᠠ ᠵᠦᠷᠢᠴᠡᠭᠰᠡᠨ ᠪᠠᠷᠢᠯᠭ᠎ᠠ᠂ ᠬᠤᠭ ᠨᠤᠪᠰᠢ ᠴᠢᠳᠬᠤᠬᠤ᠂ ᠪᠤᠬᠢᠷ ᠤᠰᠤ ᠭᠠᠷᠭᠠᠬᠤ ᠠᠰᠠᠭᠤᠳᠠᠯ ᠢᠯᠡᠷᠡᠭᠰᠡᠨ ᠦᠭᠡᠢ᠂ ᠡᠭᠦᠨ ᠤ ᠲᠠᠭᠠᠤ ᠲᠤᠰᠬᠤᠨ ᠤ ᠲᠡᠰ ᠤᠨ ᠭᠤᠤᠯ ᠤᠨ ᠲᠠᠷᠤᠭ᠎ᠠ ᠶᠢ ᠱᠠᠯᠠᠪᠳᠠᠭᠤᠯᠵᠤ ᠪᠠᠶᠢᠭᠠᠳ ᠬᠠᠷᠢᠭᠤᠴᠠᠯᠭ᠎ᠠ ᠶᠢ  ᠨᠢ ᠪᠤᠳᠠᠳᠠᠶᠢᠵᠢᠭᠤᠯᠤᠨ ᠬᠢᠯᠭᠡᠵᠤ᠂ ᠪᠠᠶᠢᠩᠭᠤᠵᠢᠭᠤᠯᠤᠭᠰᠠᠨ ᠬᠠᠮᠢᠶᠠᠷᠤᠯᠳᠠ ᠳᠤ ᠬᠦᠷᠭᠡᠵᠦ᠂ ᠭᠤᠤᠯ ᠤᠨ ᠲᠠᠷᠤᠭ᠎ᠠ  ᠶᠢᠨ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠦᠨᠡᠨᠬᠦ ᠠᠬᠢᠭᠤᠯᠵᠠᠢ᠃
5_副本.jpg
      ᠲᠠᠷᠠᠭᠠᠴᠢ ᠶᠢᠨ ᠠᠠᠯᠬᠤᠮ ᠳᠤ᠂ ᠴᠢᠩ ᠹᠦ᠋ ᠪᠠᠯᠠᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠭᠤᠤᠯ ᠮᠦᠷᠡᠨ ᠨᠠᠭᠤᠷ ᠴᠦᠬᠦᠷᠡᠮ ᠤᠨ ᠶᠡᠷᠦᠩᠭᠡᠶᠢᠯᠡᠭᠰᠡᠨ ᠵᠠᠰᠠᠯᠳᠠ  ᠶᠢᠨ ᠠᠵᠢᠯ ᠢ ᠦᠷᠭᠦᠯᠵᠢᠯᠡᠨ ᠦᠷᠨᠢᠭᠦᠯᠵᠦ᠂ 《ᠭᠤᠤᠯ ᠮᠦᠷᠡᠨ ᠤ ᠲᠠᠷᠤᠭ᠎ᠠ ᠶᠢᠨ ᠲᠦᠷᠢᠮ》 ᠤᠨ ᠬᠠᠮᠢᠶᠠᠷᠤᠯᠳᠠ  ᠶᠢ ᠴᠢᠩᠭ᠎ᠠ ᠨᠠᠶᠢᠳᠠᠪᠤᠷᠢᠵᠢᠭᠤᠯᠤᠨ᠂《ᠲᠦᠷᠪᠡᠨ ᠲᠠᠯ᠎ᠠ ᠶᠢᠨ ᠪᠤᠬᠢᠷ ᠪᠠᠶᠢᠳᠠᠯ 》 ᠢ ᠠᠷᠢᠯᠭᠠᠬᠤ ᠠᠵᠢᠯ ᠢ ᠪᠠᠶᠢᠩᠭᠤ  ᠶᠢᠨ ᠴᠢᠨᠠᠷᠳᠠᠢ ᠪᠠᠶᠢᠯᠭᠠᠬᠤ ᠪᠠᠷ ᠪᠠᠷᠢᠮᠳᠠᠯᠠᠵᠤ᠂ ᠭᠤᠤᠯ ᠤᠨ ᠵᠠᠮ ᠤᠨ ᠲᠤᠭᠤᠷᠢᠨ ᠪᠠᠶᠢᠴᠠᠭᠠᠯᠳᠠ ᠶᠢᠨ ᠬᠦᠴᠦᠯᠡᠴᠡ  ᠪᠠᠨ ᠴᠢᠩᠭᠠᠳᠬᠠᠵᠤ᠂ ᠬᠠᠷᠢᠶᠠᠳᠤ ᠤᠷᠤᠨ ᠤ ᠤᠰᠤᠨ ᠤ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢᠨ ᠪᠠᠷᠢᠮᠵᠢᠶ᠎ᠡ  ᠳᠤ ᠬᠦᠷᠭᠦ ᠶᠢ ᠪᠠᠳᠤᠯᠠᠨ᠎ᠠ᠃                                                 ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号