ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠪᠸᠢ ᠰᠢᠨ ᠨᠡᠶᠢᠭᠡᠮ ᠲᠤᠭᠤᠷᠢᠭ ᠤᠨ ᠬᠢᠨ ᠭᠠᠯ ᠰᠡᠷᠭᠡᠶᠢᠯᠡᠯᠳᠡ ᠶᠢᠨ ᠠᠮᠤᠷ ᠲᠦᠪᠰᠢᠨ ᠳᠤ ᠢᠮᠠᠭᠳᠠ ᠰᠡᠳᠬᠢᠯ ᠲᠠᠯᠪᠢᠨ ᠠᠮᠤᠷ ᠲᠦᠪᠰᠢᠨ ᠡᠶ᠎ᠡ ᠵᠤᠬᠢᠴᠠᠯᠳᠠᠢ ᠨᠡᠶᠢᠭᠡᠮ ᠲᠤᠭᠤᠷᠢᠭ ᠢ ᠬᠠᠮᠳᠤᠪᠠᠷ  ᠪᠠᠶᠢᠭᠤᠯᠬᠤ ᠳᠤ ᠬᠦᠴᠦᠯᠡᠵᠡᠢ
ᠨᠡᠶᠢᠲᠡᠯᠡᠭᠰᠡᠨ ᠴᠠᠭ᠄
2022/12/19
      ᠨᠡᠶᠢᠭᠡᠮ ᠲᠤᠭᠤᠷᠢᠭ ᠤᠨ ᠭᠠᠯ ᠰᠡᠷᠭᠡᠶᠢᠯᠡᠯᠳᠡ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ᠭᠠᠯ ᠰᠡᠷᠭᠡᠶᠢᠯᠡᠯᠳᠡ ᠶᠢᠨ ᠠᠮᠤᠷ ᠲᠦᠪᠰᠢᠨ ᠤ ᠮᠡᠳᠡᠯᠭᠡ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠶᠢᠨ ᠲᠦᠯᠦᠭᠡ᠂ ᠤᠶᠢᠷ᠎ᠠ ᠳᠤ᠂ ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠪᠸᠢ ᠰᠢᠨ ᠨᠡᠶᠢᠭᠡᠮ ᠲᠤᠭᠤᠷᠢᠭ ᠤᠨ ᠬᠢᠨ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠦᠷᠳᠡᠭᠡ᠂ ᠴᠢᠩᠱᠠᠨ ᠤ ᠭᠠᠯ ᠢ ᠰᠡᠷᠭᠡᠶᠢᠯᠡᠭᠦ ᠶᠡᠭᠡ ᠠᠩᠬᠢ ᠪᠠ ᠠᠳᠠᠯ ᠠᠬᠤᠢ ᠶᠢᠨ ᠭᠠᠵᠠᠷ ᠤᠨ ᠬᠢ ᠲᠠᠢ ᠬᠠᠮᠳᠤᠷᠠᠯᠴᠠᠨ ᠰᠠᠭᠤᠭᠠᠯᠢ ᠲᠤᠭᠤᠷᠢᠭ ᠲᠤ ᠭᠠᠯ ᠰᠡᠷᠭᠡᠶᠢᠯᠡᠯᠳᠡ ᠶᠢᠨ ᠠᠮᠤᠷ ᠲᠦᠪᠰᠢᠨ ᠤ ᠪᠠᠶᠢᠴᠠᠭᠠᠯᠳᠠ ᠶᠢᠨ ᠠᠵᠢᠯ ᠬᠢᠵᠡᠢ᠃ ᠠᠵᠢᠯᠳᠠᠳ ᠠᠰᠠᠷ ᠤᠨ ᠬᠤᠩᠬᠢᠯ ᠳᠠᠬᠢ ᠠᠮᠤᠷ ᠲᠦᠪᠰᠢᠨ ᠤ ᠲᠠᠯᠳᠠ ᠬᠡᠮ᠂ ᠭᠠᠯ ᠤᠨᠳᠠᠷᠠᠭᠠᠭᠤᠷ ᠤᠨ ᠬᠢᠷᠢ ᠲᠡᠩᠴᠡᠭᠰᠡᠨ ᠡᠰᠡᠬᠦ  ᠳᠤ ᠪᠠᠶᠢᠴᠠᠭᠠᠯᠳᠠ ᠬᠢᠵᠤ᠂ ᠡᠭᠦᠨ ᠤ ᠵᠡᠷᠭᠡ᠂ ᠰᠠᠭᠤᠭᠠᠯᠢ ᠠᠷᠠᠳ ᠠᠴᠠ ᠠᠶᠤᠯᠬᠦᠢ ᠦᠢᠯᠡᠳᠪᠦᠷᠢᠯᠡᠯ ᠵᠢᠴᠢ ᠭᠠᠯ ᠰᠡᠷᠭᠡᠶᠢᠯᠡᠯᠳᠡ ᠶᠢᠨ ᠠᠵᠢᠯ ᠳᠠᠬᠢ ᠰᠠᠨᠠᠯ ᠰᠠᠨᠠᠭᠤᠯᠭ᠎ᠠ ᠶᠢ ᠰᠤᠨᠤᠰᠴᠠᠢ᠃ ᠲᠤᠰ ᠤᠳᠠᠭᠠᠨ ᠤ ᠤᠬᠠᠭᠤᠯᠭ᠎ᠠ ᠶᠢᠨ ᠬᠦᠳᠡᠯᠭᠡᠭᠡᠨ ᠢᠶᠠᠷ ᠲᠠᠮᠵᠢᠨ᠂ ᠰᠠᠭᠤᠭᠠᠯᠢ ᠠᠷᠠᠳ ᠤᠨ ᠭᠠᠯ ᠢ ᠰᠡᠷᠭᠡᠶᠢᠯᠡᠬᠦ ᠤᠯᠠᠨ ᠨᠡᠶᠢᠳᠡᠴᠢ ᠤᠬᠠᠮᠰᠠᠷ ᠢ ᠪᠤᠢ ᠪᠤᠯᠭᠠᠬᠤ ᠶᠢ ᠤᠳᠤᠷᠢᠳᠤᠨ ᠲᠠᠭᠠᠭᠤᠯᠵᠤ᠂ ᠭᠠᠯ ᠤᠨ ᠠᠶᠤᠯᠳᠤ ᠭᠡᠷᠡᠭ ᠢ ᠤᠷᠢᠳᠴᠢᠯᠠᠨ ᠰᠡᠷᠭᠡᠶᠢᠯᠡᠭᠦ ᠴᠢᠳᠠᠪᠤᠷᠢ ᠶᠢ ᠲᠡᠭᠡᠭᠰᠢᠯᠡᠭᠦᠯᠵᠡᠢ᠃
6_副本.jpg
                                                 ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号