ᠰᠢᠨᠵᠢᠯᠡᠬᠦ ᠤᠬᠠᠭᠠᠨ ᠵᠠᠮ ᠤᠨ ᠵᠡᠭᠡᠯᠢ ᠭᠤᠳᠤᠮᠵᠢ ᠶᠢᠨ ᠨᠡᠬᠡᠮᠡᠯ ᠨᠡᠶᠢᠭᠡᠮ ᠲᠤᠭᠤᠷᠢᠭ ᠨᠠᠰᠤᠳᠠᠶᠢᠴᠤᠳ ᠤᠨ ᠴᠠᠷᠤᠯᠳᠠ ᠶᠢᠨ ᠠᠮᠤᠷ ᠲᠦᠪᠰᠢᠨ ᠤ ᠲᠤᠤᠷ ᠢ ᠪᠠᠳᠤ ᠪᠠᠬᠢ ᠪᠤᠯᠭᠠᠵᠠᠢ
ᠨᠡᠶᠢᠲᠡᠯᠡᠭᠰᠡᠨ ᠴᠠᠭ᠄
2022/12/19
      ᠤᠶᠢᠷ᠎ᠠ ᠳᠤ᠂ ᠬᠠᠷᠢᠶᠠᠳᠤ ᠤᠷᠤᠨ ᠤ ᠨᠠᠰᠤᠳᠠᠶᠢᠴᠤᠳ ᠤᠨ ᠸᠠᠺᠴᠢᠨ ᠤ ᠲᠠᠷᠢᠯᠭ᠎ᠠ ᠶᠢᠨ ᠨᠤᠷᠮ᠎ᠠ ᠶᠢ ᠲᠡᠭᠡᠭᠰᠢᠯᠡᠭᠦᠯᠬᠦ ᠶᠢᠨ ᠲᠦᠯᠦᠭᠡ᠂ ᠰᠢᠨᠵᠢᠯᠡᠬᠦ ᠤᠬᠠᠭᠠᠨ ᠵᠠᠮ ᠤᠨ ᠵᠡᠭᠡᠯᠢ ᠭᠤᠳᠤᠮᠵᠢ ᠶᠢᠨ ᠨᠡᠬᠡᠮᠡᠯ ᠨᠡᠶᠢᠭᠡᠮ ᠲᠤᠭᠤᠷᠢᠭ ᠲᠤᠤᠷᠵᠢᠭᠤᠯᠤᠯᠳᠠ ᠶᠢᠨ ᠠᠵᠢᠯᠳᠠᠳ ᠢ ᠬᠦᠢᠴᠡᠳ ᠲᠠᠶᠢᠴᠢᠯᠠᠵᠤ᠂ ᠨᠠᠰᠤᠳᠠᠶᠢᠴᠤᠳ ᠲᠤ ᠲᠠᠷᠢᠯᠭ᠎ᠠ ᠬᠢᠭᠦ  ᠠᠴᠠ ᠡᠮᠦᠨ᠎ᠡ ᠠᠰᠠᠭᠤᠵᠤ ᠤᠨᠤᠰᠢᠯᠠᠬᠤ ᠦᠢᠯᠡᠴᠢᠯᠡᠭᠡ ᠬᠠᠩᠭᠠᠬᠤ᠂ ᠲᠠᠷᠢᠯᠭ᠎ᠠ ᠶᠢᠨ ᠪᠦᠬᠦ ᠶᠠᠪᠤᠴᠠ ᠳᠤ ᠠᠰᠠᠷᠠᠨ ᠰᠤᠪᠢᠯᠠᠬᠤ᠂ ᠲᠠᠷᠢᠯᠭ᠎ᠠ ᠶᠢᠨ ᠲᠠᠷᠠᠭ᠎ᠠ ᠬᠠᠷᠢᠭᠤ ᠰᠤᠷᠪᠤᠯᠵᠢᠯᠠᠭ᠎ᠠ ᠬᠢᠭᠦ ᠵᠡᠷᠭᠡ ᠰᠡᠳᠬᠢᠯ ᠲᠤᠯᠠᠭᠠᠴᠠᠭᠤᠯᠬᠤ ᠰᠢᠷᠢᠰ ᠦᠢᠯᠡᠴᠢᠯᠡᠭᠡᠨ ᠤ ᠠᠷᠭ᠎ᠠ ᠪᠠᠷ ᠲᠠᠮᠵᠢᠨ᠂ ᠨᠠᠰᠤᠳᠠᠶᠢᠴᠤᠳ ᠤᠨ ᠴᠠᠷᠤᠯᠳᠠ ᠶᠢᠨ ᠠᠮᠤᠷ ᠲᠦᠪᠰᠢᠨ ᠤ ᠲᠤᠤᠷ ᠢ ᠪᠠᠳᠤ ᠪᠠᠬᠢ ᠪᠤᠯᠭᠠᠵᠠᠢ᠃ ᠲᠠᠷᠢᠯᠭ᠎ᠠ ᠬᠢᠭᠦ ᠨᠠᠰᠤᠳᠠᠶᠢᠴᠤᠳ ᠲᠤ ᠲᠡᠷᠭᠡ ᠪᠠᠷ ᠲᠤᠰᠴᠤ᠂ ᠲᠡᠷᠭᠡ ᠪᠠᠷ ᠬᠦᠷᠭᠡᠬᠦ ᠦᠢᠯᠡᠴᠢᠯᠡᠭᠡ ᠬᠠᠩᠭᠠᠵᠤ᠂ ᠲᠤᠤᠷᠵᠢᠭᠤᠯᠤᠯᠳᠠ ᠶᠢᠨ ᠠᠵᠢᠯᠳᠠᠳ ᠪᠦᠬᠦ ᠶᠠᠪᠤᠴᠠ ᠳᠤ ᠸᠠᠺᠴᠢᠨ ᠤ ᠲᠠᠷᠢᠯᠭ᠎ᠠ ᠬᠢᠭᠦ ᠨᠠᠰᠤᠳᠠᠶᠢᠴᠤᠳ  ᠢ ᠠᠰᠠᠷᠠᠨ ᠰᠤᠪᠢᠯᠠᠵᠤ᠂ ᠨᠠᠰᠤᠳᠠᠶᠢᠴᠤᠳ ᠲᠤ ᠰᠠᠶᠢᠳᠤᠷ ᠦᠢᠯᠡᠴᠢᠯᠡᠭᠰᠡᠨ ᠪᠠᠶᠢᠵᠠᠢ᠃ ᠤᠳᠤ ᠪᠤᠯᠳᠠᠯ᠎ᠠ᠂ ᠨᠡᠬᠡᠮᠡᠯ ᠨᠡᠶᠢᠭᠡᠮ ᠲᠤᠭᠤᠷᠢᠭ ᠬᠠᠷᠢᠶᠠᠳᠤ ᠤᠷᠤᠨ ᠤ 3300 ᠭᠠᠷᠤᠢ ᠨᠠᠰᠤᠳᠠᠶᠢᠴᠤᠳ ᠲᠤ ᠸᠠᠺᠴᠢᠨ ᠤ ᠲᠠᠷᠢᠯᠭ᠎ᠠ ᠶᠢᠨ ᠦᠢᠯᠡᠴᠢᠯᠡᠭᠡ ᠶᠢ ᠬᠠᠩᠭᠠᠭᠰᠠᠨ ᠪᠠᠶᠢᠨ᠎ᠠ᠃                                                       ᠤᠷᠴᠢᠭᠤᠯᠤᠭᠴᠢ᠄ ᠠᠯᠢᠮ᠎ᠠ                                                        ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号