ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠲᠠᠯ᠎ᠠ ᠨᠤᠳᠤᠭ ᠨᠡᠶᠢᠭᠡᠮ ᠲᠤᠭᠤᠷᠢᠭ  ᠬᠦᠴᠢᠷᠳᠡᠯᠳᠡᠢ ᠤᠯᠠᠨ ᠲᠦᠮᠡᠨ ᠢ ᠬᠠᠯᠠᠮᠵᠢᠯᠠᠵᠤ ᠠᠮᠠᠪᠴᠢ ᠪᠡᠯᠡᠭᠯᠡᠵᠦ ᠬᠠᠶᠢᠷ᠎ᠠ ᠰᠡᠳᠬᠢᠯ ᠢᠶᠠᠨ ᠢᠯᠡᠳᠭᠡᠵᠡᠢ
ᠨᠡᠶᠢᠲᠡᠯᠡᠭᠰᠡᠨ ᠴᠠᠭ᠄
2022/12/19
      ᠤᠶᠢᠷ᠎ᠠ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠲᠠᠯ᠎ᠠ ᠨᠤᠳᠤᠭ ᠨᠡᠶᠢᠭᠡᠮ ᠲᠤᠭᠤᠷᠢᠭ《ᠬᠦᠴᠢᠷᠳᠡᠯᠳᠡᠢ ᠤᠯᠠᠨ ᠲᠦᠮᠡᠨ ᠢ ᠬᠠᠯᠠᠮᠵᠢᠯᠠᠵᠤ ᠠᠮᠠᠪᠴᠢ ᠪᠡᠯᠡᠭᠯᠡᠵᠦ ᠬᠠᠶᠢᠷ᠎ᠠ ᠰᠡᠳᠬᠢᠯ ᠢᠶᠠᠨ ᠢᠯᠡᠳᠭᠡᠬᠦ》ᠠᠶᠢᠯᠴᠢᠯᠠᠨ ᠲᠤᠬᠤᠨᠢᠭᠤᠯᠬᠤ ᠬᠦᠳᠡᠯᠭᠡᠭᠡᠨ ᠦᠷᠨᠢᠭᠦᠯᠵᠡᠢ᠃ ᠬᠦᠳᠡᠯᠭᠡᠭᠡᠨ ᠤ ᠲᠤᠮᠳᠠ᠂ ᠨᠡᠶᠢᠭᠡᠮ ᠲᠤᠭᠤᠷᠢᠭ ᠤᠨ ᠠᠵᠢᠯᠳᠠᠳ ᠰᠠᠭᠤᠭᠠᠯᠢ ᠠᠷᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠮᠡᠳᠡᠯᠭᠡ ᠤᠳ ᠢ ᠬᠦᠯᠢᠴᠡᠩᠭᠦᠢ ᠪᠠᠷ ᠲᠠᠶᠢᠯᠪᠤᠷᠢᠯᠠᠬᠤ ᠶᠢᠨ ᠬᠠᠮᠳᠤ᠂ ᠲᠠᠶᠠᠭᠠᠷ ᠲᠤ ᠠᠮᠠᠪᠴᠢ ᠲᠠᠷᠬᠠᠭᠠᠨ ᠦᠭᠴᠡᠢ᠃      ᠲᠠᠷᠠᠭᠠᠴᠢ ᠶᠢᠨ ᠠᠯᠬᠤᠮ ᠳᠤ᠂ ᠨᠡᠶᠢᠭᠡᠮ ᠲᠤᠭᠤᠷᠢᠭ ᠤᠨ ᠬᠢᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠰᠠᠭᠤᠭᠠᠯᠢ ᠠᠷᠠᠳ ᠤᠨ ᠬᠦᠷᠰᠢ ᠵᠡᠷᠭᠡᠯᠡᠳᠡᠭᠡ ᠶᠢᠨ ᠬᠤᠭᠤᠷᠤᠨᠳᠤᠬᠢ ᠬᠠᠷᠢᠯᠴᠠᠨ ᠲᠤᠰᠠᠯᠠᠯᠴᠠᠬᠤ ᠪᠠ ᠰᠤᠯᠢᠯᠴᠠᠭ᠎ᠠ ᠪᠠᠨ ᠨᠡᠮᠡᠭᠳᠡᠭᠦᠯᠬᠦ ᠶᠢ ᠤᠳᠤᠷᠢᠳᠤᠨ ᠲᠠᠭᠠᠭᠤᠯᠵᠤ᠂ ᠰᠠᠭᠤᠭᠠᠯᠢ ᠠᠷᠠᠳ ᠲᠤ ᠬᠠᠯᠠᠮᠵᠢ ᠬᠦᠷᠭᠡᠵᠦ᠂ ᠡᠶ᠎ᠡ ᠵᠤᠬᠢᠴᠠᠩᠭᠤᠢ ᠨᠡᠶᠢᠭᠡᠮ ᠲᠤᠭᠤᠷᠢᠭ ᠢ ᠬᠠᠮᠳᠤᠪᠠᠷ  ᠪᠠᠶᠢᠭᠤᠯᠬᠤ ᠪᠠᠷ ᠴᠢᠷᠮᠠᠶᠢᠨ᠎ᠠ᠃
8_副本.jpg
                                                       ᠤᠷᠴᠢᠭᠤᠯᠤᠭᠴᠢ᠄ ᠠᠯᠢᠮ᠎ᠠ                                                        ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号