【ᠪᠤᠭᠤᠳᠤ ᠪᠠᠨ ᠬᠠᠶᠢᠷᠠᠯᠠᠵᠤ ᠭᠠᠪᠢᠶ᠎ᠠ ᠵᠢᠳᠬᠦᠯ ᠦᠵᠡᠭᠦᠯᠬᠦ】ᠴᠢᠩᠱᠠᠨ ᠲᠤᠭᠤᠷᠢᠭ ᠤᠨ 15 ᠤᠳᠬ᠎ᠠ ᠤᠷᠠᠯᠢᠭ ᠤᠨ ᠪᠦᠳᠦᠭᠡᠯ ᠱᠠᠩᠨᠠᠯ ᠲᠤᠰᠴᠠᠢ ᠱᠠᠩᠨᠠᠯ ᠬᠦᠷᠳᠡᠭᠰᠡᠨ ᠲᠤᠭ᠎ᠠ ᠨᠢ ᠪᠤᠭᠤᠳᠤ ᠬᠤᠳᠠ ᠶᠢᠨ ᠬᠤᠰᠢᠭᠤ ᠰᠢᠶᠠᠨ ᠲᠤᠭᠤᠷᠢᠭ ᠤᠨ ᠲᠡᠷᠢᠭᠦᠨ ᠳᠤ ᠪᠠᠶᠢᠷᠢᠯᠠᠪᠠ
ᠨᠡᠶᠢᠲᠡᠯᠡᠭᠰᠡᠨ ᠴᠠᠭ᠄
2022/12/19
9f09c817f76b712bcc3047b5eb6e165_副本.jpg
91f7d46c90ee5a78b4ece39d1076620_副本.jpg
      2022 ᠤᠨ᠂ ᠪᠤᠭᠤᠳᠤ ᠬᠤᠳᠠ ᠶᠢᠨ ᠠᠷᠪᠠᠳᠤᠭᠠᠷ ᠬᠤᠭᠤᠴᠠᠭᠠᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ《 ᠲᠠᠪᠦ‍ ᠨᠢᠭᠡ ᠶᠢᠨ ᠢᠨᠵᠧᠨᠧᠷᠢᠩ》ᠱᠠᠩᠨᠠᠯ᠂ ᠠᠷᠪᠠᠨ ᠬᠤᠶᠠᠳᠤᠭᠠᠷ ᠬᠤᠭᠤᠴᠠᠭᠠᠨ ᠤ ᠤᠳᠬ᠎ᠠ ᠤᠷᠠᠯᠢᠭ ᠢ ᠬᠦᠭᠵᠢᠨ ᠮᠠᠨᠳᠤᠭᠤᠯᠬᠤ ᠱᠠᠩᠨᠠᠯ ᠤᠨ ᠰᠢᠯᠭᠠᠷᠠᠭᠤᠯᠤᠯᠳᠠ ᠳᠤ᠂ ᠮᠠᠨ ᠤ ᠲᠤᠭᠤᠷᠢᠭ ᠠᠴᠠ ᠨᠡᠶᠢᠳᠡ 15 ᠤᠳᠬ᠎ᠠ ᠤᠷᠠᠯᠢᠭ ᠤᠨ ᠪᠦᠳᠦᠭᠡᠯ ᠱᠠᠩᠨᠠᠯ ᠲᠤᠰᠴᠠᠢ᠂ ᠡᠭᠦᠨ ᠳᠤ ᠰᠢ ᠵᠦᠴᠦᠭᠡ᠂ ᠷᠠᠳᠢᠣ᠋ ᠵᠦᠴᠦᠭᠡ᠂ ᠲᠠᠭᠤᠤ᠂ ᠪᠦᠵᠢᠭ᠂ ᠨᠤᠮ ᠪᠢᠴᠢᠭ᠂ ᠦᠭᠦᠯᠡᠯᠭᠡ᠂ ᠤᠷᠠᠨ ᠵᠢᠷᠤᠭ᠂ ᠭᠡᠷᠡᠯ ᠵᠢᠷᠤᠭ ᠵᠡᠷᠭᠡ 8 ᠲᠦᠷᠦᠯ ᠤᠨ ᠤᠷᠠᠨ ᠪᠦᠳᠦᠭᠡᠯ ᠤᠳ ᠪᠠᠭᠳᠠᠨ᠎ᠠ᠂ ᠱᠠᠩᠨᠠᠯ ᠬᠦᠷᠳᠡᠭᠰᠡᠨ ᠲᠤᠭ᠎ᠠ ᠨᠢ ᠲᠤᠰ ᠬᠤᠭᠤᠴᠠᠭᠠᠨ ᠤ ᠰᠢᠯᠭᠠᠷᠠᠭᠤᠯᠤᠯᠳᠠ  ᠳᠠᠬᠢ ᠪᠤᠭᠤᠳᠤ ᠬᠤᠳᠠ ᠶᠢᠨ ᠬᠤᠰᠢᠭᠤ ᠰᠢᠶᠠᠨ ᠲᠤᠭᠤᠷᠢᠭ ᠤᠨ ᠲᠡᠷᠢᠭᠦᠨ ᠳᠤ ᠪᠠᠶᠢᠷᠢᠯᠠᠪᠠ᠂ ᠴᠢᠩᠱᠠᠨ ᠲᠤᠭᠤᠷᠢᠭ  ᠤᠨ ᠱᠠᠩᠨᠠᠯ ᠬᠦᠷᠳᠡᠭᠰᠡᠨ ᠲᠤᠭ᠎ᠠ ᠨᠢ ᠲᠡᠦᠭᠡ ᠶᠢᠨ ᠬᠠᠮᠤᠭ ᠰᠠᠶᠢᠨ ᠬᠡᠮᠵᠢᠶᠡᠨ ᠳᠤ ᠬᠦᠷᠪᠡ᠃ ᠴᠢᠩᠱᠠᠨ ᠲᠤᠭᠤᠷᠢᠭ  ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ《ᠵᠤᠬᠢᠶᠠᠨ ᠪᠠᠶᠢᠭᠤᠯᠬᠤ ᠠᠵᠢᠯ ᠤᠨ ᠱᠠᠩᠨᠠᠯ》 ᠢ ᠲᠤᠰᠴᠠᠢ᠃ ᠡᠭᠦᠨ ᠤ ᠲᠤᠮᠳᠠ᠂ ᠷᠠᠳᠢᠣ᠋ ᠵᠦᠴᠦᠭᠡ《ᠬᠦᠰᠡᠯ ᠵᠡᠭᠦᠳᠦ ᠪᠠᠨ ᠲᠡᠷᠭᠡᠯᠰᠢᠭᠦᠯᠦᠭᠰᠡᠨ ᠠᠵᠤ ᠦᠢᠯᠡᠳᠪᠤᠷᠢ》ᠪᠠ《ᠬᠠᠳᠤᠨ ᠭᠤᠤᠯ ᠲᠠᠯ᠎ᠠ ᠨᠤᠳᠤᠭ ᠢᠶᠠᠷ ᠤᠷᠤᠰᠤᠨ  ᠦᠩᠭᠡᠷᠡᠨ᠎ᠡ》ᠬᠡᠭᠦ ᠲᠠᠭᠤᠨ ᠤ ᠪᠦᠳᠦᠭᠡᠯ ᠨᠢ ᠦᠪᠡᠷᠳᠡᠭᠡᠨ ᠵᠠᠰᠠᠬᠤ ᠤᠷᠤᠨ ᠤ ᠠᠷᠪᠠᠨ ᠲᠠᠪᠤᠳᠤᠭᠠᠷ ᠬᠤᠭᠤᠴᠠᠭᠠᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ《ᠲᠠᠪᠦ‍ ᠨᠢᠭᠡ ᠶᠢᠨ ᠢᠨᠵᠧᠨᠧᠷᠢᠩ》ᠱᠠᠩᠨᠠᠯ᠂ ᠪᠤᠭᠤᠳᠤ ᠬᠤᠳᠠ ᠶᠢᠨ ᠠᠷᠪᠠᠳᠤᠭᠠᠷ ᠬᠤᠭᠤᠴᠠᠭᠠᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ《ᠲᠠᠪᠦ‍ ᠨᠢᠭᠡ ᠶᠢᠨ ᠢᠨᠵᠧᠨᠧᠷᠢᠩ》ᠱᠠᠩᠨᠠᠯ᠂ ᠠᠷᠪᠠᠨ ᠬᠤᠶᠠᠳᠤᠭᠠᠷ ᠬᠤᠭᠤᠴᠠᠭᠠᠨ ᠤ ᠤᠳᠬ᠎ᠠ ᠤᠷᠠᠯᠢᠭ ᠢ ᠬᠦᠭᠵᠢᠨ ᠮᠠᠨᠳᠤᠭᠤᠯᠬᠤ ᠱᠠᠩᠨᠠᠯ ᠤᠨ ᠤᠨᠴᠠᠭᠠᠢ ᠱᠠᠩᠨᠠᠯ ᠢ ᠵᠡᠷᠭᠡᠪᠡᠷ ᠲᠤᠰᠴᠠᠢ᠃                                                                                                   ᠤᠷᠴᠢᠭᠤᠯᠤᠭᠴᠢ᠄ ᠠᠯᠢᠮ᠎ᠠ                                                  ᠬᠢᠨᠠᠭᠴᠢ᠄ ᠪᠠᠢ ᠢᠦᠢ ᠰᠢᠶᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号