ᠴᠢᠩᠱᠠᠨ ᠲᠤᠭᠤᠷᠢᠭ 2022 ᠤᠨ ᠤ ᠰᠢᠭᠤᠳ ᠬᠠᠷᠢᠶ᠎ᠠ ᠶᠢᠨ ᠨᠠᠮ ᠤᠨ ︵ᠠᠵᠢᠯ︶ ᠤᠨ ᠬᠤᠷᠢᠶ᠎ᠠ᠂ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢ ᠠᠳᠬᠤᠬᠤ ᠲᠤᠰᠢᠶᠠᠯ ᠤᠨ ᠮᠡᠳᠡᠭᠦᠯᠦᠯᠳᠡ ᠶᠢᠨ ᠵᠦᠪᠯᠡᠯᠭᠡᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/19
      12 ᠰᠠᠷ᠎ᠠ ᠶᠢᠨ 15 ᠤ ᠡᠳᠦᠷ᠂ ᠴᠢᠩᠱᠠᠨ ᠲᠤᠭᠤᠷᠢᠭ ᠲᠤᠭᠤᠷᠢᠭ ᠤᠨ ᠨᠠᠮ ᠤᠨ ᠬᠤᠷᠢᠶᠠᠨ ᠤ ︵ᠦᠷᠭᠡᠳᠭᠡᠭᠰᠡᠨ︶ ᠬᠤᠷᠠᠯ ᠵᠢᠴᠢ 2022 ᠤᠨ ᠤ ᠰᠢᠭᠤᠳ ᠬᠠᠷᠢᠶ᠎ᠠ ᠶᠢᠨ ᠨᠠᠮ ᠤᠨ ︵ᠠᠵᠢᠯ ︶ ᠤᠨ ᠬᠤᠷᠢᠶ᠎ᠠ᠂ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠰᠠᠭᠤᠷᠢ ᠱᠠᠳᠤᠨ ᠤ ᠨᠠᠮ ᠤᠨ ᠪᠠᠶᠢᠭᠤᠯᠤᠯᠳᠠ ᠶᠢ ᠠᠳᠬᠤᠬᠤ ᠲᠤᠰᠢᠶᠠᠯ ᠤᠨ ᠮᠡᠳᠡᠭᠦᠯᠦᠯᠳᠡ ᠶᠢᠨ ᠵᠦᠪᠯᠡᠯᠭᠡᠨ ᠤ ᠬᠤᠷᠠᠯ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃
微信图片_20221219105451_副本.jpg
      ᠬᠤᠷᠠᠯ ᠲᠡᠭᠡᠷ᠎ᠡ᠂ ᠲᠤᠨᠤᠭ ᠲᠦᠭᠦᠭᠡᠷᠦᠮᠵᠢ ᠶᠢᠨ ᠬᠦᠷᠢᠶᠡᠯᠡᠩ ᠲᠤᠭᠤᠷᠢᠭ ᠤᠨ ᠨᠠᠮ ᠤᠨ ᠠᠵᠢᠯᠯᠠᠬᠤ ᠭᠠᠵᠠᠷ  ᠤᠨ ᠵᠦᠪᠯᠡᠯ᠂ ᠡᠯ᠎ᠡ ᠵᠡᠭᠡᠯᠢ ᠭᠤᠳᠤᠮᠵᠢ ᠪᠠᠯᠭᠠᠰᠤ ᠵᠢᠨ‌ᠨᠠᠮ ᠤᠨ ︵ᠠᠵᠢᠯ︶ ᠤᠨ ᠠᠵᠢᠯᠯᠠᠬᠤ ᠭᠠᠵᠠᠷ ᠤᠨ ᠵᠦᠪᠯᠡᠯ᠂《 ᠬᠤᠶᠠᠷ ᠰᠢᠨ᠎ᠡ》 ᠬᠡᠭᠦ ᠨᠠᠮ ᠤᠨ ᠠᠵᠢᠯᠯᠠᠬᠤ ᠭᠠᠵᠠᠷ ᠤᠨ ᠵᠦᠪᠯᠡᠯ ᠪᠠ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶᠠᠨ ᠤ ᠨᠠᠮ ᠤᠨ ᠤᠳᠤᠷᠢᠳᠬᠤ ᠲᠤᠭᠤᠶᠢᠯᠠᠩ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠵᠡᠷᠭᠡ ᠠᠴᠠ ᠲᠤᠬᠠᠢ ᠶᠢᠨ ᠲᠠᠯᠠᠪᠤᠷ ᠤᠨ ᠲᠤᠰᠢᠶᠠᠯ ᠤᠨ ᠮᠡᠳᠡᠭᠦᠯᠦᠯᠳᠡ ᠬᠢᠵᠦ᠂ ᠪᠤᠰᠤᠳ  ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠨᠠᠮ ᠤᠨ ᠤᠳᠤᠷᠢᠳᠬᠤ ᠲᠤᠭᠤᠶᠢᠯᠠᠩ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠪᠢᠴᠢᠭ  ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠳᠡ ᠬᠢᠵᠡᠢ᠂ ᠳ᠋ᠢᠩ ᠺᠠᠢ ᠨᠢᠭᠡᠳ ᠨᠢᠭᠡ ᠪᠠᠷ ᠦᠨᠡᠯᠡᠯᠳᠡ ᠬᠢᠵᠤ᠂ ᠪᠠᠢ ᠶᠦᠨ ᠰᠢ᠂ ᠭᠤᠤ ᠶᠢᠨ ᠮᠢᠩ᠂ ᠬᠤᠤ ᠸᠧᠢ᠂ ᠷᠧᠨ ᠬᠠᠢ ᠰᠢᠨ᠂ ᠰᠢᠤᠢ ᠼᠠᠢ ᠹᠧᠩ᠂ ᠮᠤ᠋ ᠯᠢᠩ ᠵᠡᠷᠭᠡ ᠬᠦᠮᠦᠰ ᠶᠡᠷᠦᠩᠭᠡᠢ ᠦᠨᠡᠯᠡᠯᠳᠡ ᠬᠢᠵᠡᠢ᠃      ᠲᠤᠰᠢᠶᠠᠯ ᠤᠨ ᠮᠡᠳᠡᠭᠦᠯᠦᠯᠳᠡ ᠶᠢ ᠬᠢᠨᠠᠮᠠᠭᠠᠢ ᠰᠤᠨᠤᠰᠤᠭᠰᠠᠨ ᠤ ᠲᠠᠷᠠᠭ᠎ᠠ᠂ ᠳ᠋ᠢᠩ ᠺᠠᠢ᠂  ᠠᠵᠤ ᠠᠬᠤᠢ ᠶᠢᠨ ᠲᠤᠷᠤᠭᠰᠢᠯᠠᠬᠤ ᠲᠠᠷᠤᠯᠳᠠ ᠪᠠ ᠤᠯᠠᠨ ᠡᠭᠡᠯᠵᠢ ᠶᠢᠨ ᠬᠢᠵᠢᠭ ᠤᠨ ᠪᠠᠶᠢᠳᠠᠯ ᠤᠨ ᠲᠠᠭᠠᠷᠢᠯᠳᠠ ᠳᠤ᠂ ᠪᠦᠬᠦ ᠲᠤᠭᠤᠷᠢᠭ ᠤᠨ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠦᠩᠭᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠯᠠᠨ ᠲᠠᠯ᠎ᠠ ᠲᠠᠰᠢ ᠬᠦᠭᠵᠢᠭᠦᠯᠵᠦ᠂ ᠦᠨᠳᠦᠰᠦᠨ ᠱᠠᠳᠤ ᠲᠡᠰᠢ ᠬᠦᠨᠵᠡᠭᠡᠶᠢᠷᠡᠬᠦ ᠶᠢ ᠭᠤᠶᠢᠪᠢᠰᠢ ᠦᠭᠡᠢ ᠠᠬᠢᠭᠤᠯᠵᠤ᠂ ᠨᠠᠮ ᠤᠨ ᠪᠠᠶᠢᠭᠤᠯᠤᠯᠳᠠ ᠶᠢᠨ ᠤᠯᠤᠰ ᠲᠦᠷᠦ ᠶᠢᠨ ᠬᠦᠳᠦᠯᠦᠨ ᠲᠠᠭᠠᠭᠤᠯᠬᠤ ᠦᠢᠯᠡᠳᠦᠯ ᠨᠡᠩ ᠲᠤᠪᠤᠶᠢᠮ᠎ᠠ ᠪᠤᠯᠵᠤ᠂ ᠰᠤᠷᠳᠠᠯ ᠢ ᠲᠦᠪ ᠪᠤᠯᠭᠠᠨ᠂ ᠰᠠᠬᠢᠯᠭ᠎ᠠ ᠪᠠᠳᠤ ᠶᠢ ᠴᠢᠩᠳᠠᠯᠠᠬᠤ ᠳᠤ ᠨᠡᠩ ᠤᠨᠤᠴᠢᠳᠠᠢ ᠪᠦᠭᠡᠳ ᠬᠦᠴᠦᠳᠡᠢ ᠪᠠᠶᠢᠵᠤ᠂  ᠡᠯ᠎ᠡ ᠬᠦᠷᠢᠶ᠎ᠡ ᠬᠡᠪᠴᠢᠶᠡᠨ ᠤ ᠨᠠᠮ ᠤᠨ ᠪᠠᠶᠢᠭᠤᠯᠤᠯᠳᠠ ᠶᠢᠨ ᠠᠵᠢᠯ ᠪᠦᠬᠦ ᠲᠠᠯ᠎ᠠ ᠪᠠᠷ ᠴᠢᠩᠭᠠᠳᠭᠠᠭᠳᠠᠵᠤ᠂ ᠪᠦᠬᠦ ᠲᠤᠭᠤᠷᠢᠭ ᠤᠨ ᠨᠠᠮ ᠤᠨ ᠬᠡᠰᠢᠭᠦᠨ ᠺᠠᠳ᠋ᠷᠴᠤᠳ ᠤᠨ ᠠᠵᠢᠯ ᠬᠢᠵᠤ ᠦᠢᠯᠡᠰ ᠪᠤᠰᠬᠠᠬᠤ ᠴᠤᠭ ᠵᠢᠪᠬᠤᠭ᠎ᠠ ᠤᠯᠠᠮ   ᠬᠦᠪᠴᠢᠯᠡᠭᠳᠡᠭᠰᠡᠨ ᠪᠠᠶᠢᠨ᠎ᠠ  ᠭᠡᠵᠦ ᠵᠢᠭᠠᠵᠤ ᠭᠠᠷᠭᠠᠪᠠ᠃      ᠳ᠋ᠢᠩ ᠺᠠᠢ᠂ ᠲᠠᠷᠠᠭ᠎ᠠ ᠵᠢᠯ ᠪᠤᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠳᠡ ᠶᠢᠨ ᠵᠢᠯ ᠮᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠡᠭᠦᠷᠢᠳᠡ ᠪᠠᠷᠢᠮᠳᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢ ᠬᠦᠨᠵᠡᠭᠡᠢ ᠠᠬᠢᠭᠤᠯᠵᠤ᠂ ᠰᠢᠶᠠᠨ ᠤ ᠲᠡᠰ ᠤᠨ ᠤᠳᠤᠷᠢᠳᠤᠯᠭ᠎ᠠ ᠺᠠᠳ᠋ᠷ ᠤᠨ《 ᠵᠠᠩᠬᠢᠯᠠᠭ᠎ᠠ ᠶᠢᠨ ᠴᠦᠭᠡᠨ ᠲᠤᠭᠠᠨ》 ᠤ ᠦᠢᠯᠡᠳᠦᠯ ᠢ ᠬᠦᠢᠴᠡᠳ ᠪᠠᠳᠠᠷᠠᠭᠤᠯᠵᠤ᠂  ᠨᠠᠮ ᠤᠨ ᠡᠯ᠎ᠡ ᠵᠤᠬᠢᠶᠠᠨ ᠪᠠᠶᠢᠭᠤᠯᠤᠯᠳᠠ ᠶᠢᠨ ᠱᠦᠵᠢ ᠶᠢᠨ《ᠨᠢᠭᠡᠳᠦᠭᠡᠷ ᠬᠠᠷᠢᠭᠤᠴᠠᠯᠭᠠᠳᠤ ᠬᠦᠮᠦᠨ》 ᠤ ᠬᠠᠷᠢᠭᠤᠴᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠦᠨᠡᠨᠴᠢ ᠰᠢᠳᠤᠷᠭᠤ ᠭᠤᠤᠯᠯᠠᠭᠴᠢ ᠬᠦᠴᠦᠨ ᠢ ᠴᠢᠩᠱᠠᠨ ᠲᠤᠭᠤᠷᠢᠭ ᠤᠨ ᠨᠠᠮ ᠤᠨ ᠬᠡᠰᠢᠭᠦᠨ ᠺᠠᠳ᠋ᠷᠴᠤᠳ ᠤᠨ ᠬᠠᠮᠤᠭ ᠢᠯᠡ ᠲᠤᠳᠤ ᠤᠯᠤᠰ ᠲᠦᠷᠦ ᠶᠢᠨ ᠵᠠᠩ ᠰᠤᠷᠳᠠᠯ ᠪᠤᠯᠭᠠᠵᠤ᠂ ᠴᠢᠩᠱᠠᠨ ᠤ ᠤᠯᠤᠰ ᠲᠦᠷᠦ ᠠᠮᠢ ᠠᠬᠤᠢ  ᠶᠢᠨ ᠬᠠᠮᠤᠭ ᠢᠯᠡ ᠲᠤᠳᠤ ᠲᠡᠪᠢᠰᠭᠡᠷ ᠦᠩᠭᠡ ᠪᠤᠯᠭᠠᠬᠤ ᠭᠡᠷᠡᠭᠳᠡᠢ ᠬᠡᠵᠦ ᠴᠢᠬᠤᠯᠠᠴᠢᠯᠠᠪᠠ᠃                                                 ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号