| | | | 11 ᠰᠠᠷ᠎ᠠ ᠶᠢᠨ 20 ᠤ ᠡᠳᠦᠷ ᠤᠨ 19 ᠴᠠᠭ 30 ᠮᠢᠨᠦ᠋ᠲ ᠲᠤ᠂ ᠳᠤᠮᠳᠠᠳᠤ ᠤᠯᠤᠰ ᠤᠨ | ᠵᠣᠬᠢᠶᠠᠯᠴᠢᠳ ᠤᠨ ᠡᠪᠯᠡᠯ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠨᠠᠨ | ᠮᠤᠵᠢ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠬᠠᠮᠲᠤᠷᠠᠨ ᠡᠷᠭᠢᠯᠡᠭᠰᠡᠨ ︽ᠳᠤᠮᠳᠠᠳᠤ ᠤᠯᠤᠰ ᠤᠨ | ᠤᠳᠬ᠎ᠠ ᠵᠣᠬᠢᠶᠠᠯ ᠤᠨ ᠦᠪᠡᠳᠡᠭᠰᠢ ᠶᠣᠰᠣᠯᠠᠯ· ᠯᠦ ᠰᠢᠶᠦ᠋ᠨ ᠨᠡᠷᠡᠮᠵᠢᠲᠦ ᠤᠳᠬ᠎ᠠ ᠵᠣᠬᠢᠶᠠᠯ ᠤᠨ ᠱᠠᠩᠨᠠᠯ ᠤᠨ | ᠥᠳᠡᠰᠢ︾ ᠪᠡᠭᠡᠵᠢᠩ ᠳᠤ ᠦᠪᠡᠳᠡᠭᠰᠢ ᠶᠡᠭᠡ ᠪᠠᠷ ᠡᠬᠢᠯᠡᠪᠡ᠃ ᠨᠠᠢᠮᠠᠳᠤᠭᠠᠷ ᠬᠤᠭᠤᠴᠠᠭᠠᠨ ᠤ ᠯᠦ ᠰᠢᠶᠦ᠋ᠨ | ᠨᠡᠷᠡᠮᠵᠢᠲᠦ ᠤᠳᠬ᠎ᠠ ᠵᠣᠬᠢᠶᠠᠯ ᠤᠨ ᠱᠠᠩᠨᠠᠯ ᠬᠦᠷᠳᠡᠭᠴᠢ ᠶᠢᠨ ᠨᠢᠭᠡ ᠪᠣᠯᠬᠤ ᠬᠥᠬᠡᠨᠠᠭᠤᠷ ᠮᠤᠵᠢ ᠶᠢᠨ ᠵᠠᠯᠠᠭᠤ | ᠮᠣᠩᠭᠤᠯ ᠵᠣᠬᠢᠶᠠᠯᠴᠢ ᠰᠤᠨᠤᠮᠴᠡᠷᠡᠩ ᠬᠤᠷᠠᠯ ᠳᠤ ᠣᠷᠣᠯᠴᠠᠭᠰᠠᠨ ᠪᠥᠭᠡᠳ ᠱᠠᠩᠨᠠᠯ ᠲᠣᠰᠴᠠᠢ᠃ | ᠯᠦ ᠰᠢᠶᠦ᠋ᠨ ᠨᠡᠷᠡᠮᠵᠢᠲᠦ ᠤᠳᠬ᠎ᠠ ᠵᠣᠬᠢᠶᠠᠯ ᠤᠨ ᠱᠠᠩᠨᠠᠯ ᠪᠣᠯ ᠮᠠᠨ ᠤ ᠤᠯᠤᠰ ᠤᠨ ᠬᠠᠮᠤᠭ ᠥᠨᠳᠥᠷ | ᠢᠷᠠᠭᠤ ᠠᠯᠳᠠᠷ ᠢ ᠲᠥᠯᠥᠭᠡᠯᠡᠭᠰᠡᠨ ᠤᠯᠤᠰ ᠤᠨ ᠲᠡᠰ ᠤᠨ ᠤᠳᠬ᠎ᠠ ᠵᠣᠬᠢᠶᠠᠯ ᠤᠨ ᠱᠠᠩᠨᠠᠯ ᠤᠨ ᠨᠢᠭᠡ ᠮᠦᠨ᠃ | ᠬᠥᠬᠡᠨᠠᠭᠤᠷ ᠮᠤᠵᠢ ᠶᠢᠨ ᠵᠣᠬᠢᠶᠠᠯᠴᠢ ᠰᠤᠨᠤᠮᠴᠡᠷᠡᠩ ︽ᠡᠭᠡᠷᠡᠮ᠎ᠡ ᠲᠠᠯ᠎ᠠ ᠳᠤ︾ ᠭᠡᠬᠦ ᠲᠤᠭᠤᠵᠢ ᠪᠠᠷ ᠢᠶᠠᠨ | ᠨᠠᠢᠮᠠᠳᠤᠭᠠᠷ ᠬᠤᠭᠤᠴᠠᠭᠠᠨ ᠤ ᠯᠦ ᠰᠢᠶᠦ᠋ᠨ ᠨᠡᠷᠡᠮᠵᠢᠲᠦ ᠤᠳᠬ᠎ᠠ ᠵᠣᠬᠢᠶᠠᠯ ᠤᠨ ᠱᠠᠩᠨᠠᠯ ᠤᠨ ᠲᠤᠭᠤᠵᠢ ᠶᠢᠨ | ᠱᠠᠩᠨᠠᠯ ᠢ ᠭᠥᠷᠳᠡᠪᠡ᠂ ᠲᠡᠷᠡ ᠪᠣᠯ ᠯᠦ ᠰᠢᠶᠦ᠋ᠨ ᠨᠡᠷᠡᠮᠵᠢᠲᠦ ᠤᠳᠬ᠎ᠠ ᠵᠣᠬᠢᠶᠠᠯ ᠤᠨ ᠱᠠᠩᠨᠠᠯ ᠢ ᠭᠥᠷᠳᠡᠭᠰᠡᠨ | ᠬᠥᠬᠡᠨᠠᠭᠤᠷ ᠮᠤᠵᠢ ᠶᠢᠨ ᠠᠩᠬᠠᠳᠠᠭᠴᠢ ᠵᠣᠬᠢᠶᠠᠯᠴᠢ ᠶᠤᠮ᠃ | ︽ᠡᠭᠡᠷᠡᠮ᠎ᠡ ᠲᠠᠯ᠎ᠠ ᠳᠤ︾ ᠲᠤᠭᠤᠵᠢ ᠳᠤ ᠪᠠᠨ ᠵᠢᠷᠭᠤᠭᠠᠨ ᠮᠠᠯᠴᠢᠨ ᠠᠭᠤᠯᠠᠨ ᠳᠤ ᠣᠷᠣᠵᠤ | ᠬᠤᠯᠤᠭᠠᠨ᠎ᠠ ᠶᠢ ᠤᠰᠠᠳᠬᠠᠨ᠂ ᠪᠡᠯᠴᠢᠭᠡᠷ ᠢ ᠬᠠᠮᠠᠭᠠᠯᠠᠭᠰᠠᠨ ᠦᠯᠢᠭᠡᠷ ᠢ ᠶᠠᠷᠢᠪᠠ᠃ ᠥᠪᠡᠳᠡᠭᠰᠢ ᠶᠣᠰᠣᠯᠠᠯ | ᠳᠡᠭᠡᠷ᠎ᠡ᠂ ᠨᠠᠢᠮᠠᠳᠤᠭᠠᠷ ᠬᠤᠭᠤᠴᠠᠭᠠᠨ ᠤ ᠯᠦ ᠰᠢᠶᠦ᠋ᠨ ᠨᠡᠷᠡᠮᠵᠢᠲᠦ ᠤᠳᠬ᠎ᠠ ᠵᠣᠬᠢᠶᠠᠯ ᠤᠨ ᠱᠠᠩᠨᠠᠯ ᠤᠨ | ᠵᠣᠬᠢᠶᠠᠨ ᠪᠠᠶᠢᠭᠤᠯᠬᠤ ᠺᠣᠮᠢᠰ ᠠᠴᠠ ᠰᠤᠨᠤᠮᠴᠡᠷᠡᠩ ᠳᠤ᠄ ︽ᠣᠷᠭᠢᠯᠤᠮ᠎ᠠ ᠬᠠᠯᠠᠭᠤᠨ ᠵᠠᠯᠠᠭᠤ ᠨᠠᠰᠤᠨ ᠤ | ᠣᠷᠭᠢᠯᠤᠮ᠎ᠠ ᠬᠠᠯᠠᠭᠤᠨ ᠰᠡᠳᠬᠢᠯᠭᠡ ᠪᠠᠷ᠂ ᠤᠯᠠᠨ ᠡᠰᠢᠲᠦ ᠨᠢᠭᠡ ᠴᠣᠭᠴᠠᠵᠢᠭᠰᠠᠨ ᠳᠤᠮᠳᠠᠳᠤ ᠶᠢᠨ ᠰᠣᠶᠣᠯ ᠢ | ᠬᠥᠭᠵᠢᠭᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠰᠡᠯ ᠵᠡᠭᠦᠳᠦ ᠶᠢ ᠬᠦᠳᠦᠯᠥᠨ ᠳᠠᠭᠠᠭᠤᠯᠵᠤ | ᠪᠠᠶᠢᠨ᠎ᠠ︾ ᠭᠡᠰᠡᠨ ᠦᠨᠡᠯᠡᠯᠲᠡ ᠥᠭᠭᠦᠯ᠎ᠡ᠃ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠲᠡᠷᠢᠭᠦᠯᠡᠭᠴᠢ᠂ | ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ᠲᠢᠶᠧ ᠨᠢᠩ ᠠᠴᠠ | ᠰᠤᠨᠤᠮᠴᠡᠷᠡᠩ ᠳᠤ ᠱᠠᠩᠨᠠᠯ ᠭᠠᠷᠳᠠᠭᠤᠯᠪᠠ᠃ ᠱᠠᠩᠨᠠᠯ ᠣᠯᠭᠤᠬᠤ ᠲᠤᠬᠠᠢ ᠶᠢᠨ ᠲᠠᠯᠠᠪᠠᠢ ᠳᠤ᠂ ᠰᠤᠨᠤᠮᠴᠡᠷᠡᠩ | ᠥᠪᠡᠷ ᠤᠨ ᠤᠳᠬ᠎ᠠ ᠵᠣᠬᠢᠶᠠᠯ ᠤᠨ ᠵᠠᠮ ᠢᠶᠠᠷ ᠵᠠᠮᠨᠠᠭᠰᠠᠨ ᠶᠠᠪᠤᠴᠠ ᠪᠠᠨ ᠶᠠᠷᠢᠵᠤ᠂ ᠲᠡᠭᠦᠨ ᠢ ᠬᠠᠪᠰᠤᠷᠤᠭᠰᠠᠨ | ᠬᠥᠮᠦᠰ ᠲᠤ ᠲᠠᠯᠠᠷᠬᠠᠪᠠ᠃ ᠲᠡᠷᠡ᠄ ︽ᠪᠢ ᠪᠢᠷ ᠢᠶᠠᠷ ᠢᠶᠠᠨ ᠲᠠᠯ᠎ᠠ ᠨᠤᠲᠤᠭ ᠤᠨ ᠥᠷᠭᠡᠨ ᠠᠭᠤᠳᠠᠮ᠂ ᠡᠴᠢᠨ᠎ᠡ ᠭᠦᠨ | ᠵᠢᠴᠢ ᠲᠠᠯ᠎ᠠ ᠨᠤᠲᠤᠭ ᠳᠡᠭᠡᠷᠡᠬᠢ ᠲᠡᠳᠡᠭᠡᠷ ᠳᠣᠲᠣᠨᠣ ᠬᠦᠨᠳᠦᠲᠦ ᠬᠥᠮᠦᠰ ᠢ ᠪᠢᠴᠢᠬᠦ ᠰᠠᠨᠠᠭ᠎ᠠ ᠲᠠᠢ︾ ᠭᠡᠯᠡ᠃ | | | | |