ᠦᠷᠭᠡᠨ ᠤᠯᠠᠨ ᠪᠠᠭᠰᠢ ᠰᠤᠷᠤᠭᠴᠢᠳ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ | ᠳᠤ《ᠰᠤᠷᠭᠠᠭᠤᠯᠢ ᠠᠴᠠ ᠪᠠᠨ ᠰᠠᠯᠪᠠᠴᠤ ᠰᠤᠷᠭᠠᠨ ᠬᠦᠮᠦᠵᠢᠯ ᠠᠴᠠ ᠰᠠᠯᠬᠤ ᠦᠭᠡᠢ ᠬᠢᠴᠢᠶᠡᠯ ᠢᠶᠠᠨ | ᠵᠤᠭᠰᠤᠭᠠᠪᠠᠴᠤ ᠰᠤᠷᠤᠯᠴᠠᠯᠭ᠎ᠠ ᠪᠠᠨ ᠵᠤᠭᠰᠠᠭᠠᠬᠤ ᠦᠭᠡᠢ》 ᠶᠢ ᠪᠠᠳᠤᠯᠠᠬᠤ ᠶᠢᠨ ᠲᠦᠯᠦᠭᠡ᠂ ᠤᠶᠢᠷ᠎ᠠ ᠳᠤ᠂ | ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠠ ᠰᠦᠯᠵᠢᠶᠡᠨ ᠡᠵᠡᠩᠨᠡᠭᠴᠢᠳ ᠲᠠᠢ ᠢᠳᠡᠪᠬᠢᠳᠡᠢ ᠨᠡᠪᠳᠡᠷᠡᠯᠴᠡᠨ᠂ | 10 ᠲᠦᠮᠡᠨ ᠲᠦᠭᠦᠷᠢᠭ ᠤᠨ ᠪᠡᠯᠡ ᠮᠦᠩᠬᠦ ᠵᠠᠷᠤᠴᠠᠭᠤᠯᠤᠨ᠂ ᠪᠦᠬᠦ ᠲᠤᠭᠤᠷᠢᠭ ᠤᠨ ᠰᠦᠯᠵᠢᠶᠡᠨ ᠤ ᠪᠦᠳᠦᠴᠡ | ᠪᠠᠶᠢᠷᠢᠯᠠᠭᠤᠯᠤᠯᠳᠠ ᠶᠢ ᠰᠢᠯᠢᠳᠡᠭᠵᠢᠭᠦᠯᠦᠨ᠂ ᠭᠤᠤᠯᠯᠠᠭᠴᠢ ᠰᠦᠯᠵᠢᠶᠡᠨ ᠤ ᠪᠠᠭᠳᠠᠭᠠᠮᠵᠢ ᠶᠢ ᠦᠷᠭᠡᠳᠭᠡᠨ ᠲᠡᠰ | ᠲᠡᠪᠰᠢᠭᠦᠯᠵᠦ᠂ ᠤᠤᠯ ᠤᠨ ᠢᠨᠲ᠋ᠧᠷ ᠰᠦᠯᠵᠢᠶ᠎ᠡ ᠶᠢᠨ ᠭᠠᠷᠭᠠᠯᠳᠠ ᠶᠢᠨ ᠬᠡᠮᠵᠢᠶ᠎ᠡ ᠶᠢ 1.5G ᠠᠴᠠ 2.5G | ᠪᠤᠯᠭᠠᠨ ᠦᠷᠭᠡᠳᠭᠡᠵᠦ᠂ ᠰᠦᠯᠵᠢᠶᠡᠨ ᠤ ᠲᠤᠯᠭᠠᠭᠤᠷᠢᠯᠠᠬᠤ ᠴᠢᠳᠠᠪᠤᠷᠢ ᠶᠢ ᠲᠡᠭᠡᠭᠰᠢᠯᠡᠭᠦᠯᠵᠦ᠂ ᠰᠦᠯᠵᠢᠶᠡᠨ | ᠲᠡᠭᠡᠷᠡᠭᠢ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ᠂ ᠦᠷ᠎ᠡ ᠪᠦᠳᠦᠮᠵᠢ ᠶᠢ ᠪᠠᠳᠤᠯᠠᠵᠠᠢ᠃ ᠡᠭᠦᠨ ᠤ ᠵᠡᠷᠭᠡ ᠪᠠᠷ᠂ | ᠴᠢᠩᠱᠠᠨ ᠲᠤᠭᠤᠷᠢᠭ ᠤᠨ ᠴᠠᠬᠢᠯᠭᠠᠨᠴᠢᠯᠠᠭᠰᠠᠨ ᠰᠤᠷᠭᠠᠨ ᠬᠦᠮᠦᠵᠢᠯ ᠤᠨ ᠲᠦᠪ ᠰᠤᠷᠭᠠᠨ ᠬᠦᠮᠦᠵᠢᠯ ᠤᠨ ᠵᠢᠭᠠᠨ | ᠰᠤᠳᠤᠯᠬᠤ ᠲᠦᠪ ᠲᠠᠢ ᠬᠠᠮᠳᠤᠷᠠᠨ ᠰᠤᠷᠭᠠᠭᠤᠯᠢ ᠳᠤ ᠬᠢᠴᠢᠶᠡᠯᠯᠡᠵᠤ ᠪᠠᠶᠢᠭ᠎ᠠ ᠪᠠᠭᠰᠢ ᠨᠠᠷ ᠲᠤ ᠴᠠᠭ ᠲᠤᠬᠠᠢ ᠳᠤᠨᠢ | ᠪᠤᠯᠪᠠᠰᠤᠷᠠᠯ ᠬᠢᠯᠬᠡᠵᠦ᠂《 ᠪᠠᠭ᠎ᠠ ᠠᠩᠬᠢ ᠶᠢᠨ ᠬᠢᠴᠢᠶᠡᠯ》 ᠤᠨ ᠵᠢᠭᠠᠨ ᠰᠤᠷᠭᠠᠯᠳᠠ ᠳᠤ ᠪᠠᠶᠢᠩᠭᠤ ᠶᠢᠨ | ᠴᠢᠨᠠᠷᠳᠠᠢ ᠵᠢᠭᠠᠨ ᠰᠤᠳᠤᠯᠭᠠᠨ ᠤ ᠵᠢᠯᠤᠭᠤᠳᠤᠯᠭ᠎ᠠ ᠬᠢᠵᠤ᠂ ᠦᠷᠭᠡᠨ ᠤᠯᠠᠨ ᠪᠠᠭᠰᠢ ᠨᠠᠷ ᠤᠨ ᠰᠢᠨ᠎ᠡ ᠲᠠᠪᠴᠠᠩ ᠤᠨ | ᠴᠢᠳᠠᠮᠵᠢ ᠶᠢ ᠪᠤᠯᠪᠠᠰᠤᠷᠠᠩᠭᠤᠢ ᠬᠡᠷᠡᠭᠯᠡᠵᠦ᠂ ᠰᠦᠯᠵᠢᠶᠡᠨ ᠲᠡᠭᠡᠷᠡᠭᠢ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ | ᠲᠡᠭᠡᠭᠰᠢᠯᠡᠬᠦᠯᠬᠦ ᠳᠤ ᠦᠢᠯᠡᠴᠢᠯᠡᠭᠡ ᠪᠠ ᠪᠠᠳᠤᠯᠠᠭ᠎ᠠ ᠶᠢ ᠰᠠᠶᠢᠳᠤᠷ ᠬᠢᠬᠦ ᠳᠤ ᠬᠦᠴᠦᠯᠡᠵᠡᠢ᠃ | | | | | ᠤᠷᠴᠢᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | |