【ᠪᠤᠭᠤᠳᠤ ᠪᠠᠨ ᠬᠠᠶᠢᠷᠠᠯᠠᠵᠤ ᠬᠤᠪᠢ ᠨᠡᠮᠡᠷᠢ ᠦᠵᠡᠬᠦᠯᠬᠦ】ᠴᠢᠩᠱᠠᠨ ᠲᠤᠭᠤᠷᠢᠭ ᠤᠨ ᠬᠠᠩᠭᠠᠨ ᠪᠤᠷᠤᠯᠭᠤᠯᠬᠤ ᠬᠤᠷᠰᠢᠶ᠎ᠠ ᠲᠠᠷᠢᠶᠠᠯᠠᠩ ᠤᠨ ᠪᠦᠳᠦᠭᠡᠭᠳᠡᠭᠦᠨ ᠢ ᠲᠤᠰᠬᠤᠨ ᠠᠴᠠ ᠭᠠᠷᠭᠠᠵᠤ ᠬᠤᠳᠠ ᠳᠤ ᠤᠷᠤᠭᠤᠯᠬᠤ ᠳᠤ ᠬᠦᠴᠦ ᠨᠡᠮᠡᠷᠢᠯᠡᠵᠡᠢ
ᠨᠡᠶᠢᠲᠡᠯᠡᠭᠰᠡᠨ ᠴᠠᠭ᠄
2022/12/19
      2022 ᠤᠨ ᠳᠤ᠂ ᠴᠢᠩᠱᠠᠨ ᠲᠤᠭᠤᠷᠢᠭ ᠤᠨ ᠬᠠᠩᠭᠠᠨ ᠪᠤᠷᠤᠯᠭᠤᠯᠬᠤ ᠬᠤᠷᠰᠢᠶ᠎ᠠ《 ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠦᠳᠡᠭᠡ ᠲᠤᠰᠬᠤᠨ᠂ ᠬᠦᠳᠡᠭᠡ ᠠᠵᠤ ᠠᠬᠤᠢ᠂ ᠲᠠᠷᠢᠶᠠᠴᠢᠨ ᠤ  ᠬᠦᠭᠵᠢᠯᠳᠡ ᠶᠢ ᠠᠬᠢᠭᠤᠯᠬᠤ》ᠪᠤᠬᠢᠷᠳᠤᠯ ᠦᠭᠡᠢ ᠴᠢᠨᠠᠷ ᠰᠠᠶᠢᠳᠠᠢ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠳᠦᠭᠡᠭᠳᠡᠭᠦᠨ ᠢ ᠨᠡᠶᠢᠭᠡᠮ ᠲᠤᠭᠤᠷᠢᠭ ᠲᠤ ᠤᠷᠤᠭᠤᠯᠬᠤ ᠬᠦᠳᠡᠯᠭᠡᠭᠡᠨ ᠢ ᠦᠷᠨᠢᠭᠦᠯᠵᠡᠢ᠃ ᠤᠳᠤ ᠪᠤᠯᠳᠠᠯ᠎ᠠ᠂ ᠨᠢᠭᠡᠨᠳᠡ 10 ᠲᠠᠯᠠᠪᠤᠷ ᠬᠦᠳᠡᠯᠭᠡᠭᠡᠨ ᠦᠷᠨᠢᠭᠦᠯᠵᠦ᠂ 10 ᠰᠠᠭᠤᠭᠠᠯᠢ ᠲᠤᠭᠤᠷᠢᠭ᠂ 5 ᠵᠡᠭᠡᠯᠢ ᠭᠤᠳᠤᠮᠵᠢ ᠳᠤ ᠬᠤᠯᠪᠤᠭᠳᠠᠵᠤ᠂ ᠪᠤᠷᠤᠯᠠᠭᠤᠯᠭ᠎ᠠ ᠶᠢᠨ ᠤᠷᠤᠯᠭ᠎ᠠ ᠨᠡᠶᠢᠳᠡ 200 ᠭᠠᠷᠤᠢ ᠲᠦᠮᠡ ᠬᠦᠷᠴᠦ᠂ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠳᠦᠭᠡᠭᠳᠡᠭᠦᠨ ᠤ ᠪᠤᠷᠤᠯᠠᠭᠤᠯᠬᠤ ᠰᠤᠪᠠᠭ ᠢ ᠦᠷᠭᠡᠳᠭᠡᠵᠦ᠂ ᠡᠭᠦᠨ ᠤ ᠲᠠᠭᠠᠤ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠲᠤ ᠨᠡᠩ ᠤᠯᠠᠨ ᠡᠳ᠋ ᠨᠢ ᠰᠠᠶᠢᠨ ᠦᠨ᠎ᠡ ᠨᠢ ᠬᠢᠮᠳᠠ  ᠬᠤᠭᠤᠯᠠᠨ ᠰᠢᠷᠡᠭᠡᠨ ᠤ ᠠᠮᠳᠠᠳᠤ ᠢᠳᠡᠭᠡᠨ ᠢ ᠬᠠᠩᠭᠠᠵᠠᠢ᠃
2ef275670454e0027c159fcf9d0fa75.jpg
      ᠡᠨᠡ ᠵᠢᠯ ᠤᠨ 10 ᠰᠠᠷ᠎ᠠ ᠠᠴᠠ ᠨᠠᠰᠢ᠂ ᠪᠦᠬᠦ ᠬᠤᠳᠠ ᠪᠠᠷ ᠢᠶᠠᠨ ᠰᠢᠨ᠎ᠡ ᠲᠢᠳᠢᠮᠯᠢᠭ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠨᠦᠯᠦᠭᠡᠯᠡᠭᠳᠡᠵᠦ᠂ ᠶᠠᠩ ᠱᠠᠨ ᠶᠤᠤ ᠲᠤᠰᠬᠤᠨ ᠤ ᠴᠠᠭᠠᠨ ᠨᠤᠭᠤᠭ᠎ᠠ᠂ ᠪᠦᠭᠡᠷᠡᠩᠭᠡᠢ ᠨᠤᠭᠤᠭ᠎ᠠ᠂ ᠰᠤᠩᠬᠢᠨ᠎ᠠ ᠵᠡᠷᠭᠡ ᠤᠳ ᠪᠤᠷᠤᠯᠭᠤᠯᠭ᠎ᠠ ᠮᠠᠭᠤᠳᠠᠢ ᠪᠤᠯᠵᠠᠢ᠃ ᠴᠢᠩᠱᠠᠨ ᠲᠤᠭᠤᠷᠢᠭ ᠤᠨ ᠬᠠᠩᠭᠠᠨ ᠪᠤᠷᠤᠯᠭᠤᠯᠬᠤ ᠬᠤᠷᠰᠢᠶ᠎ᠠ ᠢᠳᠡᠪᠬᠢᠳᠡᠢ ᠬᠦᠳᠡᠯᠦᠯᠴᠡᠨ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠲᠠᠢ ᠬᠠᠷᠢᠯᠴᠠᠨ᠂ ᠲᠠᠷᠢᠶᠠᠯᠠᠩ ᠢ ᠲᠡᠮᠵᠢᠭᠦ ᠰᠠᠨᠠᠭᠠᠴᠢᠯᠠᠭ᠎ᠠ ᠶᠢᠨ ᠪᠢᠴᠢᠭ ᠭᠠᠷᠭᠠᠵᠤ᠂ ᠲᠠᠷᠢᠶᠠᠴᠢᠳ ᠢ ᠬᠠᠪᠰᠤᠷᠤᠨ ᠪᠤᠷᠤᠯᠠᠭᠤᠯᠭ᠎ᠠ ᠶᠢᠨ ᠵᠠᠮ ᠢ ᠨᠡᠭᠡᠭᠡᠨ᠂ ᠲᠠᠷᠢᠶᠠᠴᠢᠳ ᠢ ᠬᠠᠪᠰᠤᠷᠤᠨ 1.2  ᠲᠦᠮᠡ ᠭᠠᠷᠤᠢ ᠵᠢᠩ ᠪᠤᠷᠤᠯᠠᠭᠤᠯᠭ᠎ᠠ ᠮᠠᠭᠤᠳᠠᠢ ᠢᠳᠡᠰᠢᠨ ᠨᠤᠭᠤᠭ᠎ᠠ ᠶᠢ  ᠪᠤᠷᠤᠯᠠᠭᠤᠯᠵᠠᠢ᠃
54b9b3d0a42b1912ca1902ff7293a2d.jpg
     ᠲᠠᠷᠠᠭᠠᠴᠢ ᠶᠢᠨ ᠠᠯᠬᠤᠮ᠂ ᠴᠢᠩᠱᠠᠨ ᠲᠤᠭᠤᠷᠢᠭ ᠤᠨ ᠬᠠᠩᠭᠠᠨ ᠪᠤᠷᠤᠯᠭᠤᠯᠬᠤ ᠬᠤᠷᠰᠢᠶ᠎ᠠ《 ᠮᠧᠩ ᠴᠢᠩ ᠬᠦᠩ》《 ᠱᠠᠨ ᠬᠦᠩ》 ᠵᠡᠷᠭᠡ ᠲᠠᠸᠠᠷ ᠤᠨ ᠲᠡᠮᠳᠡᠭ ᠢ ᠭᠡᠷᠡᠭᠯᠡᠨ᠂ ᠲᠠᠸᠠᠷ ᠤᠨ ᠲᠡᠮᠳᠡᠭ ᠲᠠᠢ ᠦᠢᠯᠡᠳᠭᠦᠨ ᠢ ᠪᠤᠷᠤᠯᠠᠭᠤᠯᠤᠨ᠂ ᠰᠦᠯᠵᠢᠶᠡᠨ ᠲᠡᠭᠡᠷᠡᠭᠢ ᠪᠠ ᠰᠦᠯᠵᠢᠶᠡᠨ ᠲᠤᠤᠷᠠᠬᠢ ᠪᠤᠷᠤᠯᠠᠭᠤᠯᠭ᠎ᠠ ᠶᠢᠨ ᠲᠤᠤᠷ ᠢ ᠠᠯᠬᠤᠮ ᠢᠶᠠᠨ ᠲᠦᠷᠭᠡᠳᠭᠡᠨ ᠪᠠᠶᠢᠷᠢᠯᠠᠭᠤᠯᠵᠤ᠂ ᠡᠭᠦᠨ ᠤ ᠵᠡᠷᠭᠡ ᠪᠦᠬᠦ ᠲᠤᠭᠤᠷᠢᠭ ᠤᠨ ᠡᠯ᠎ᠡ ᠠᠵᠤ ᠠᠬᠤᠶᠢᠯᠠᠯ ᠠᠵᠢᠯ ᠦᠢᠯᠡᠰ  ᠤᠨ ᠨᠢᠭᠡᠴᠡ ᠶᠢᠨ ᠬᠤᠳᠠᠯᠳᠤᠨ ᠠᠪᠬᠤ ᠳᠤ ᠨᠢᠭᠡ ᠯᠡ ᠦᠷᠳᠡᠭᠡᠨ ᠤ ᠦᠢᠯᠡᠴᠢᠯᠡᠭᠡ ᠶᠢᠨ ᠦᠷᠳᠡᠭᠡ ᠶᠢ ᠬᠠᠩᠭᠠᠨ᠎ᠠ ᠃ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠲᠤ《ᠬᠤᠯᠢᠰᠢᠨ ᠢᠳᠡᠭᠡᠨ》 ᠤ ᠦᠢᠯᠡᠴᠢᠯᠡᠭᠡ ᠶᠢ ᠦᠷᠭᠦᠯᠵᠢᠯᠡᠨ ᠬᠠᠩᠭᠠᠵᠤ᠂  ᠬᠤᠷᠰᠢᠶᠠᠵᠢᠯ ᠢ ᠬᠠᠪᠰᠤᠷᠤᠨ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠳᠦᠭᠡᠭᠳᠡᠭᠦᠨ ᠢ ᠪᠤᠷᠤᠯᠠᠭᠤᠯᠵᠤ᠂ ᠬᠤᠳᠠ ᠶᠢᠨ ᠲᠤᠭᠤᠷᠢᠭ ᠤᠨ ᠰᠠᠭᠤᠭᠠᠯᠢ ᠠᠷᠠᠳ ᠤᠨ ᠰᠢᠨ᠎ᠡ ᠰᠤᠷᠭᠤᠭ᠂ ᠦᠨ᠎ᠡ ᠬᠢᠮᠳᠠ᠂ ᠰᠠᠨᠠᠭ᠎ᠠ ᠠᠮᠤᠷ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠳᠦᠭᠡᠭᠳᠡᠭᠦᠨ ᠢ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠵᠤ᠂ ᠠᠷᠠᠳ ᠲᠤ ᠠᠰᠢᠭ ᠬᠦᠷᠳᠡᠭᠡᠬᠦ ᠦᠷ᠎ᠡ ᠪᠦᠳᠦᠮᠵᠢ ᠶᠢ ᠦᠷᠭᠦᠯᠵᠢᠯᠡᠨ  ᠦᠷᠭᠡᠳᠭᠡᠨ᠎ᠡ᠃
5475ad87d6343df3a2b9dd9fcce18ba.jpg
                                                ᠤᠷᠴᠢᠭᠤᠯᠤᠭᠴᠢ᠄ ᠠᠯᠢᠮ᠎ᠠ                                                ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号