| | ᠤᠶᠢᠷ᠎ᠠ ᠶᠢᠨ ᠡᠳᠦᠷ ᠤᠳ ᠲᠤ᠂ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠺᠠᠩ ᠯᠧ | ᠨᠡᠶᠢᠭᠡᠮ ᠲᠤᠭᠤᠷᠢᠭ《 ᠪᠤᠭᠤᠳᠤ ᠪᠠᠨ ᠬᠠᠶᠢᠷᠠᠯᠠᠵᠤ ᠬᠤᠪᠢ ᠨᠡᠮᠡᠷᠢ ᠦᠵᠡᠬᠦᠯᠬᠦ》ᠬᠡᠭᠦ ᠭᠤᠤᠯ ᠰᠡᠳᠦᠪᠳᠦ | ᠦᠢᠯᠡᠳᠦᠯᠭᠡ ᠶᠢᠨ ᠬᠦᠳᠡᠯᠭᠡᠭᠡᠨ ᠲᠠᠢ ᠤᠶᠠᠯᠳᠤᠭᠤᠯᠤᠨ᠂ ᠴᠡᠷᠢᠭ ᠠᠴᠠ ᠬᠠᠯᠠᠭᠳᠠᠭᠰᠠᠳ ᠲᠤ ᠬᠠᠷᠠᠭᠠᠯᠵᠠᠯ ᠤᠨ | ᠦᠨᠡᠮᠯᠡᠯ ᠲᠠᠷᠬᠠᠭᠠᠬᠤ ᠠᠵᠢᠯ ᠢ ᠦᠷᠭᠦᠯᠵᠢᠯᠡᠨ ᠬᠢᠪᠡ᠂ ᠴᠡᠷᠢᠭ ᠠᠴᠠ ᠬᠠᠯᠠᠭᠳᠠᠭᠰᠠᠳ ᠲᠤ《 ᠨᠢᠭᠡ ᠦᠷᠳᠡᠭᠡᠨ | ᠤ 》ᠮᠠᠶ᠋ᠢᠭ ᠤᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡ ᠬᠠᠩᠭᠠᠵᠠᠢ᠃ ᠤᠳᠤ ᠪᠤᠯᠳᠠᠯ᠎ᠠ᠂ ᠨᠢᠭᠡᠨᠳᠡ | 251 ᠴᠡᠷᠢᠭ ᠠᠴᠠ ᠬᠠᠯᠠᠭᠳᠠᠭᠰᠠᠳ ᠲᠤ ᠬᠠᠮᠢᠶ᠎ᠠ ᠪᠦᠬᠦᠢ ᠭᠠᠷ ᠭᠦᠢᠴᠡᠳᠭᠡᠯ ᠢ ᠪᠡᠶᠡᠯᠡᠭᠦᠯᠵᠦ᠂ ᠡᠭᠦᠨ ᠤ | ᠲᠤᠳᠤᠷ᠎ᠠ ᠤᠷᠤᠯᠠᠨ ᠬᠦᠢᠴᠡᠳᠭᠡᠭᠰᠡᠨ ᠬᠦᠮᠦᠨ 3 ᠪᠠᠶᠢᠵᠤ᠂ ᠪᠡᠶᠡᠯᠡᠭᠦᠯᠦᠭᠰᠡᠨ ᠬᠡᠮᠵᠢᠶ᠎ᠡ ᠨᠢ 95.2% ᠲᠤᠯᠵᠠᠢ᠃ | ᠲᠠᠷᠠᠭᠠᠴᠢ ᠶᠢᠨ ᠠᠯᠬᠤᠮ᠂ ᠨᠡᠶᠢᠭᠡᠮ ᠲᠤᠭᠤᠷᠢᠭ ᠶᠢᠨ ᠬᠢᠨ ᠦᠷᠭᠦᠯᠵᠢᠯᠡᠨ ᠴᠡᠷᠢᠭ ᠠᠴᠠ ᠬᠠᠯᠠᠭᠳᠠᠭᠰᠠᠳ ᠤᠨ | ᠠᠵᠢᠯ ᠢ ᠠᠬᠢᠭᠤᠯᠵᠤ᠂ ᠬᠠᠷᠠᠭᠠᠯᠵᠠᠨ ᠦᠢᠯᠡᠴᠢᠯᠡᠭᠦ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠭᠦᠯᠵᠦ᠂ | ᠨᠠᠮ ᠪᠠ ᠵᠠᠰᠠᠭ ᠤᠨ ᠤᠷᠳᠤᠨ ᠤ ᠬᠠᠯᠠᠮᠵᠢᠯᠠᠯ ᠢ ᠴᠡᠷᠢᠭ ᠠᠴᠠ ᠬᠠᠯᠠᠭᠳᠠᠭᠰᠠᠳ ᠲᠤ ᠴᠠᠭ ᠲᠤᠬᠠᠢ ᠳᠤᠨᠢ ᠬᠦᠷᠭᠡᠵᠦ᠂ | 《 ᠪᠤᠭᠤᠳᠤ ᠪᠠᠨ ᠬᠠᠶᠢᠷᠠᠯᠠᠵᠤ ᠬᠤᠪᠢ ᠨᠡᠮᠡᠷᠢ ᠦᠵᠡᠬᠦᠯᠬᠦ》ᠬᠡᠭᠦ ᠭᠤᠤᠯ ᠰᠡᠳᠦᠪᠳᠦ ᠦᠢᠯᠡᠳᠦᠯᠭᠡ ᠶᠢᠨ | ᠬᠦᠳᠡᠯᠭᠡᠭᠡᠨ ᠤ ᠵᠤᠷᠢᠭ ᠰᠠᠨᠠᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ | ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ ᠪᠠ ᠢᠷᠠᠭᠤ ᠠᠯᠳᠠᠷᠳᠤ ᠲᠦᠷᠦᠭᠳᠡᠯ ᠢ ᠲᠠᠰᠤᠷᠠᠯᠳᠠ | ᠦᠭᠡᠢ ᠲᠡᠭᠡᠭᠰᠢᠯᠡᠭᠦᠯᠦᠨ᠎ᠡ᠃ | | | | ᠤᠷᠴᠢᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | |