【ᠪᠤᠭᠤᠳᠤ ᠪᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ】ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠰᠠᠶᠢᠳᠤᠷ ᠬᠢᠵᠤ᠂ ᠤᠯᠠᠨ ᠲᠦᠮᠡᠨ ᠤ ᠵᠤᠯ ᠵᠢᠷᠭᠠᠯᠳᠤ ᠲᠦᠷᠦᠭᠳᠡᠯ ᠢ ᠠᠬᠢᠭᠤᠯᠬᠤ ᠨᠢ
ᠨᠡᠶᠢᠲᠡᠯᠡᠭᠰᠡᠨ ᠴᠠᠭ᠄
2022/12/19
      2022 ᠤᠨ ᠪᠤᠯ ᠴᠢᠩᠱᠠᠨ ᠲᠤᠭᠤᠷᠢᠭ ᠤᠨ ᠨᠠᠮ ᠤᠨ ᠪᠠᠶᠢᠭᠤᠯᠤᠯᠳᠠ ᠶᠢᠨ《 ᠪᠢᠴᠢᠯ ᠪᠤᠳᠠᠳᠤ ᠶᠠᠪᠤᠳᠠᠯ》ᠬᠢᠭᠦ ᠪᠠᠷ ᠲᠠᠮᠵᠢᠨ ᠠᠷᠠᠳ ᠲᠤ ᠦᠢᠯᠡᠴᠢᠯᠡᠬᠦ ᠲᠦᠷᠦᠯ ᠵᠦᠢᠯ ᠢ ᠦᠷᠨᠢᠭᠦᠯᠦᠭᠰᠡᠨ ᠶᠢᠰᠦᠳᠦᠭᠡᠷ ᠵᠢᠯ ᠪᠤᠯᠤᠨ᠎ᠠ᠃ ᠤᠶᠢᠷ᠎ᠠ ᠶᠢᠨ ᠡᠳᠦᠷ᠂ ᠴᠢᠩᠱᠠᠨ ᠲᠤᠭᠤᠷᠢᠭ 2022 ᠤᠨ ᠤ ᠨᠠᠮ ᠤᠨ ᠪᠠᠶᠢᠭᠤᠯᠤᠯᠳᠠ ᠶᠢᠨ《 ᠪᠢᠴᠢᠯ ᠪᠤᠳᠠᠳᠤ ᠶᠠᠪᠤᠳᠠᠯ》ᠬᠢᠭᠦ ᠪᠠᠷ ᠲᠠᠮᠵᠢᠨ ᠤᠨ ᠠᠷᠠᠳ ᠲᠤ ᠦᠢᠯᠡᠴᠢᠯᠡᠬᠦ ᠲᠦᠷᠦᠯ ᠵᠦᠢᠯ ᠤᠨ ᠵᠢᠯ ᠤᠨ ᠡᠴᠦᠰ ᠤᠨ ᠰᠢᠯᠭᠠᠨ ᠠᠪᠴᠤ ᠬᠢᠨᠠᠨ ᠲᠤᠭᠳᠠᠭᠠᠬᠤ ᠬᠤᠷᠠᠯ ᠬᠤᠷᠠᠯᠳᠤᠭᠤᠯᠵᠠᠢ᠃ ᠬᠤᠷᠠᠯ ᠲᠡᠭᠡᠷ᠎ᠡ᠂ ᠨᠢᠭᠡᠳᠦᠯᠳᠡᠢ ᠬᠠᠷᠢᠭᠤ ᠮᠡᠳᠡᠭᠦᠯᠦᠯᠳᠡ ᠬᠢᠭᠦ᠂ ᠲᠤᠬᠠᠢ ᠶᠢᠨ ᠲᠠᠯᠠᠪᠤᠷ ᠤᠨ ᠮᠠᠷᠭᠤᠨ ᠬᠠᠷᠢᠭᠤᠯᠬᠤ ᠭᠡᠯᠪᠡᠷᠢ ᠪᠠᠷ᠂ ᠡᠯ᠎ᠡ ᠵᠡᠭᠡᠯᠢ ᠭᠤᠳᠤᠮᠵᠢ ᠶᠢᠨ ᠰᠢᠯᠢᠨ ᠲᠠᠨᠢᠯᠴᠠᠭᠤᠯᠤᠭᠰᠠᠨ ᠨᠡᠶᠢᠭᠡᠮ ᠲᠤᠭᠤᠷᠢᠭ ᠤᠨ《ᠪᠢᠴᠢᠯ ᠪᠤᠳᠠᠳᠤ ᠶᠠᠪᠤᠳᠠᠯ》ᠬᠢᠭᠰᠡᠨ ᠪᠠ 4 ᠤᠷᠤᠨ ᠪᠦᠰᠡ ᠶᠢᠨ ᠪᠦᠯᠦᠭᠯᠡᠯ ᠤᠨ ᠨᠠᠮ ᠤᠨ ᠪᠠᠶᠢᠭᠤᠯᠤᠯᠳᠠ ᠶᠢᠨ ᠲᠦᠷᠦᠯ ᠵᠦᠢᠯ ᠢ ᠦᠨᠡᠯᠡᠨ ᠰᠢᠯᠢᠵᠡᠢ᠃       ᠤᠶᠢᠷ᠎ᠠ ᠶᠢᠨ ᠵᠢᠯ ᠠᠴᠠ ᠴᠢᠩᠱᠠᠨ ᠲᠤᠭᠤᠷᠢᠭ ᠨᠡᠶᠢᠭᠡᠮ ᠲᠤᠭᠤᠷᠢᠭ ᠤᠨ《ᠪᠢᠴᠢᠯ ᠪᠤᠳᠠᠳᠤ ᠶᠠᠪᠤᠳᠠᠯ》ᠬᠢᠭᠦ ᠪᠠᠷ ᠲᠠᠮᠵᠢᠨ ᠠᠷᠠᠳ ᠲᠤ ᠦᠢᠯᠡᠴᠢᠯᠡᠬᠦ ᠲᠦᠷᠦᠯ ᠵᠦᠢᠯ ᠢ ᠦᠨᠳᠦᠰᠦᠨ ᠱᠠᠳᠤᠨ ᠤ ᠵᠠᠰᠠᠨ ᠬᠠᠮᠢᠶᠠᠷᠤᠯᠳᠠ᠂ ᠠᠶᠤᠯᠬᠦᠢ ᠦᠢᠯᠡᠳᠪᠦᠷᠢᠯᠡᠯ᠂ ᠠᠷᠠᠳ ᠲᠤ ᠦᠢᠯᠡᠴᠢᠯᠡᠬᠦ ᠠᠭᠤᠷ ᠠᠮᠢᠰᠬᠤᠯ ᠢ ᠪᠤᠢ ᠪᠤᠯᠭᠠᠬᠤ᠂ ᠨᠠᠮ ᠪᠠ ᠤᠯᠠᠨ ᠲᠦᠮᠡᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠳᠠ ᠵᠡᠷᠭᠡ ᠭᠤᠤᠯᠳᠠᠯᠭᠠᠳᠤ ᠠᠵᠢᠯ ᠳᠤ ᠠᠩᠬᠠᠷᠤᠯ  ᠢᠶᠠᠨ ᠲᠦᠪᠯᠡᠷᠡᠭᠦᠯᠵᠦ᠂ ᠡᠯ᠎ᠡ ᠵᠡᠭᠡᠯᠢ ᠭᠤᠳᠤᠮᠵᠢ ᠨᠡᠶᠢᠭᠡᠮ ᠲᠤᠭᠤᠷᠢᠭ ᠤᠨᠤᠴᠢᠳᠠᠢ ᠪᠠᠷ ᠲᠦᠷᠦᠯ ᠵᠦᠢᠯ ᠲᠤᠭᠳᠠᠭᠠᠬᠤ᠂ ᠯᠠᠪᠳᠠᠭᠤᠨ ᠢᠶᠠᠷ ᠠᠬᠢᠭᠤᠯᠬᠤ᠂ ᠬᠠᠷᠢᠶᠠᠳᠤ ᠤᠷᠤᠨ ᠤ ᠰᠠᠭᠤᠭᠠᠯᠢ ᠠᠷᠠᠳ ᠤᠨ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠶᠢ ᠠᠬᠢᠭᠤᠯᠵᠠᠢ᠃                                                  ᠤᠷᠴᠢᠭᠤᠯᠤᠭᠴᠢ᠄ ᠠᠯᠢᠮ᠎ᠠ                                                ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号