ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠤᠮᠠᠷᠠᠳᠤ ᠶᠢᠨ ᠦᠢᠯᠡᠰ ᠴᠤᠭᠴᠠᠯᠠᠬᠤ ᠺᠤᠮᠫᠠᠨᠢ ᠰᠢᠨ᠎ᠡ  ᠶᠢ ᠡᠭᠦᠳᠴᠦ ᠦᠷ᠎ᠡ ᠪᠦᠳᠦᠮᠵᠢ ᠤᠯᠬᠤ ᠮᠡᠷᠭᠡᠵᠢᠯ ᠴᠢᠳᠠᠪᠤᠷᠢ ᠶᠢᠨ ᠮᠦᠷᠦᠶᠢᠴᠡᠭᠡᠨ ᠤ ᠭᠠᠤᠯᠢᠨ ᠮᠳᠧᠯ ᠲᠤᠰᠴᠠᠢ
ᠨᠡᠶᠢᠲᠡᠯᠡᠭᠰᠡᠨ ᠴᠠᠭ᠄
2022/12/19
      ᠤᠶᠢᠷ᠎ᠠ ᠳᠤ᠂ ᠠᠷᠪᠠᠨ ᠲᠤᠯᠤᠳᠤᠭᠠᠷ ᠬᠤᠭᠤᠴᠠᠭᠠᠨ ᠤ《ᠴᠡᠴᠡᠭᠯᠡᠨ ᠬᠦᠭᠵᠢᠯᠳᠡ ᠬᠤᠨᠳᠠᠭᠠᠳᠤ》ᠪᠦᠬᠦ ᠤᠯᠤᠰ ᠤᠨ ᠵᠠᠯᠠᠭᠤᠴᠤᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ︵ᠠᠵᠢᠯᠳᠠᠨ ᠠᠵᠢᠯᠴᠢᠨ ᠤ ᠲᠤᠭᠤᠶᠢᠯᠠᠩ︶ ——《 ᠲᠤᠮᠳᠠᠳᠤ ᠤᠯᠤᠰ ᠤᠨ ᠴᠦᠮ᠎ᠡ ᠶᠢᠨ ᠬᠤᠨᠳᠠᠭᠠᠳᠤ》ᠰᠢᠨ᠎ᠡ ᠶᠢ ᠡᠭᠦᠳᠴᠦ ᠦᠷ᠎ᠡ ᠪᠦᠳᠦᠮᠵᠢ ᠤᠯᠬᠤ  ᠮᠦᠷᠦᠶᠢᠴᠡᠭᠡᠨ ᠤ ᠪᠦᠬᠦ ᠤᠯᠤᠰ ᠤᠨ ᠰᠢᠢᠳᠪᠦᠷᠢᠳᠦ ᠤᠷᠤᠯᠳᠤᠭᠠᠨ ᠨᠠᠨᠵᠢᠩ  ᠳᠤ ᠦᠨᠳᠦᠷᠯᠡᠪᠡ᠃ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠡᠪᠯᠡᠯ ᠤᠨ ᠬᠤᠷᠢᠶ᠎ᠠ ᠦᠷᠭᠡᠨ ᠤᠯᠠᠨ ᠵᠠᠯᠠᠭᠤᠴᠤᠳ ᠢ ᠢᠳᠡᠪᠬᠢᠳᠡᠢ ᠵᠤᠬᠢᠶᠠᠨ ᠪᠠᠶᠢᠭᠤᠯᠵᠤ ᠤᠷᠤᠯᠳᠤᠭᠠᠨ ᠳᠤ ᠤᠷᠤᠯᠴᠠᠵᠠᠢ᠂ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠨᠡᠶᠢᠳᠡ 3 ᠲᠦᠷᠦᠯ ᠵᠦᠢᠯ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ  ᠤ ᠲᠤᠰᠬᠠᠢ ᠲᠦᠷᠦᠯ ᠤᠨ ᠤᠷᠤᠯᠳᠤᠭᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠡᠰ ᠤᠨ ᠱᠠᠩᠨᠠᠯ ᠢ ᠬᠦᠷᠳᠡᠭᠰᠡᠨ ᠪᠠᠶᠢᠨ᠎ᠠ ᠂ ᠱᠠᠩᠨᠠᠯ ᠬᠦᠷᠳᠡᠭᠰᠡᠨ ᠲᠤᠭ᠎ᠠ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠮᠦᠨᠡᠭᠦᠷ ᠪᠠᠶᠢᠷᠢᠯᠠᠪᠠ᠃ ᠡᠭᠦᠨ ᠤ ᠲᠤᠮᠳᠠ᠂ ᠤᠮᠠᠷᠠᠳᠤ ᠶᠢᠨ ᠠᠳᠠᠯ ᠦᠢᠯᠡᠰ ᠴᠤᠭᠴᠠᠯᠠᠬᠤ ᠺᠤᠮᠫᠠᠨᠢ ᠶᠢᠨ ᠴᠡᠩᠭᠡᠯᠢᠭ ᠤᠨ ᠦᠢᠯᠡᠳᠭᠦᠨ ᠰᠤᠳᠤᠯᠤᠨ ᠨᠡᠭᠡᠭᠡᠬᠦ  ᠪᠦᠯᠬᠦᠮ  ᠤᠨ《GXLD20 ᠬᠡᠯᠪᠡᠷᠢ ᠶᠢᠨ ᠴᠠᠬᠢᠯᠭᠠᠨ  ᠬᠠᠯᠠᠭᠠᠯᠳᠠ ᠪᠠᠷᠤᠭᠰᠢᠨ ᠤ ᠯᠤᠩᠬᠤᠨ ᠬᠡᠯᠪᠡᠷᠢ ᠲᠠᠢ ᠴᠡᠩᠭᠡᠯᠢᠭ  ᠤᠨ ᠰᠤᠳᠤᠯᠭᠠᠨ 》 ᠨᠢ ᠬᠤᠷᠴᠨ ᠰᠢᠷᠤᠬᠦᠨ ᠦᠷᠢᠰᠦᠯᠳᠦᠭᠡᠨ ᠢ ᠲᠠᠮᠵᠢᠨ᠂ ᠪᠦᠬᠦ ᠤᠯᠤᠰ ᠤᠨ ᠰᠢᠢᠳᠪᠦᠷᠢᠳᠦ ᠤᠷᠤᠯᠳᠤᠭᠠᠨ ᠤ ᠰᠤᠳᠤᠯᠤᠨ ᠨᠡᠭᠡᠭᠡᠯᠳᠡ ᠶᠢᠨ ᠰᠢᠨ᠎ᠡ ᠶᠢ ᠡᠭᠦᠳᠬᠦ ᠲᠦᠷᠦᠯ ᠤᠨ ᠭᠠᠤᠯᠢᠨ ᠮᠳᠧᠯ ᠲᠤᠰᠴᠠᠢ᠂ ᠡᠨᠡ  ᠨᠢ ᠮᠦᠨ ᠴᠤ ᠴᠡᠷᠢᠭ ᠤᠨ ᠵᠡᠪᠰᠡᠭ ᠤᠨ ᠠᠵᠤ ᠦᠢᠯᠡᠳᠪᠦᠷᠢ ᠶᠢᠨ 5  ᠱᠠᠩᠨᠠᠯ ᠬᠦᠷᠳᠡᠭᠰᠡᠨ ᠪᠦᠯᠬᠦᠮ ᠤᠨ ᠨᠢᠭᠡ  ᠨᠢ ᠪᠤᠯᠤᠨ᠎ᠠ᠃                                                 ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号