【ᠴᠢᠩᠱᠠᠨ ᠲᠤᠭᠤᠷᠢᠭ ᠤᠨ ᠰᠤᠶᠤᠯ】ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠠᠲᠠᠭᠤ  ᠴᠦᠮ᠎ᠡ ᠶᠢᠨ ᠲᠤᠨᠤᠭᠯᠠᠯ ᠪᠧᠢ ᠪᠧᠨ ᠬᠦᠨᠳᠦ ᠮᠠᠰᠢᠨ ᠲᠡᠷᠭᠡᠨ ᠤ ᠪᠦᠯᠦᠭᠯᠡᠯ ᠤᠨ ᠤᠯᠠᠨ ᠬᠡᠯᠪᠡᠷᠢᠳᠦ  ᠲᠤᠨᠤᠭᠯᠠᠯ ᠵᠦᠬᠠᠢ ᠶᠢᠨ ᠠᠭᠠᠷ ᠰᠠᠨᠰᠠᠷ ᠤᠨ ᠠᠶᠠᠯᠠᠯ ᠤᠨ ᠦᠵᠡᠰᠭᠦᠯᠡᠩ ᠳᠤ ᠤᠯᠠᠨ ᠤ ᠪᠠᠭ᠋ᠠᠷᠬᠠᠯ ᠢ  ᠲᠠᠳᠠᠵᠠᠢ
ᠨᠡᠶᠢᠲᠡᠯᠡᠭᠰᠡᠨ ᠴᠠᠭ᠄
2022/12/20
      ᠤᠶᠢᠷ᠎ᠠ ᠳᠤ᠂ ᠠᠷᠪᠠᠨ ᠲᠦᠷᠪᠡᠳᠦᠭᠡᠷ ᠬᠤᠭᠤᠴᠠᠭᠠᠨ ᠤ ᠲᠤᠮᠳᠠᠳᠤ ᠤᠯᠤᠰ ᠤᠨ ᠤᠯᠠᠨ  ᠤᠯᠤᠰ ᠤᠨ ᠠᠭᠠᠷ ᠰᠠᠨᠰᠠᠷ ᠤᠨ ᠠᠶᠠᠯᠠᠯ  ᠤᠨ ᠦᠵᠡᠰᠭᠦᠯᠡᠩ᠂ ᠲᠠᠷᠤᠢ ᠪᠢᠳᠡᠨ ᠤ ᠦᠷᠭᠦᠯᠵᠢ ᠬᠡᠯᠡᠳᠡᠭ《ᠵᠦᠬᠠᠢ ᠶᠢᠨ ᠠᠭᠠᠷ ᠰᠠᠨᠰᠠᠷ ᠤᠨ ᠠᠶᠠᠯᠠᠯ  ᠤᠨ ᠦᠵᠡᠰᠭᠦᠯᠡᠩ》 ᠵᠢᠩᠬᠢᠨᠢ ᠪᠠᠷ ᠡᠬᠢᠯᠡᠪᠡ᠂ ᠲᠤᠰ  ᠬᠤᠭᠤᠴᠠᠭᠠᠨ ᠤ ᠠᠭᠠᠷ ᠰᠠᠨᠰᠠᠷ ᠤᠨ ᠠᠶᠠᠯᠠᠯ  ᠤᠨ ᠦᠵᠡᠰᠭᠦᠯᠡᠩ 6 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 43 ᠤᠯᠤᠰ ᠪᠠ ᠭᠠᠵᠠᠷ ᠤᠷᠤᠨ ᠤ 740 ᠭᠠᠷᠤᠢ ᠠᠵᠤ ᠠᠬᠤᠶᠢᠯᠠᠯ ᠤᠨ 110 ᠭᠠᠷᠤᠢ ᠨᠢᠰᠭᠡᠯ ᠦᠵᠡᠭᠦᠯᠦᠯᠭᠡ ᠳᠤ ᠤᠷᠤᠯᠴᠠᠪᠠ᠂ ᠶᠠᠪᠠᠭᠠᠨ ᠫᠤᠤ᠂ ᠬᠦᠨᠳᠦ ᠬᠦᠩᠭᠡᠨ ᠫᠦᠯᠧᠮᠶᠤᠲ᠂ ᠶᠡᠭᠡ ᠠᠮᠠᠳᠤ ᠤᠭᠤᠷ ᠶᠡᠭᠡ ᠫᠤᠤ᠂ ᠲᠠᠶᠢᠷᠤᠯᠳᠤ ᠶᠡᠭᠡ ᠫᠤᠤ᠂ ᠲᠠᠩᠺᠡ᠂ ᠶᠠᠪᠠᠭᠠᠨ ᠴᠡᠷᠢᠭ ᠤᠨ ᠪᠠᠶᠢᠯᠳᠤᠭᠠᠨ ᠤ ᠲᠡᠷᠭᠡ᠂ ᠡᠯ᠎ᠡ ᠲᠦᠷᠦᠯ ᠤᠨ ᠵᠠᠯᠠᠭᠤᠷᠳᠤ ᠰᠤᠮᠤ ᠵᠡᠷᠭᠡ ᠪᠦᠷ ᠪᠤᠢ᠃ ᠲᠤᠰ ᠬᠤᠭᠤᠴᠠᠭᠠᠨ ᠤ ᠵᠦᠬᠠᠢ ᠶᠢᠨ ᠠᠭᠠᠷ ᠰᠠᠨᠰᠠᠷ ᠤᠨ ᠠᠶᠠᠯᠠᠯ  ᠤᠨ ᠦᠵᠡᠰᠭᠦᠯᠡᠩ ᠳᠤ ᠮᠠᠰᠢ ᠤᠯᠠᠨ《 ᠪᠤᠭᠤᠳᠤ ᠶᠢᠨ ᠡᠯᠧᠮᠧᠨ᠋ᠲ》ᠪᠦᠯᠦᠭᠯᠡᠨ ᠤᠷᠤᠯᠴᠠᠵᠤ᠂ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ 12 ᠬᠠᠲᠠᠭᠤ ᠴᠦᠮ᠎ᠡ ᠶᠢᠨ ᠲᠤᠨᠤᠭᠯᠠᠯ ᠦᠵᠡᠭᠦᠯᠦᠯᠭᠡ ᠳᠤ ᠤᠷᠤᠯᠴᠠᠵᠠᠢ᠂ ᠡᠭᠦᠨ ᠳᠤ ᠰᠢᠨ᠎ᠡ ᠪᠠᠷ ᠰᠣᠳᠤᠯᠤᠭᠰᠠᠨ 4 ᠲᠤᠨᠤᠭᠯᠠᠯ ᠨᠢ ᠲᠤᠭᠳᠠᠩᠭᠤᠢ ᠪᠠᠶᠢᠳᠠᠯ ᠤᠨ ᠦᠵᠡᠭᠦᠯᠦᠯᠭᠡ ᠳᠤ ᠤᠷᠤᠯᠴᠠᠵᠤ᠂ VT4 ᠲᠠᠩᠺᠡ᠂ VT5 ᠬᠦᠩᠭᠡᠨ ᠭᠡᠯᠪᠡᠷᠢ ᠶᠢᠨ ᠲᠠᠩᠺᠡ ᠵᠡᠷᠭᠡ 8 ᠲᠤᠨᠤᠭᠯᠠᠯ ᠬᠦᠳᠡᠯᠦᠩᠭᠦᠢ ᠪᠠᠶᠢᠳᠠᠯ ᠤᠨ ᠦᠵᠡᠭᠦᠯᠦᠯᠭᠡ ᠳᠤ ᠤᠷᠤᠯᠴᠠᠪᠠ᠃ ᠪᠧᠢ ᠪᠧᠨ ᠬᠦᠨᠳᠦ ᠮᠠᠰᠢᠨ ᠲᠡᠷᠭᠡᠨ ᠤ ᠪᠦᠯᠦᠭᠯᠡᠯ ᠤᠨ ᠤᠯᠠᠨ ᠬᠡᠯᠪᠡᠷᠢᠳᠦ ᠲᠤᠨᠤᠭᠯᠠᠯ ᠴᠡᠷᠢᠭ ᠤᠨ ᠵᠡᠪᠰᠡᠭ ᠤᠨ ᠤᠷᠳᠤᠨ ᠤ ᠫᠤᠤᠳᠤ ᠴᠡᠷᠢᠭ ᠤᠨ ᠪᠠᠲᠯᠢᠶᠤᠨ ᠤ ᠦᠵᠡᠭᠦᠯᠦᠯᠭᠡ ᠶᠢᠨ ᠲᠤᠭᠤᠷᠢᠭ᠂ ᠠᠭᠠᠷ ᠤᠨ ᠰᠡᠷᠭᠡᠶᠢᠯᠡᠯᠳᠠ ᠶᠢᠨ ᠪᠠᠲᠯᠢᠶᠤᠨ ᠤ ᠦᠵᠡᠭᠦᠯᠦᠯᠭᠡ ᠶᠢᠨ ᠲᠤᠭᠤᠷᠢᠭ ᠲᠤ ᠲᠡᠯᠭᠡᠭᠳᠡᠵᠦ᠂ ᠭᠠᠵᠠᠷ ᠲᠡᠭᠡᠷᠡᠭᠢ ᠲᠤᠨᠤᠭᠯᠠᠯ ᠤᠨ ᠬᠦᠳᠡᠯᠦᠩᠭᠦᠢ ᠲᠤᠭᠯᠠᠯᠳᠠ ᠨᠢ ᠤᠯᠠᠨ ᠤ ᠪᠠᠭ᠋ᠠᠷᠬᠠᠯ ᠢ  ᠶᠡᠭᠡᠳᠡ ᠲᠠᠳᠠᠵᠠᠢ᠃            ᠨᠢᠭᠡᠳᠦᠭᠡᠷ ᠮᠠᠰᠢᠨ ᠮᠢᠬᠠᠨᠢᠭ ᠤᠨ ᠪᠦᠯᠦᠭᠯᠡᠯ ᠤᠨ ᠲᠤᠨᠤᠭᠯᠠᠯ 
6380403997456547075305372.jpg
 
6380403998548734075941838.jpg
 
6380403999731546853722292.jpg
 
6380404001194046708490312.jpg
 
6380404002606546646172246.jpg
 
6380404003931546444953529.jpg
        ᠪᠧᠢ ᠪᠧᠨ ᠬᠦᠨᠳᠦ ᠮᠠᠰᠢᠨ ᠲᠡᠷᠭᠡᠨ ᠤ ᠲᠤᠨᠤᠭᠯᠠᠯ  
6380404007359671492593767.jpg
 
6380404008669046515860191.jpg
 
6380404010420607843345789.jpg
                                                     ᠤᠷᠴᠢᠭᠤᠯᠤᠭᠴᠢ᠄ ᠠᠯᠢᠮ᠎ᠠ                                                  ᠬᠢᠨᠠᠭᠴᠢ᠄ ᠪᠠᠢ ᠢᠦᠢ ᠰᠢᠶᠠ     
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号