| ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠭᠤᠷᠢᠭ ᠤᠨ ᠳᠠᠷᠤᠭ᠎ᠠ | ᠪᠠᠢ ᠶᠦᠨ ᠰᠢ | | | | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠵᠢᠯ ᠮᠥᠨ᠂ ᠪᠠᠰᠠ | ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠠᠩᠬᠠᠨ ᠤ ᠵᠢᠯ ᠮᠥᠨ᠃ ᠪᠢᠳᠡ ᠰᠢᠨ᠎ᠡ ᠪᠠᠶᠢᠳᠠᠯ᠂ ᠰᠢᠨ᠎ᠡ ᠠᠵᠢᠯᠯᠠᠭ᠎ᠠ ᠪᠠᠷ ᠰᠠᠶᠢᠨ ᠡᠬᠢᠯᠡᠯᠲᠡ ᠲᠠᠢ ᠪᠣᠯᠵᠤ᠂ ᠰᠠᠶᠢᠨ | ᠠᠯᠬᠤᠮ ᠢᠶᠠᠨ ᠡᠬᠢᠯᠡᠭᠦᠯᠬᠦ ᠬᠡᠷᠡᠭᠲᠡᠢ᠃ | ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠬᠦᠴᠦᠨ ᠵᠦᠢᠯ ᠢ | ᠶᠡᠷᠦᠩᠬᠡᠶᠢᠯᠡᠨ ᠵᠠᠳᠠᠯᠵᠤ᠂ ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠤᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 15% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8% ᠠᠴᠠ ᠳᠡᠭᠡᠭᠰᠢ ᠨᠡᠮᠡᠭᠳᠡᠭᠦᠯᠵᠦ᠂ ᠡᠩ ᠤᠨ | ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 10% ᠠᠴᠠ ᠳᠡᠭᠡᠭᠰᠢ ᠨᠡᠮᠡᠭᠳᠡᠭᠦᠯᠵᠦ᠂ ᠬᠤᠲᠠ ᠪᠠᠯᠭᠠᠰᠤ ᠶᠢᠨ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ | ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠬᠤᠲᠠ ᠪᠠᠯᠭᠠᠰᠤ ᠶᠢᠨ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.9% ᠶᠢᠨ ᠳᠣᠲᠣᠷ᠎ᠠ ᠬᠢᠵᠠᠭᠠᠷᠯᠠᠵᠤ᠂ ᠪᠤᠭᠤᠲᠤ | ᠬᠤᠲᠠ ᠶᠢᠨ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ | ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠳᠣᠣᠷᠠᠬᠢ ᠵᠢᠷᠭᠤᠭᠠᠨ | ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠬᠦᠴᠦᠨ ᠢᠶᠠᠨ ᠲᠥᠪᠯᠡᠷᠡᠭᠦᠯᠦᠨ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ | ᠰᠢᠪᠲᠤᠯᠤᠯᠲᠠ ᠭᠠᠷᠭᠠᠵᠤ᠂ ᠰᠢᠨ᠎ᠡ ᠪᠠᠶᠢᠳᠠᠯ ᠢ ᠪᠤᠢ ᠪᠣᠯᠭᠠᠬᠤ ᠪᠠᠷ ᠴᠢᠷᠮᠠᠶᠢᠨ᠎ᠠ | ᠠᠵᠤ ᠦᠢᠯᠡᠳᠪᠦᠷᠢ ᠶᠢᠨ ᠲᠠᠰ ᠳᠡᠪᠰᠢᠭᠦᠯᠵᠦ ᠣᠷᠣᠨ ᠳᠡᠪᠰᠢᠬᠦ ᠶᠢ ᠠᠬᠢᠭᠤᠯᠤᠨ᠎ᠠ᠃︽ᠠᠵᠤ ᠦᠢᠯᠡᠰ ᠢᠶᠠᠷ | ᠣᠷᠣᠨ ᠢᠶᠠᠨ ᠬᠥᠭᠵᠢᠭᠦᠯᠵᠦ᠂ ᠲᠥᠷᠥᠯ ᠵᠦᠢᠯ ᠢᠶᠠᠷ ᠭᠤᠣᠯ ᠪᠣᠯᠭᠠᠬᠤ︾ ᠬᠥᠭᠵᠢᠯᠲᠡ ᠶᠢᠨ ᠣᠨᠣᠯᠵᠢᠬᠤᠨ ᠢ | ᠪᠠᠷᠢᠮᠲᠠᠯᠠᠨ᠂ 118 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ 586.2 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠲᠤᠬᠠᠢ ᠶᠢᠨ ᠵᠢᠯ ᠳᠤ 228.1 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ 40 ᠲᠥᠷᠥᠯ ᠵᠦᠢᠯ ᠢ ᠳᠠᠭᠤᠰᠬᠠᠬᠤ ᠪᠠᠷ ᠲᠥᠯᠥᠪᠯᠡᠵᠦ ᠪᠣᠶ᠃ ᠴᠥᠮ᠎ᠡ ᠶᠢᠨ ᠠᠵᠤ ᠦᠢᠯᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ᠂ ᠤᠰᠤᠲᠥ᠋ᠷᠥᠭᠴᠢ ᠡᠨᠧᠷᠭᠢ ᠶᠢᠨ ᠲᠣᠨᠤᠭ | ᠲᠥᠬᠦᠭᠡᠷᠦᠮᠵᠢ ᠶᠢᠨ ᠠᠵᠤ ᠦᠢᠯᠡᠰ ᠤᠨ ᠬᠦᠷᠢᠶᠡᠯᠡᠩ᠂ ᠡᠨᠧᠷᠭᠢ ᠬᠠᠳᠠᠭᠠᠯᠠᠬᠤ ᠠᠵᠤ ᠦᠢᠯᠡᠰ ᠤᠨ ᠬᠦᠷᠢᠶᠡᠯᠡᠩ᠂ | ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠣᠶᠤᠨᠲᠤ ᠠᠵᠤ ᠦᠢᠯᠡᠰ ᠤᠨ ᠬᠦᠷᠢᠶᠡᠯᠡᠩ᠂ ᠪᠡᠭᠡᠵᠢᠩ ᠶᠡᠭᠡ | ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠵᠡᠷᠭᠡ 5 ︽ᠴᠡᠴᠡᠷᠯᠢᠭ ᠲᠠᠬᠢ ᠬᠦᠷᠢᠶᠡᠯᠡᠩ︾ | ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢ ᠬᠦᠴᠦᠯᠡᠨ ᠰᠠᠶᠢᠲᠤᠷ ᠠᠳᠬᠤᠵᠤ᠂ ᠥᠩᠭᠡ ᠦᠵᠡᠮᠵᠢ | ᠤᠰᠤᠲᠥ᠋ᠷᠥᠭᠴᠢ ᠴᠥᠮ᠎ᠡ ᠶᠢᠨ ᠨᠥᠭᠡᠴᠡᠯᠡᠯᠲᠡ ᠶᠢᠨ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ᠬᠤᠩ | ᠶᠤᠸᠠᠨ ᠤ ᠳᠥᠷᠪᠡᠳᠦᠭᠡᠷ ᠬᠤᠭᠤᠴᠠᠭ᠎ᠠ᠂ ᠵᠢᠩ ᠤᠣ ᠭᠤᠷᠪᠠᠳᠤᠭᠠᠷ ᠬᠤᠭᠤᠴᠠᠭ᠎ᠠ᠂ ᠪᠠᠢ ᠲᠧ ᠥᠨᠳᠥᠷ ᠴᠢᠳᠠᠪᠬᠢᠲᠤ | ᠨᠡᠭᠦᠷᠡᠰᠦᠨ ᠰᠢᠷᠬᠡᠭ ᠵᠡᠷᠭᠡ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠨ ᠠᠬᠢᠭᠤᠯᠵᠤ᠂ | ᠵᠢᠯ ᠤᠨ ᠦᠢᠯᠡᠳᠪᠦᠷᠢᠯᠡᠬᠦ ᠴᠢᠳᠠᠪᠤᠷᠢ ᠶᠢ 100GW ᠶᠢᠨ ᠲᠠᠯᠠᠰᠲᠤ ᠴᠠᠬᠢᠭᠤᠷ᠂ 60GW ᠶᠢᠨ ᠬᠡᠷᠴᠢᠮᠡᠯ᠂ | 1900 ᠲᠣᠨ ᠨᠡᠭᠦᠷᠡᠰᠦᠲᠥ᠋ᠷᠥᠭᠴᠢ ᠨᠡᠭᠦᠷᠡᠰᠦᠲᠥ᠋ᠷᠥᠭᠴᠢ ᠶᠢᠨ ᠨᠡᠶᠢᠯᠡᠮᠡᠯ ᠮᠠᠲ᠋ᠧᠷᠢᠶᠠᠯ᠂ 11 ᠲᠦᠮᠡᠨ ᠥᠭᠡᠬᠦᠨ | ᠴᠢᠯᠠᠭᠤᠨ ᠬᠠᠶᠢᠯᠤᠭᠤᠷ ᠲᠤ ᠬᠦᠷᠭᠡᠨ᠎ᠡ᠃ ᠪᠣᠬᠢᠷᠳᠤᠯ ᠦᠭᠡᠢ ᠡᠨᠧᠷᠭᠢ᠂ ᠬᠦᠨᠳᠦ ᠺᠠᠷᠲ᠂ ᠴᠥᠮ᠎ᠡ ᠶᠢᠨ | ᠮᠡᠷᠭᠡᠵᠢᠯ ᠤᠨ ᠬᠡᠷᠡᠭᠯᠡᠭᠡᠨ᠂ ᠬᠡᠷᠡᠯ ᠸᠣᠯᠲ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ᠂ ᠪᠣᠬᠢᠷᠳᠤᠯ ᠦᠭᠡᠢ ᠪᠠᠷᠠᠭᠠᠨ ᠤ ᠭᠦᠢᠯᠭᠡᠭᠡᠨ ᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠰᠤᠳᠤᠯᠭᠠᠨ ᠤ ᠬᠦᠷᠢᠶᠡᠯᠡᠩ᠂ ᠵᠦᠩ ᡁᠢ ᠢ ᠺᠧ ᠰᠢᠨ᠎ᠡ ᠡᠨᠧᠷᠭᠢ ᠶᠢᠨ ᠠᠶᠠᠨᠴᠢᠳ ᠤᠨ ᠮᠠᠰᠢᠨ ᠲᠡᠷᠭᠡ | ᠦᠶᠯᠡᠳᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ | ᠭᠤᠣᠯᠳᠠᠯᠭ᠎ᠠ ᠲᠠᠢ ᠠᠬᠢᠭᠤᠯᠤᠨ᠎ᠠ᠃ ᠪᠤᠭᠤᠲᠤ ᠬᠤᠲᠠ ᠶᠢᠨ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠴᠠᠬᠢᠯᠭᠠᠨ ᠰᠣᠯᠢᠬᠤ ᠵᠠᠭᠪᠤᠷ ᠤᠨ ᠬᠡᠷᠡᠭᠯᠡᠭᠡᠨ ᠤ ᠲᠤᠷᠰᠢᠯᠲᠠ ᠪᠠ ᠲᠦᠯᠡᠰᠢᠨ ᠳ᠋ᠢᠶᠠᠨ ᡂᠢ ᠮᠠᠰᠢᠨ ᠲᠡᠷᠭᠡᠨ ᠤ | ᠵᠢᠱᠢᠶ᠎ᠡ ᠦᠵᠡᠭᠦᠯᠬᠦ ᠬᠡᠷᠡᠭᠯᠡᠭᠡᠨ ᠤ ᠬᠤᠲᠠ ᠶᠢᠨ ᠪᠥᠭᠡᠮᠨᠡᠷᠡᠯ ᠤᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ | ᠠᠰᠢᠭᠯᠠᠨ᠂ ᠰᠢᠨ᠎ᠡ ᠡᠨᠧᠷᠭᠢ ᠶᠢᠨ ᠳ᠋ᠢᠶᠠᠨ ᡂᠢ ᠮᠠᠲ᠋ᠧᠷᠢᠶᠠᠯ᠂ ᠤᠰᠤᠲᠥ᠋ᠷᠥᠭᠴᠢ ᠡᠨᠧᠷᠭᠢ ᠶᠢ ᠦᠢᠯᠡᠳᠴᠦ ᠬᠡᠷᠡᠭᠯᠡᠬᠦ | ᠪᠠ ᠰᠤᠳᠤᠯᠤᠨ ᠨᠡᠭᠡᠭᠡᠬᠦ ᠵᠡᠷᠭᠡ ᠬᠦᠷᠢᠶᠡᠨ ᠳᠠᠬᠢ ᠵᠣᠯᠭᠠᠭᠤᠯᠬᠤ ᠠᠵᠤ ᠠᠬᠤᠶᠢᠯᠠᠯ ᠤᠨ ᠲᠣᠭᠤᠷᠢᠨ ᠳᠤ᠂ | ᠳᠠᠶᠢᠵᠸᠦ ᠶᠢᠨ ᠾᠧᠩᠴᠤᠸᠠᠨ ᠤ ᠲᠠᠰᠤᠯᠤᠪᠴᠢ ᠪᠦᠷᠬᠦᠪᠴᠢ᠂ ᠨᠢᠩᠳᠧ ᠶᠢᠨ ᠴᠠᠭ ᠦᠶ᠎ᠡ᠂ ᠪᠢ ᠶᠠ ᠳ᠋ᠢ ᠵᠡᠷᠭᠡ | ᠲᠥᠷᠥᠯ ᠵᠦᠢᠯ ᠢ ᠨᠢᠭᠲᠠ ᠳᠠᠭᠠᠨ᠎ᠠ᠃ ᠬᠦᠷᠢᠶᠡᠯᠡᠩ ᠲᠣᠭᠤᠷᠢᠭ ᠤᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠲᠦᠷᠭᠡᠳᠬᠡᠵᠦ᠂ ᠯᠢᠶᠠᠨ ᠳ᠋ᠦᠩ ᠺᠣᠮᠫᠠᠨᠢ ᠶᠢᠨ U ᠬᠥᠨᠳᠡᠢ ᠯᠦᠭᠡ ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠬᠤ ᠪᠠᠷ ᠵᠢᠱᠢᠶ᠎ᠡ ᠦᠵᠡᠭᠦᠯᠵᠦ᠂ ᠨᠡᠶᠢᠭᠡᠮ ᠤᠨ ᠬᠥᠷᠥᠩᠭᠡ ᠶᠢ | ᠶᠡᠬᠡᠪᠡᠷ ᠲᠡᠳᠡᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠡᠵᠡᠩᠨᠡᠯᠲᠡ᠂ ᠪᠠᠷᠢᠮᠵᠢᠶᠠᠵᠢᠭᠰᠠᠨ | ᠦᠢᠯᠡᠳᠪᠦᠷᠢ ᠶᠢᠨ ᠭᠡᠷ ᠪᠠᠶᠢᠰᠢᠩ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ | ᠣᠷᠣᠯᠴᠠᠭᠤᠯᠤᠨ᠎ᠠ᠃ ᠬᠦᠷᠢᠶᠡᠯᠡᠩ ᠲᠣᠭᠤᠷᠢᠭ ᠤᠨ ᠤᠰᠤ᠂ ᠴᠠᠬᠢᠯᠭᠠᠨ ᠵᠡᠷᠭᠡ ᠦᠢᠯᠡᠳᠪᠦᠷᠢᠯᠡᠯ ᠤᠨ ᠬᠦᠴᠦᠨ | ᠵᠦᠢᠯ ᠤᠨ ᠪᠠᠲᠤᠯᠠᠭ᠎ᠠ ᠶᠢ ᠴᠢᠩᠭᠠᠷᠠᠭᠤᠯᠵᠤ᠂ ᠳᠠᠬᠢᠯᠲᠠ ᠤᠰᠤᠨ ᠤ ᠬᠤᠭᠤᠯᠠᠢ ᠶᠢᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠠᠰᠢᠭ ᠣᠯᠬᠤ ᠶᠣᠰᠣᠲᠠᠢ 220KV ᠴᠠᠬᠢᠯᠭᠠᠨ ᠬᠤᠪᠢᠰᠬᠠᠬᠤ ᠥᠷᠲᠡᠭᠡ ᠶᠢ | 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ | ᠦᠨᠡᠨᠬᠦ ᠪᠠᠲᠤᠯᠠᠨ᠎ᠠ᠃ | ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠬᠤᠷᠳᠤᠴᠠ ᠪᠠᠨ ᠳᠡᠭᠡᠭᠰᠢᠯᠡᠭᠦᠯᠬᠦ ᠶᠢ ᠲᠦᠯᠬᠢᠨ | ᠠᠬᠢᠭᠤᠯᠤᠨ᠎ᠠ᠃ ᠸᠠᠨ ᠳ᠋ᠠ ᠠᠭᠤᠳᠠᠮ ᠲᠠᠯᠠᠪᠠᠢ᠂ ᠤᠦ ᠲᠧ ᠯᠠᠢ ᠰᠾᠢ᠂ ᠬᠤᠸᠠ ᠯᠢᠶᠠᠨ ᠬᠤᠳᠠᠯᠳᠤᠭᠠᠨ ᠤ ᠲᠥᠪ | ᠵᠡᠷᠭᠡ ᠶᠢᠨ ᠰᠢᠨ᠎ᠡ ᠲᠦᠷᠦᠯ ᠲᠡᠮᠳᠡᠭ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠬᠤ ᠶᠢ | ᠳᠡᠮᠵᠢᠵᠦ᠂ ᠸᠠᠨ ᠺᠧ ᠰᠠᠭᠤᠭᠳᠠᠯ ᠤᠨ ᠬᠤᠳᠠ ᠶᠢᠨ ᠠᠵᠢᠯ ᠡᠬᠢᠯᠡᠭᠦᠯᠦᠨ ᠡᠵᠡᠩᠨᠡᠯᠲᠡ ᠪᠠᠨ ᠡᠬᠢᠯᠡᠭᠦᠯᠬᠦ ᠶᠢ | ᠠᠬᠢᠭᠤᠯᠤᠨ᠎ᠠ᠃ ︽ᠢᠨᠲ᠋ᠧᠷ ᠰᠦᠯᠵᠢᠶ᠎ᠡ + ᠠᠷᠠᠯᠵᠢᠶ᠎ᠠ ᠬᠤᠳᠠᠯᠳᠤᠭ᠎ᠠ︾ ᠶᠢ ᠲᠦᠷᠭᠡᠪᠴᠢᠯᠡᠨ ᠬᠥᠭᠵᠢᠭᠦᠯᠵᠦ᠂ | ᠰᠦᠯᠵᠢᠶᠡᠨ ᠤ ᠳᠡᠯᠭᠡᠭᠦᠷ᠂ ᠪᠢᠴᠢᠯ ᠬᠤᠳᠠᠯᠳᠤᠭ᠎ᠠ᠂ ᠰᠢᠭᠤᠳ ᠨᠡᠪᠲᠡᠷᠡᠭᠦᠯᠭᠡ ᠪᠠᠷᠠᠭ᠎ᠠ ᠠᠪᠴᠤ ᠶᠠᠪᠤᠬᠤ ᠵᠡᠷᠭᠡ | ᠰᠢᠨ᠎ᠡ ᠪᠠᠷ ᠬᠥᠭᠵᠢᠭᠰᠡᠨ ᠠᠷᠠᠯᠵᠢᠶ᠎ᠠ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠠᠷ | ᠪᠣᠶᠢᠵᠢᠭᠤᠯᠤᠨ ᠵᠢᠷᠤᠮᠵᠢᠭᠤᠯᠵᠤ᠂ ᠬᠥᠲᠥᠯᠥᠨ ᠵᠢᠯᠤᠭᠤᠳᠴᠤ᠂ ᠣᠷᠣᠨ ᠪᠦᠰᠡ ᠶᠢᠨ ᠬᠤᠳᠠᠯᠳᠤᠭᠠᠨ ᠤ ᠬᠦᠷᠢᠶᠡᠨ ᠤ | ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠠᠩ ᠮᠣᠣ ᠯᠦ ᠴᠧᠩ ᠤᠨ ᠵᠠᠬ᠎ᠠ ᠳᠡᠯᠭᠡᠭᠦᠷ ᠤᠨ ᠳᠠᠯᠳᠠ | ᠬᠦᠴᠦᠨ ᠢ ᠭᠦᠨ ᠠᠭᠤᠳᠠᠯᠵᠤ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠬᠡᠪᠴᠢᠶ᠎ᠡ ᠶᠢ | ᠥᠷᠭᠡᠳᠬᠡᠨ᠎ᠡ᠃ ᠱᠦᠨ ᠹᠧᠩ ᠲᠦᠷᠭᠡᠨ ᠬᠦᠷᠭᠡᠯᠲᠡ ᠶᠢᠨ ᠪᠠᠷᠠᠭᠤᠨ ᠬᠤᠶᠢᠲᠤ ᠣᠷᠣᠨ ᠤ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠤᠸᠠᠨ ᠬᠤᠸᠠ᠂ ᠹᠧᠩ ᡂᠢ ᠵᠡᠷᠭᠡ ᠠᠵᠤ | ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠣᠶᠤᠨᠴᠢᠯᠠᠭᠰᠠᠨ᠂ ᠬᠠᠮᠲᠤ ᠪᠠᠷ ᠡᠳ᠋ᠯᠡᠬᠦ ᠠᠵᠢᠯᠯᠠᠭᠠᠨ ᠤ ᠬᠢᠷᠢ | ᠬᠡᠮᠵᠢᠶ᠎ᠡ ᠪᠠᠨ ᠳᠡᠭᠡᠭᠰᠢᠯᠡᠭᠦᠯᠬᠦ ᠶᠢ ᠳᠡᠮᠵᠢᠨ᠎ᠡ᠃ ᠤᠯᠤᠰ ᠤᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠶᠢ | ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ ︵ᠲᠣᠨᠤᠭ ᠲᠥᠬᠦᠭᠡᠷᠦᠮᠵᠢ ᠦᠶᠯᠡᠳᠬᠦ︶ ᠢ ᠪᠦᠲᠦᠭᠡᠨ | ᠪᠠᠶᠢᠭᠤᠯᠬᠤ ᠠᠵᠠ ᠲᠣᠬᠢᠶᠠᠯ ᠢ ᠠᠰᠢᠭᠯᠠᠨ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ᠂ ᠤᠮᠠᠷᠠᠲᠤ ᠶᠢᠨ ᠵᠠᠰᠠᠮᠠᠯ | ᠵᠠᠮ ᠤᠨ ᠪᠤᠰᠤ ᠠᠭᠤᠷᠬᠠᠢ ᠳᠤ ᠬᠡᠷᠡᠭᠯᠡᠬᠦ ᠥᠪᠡᠷᠲᠡᠭᠡᠨ ᠪᠠᠭᠤᠯᠭᠠᠬᠤ ᠲᠡᠷᠭᠡ᠂ ᠲᠡᠮᠦᠷ ᠵᠠᠮ ᠤᠨ ᠪᠠᠷᠠᠭᠠᠨ ᠤ ᠲᠡᠷᠭᠡ᠂ | ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠵᠡᠷᠭᠡ ᠦᠢᠯᠡᠳᠬᠦᠨ ᠤ ᠭᠠᠳᠠᠭᠠᠳᠤ ᠳᠠᠬᠢ ᠪᠣᠷᠤᠯᠠᠭᠤᠯᠭ᠎ᠠ ᠶᠢᠨ | ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠵᠦ᠂ ᠬᠤᠸᠠᠨ ᠯᠧ ᠬᠥ᠋ · ᠳᠤᠮᠳᠠᠳᠤ ᠶᠢᠨ ᠴᠡᠷᠢᠭ ᠤᠨ ᠵᠡᠪᠰᠡᠭ ᠤᠨ ᠬᠤᠲᠠ᠂ | ᠺᠠᠷᠲ᠋ᠣᠨ ᠤ ᠰᠢᠨ᠎ᠡ ᠬᠤᠲᠠ᠂ ᠰᠢ ᠡᠯ ᠳ᠋ᠦᠨ ᠪᠠᠭᠤᠳᠠᠯ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠠᠬᠢᠭᠤᠯᠵᠤ᠂ ᠬᠤᠲᠠ ᠶᠢᠨ ᠲᠥᠪᠯᠡᠷᠡᠭᠦᠯᠬᠦ ᠬᠦᠴᠦᠨ ᠪᠠ ᠲᠠᠲᠠᠬᠤ ᠬᠦᠴᠦᠨ ᠢ ᠳᠡᠭᠡᠭᠰᠢᠯᠡᠭᠦᠯᠦᠨ᠎ᠡ | ᠃ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠲᠦᠷᠢᠶᠡᠰᠦᠯᠡᠯ ᠤᠨ ᠺᠣᠮᠫᠠᠨᠢ᠂ ᠵᠧᠵᠢᠶᠠᠩ ᠤᠨ | ᠬᠤᠳᠠᠯᠳᠤᠭᠠᠨ ᠤ ᠪᠠᠩᠬᠢ ᠶᠢᠨ ᠪᠤᠭᠤᠲᠤ ᠳᠠᠬᠢ ᠬᠤᠪᠢᠶᠠᠷᠢ ᠪᠠᠩᠬᠢ ᠶᠢᠨ ᠠᠵᠢᠯ ᠡᠬᠢᠯᠡᠭᠦᠯᠬᠦ ᠶᠢ ᠠᠬᠢᠭᠤᠯᠤᠨ᠎ᠠ᠃ | ᠬᠤᠷᠠᠯ ᠦᠵᠡᠰᠬᠦᠯᠡᠩ ᠤᠨ ᠲᠥᠪ ᠤᠨ ᠴᠤᠭᠯᠠᠷᠠᠯ ᠤᠨ ᠦᠢᠯᠡᠳᠦᠯ ᠳᠤ ᠲᠦᠰᠢᠭᠯᠡᠨ᠂ ᠬᠤᠣᠰ ᠱᠤᠭᠤᠮ ᠢᠶᠠᠷ | ᠦᠵᠡᠰᠬᠦᠯᠡᠩ ᠡᠷᠭᠢᠯᠡᠬᠦ ᠮᠡᠷᠭᠡᠵᠢᠯ ᠤᠨ ᠪᠣᠳᠠᠲᠤ ᠬᠦᠴᠦᠨ ᠪᠠ ᠬᠡᠪᠴᠢᠶ᠎ᠡ ᠶᠢ ᠲᠠᠰᠤᠷᠠᠯᠲᠠ ᠦᠭᠡᠢ ᠴᠢᠩᠭᠠᠷᠠᠭᠤᠯᠵᠤ᠂ | ᠡᠯ᠎ᠡ ᠲᠥᠷᠥᠯ ᠤᠨ ᠦᠵᠡᠰᠬᠦᠯᠡᠩ ᠢ 50 ᠲᠠᠯᠠᠪᠤᠷ᠂ 220 ᠲᠠᠯᠠᠪᠤᠷ ᠲᠣᠭᠯᠠᠯᠲᠠ ᠭᠠᠷᠭᠠᠬᠤ ᠪᠠᠷ ᠴᠢᠷᠮᠠᠶᠢᠨ᠎ᠠ᠃ | ᠳᠤᠮᠳᠠᠳᠤ ᠤᠯᠤᠰ ︵ᠪᠤᠭᠤᠲᠤ︶ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ | ᠦᠵᠡᠰᠬᠦᠯᠡᠩ ᠤᠨ ᠴᠤᠭᠯᠠᠭᠠᠨ ᠤ ᠪᠡᠯᠡᠳᠬᠡᠯ ᠠᠵᠢᠯ ᠢ ᠬᠢᠨᠠᠮᠠᠭᠠᠢ ᠰᠠᠶᠢᠲᠤᠷ ᠬᠢᠵᠦ᠂ ᠮᠠᠨ ᠤ ᠲᠤᠭᠤᠷᠢᠭ ᠤᠨ | ᠦᠶᠯᠡᠳᠬᠦ ᠦᠢᠯᠡᠰ ᠤᠨ ᠦᠢᠯᠡᠳᠬᠦᠨ ᠢ ᠶᠡᠬᠡᠪᠡᠷ ᠲᠠᠨᠢᠯᠴᠠᠭᠤᠯᠤᠨ ᠤᠬᠠᠭᠤᠯᠵᠤ᠂ ᠠᠯᠳᠠᠷᠰᠢᠯ ᠪᠠ ᠨᠥᠯᠥᠭᠡᠯᠡᠬᠦ | ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠲᠠᠷᠢᠶᠠᠯᠠᠩ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃ ᠲᠠᠷᠢᠶᠠᠨ | ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠪᠠᠶᠢᠷᠢ ᠰᠠᠭᠤᠷᠢ ᠶᠢᠨ | ᠳᠠᠪᠠᠭᠤᠯᠢᠭ ᠢᠶᠠᠨ ᠭᠦᠢᠴᠡᠳ ᠠᠰᠢᠭᠯᠠᠨ᠂ ︽ᠨᠢᠭᠡ ᠲᠣᠰᠬᠤᠨ ᠨᠢᠭᠡ ᠪᠦᠲᠦᠭᠡᠭᠳᠡᠬᠦᠨ᠂ ᠨᠢᠭᠡ ᠪᠠᠯᠭᠠᠰᠤ ᠨᠢᠭᠡ | ᠠᠵᠤ ᠦᠢᠯᠡᠰ︾ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ | ᠦᠢᠯᠡᠰ ᠢ ᠬᠥᠭᠵᠢᠭᠦᠯᠦᠨ᠂ ᠴᠢᠨᠠᠷ ᠰᠠᠶᠢᠲᠠᠢ ᠭᠦᠵᠡᠯᠵᠡᠭᠡᠨ᠎ᠡ᠂ ᠥᠨᠳᠥᠷ ᠲᠡᠰᠪᠦᠷᠢᠯᠡᠬᠦ ᠴᠢᠨᠠᠷᠲᠠᠢ ᠰᠢᠬᠢᠷᠯᠢᠭ ᠯᠠᠵᠤᠤ | ᠂ ᠵᠢᠮᠢᠰ ᠤᠨ ᠴᠢᠨᠠᠷᠲᠠᠢ ᠲᠥᠪᠡᠳ ᠬᠠᠰᠢ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠵᠤ ᠳᠡᠯᠭᠡᠷᠡᠭᠦᠯᠦᠨ᠎ᠡ᠃ | ᠰᠠᠶᠢᠬᠠᠨ ᠵᠠᠮ ᠢ ᠤᠮᠠᠷᠠᠰᠢ ᠤᠷᠲᠤᠳᠬᠠᠬᠤ ᠠᠵᠠ ᠲᠣᠬᠢᠶᠠᠯ ᠢ ᠠᠮᠵᠢᠵᠤ᠂ ᠳᠠᠯᠠᠨ ᠬᠠᠷ᠎ᠠ ᠠᠭᠤᠯᠠ ᠳᠠᠭᠠᠤ ᠶᠢᠨ | ᠵᠢᠵᠢᠭ ᠬᠡᠯᠪᠡᠷᠢ ᠶᠢᠨ ᠵᠤᠭᠠᠴᠠᠯ ᠤᠨ ᠦᠵᠡᠮᠵᠢ ᠶᠢᠨ ᠣᠷᠣᠨ ᠪᠠ ᠠᠮᠢ ᠠᠬᠤᠢ ᠶᠢᠨ ᠠᠵᠤ ᠦᠢᠯᠡᠰ ᠢ ᠨᠢᠭᠡᠳᠦᠯᠲᠡᠢ | ᠲᠥᠯᠥᠪᠵᠢᠭᠦᠯᠵᠦ᠂ ᠡᠯ᠎ᠡ ᠲᠣᠰᠬᠤᠨ ᠢ ᠬᠥᠲᠥᠯᠥᠨ ᠵᠢᠯᠤᠭᠤᠳᠴᠤ ᠪᠠᠶᠢᠭᠠᠳ ᠬᠥᠮᠥᠷᠭᠡᠯᠡᠨ ᠬᠠᠳᠠᠭᠠᠯᠠᠬᠤ ᠡᠳ᠋ | ᠪᠠᠷᠠᠭᠠᠨ ᠤ ᠭᠦᠢᠯᠭᠡᠭᠡ᠂ ᠬᠥᠳᠡᠭᠡ ᠲᠣᠰᠬᠤᠨ ᠤ ᠵᠤᠭᠠᠴᠠᠯ ᠤᠨ ᠠᠵᠤ ᠦᠢᠯᠡᠰ ᠢ ᠬᠥᠭᠵᠢᠭᠦᠯᠦᠨ᠎ᠡ᠃ ᠰᠠᠶᠢᠷ ᠤᠨ | ᠲᠤᠬᠤᠢ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠥᠪ ᠤᠨ ᠡᠵᠡᠩᠨᠡᠯᠲᠡ ᠳᠤ ᠣᠷᠣᠭᠤᠯᠬᠤ ᠶᠢ | ᠲᠦᠯᠬᠢᠨ ᠠᠬᠢᠭᠤᠯᠵᠤ᠂ ᠰᠢᠨ ᠹᠠ ᠳ᠋ᠢ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ | ᠲᠠᠷᠬᠠᠭᠠᠬᠤ ᠲᠥᠪ᠂ ᠿᠦᠢ ᠱᠠᠨ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ | ᠵᠦᠢᠯᠡᠰ ᠢ ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠦᠨ᠎ᠡ᠃ ᠲᠥᠬᠦᠭᠡᠷᠦᠮᠵᠢᠲᠦ ᠲᠠᠷᠢᠶᠠᠯᠠᠩ ᠢ ᠲᠡᠰ | ᠳᠡᠪᠰᠢᠭᠦᠯᠵᠦ᠂ 100 ᠬᠦᠯᠡᠮᠵᠢ ᠶᠢ ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠤᠨ᠎ᠠ᠃ ᠠᠮᠢ ᠠᠬᠤᠢ ᠶᠢᠨ | ᠡᠷᠭᠢᠯᠲᠡᠲᠦ ᠲᠠᠷᠢᠶᠠᠯᠠᠩ ᠢ ᠬᠥᠭᠵᠢᠭᠦᠯᠵᠦ᠂ ᠪᠠᠭᠠᠰᠤᠨ ᠪᠣᠬᠢᠷᠳᠤᠯ ᠢ ᠬᠤᠣᠷ ᠦᠭᠡᠢ ᠪᠣᠯᠭᠠᠨ ᠰᠢᠢᠳᠪᠦᠷᠢᠯᠡᠬᠦ | ᠲᠥᠪ ᠢ ᠪᠦᠲᠦᠭᠡᠨ ᠪᠠᠶᠢᠭᠤᠯᠵᠤ᠂ ᠮᠠᠯ ᠵᠢᠭᠦᠷᠲᠡᠨ ᠤ ᠪᠠᠭᠠᠰᠤᠨ ᠪᠣᠬᠢᠷᠳᠤᠯ᠂ ᠲᠠᠷᠢᠶᠠᠯᠠᠩ ᠤᠨ ᠵᠤᠯᠤᠮ᠎ᠠ | ᠪᠦᠷᠬᠦᠪᠴᠢ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠠᠬᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ︽ᠨᠢᠭᠡ ᠠᠵᠢᠯ ᠲᠦᠷᠦᠯ ᠳᠤ ᠨᠢᠭᠡ ᠠᠷᠭ᠎ᠠ ᠪᠣᠳᠣᠯᠭ᠎ᠠ︾ ᠶᠢᠨ ᠭᠤᠷᠪᠠᠨ ᠵᠢᠯ ᠤᠨ | ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ︽ᠴᠢᠩᠱᠠᠨ ᠠᠴᠠ ᠭᠠᠷᠴᠤ ᠴᠢᠩᠱᠠᠨ ᠶᠢ ᠬᠠᠷᠠᠵᠤ᠂ ᠪᠦᠬᠦ | ᠤᠯᠤᠰ ᠲᠤ ᠵᠣᠭᠰᠣᠵᠤ ᠴᠢᠩᠱᠠᠨ ᠶᠢ ᠬᠠᠷᠠᠵᠤ᠂ ᠢᠷᠡᠭᠡᠳᠦᠢ ᠳᠤ ᠵᠣᠭᠰᠣᠵᠤ ᠣᠳᠣᠬᠢ ᠶᠢ ᠪᠠᠷᠠᠯᠠᠬᠤ︾ ᠶᠢ | ᠪᠠᠷᠢᠮᠲᠠᠯᠠᠵᠤ᠂ 33 ᠠᠵᠤ ᠦᠢᠯᠡᠰ ᠤᠨ ᠲᠦᠷᠦᠯ ᠤᠨ ᠲᠣᠭᠤᠷᠢᠨ ᠳᠤ ᠭᠤᠷᠪᠠᠨ ᠵᠢᠯ ᠤᠨ ᠠᠵᠢᠯᠯᠠᠭᠠᠨ ᠤ | ᠲᠥᠰᠥᠯ ᠢ ᠭᠦᠨᠵᠡᠭᠡᠶᠢᠷᠡᠭᠦᠯᠵᠦ᠂ ᠠᠵᠤ ᠦᠢᠯᠡᠰ ᠨᠢᠭᠡᠪᠦᠷᠢ ᠶᠢᠨ ᠮᠡᠷᠭᠡᠵᠢᠯ ᠤᠨ ᠱᠤᠭᠤᠮ ᠤᠨ ᠵᠢᠷᠤᠭ᠂ ᠨᠠᠷᠢᠨ | ᠬᠤᠪᠢᠶᠠᠭᠰᠠᠨ ᠠᠵᠤ ᠦᠢᠯᠡᠰ ᠤᠨ ᠵᠢᠷᠤᠭ᠂ ᠣᠷᠣᠨ ᠵᠠᠢ ᠶᠢᠨ ᠪᠠᠶᠢᠷᠢᠰᠢᠯ ᠤᠨ ᠵᠢᠷᠤᠭ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠵᠢᠷᠤᠭ᠂ ᠬᠡᠷᠡᠭᠯᠡᠭᠡᠨ ᠤ ᠬᠦᠷᠢᠶᠡᠨ ᠤ ᠵᠢᠷᠤᠭ ᠢ ᠨᠠᠶᠢᠷᠠᠭᠤᠯᠤᠨ ᠵᠣᠬᠢᠶᠠᠵᠤ ᠳᠠᠭᠤᠰᠬᠠᠨ᠎ᠠ᠃ ︽ | ᠭᠤᠷᠪᠠᠨ ᠲᠥᠷᠥᠯ ᠤᠨ 500 ᠬᠦᠴᠦᠷᠬᠡᠭ︾ ᠠᠵᠤ ᠠᠬᠤᠶᠢᠯᠠᠯ ᠢ ᠬᠠᠷᠠᠭᠠᠯᠠᠨ᠂ ᠨᠢᠭᠡ ᠪᠦᠯᠦᠭ ᠬᠥᠲᠥᠴᠢ | ᠬᠡᠯᠪᠡᠷᠢ ᠶᠢᠨ᠂ ᠰᠠᠭᠤᠷᠢᠨ ᠭᠠᠵᠠᠷ ᠤᠨ ᠬᠡᠯᠪᠡᠷᠢ ᠶᠢᠨ᠂ ᠬᠥᠲᠥᠯᠥᠨ ᠳᠠᠭᠠᠭᠤᠯᠬᠤ ᠬᠡᠯᠪᠡᠷᠢ ᠶᠢᠨ᠂ ᠰᠢᠨ᠎ᠡ ᠶᠢ | ᠡᠭᠦᠳᠬᠦ ᠬᠡᠯᠪᠡᠷᠢ ᠶᠢᠨ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠲᠦᠷᠭᠡᠳᠬᠡᠨ ᠣᠷᠣᠭᠤᠯᠵᠤ᠂ ᠲᠥᠷᠥᠯ | ᠵᠦᠢᠯ ᠤᠨ ᠭᠡᠷ᠎ᠡ ᠭᠦᠢᠴᠡᠳᠬᠡᠬᠦ ᠨᠣᠷᠮ᠎ᠠ᠂ ᠨᠠᠶᠢᠳᠠᠪᠤᠷᠢᠵᠢᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠠᠯᠢ ᠲᠦᠷᠭᠡᠨ ᠢᠶᠠᠷ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ | ᠪᠣᠯᠭᠠᠨ ᠬᠤᠪᠢᠷᠠᠭᠤᠯᠵᠤ᠂ 140 ᠲᠥᠷᠥᠯ ᠵᠦᠢᠯ ᠠᠴᠠ ᠳᠡᠭᠡᠭᠰᠢ ᠭᠡᠷ᠎ᠡ ᠲᠣᠭᠲᠠᠵᠤ᠂ 900 ᠳ᠋ᠦᠩᠰᠢᠭᠤᠷ | ᠲᠥᠭᠦᠷᠢᠭ ᠠᠴᠠ ᠳᠡᠭᠡᠭᠰᠢ ᠵᠥᠪᠳᠡᠯᠴᠡᠭᠡᠷ ᠢᠶᠠᠷ ᠪᠡᠯᠡ ᠣᠷᠣᠭᠤᠯᠵᠤ᠂ 110 ᠲᠥᠷᠥᠯ ᠵᠦᠢᠯ ᠢ ᠳᠠᠩᠰᠠᠯᠠᠭᠤᠯᠤᠨ | ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ︽ᠨᠢᠭᠡᠳᠦᠭᠡᠷ | ᠭᠠᠷ ᠤᠨ ᠢᠨᠵᠧᠨᠧᠷᠢᠩ︾ ᠪᠣᠯᠭᠠᠬᠤ ᠶᠢ ᠪᠠᠷᠢᠮᠲᠠᠯᠠᠵᠤ᠂ ᠳᠥᠷᠪᠡᠨ ᠢᠵᠢ ᠪᠠᠭ ᠤᠨ ᠤᠳᠤᠷᠢᠳᠤᠯᠭ᠎ᠠ ᠲᠦᠷᠦᠭᠦᠯᠡᠨ | ᠬᠤᠳᠠᠯᠳᠤᠭᠠᠴᠢᠨ ᠤᠷᠢᠵᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠴᠢᠬᠤᠯᠠ ᠶᠡᠭᠡ ᠲᠥᠷᠥᠯ ᠵᠦᠢᠯ᠂ ᠴᠢᠬᠤᠯᠠ | ᠣᠷᠣᠨ ᠪᠦᠰᠡ ᠶᠢᠨ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ᠂ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠠᠷ᠎ᠠ ᠳᠤ ᠮᠡᠳᠡᠭᠡᠯᠡᠬᠦ᠂ ᠤᠯᠠᠷᠢᠯ ᠤᠨ ᠠᠳᠠᠯᠢᠳᠬᠠᠨ | ᠰᠢᠯᠭᠠᠷᠠᠭᠤᠯᠬᠤ᠂ ᠣᠨ ᠤ ᠰᠢᠯᠭᠠᠨ ᠬᠢᠨᠠᠬᠤ ᠲᠣᠭᠲᠠᠴᠠ ᠶᠢ ᠬᠡᠷᠡᠭᠵᠢᠭᠦᠯᠦᠨ᠂ ᠰᠢᠯᠭᠠᠨ ᠬᠢᠨᠠᠵᠤ ᠬᠡᠷᠡᠭᠯᠡᠬᠦ ᠶᠢ | ᠴᠢᠩᠭᠠᠷᠠᠭᠤᠯᠵᠤ᠂ ᠲᠥᠷᠥᠯ ᠵᠦᠢᠯ ᠢᠶᠠᠷ ᠠᠵᠢᠯ ᠤᠨ ᠠᠮᠵᠢᠯᠲᠠ ᠶᠢ ᠦᠨᠡᠯᠡᠬᠦ᠂ ᠬᠥᠭᠵᠢᠯᠲᠡ ᠪᠠᠷ ᠬᠢᠷᠢ ᠬᠡᠮᠵᠢᠶ᠎ᠡ ᠶᠢ | ᠦᠨᠡᠯᠡᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠨ᠎ᠠ᠃ | ︵ᠬᠤᠶᠠᠷ︶ ᠦᠭᠡᠷᠡᠴᠢᠯᠡᠯᠲᠡ ᠶᠢᠨ ᠰᠢᠨ᠎ᠡ ᠶᠢ ᠡᠭᠦᠳᠬᠦ ᠬᠦᠳᠡᠯᠭᠡᠭᠦᠷ ᠲᠤ ᠬᠦᠴᠦᠨ ᠢᠶᠠᠨ ᠲᠦᠪᠯᠡᠷᠡᠭᠦᠯᠦᠨ | ᠠᠩᠬᠠᠷᠤᠯ ᠢᠶᠠᠨ ᠲᠦᠪᠯᠡᠷᠡᠭᠦᠯᠵᠦ᠂ ᠭᠠᠵᠠᠷ ᠣᠷᠣᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ | ᠰᠢᠪᠲᠤᠯᠤᠯᠲᠠ ᠭᠠᠷᠭᠠᠵᠤ᠂ ᠰᠢᠨ᠎ᠡ ᠪᠠᠶᠢᠳᠠᠯ ᠢ ᠪᠤᠢ ᠪᠣᠯᠭᠠᠬᠤ ᠪᠠᠷ ᠴᠢᠷᠮᠠᠶᠢᠨ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠯᠬᠤᠴᠠ ᠢᠶᠠᠨ ᠲᠦᠷᠭᠡᠳᠭᠡᠨ᠎ᠡ᠃ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ | ᠲᠣᠨᠤᠭ ᠲᠥᠬᠦᠭᠡᠷᠦᠮᠵᠢ ᠦᠶᠯᠡᠳᠬᠦ ᠶᠢᠨ ᠰᠢᠨ᠎ᠡ ᠶᠢ ᠡᠭᠦᠳᠬᠦ᠂ ᠴᠥᠮ᠎ᠡ ᠶᠢᠨ ᠲᠦᠯᠡᠰᠢ ᠪᠠ ᠴᠥᠮ᠎ᠡ ᠶᠢᠨ ᠲᠣᠨᠤᠭ | ᠲᠥᠬᠦᠭᠡᠷᠦᠮᠵᠢ ᠶᠢ ᠰᠤᠳᠤᠯᠤᠨ ᠨᠡᠭᠡᠭᠡᠬᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠠᠷ ᠡᠨᠧᠷᠭᠢ ᠣᠯᠭᠤᠬᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠪᠠᠶᠢᠴᠠᠭᠠᠨ ᠰᠢᠯᠭᠠᠬᠤ ᠳᠥᠷᠪᠡᠨ ᠲᠠᠪᠴᠠᠩ ᠢ | ᠭᠤᠣᠯᠳᠠᠯᠭ᠎ᠠ ᠲᠠᠢ ᠪᠣᠶ ᠪᠣᠯᠭᠠᠨ᠎ᠠ᠃ ᠮᠠᠨ ᠤ ᠲᠤᠭᠤᠷᠢᠭ ᠪᠦᠬᠦ ᠬᠤᠲᠠ ᠶᠢᠨ ᠠᠩᠬᠠᠨ ᠤ ᠪᠦᠯᠦᠭ ᠤᠨ ᠠᠵᠤ | ᠦᠢᠯᠡᠳᠪᠦᠷᠢ ᠶᠢᠨ ᠲᠣᠭᠠᠴᠢᠯᠠᠯᠲᠠ ᠶᠢᠨ ᠬᠡᠯᠪᠡᠷᠢ ᠶᠢ ᠬᠤᠪᠢᠷᠠᠭᠤᠯᠬᠤ ᠲᠤᠷᠰᠢᠯᠲᠠ ᠶᠢᠨ ᠭᠠᠵᠠᠷ ᠣᠷᠣᠨ | ᠵᠶ᠋ᠠᠷᠰᠣᠩᠭᠤᠭᠳᠠᠭᠰᠠᠨ ᠠᠰᠢᠭᠲᠠᠢ ᠠᠵᠠ ᠲᠣᠬᠢᠶᠠᠯ ᠢ ᠴᠢᠩᠭ᠎ᠠ ᠠᠳᠬᠤᠵᠤ᠂ ᠣᠶᠤᠨᠲᠤ ᠬᠦᠷᠢᠶᠡᠯᠡᠩ | ᠲᠣᠭᠤᠷᠢᠭ ᠲᠤ ᠲᠦᠰᠢᠭᠯᠡᠨ᠂ ᠦᠪᠦᠷ ᠮᠤᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠸᠠᠨ ᠵᠢᠶᠠ | ᠮᠡᠳᠡᠭᠡ ᠵᠠᠩᠭᠢ ᠶᠢᠨ ᠺᠤᠮᠫᠠᠨᠢ᠂ ᠪᠤᠭᠤᠲᠤ ᠶᠢᠨ ᠡᠭᠦᠯᠡᠨ ᠪᠣᠳᠣᠯᠲᠠ᠂ ᠴᠢᠩᠳᠣᠣ ᠶᠢᠨ ᠨᠢᠮᠪᠡᠭᠡ ᠪᠤᠷᠴᠠᠭ ᠵᠡᠷᠭᠡ | ᠲᠣᠭᠠᠴᠢᠯᠠᠭᠰᠠᠨ ᠦᠢᠯᠡᠴᠢᠯᠡᠭᠡᠨ ᠤ ᠠᠴᠢᠶᠠᠯᠠᠪᠤᠷᠢ ᠳᠤ ᠲᠦᠰᠢᠭᠯᠡᠨ᠂ ᠬᠡᠪᠴᠢᠶᠡᠵᠢᠯ ᠠᠴᠠ ᠳᠡᠭᠡᠭᠰᠢ ᠠᠵᠤ | ᠦᠢᠯᠡᠳᠪᠦᠷᠢ ᠠᠵᠤ ᠠᠬᠤᠶᠢᠯᠠᠯ ᠤᠨ ᠲᠣᠭᠠᠴᠢᠯᠠᠭᠰᠠᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ | ᠤᠯᠠᠮᠵᠢᠯᠠᠯᠲᠤ ᠠᠵᠤ ᠦᠢᠯᠡᠰ ᠢ ᠳᠡᠭᠡᠳᠦ ᠦᠵᠦᠭᠦᠷᠵᠢᠭᠦᠯᠬᠦ᠂ ᠤᠶᠤᠨᠵᠢᠭᠤᠯᠬᠤ᠂ ᠪᠣᠬᠢᠷᠳᠤᠯ ᠦᠭᠡᠢ ᠪᠣᠯᠭᠠᠬᠤ ᠶᠢ | ᠠᠬᠢᠭᠤᠯᠵᠤ᠂ ᠨᠢᠭᠡ ᠪᠦᠯᠦᠭ ᠵᠢᠱᠢᠶ᠎ᠡ ᠦᠵᠡᠭᠦᠯᠬᠦ ᠬᠡᠪ ᠳᠠᠭᠤᠷᠢᠶᠠᠯᠲᠦ ᠠᠵᠤ ᠠᠬᠤᠶᠢᠯᠠᠯ ᠢ ᠪᠣᠶᠢᠵᠢᠭᠤᠯᠬᠤ ᠪᠠᠷ | ᠴᠢᠷᠮᠠᠶᠢᠵᠤ᠂ ᠨᠢᠭᠡ ᠪᠦᠯᠦᠭ ︽ᠤᠶᠤᠨᠲᠦ ᠦᠢᠯᠡᠳᠪᠦᠷᠢ︾ ᠶᠢ ᠪᠠᠶᠢᠭᠤᠯᠤᠨ᠎ᠠ᠃5G᠂ ᠣᠷᠣᠨ ᠬᠡᠰᠡᠭ ᠤᠨ | ᠬᠡᠯᠬᠢᠶ᠎ᠡ᠂ ᠲᠣᠮᠣ ᠳ᠋ᠠᠶᠢᠲ᠋ᠠ ᠵᠡᠷᠭᠡ ᠲᠣᠭᠠᠴᠢᠯᠠᠭᠰᠠᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠵᠢᠶᠠᠩᠰᠤ ᠶᠢᠨ | ᠴᠠᠬᠢᠯᠭᠠᠨ ᠪᠠᠷᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠠᠨ ᠾᠧᠩ ᠮᠡᠳᠡᠭᠡ ᠵᠠᠩᠭᠢ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠲᠤᠭ᠎ᠠ ᠪᠠᠷᠢᠮᠲᠠ ᠶᠢᠨ ᠦᠨ᠎ᠡ ᠥᠷᠲᠡᠭ ᠢ | ᠭᠦᠨᠵᠡᠭᠡᠢ ᠠᠭᠤᠳᠠᠯᠵᠤ᠂ ᠡᠯ᠎ᠡ ᠲᠥᠷᠥᠯ ᠤᠨ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ︽ᠡᠭᠦᠯᠡᠨ ᠪᠣᠳᠣᠯᠲᠠ ᠳᠤ ᠬᠡᠷᠡᠭᠯᠡᠬᠦ ᠲᠤᠭ᠎ᠠ ᠬᠡᠮᠵᠢᠶ᠎ᠡ ᠪᠠᠷ ᠣᠶᠤᠨ ᠤᠬᠠᠭᠠᠨ | ᠣᠯᠭᠤᠬᠤ︾ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠦᠯᠵᠢᠶᠡᠨ ᠳᠤ ᠭᠠᠷᠬᠤ ᠨᠣᠷᠮ᠎ᠠ ᠶᠢ 90% ᠠᠴᠠ | ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ︽ᠴᠢᠳᠠᠪᠤᠷᠢᠲᠠᠨ ᠡᠯᠰᠡᠵᠦ ᠤᠶᠤᠨ ᠣᠷᠣᠭᠤᠯᠬᠤ︾ ᠠᠵᠢᠯ ᠢ | ᠯᠠᠪᠳᠠᠭᠤᠨ ᠪᠠᠲᠤᠲᠠᠢ ᠥᠷᠨᠢᠭᠦᠯᠵᠦ᠂ ︽ᠳᠡᠭᠡᠳᠦ ᠱᠠᠲᠤ ᠨᠢ ᠳᠤᠤᠷᠠᠲᠦ ᠱᠠᠲᠦ ᠢᠶᠠᠨ ᠬᠠᠮᠢᠶᠠᠷᠴᠤ᠂ ᠳᠣᠣᠷᠠᠳᠤ ᠱᠠᠲᠤ | ᠨᠢ ᠪᠠᠭ᠎ᠠ ᠪᠠᠨ ᠬᠠᠮᠢᠶᠠᠷᠬᠤ︾ ᠴᠢᠳᠠᠪᠤᠷᠢᠲᠠᠨ ᠤ ᠬᠠᠮ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠵᠤ᠂ ᠴᠢᠳᠠᠪᠤᠷᠢᠲᠠᠨ ᠢ | ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ᠂ ᠠᠮᠢᠳᠤᠷᠠᠬᠤ ᠳᠤ ᠲᠠᠭᠠᠯᠠᠮᠵᠢᠲᠠᠢ ᠪᠠᠶᠢᠬᠤ ᠶᠢ ᠦᠨᠡᠨ ᠬᠦ ᠪᠠᠲᠤᠯᠠᠨ᠎ᠠ᠃ | ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠦᠪᠦᠷ ᠮᠤᠩᠭᠤᠯ ᠤᠨ ᠨᠢᠭᠡᠳᠦᠭᠡᠷ | ᠮᠠᠰᠢᠨ ᠮᠧᠬᠠᠨᠢᠭ ᠤᠨ ᠵᠢᠭᠠᠨ ᠰᠤᠳᠤᠯᠬᠤ ᠶᠢ ᠨᠢᠭᠡ ᠴᠣᠭᠴᠠᠵᠢᠭᠤᠯᠤᠭᠰᠠᠨ ᠰᠢᠨ᠎ᠡ ᠶᠢ ᠡᠭᠦᠳᠬᠦ ᠲᠠᠪᠴᠠᠩ | ᠪᠠᠶᠢᠭᠤᠯᠬᠤ ᠶᠢ ᠳᠡᠮᠵᠢᠵᠦ᠂ ᠤᠮᠠᠷᠠᠲᠤ ᠶᠢᠨ ᠬᠦᠨᠳᠦ ᠠᠵᠦ ᠦᠢᠯᠡᠳᠪᠦᠷᠢ ᠶᠢᠨ ᠭᠤᠣᠯᠳᠠᠯᠭ᠎ᠠ ᠲᠠᠢ ᠲᠤᠷᠰᠢᠯᠲᠠ ᠶᠢᠨ | ᠲᠠᠰᠤᠭ ᠢ ᠡᠭᠦᠳᠦᠨ ᠪᠠᠶᠢᠭᠤᠯᠵᠤ᠂ ᠳᠤᠮᠳᠠᠳᠤ ᠤᠯᠤᠰ ᠤᠨ ᠴᠥᠮ᠎ᠡ ᠶᠢᠨ ᠤᠮᠠᠷᠠᠲᠤ ᠣᠷᠣᠨ ᠤ ᠤᠯᠤᠰ ᠤᠨ | ᠲᠠᠰ ᠤᠨ ᠴᠥᠮ᠎ᠡ ᠶᠢᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠠᠭᠤᠷᠢᠨ ᠭᠠᠵᠠᠷ ᠢ ᠪᠦᠲᠦᠭᠡᠨ | ᠪᠠᠶᠢᠭᠤᠯᠵᠤ᠂ ᠳᠤᠮᠳᠠᠲᠦ ᠤᠯᠤᠰ ᠤᠨ ᠴᠡᠷᠢᠭ ᠤᠨ ᠵᠡᠪᠰᠡᠭ ᠤᠨ ᠠᠵᠦ ᠦᠢᠯᠡᠳᠪᠦᠷᠢ ᠶᠢᠨ ᠪᠦᠯᠦᠭᠯᠡᠯ ᠤᠨ ᠲᠠᠪᠤ | ᠬᠤᠶᠠᠳᠤᠭᠠᠷ ᠰᠤᠳᠤᠯᠭᠠᠨ ᠤ ᠭᠠᠵᠠᠷ ᠲᠠᠢ ᠬᠤᠯᠪᠤᠭᠠᠯᠠᠨ ᠪᠤᠭᠤᠲᠤ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ | ᠬᠢᠭᠡᠳ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠭᠠᠵᠠᠷ ᠢ ᠪᠠᠶᠢᠭᠤᠯᠤᠨ᠎ᠠ᠃ ᠠᠵᠤ ᠠᠬᠤᠶᠢᠯᠠᠯ ᠤᠨ ︽ | ᠳᠦᠷᠢᠮ ᠳᠤ ᠣᠷᠣᠬᠤ᠂ ᠥᠨᠳᠥᠷ ᠲᠤ ᠭᠠᠷᠬᠤ᠂ ᠵᠠᠬ᠎ᠠ ᠳᠡᠯᠭᠡᠭᠦᠷ ᠲᠤ ᠭᠠᠷᠬᠤ︾ ᠶᠢ ᠪᠥᠬᠦ ᠬᠦᠴᠦᠨ ᠢᠶᠠᠷ ᠢᠶᠠᠨ | ᠲᠦᠷᠭᠡᠳᠬᠡᠵᠦ᠂ ︽ ᠳᠦᠷᠪᠡᠨ ᠲᠦᠷᠦᠯ ᠤᠨ ᠬᠡᠪᠴᠢᠶᠡᠵᠢᠯ ᠠᠴᠠ ᠳᠡᠭᠡᠭᠰᠢᠬᠢ ᠠᠵᠦ ᠠᠬᠤᠶᠢᠯᠠᠯ︾ ᠢ 30 ᠠᠴᠠ | ᠳᠡᠭᠡᠭᠰᠢ ᠨᠡᠮᠡᠭᠳᠡᠭᠦᠯᠵᠦ᠂ ᠳᠡᠭᠡᠳᠦ ᠰᠢᠨ᠎ᠡ ᠮᠡᠷᠭᠡᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠪᠠ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠤ ᠠᠵᠤ | ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠪᠦᠬᠦ ᠤᠯᠤᠰ ᠤᠨ | ᠡᠵᠡᠩᠨᠡᠯᠲᠡ ᠶᠢᠨ ᠣᠷᠴᠢᠨ ᠲᠣᠭᠤᠷᠢᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠠᠵᠢᠯ ᠢ ᠪᠠᠷᠢᠮᠵᠢᠶᠠᠯᠠᠵᠤ᠂ ᠪᠦᠬᠦ | ᠬᠡᠯᠬᠢᠶ᠎ᠡ ᠶᠢ ᠰᠢᠯᠢᠳᠡᠭᠵᠢᠭᠦᠯᠬᠦ ᠬᠢᠨᠠᠨ ᠵᠥᠪᠰᠢᠶᠡᠷᠡᠯ᠂ ᠪᠦᠬᠦ ᠶᠠᠪᠤᠴᠠ ᠶᠢ ᠲᠥᠪ ᠭᠤᠣᠯᠴᠢ ᠪᠠᠷ ᠬᠢᠨᠠᠨ ᠬᠠᠮᠢᠶᠠᠷᠬᠤ᠂ | ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠰᠡᠭ ᠮᠠᠲ᠋ᠧᠷᠢᠶᠠᠯ ᠳᠤᠲᠠᠭᠤ ᠪᠤᠯᠪᠠᠴᠦ | ᠭᠥᠯᠢᠶᠡᠨ ᠠᠪᠴᠤ ᠰᠢᠢᠳᠪᠦᠷᠢᠯᠡᠬᠦ᠂ ᠮᠡᠳᠡᠭᠳᠡᠬᠦ᠂ ᠠᠮᠠᠯᠠᠯᠲᠠ ᠬᠢᠬᠦ᠂ ᠬᠤᠷᠠᠮᠠᠯ ᠦᠢᠯᠡᠴᠢᠯᠡᠭᠡ ᠵᠡᠷᠭᠡ ᠠᠷᠭ᠎ᠠ | ᠬᠡᠮᠵᠢᠶ᠎ᠡ ᠶᠢ ᠳᠡᠯᠭᠡᠷᠡᠭᠦᠯᠦᠨ ᠬᠡᠷᠡᠭᠯᠡᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ | ᠥᠷᠭᠡᠳᠬᠡᠨ᠂ ︽ ᠮᠦᠩᠭᠡ ᠰᠤᠪᠠᠭ︾ ᠤᠨ APP ᠶᠢ ᠣᠯᠠᠨ ᠠᠷᠭ᠎ᠠ ᠬᠡᠮᠵᠢᠶ᠎ᠡ ᠪᠠᠷ ᠳᠡᠯᠭᠡᠷᠡᠭᠦᠯᠵᠦ᠂ ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠪᠠ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ ᠡᠷᠴᠢᠮ ᠢ | ᠴᠢᠩᠭᠠᠷᠠᠭᠤᠯᠤᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ᠶᠢ | ᠨᠠᠶᠢᠷᠠᠭᠤᠯᠤᠨ ᠵᠣᠬᠢᠶᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠲᠣᠳᠣᠷᠬᠠᠢ ᠬᠠᠭᠤᠳᠠᠰᠤ ᠠᠴᠠ | ᠭᠠᠳᠠᠨ᠎ᠠ ᠵᠥᠪᠰᠢᠶᠡᠷᠡᠯ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠣᠶᠤᠨᠲᠤ ᠬᠠᠤᠯᠢ ᠶᠢᠨ ᠶᠠᠪᠤᠳᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠰᠬᠠᠢ ᠲᠢᠩᠬᠢᠮ ᠢ ᠪᠠᠶᠢᠭᠤᠯᠵᠤ᠂ ︽ᠲᠣᠮᠣ ᠶᠡᠷᠦᠩᠬᠡᠶᠢᠯᠡᠭᠰᠡᠨ | ᠴᠤᠩᠬᠤᠪᠴᠢ︾ ᠶᠢᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠬᠡᠷᠡᠭᠵᠢᠭᠦᠯᠦᠨ᠂ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢ ᠲᠤᠰᠬᠠᠶᠢᠵᠢᠭᠤᠯᠬᠤ᠂ ᠨᠠᠷᠢᠯᠢᠭ ᠣᠨᠣᠴᠠᠲᠠᠢ ᠪᠣᠯᠭᠠᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠰᠢᠨ᠎ᠡ | ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ︽ᠠᠯᠲᠠᠨ ᠮᠧᠳᠡᠯᠲᠦ | ᠳᠡᠯᠭᠡᠭᠦᠷ ᠤᠨ ᠦᠢᠯᠡᠴᠢᠯᠡᠭᠴᠢ︾ᠪᠣᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠠᠬ᠎ᠠ ᠳᠡᠯᠭᠡᠭᠦᠷ ᠤᠨ | ᠭᠤᠣᠯ ᠴᠣᠭᠴᠠ ᠶᠢ ᠬᠠᠪᠰᠤᠷᠤᠨ ᠪᠡᠯᠡ ᠮᠥᠩᠭᠦ ᠬᠤᠷᠠᠮᠳᠤᠭᠤᠯᠬᠤ ᠳᠤ ᠬᠦᠴᠢᠷᠲᠡᠢ᠂ ᠪᠡᠯᠡ ᠮᠥᠩᠭᠦ | ᠬᠤᠷᠠᠮᠳᠤᠭᠤᠯᠬᠤ ᠳᠤ ᠦᠨᠡᠲᠡᠢ᠂ ᠠᠵᠢᠯᠴᠢᠨ ᠡᠯᠰᠡᠬᠦ ᠳᠤ ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠵᠤ | ᠠᠬᠤᠶᠢᠯᠠᠯ ᠢ ᠰᠠᠶᠢᠲᠦᠷ ᠬᠦᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠪᠠᠶᠢᠩᠭᠤ ᠶᠢᠨ | ᠰᠣᠯᠢᠯᠴᠠᠭᠠᠨ ᠤ ᠲᠣᠭᠲᠠᠴᠠ ᠶᠢ ᠪᠠᠶᠢᠭᠤᠯᠵᠤ᠂ ᠦᠢᠯᠡᠴᠢᠯᠡᠭᠡᠨ ᠢ ᠨᠠᠷᠢᠯᠢᠭ ᠣᠨᠣᠴᠠᠲᠠᠢ ᠪᠠᠷ ᠳᠣᠷᠣᠭᠰᠢ | ᠪᠠᠭᠤᠯᠭᠠᠬᠤ ᠶᠢ ᠲᠦᠯᠬᠢᠨ ᠠᠬᠢᠭᠤᠯᠤᠨ᠎ᠠ᠃ ︽ᠰᠠᠶᠢᠨ ᠮᠠᠭᠤ ᠶᠢ ᠦᠨᠡᠯᠡᠬᠦ︾᠂ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠰᠢᠰᠲ᠋ᠧᠮ ᠪᠠ ︽12345︾ ᠶᠢᠨ ᠵᠠᠰᠠᠭ ᠤᠨ ᠣᠷᠳᠣᠨ ᠤ ᠬᠠᠯᠠᠮᠰᠢᠯ ᠤᠲᠠᠰᠤᠨ ᠤ | ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠷ ᠥᠭᠡᠷᠡᠴᠢᠯᠡᠯᠲᠡ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠭᠡᠳᠡᠷᠭᠦ ᠰᠢᠬᠠᠮᠳᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠢ | ᠦᠨᠡᠨ ᠬᠦ ᠥᠭᠡᠷᠡᠴᠢᠯᠡᠯᠲᠡ ᠶᠢᠨ ᠦᠷ᠎ᠡ ᠪᠦᠲᠦᠭᠡᠯ ᠤᠨ ︽ᠰᠢᠯᠭᠠᠯᠲᠠ ᠦᠵᠡᠭᠴᠢ︾ ᠪᠠ ︽ᠠᠰᠢᠭ ᠬᠦᠷᠲᠡᠭᠴᠢ︾ | ᠪᠣᠯᠭᠠᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠺᠣᠮᠫᠠᠨᠢ ᠶᠢᠨ | ᠬᠠᠤᠯᠢ ᠶᠢᠨ ᠡᠷᠭᠡᠲᠡᠨ ᠤ ᠵᠠᠰᠠᠯᠲᠠ ᠶᠢᠨ ᠪᠣᠷᠣ ᠲᠥᠯᠥᠪ ᠢ ᠪᠦᠷᠢᠨᠰᠢᠭᠦᠯᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠦᠯᠦᠰᠦ ᠪᠠᠷ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠦᠨ᠎ᠡ᠃ | ᠲᠣᠭᠤᠷᠢᠭ ᠤᠨ ᠱᠠᠲᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ | ᠡᠳ᠋ ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠡᠵᠡᠩᠨᠡᠯᠲᠡ ᠶᠢᠨ ᠴᠢᠨᠠᠷᠲᠠᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠲᠥᠪᠯᠡᠷᠡᠭᠦᠯᠦᠨ ᠨᠢᠭᠡᠳᠦᠯᠲᠡᠢ ᠬᠠᠮᠢᠶᠠᠷᠬᠤ ᠶᠢ ᠦᠨᠳᠦᠰᠦᠨ ᠳᠡᠭᠡᠨ ᠪᠡᠶᠡᠯᠡᠭᠦᠯᠪᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠤᠭᠤᠷᠢᠭ | ᠤᠨ ᠬᠠᠷᠢᠶ᠎ᠠ ᠪᠦᠬᠦᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠲᠠᠨ ᠤ ᠶᠠᠪᠤᠳᠠᠯ ᠤᠨ | ᠬᠤᠪᠢᠶᠠᠷᠢᠯᠠᠯᠲᠠ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠦᠷᠢ ᠶᠢ ᠳᠡᠭᠡᠭᠰᠢᠯᠡᠭᠦᠯᠦᠨ᠎ᠡ᠃ ᠨᠡᠶᠢᠭᠡᠮ | ᠲᠣᠭᠤᠷᠢᠭ ᠤᠨ ᠵᠠᠰᠠᠯᠲᠠ ᠶᠢᠨ ᠵᠠᠭᠪᠤᠷ ᠢ ᠰᠢᠯᠢᠳᠡᠭᠵᠢᠭᠦᠯᠵᠦ᠂ ︽ᠲᠠᠪᠤᠨ ᠬᠤᠷᠰᠢᠶ᠎ᠠ ᠬᠤᠯᠪᠤᠭᠠᠯᠠᠨ ᠬᠥᠳᠡᠯᠦᠯᠴᠡᠬᠦ︾ | ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ︽ᠶᠡᠷᠦᠩᠬᠡᠢ ᠰᠠᠯᠠᠭᠠᠨ ᠤ ᠲᠣᠣᠷᠵᠢᠯ︾ ᠤᠨ ᠪᠦᠲᠦᠭᠡᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠵᠡᠭᠡᠯᠢ ᠪᠠᠯᠭᠠᠰᠤ ᠶᠢᠨ ᠨᠡᠶᠢᠭᠡᠮ ᠤᠨ ᠠᠵᠢᠯᠲᠠᠨ ᠤ ᠦᠢᠯᠡᠴᠢᠯᠡᠭᠡᠨ ᠤ | ᠥᠷᠲᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠣᠶᠤᠨᠲᠤ ᠨᠡᠶᠢᠭᠡᠮ ᠲᠣᠭᠤᠷᠢᠭ ᠤᠨ ᠵᠠᠰᠠᠯᠲᠠ ᠶᠢᠨ ᠦᠷ᠎ᠡ | ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠮᠡᠳᠡᠭᠡ ᠵᠠᠩᠭᠢᠵᠢᠯᠲᠠ ᠶᠢᠨ | ᠲᠠᠪᠴᠠᠩ ᠢ ᠲᠡᠭᠦᠯᠳᠡᠷᠵᠢᠭᠦᠯᠦᠨ᠂ ᠢᠨᠲ᠋ᠧᠷ ᠰᠦᠯᠵᠢᠶ᠎ᠡ ᠬᠢᠭᠡᠳ ᠨᠡᠶᠢᠭᠡᠮ ᠲᠣᠭᠤᠷᠢᠭ ᠤᠨ ᠵᠠᠰᠠᠯᠲᠠ ᠪᠠ | ᠦᠢᠯᠡᠴᠢᠯᠡᠭᠡᠨ ᠤ ᠰᠢᠰᠲ᠋ᠧᠮ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠵᠦ᠂ ᠦᠨᠳᠦᠰᠦᠨ ᠱᠠᠲᠤᠨ ᠤ ᠣᠯᠠᠨ | ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠪᠠᠶᠢᠭᠤᠯᠤᠯᠲᠠ ᠶᠢ | ᠴᠢᠩᠭᠠᠳᠬᠠᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠨᠡᠶᠢᠭᠡᠮ ᠲᠣᠭᠤᠷᠢᠭ ᠲᠤ ᠬᠠᠤᠯᠢ | ᠶᠣᠰᠣᠭᠠᠷ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠠᠬᠢᠭᠤᠯᠤᠨ᠎ᠠ᠃ ᠣᠷᠣᠰᠢᠭᠤᠯᠭ᠎ᠠ ᠶᠢᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠲᠦᠷᠭᠡᠳᠬᠡᠵᠦ᠂ ᠴᠢᠩᠱᠠᠨ ᠤ ᠨᠡᠶᠢᠲᠡ ᠶᠢᠨ ᠤᠩᠭᠤᠨ ᠤ ᠨᠡᠶᠢᠭᠡᠮᠴᠢᠯᠡᠭᠰᠡᠨ ᠡᠵᠡᠩᠨᠡᠯᠲᠡ ᠶᠢ | ᠲᠦᠯᠬᠢᠨ ᠠᠬᠢᠭᠤᠯᠤᠨ᠎ᠠ᠃ ᠪᠦᠬᠦ ᠤᠯᠤᠰ ᠤᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ | ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠷᠤᠭ ᠤᠨ ᠪᠦᠷᠢᠳᠬᠡᠯ ᠤᠨ ᠶᠡᠭᠡ ᠲᠢᠩᠬᠢᠮ ᠪᠠ | ᠤᠷᠤᠭ ᠤᠨ ᠭᠤᠣᠯ ᠰᠡᠳᠦᠪᠲᠦ ᠴᠡᠴᠡᠷᠯᠢᠭ ᠢ ᠪᠠᠶᠢᠭᠤᠯᠵᠤ᠂ ᠪᠦᠬᠦ ᠬᠤᠲᠠ ᠶᠢᠨ ᠬᠠᠯᠠᠭᠤᠨ ᠳᠤᠯᠠᠭᠠᠨ ᠤᠷᠤᠭ ᠤᠨ | ᠵᠠᠩᠰᠢᠯ ᠤᠨ ᠰᠣᠶᠣᠯ ᠤᠨ ᠺᠠᠷᠲᠯᠠᠬᠤ ᠭᠠᠵᠠᠷ ᠢ ᠪᠠᠶᠢᠭᠤᠯᠤᠨ᠎ᠠ᠃ | ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠳᠤ ᠬᠦᠴᠦᠨ ᠢᠶᠠᠨ | ᠲᠥᠪᠯᠡᠷᠡᠭᠦᠯᠦᠨᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ | ᠲᠠᠯ᠎ᠠ ᠪᠠᠷ ᠰᠢᠪᠲᠤᠯᠤᠯᠲᠠ ᠭᠠᠷᠭᠠᠵᠤ᠂ ᠰᠢᠨ᠎ᠡ ᠪᠠᠶᠢᠳᠠᠯ ᠢ ᠨᠡᠭᠡᠭᠡᠨ᠎ᠡ | ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠲᠦᠷᠭᠡᠳᠬᠡᠨ᠎ᠡ᠃ ᠪᠣᠬᠢᠷᠳᠤᠯ ᠢ ᠰᠡᠷᠭᠡᠶᠢᠯᠡᠨ ᠵᠠᠰᠠᠬᠤ | ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ︽ᠭᠤᠷᠪᠠᠨ ᠱᠤᠭᠤᠮ ᠨᠢᠭᠡ ᠲᠠᠩᠰᠠ︾ ᠶᠢᠨ | ᠠᠮᠢ ᠠᠬᠤᠢ ᠶᠢᠨ ᠣᠷᠴᠢᠨ ᠨᠥᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠲᠦᠷᠭᠡᠪᠴᠢᠯᠡᠨ | ᠬᠡᠷᠡᠭᠵᠢᠭᠦᠯᠵᠦ᠂ ︽2022 ᠣᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ | ᠠᠵᠢᠯᠯᠠᠭ᠎ᠠ ᠶᠢᠨ ᠲᠥᠰᠥᠯ︾ ᠢ ᠲᠣᠭᠲᠠᠭᠠᠪᠠ᠃ ᠠᠭᠠᠷ ᠮᠠᠨᠳᠠᠯ ᠤᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠪᠠ | ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ ᠴᠢᠩᠭᠠᠳᠬᠠᠵᠤ᠂ ᠠᠭᠠᠷ ᠮᠠᠨᠳᠠᠯ ᠤᠨ ᠪᠣᠬᠢᠷᠳᠤᠯ ᠢ ᠵᠠᠰᠠᠬᠤ 5 | ᠢᠨᠵᠧᠨᠧᠷᠢᠩ ᠢ ᠬᠡᠷᠡᠭᠵᠢᠭᠦᠯᠪᠡ᠃ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠪᠣᠬᠢᠷ | ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠤᠮᠠᠷᠠᠲᠦ ᠶᠢᠨ | ᠲᠡᠭᠦᠷᠭᠡ ᠶᠢᠨ ᠤᠰᠤᠨ ᠤ ᠴᠢᠨᠠᠷ ᠢ ᠴᠡᠪᠡᠷᠰᠢᠭᠦᠯᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠨᠠᠷ ᠢ | ᠳᠡᠭᠡᠭᠰᠢᠯᠡᠭᠦᠯᠬᠦ ᠵᠦᠢᠯᠡᠰ ᠢ ᠪᠡᠶᠡᠯᠡᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠶᠠᠭᠳᠠᠮᠠᠯ ᠤᠰᠤ ᠶᠢ ᠦᠯᠦ | ᠭᠠᠳᠠᠭᠰᠢᠯᠠᠭᠤᠯᠬᠤ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠬᠤᠲᠠ ᠶᠢᠨ ᠪᠣᠬᠢᠷ ᠦᠮᠡᠬᠡᠢ | ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠵᠠᠭᠠᠭᠯᠠᠯ ᠤᠨ | ᠦᠷ᠎ᠡ ᠪᠦᠲᠦᠭᠡᠯ ᠢ ᠪᠠᠬᠢᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠡᠮᠬᠢ ᠵᠠᠮᠪᠠᠷᠠᠭ᠎ᠠ ᠦᠭᠡᠢ ᠶᠢ | ᠠᠷᠢᠯᠭᠠᠬᠤ︾ ᠶᠢ ᠪᠠᠶᠢᠩᠭᠤᠵᠢᠭᠤᠯᠬᠤ ᠶᠢ ᠲᠦᠯᠬᠢᠨ ᠠᠬᠢᠭᠤᠯᠤᠨ᠎ᠠ᠃ ᠬᠥᠷᠥᠰᠥ ᠰᠢᠷᠣᠢ ᠶᠢᠨ ᠪᠣᠬᠢᠷᠳᠤᠯ ᠢ | ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠠᠶᠤᠯᠲᠠᠢ ᠬᠠᠶᠠᠭᠳᠠᠮᠠᠯ ᠪᠣᠳᠠᠰ ᠪᠠ ᠡᠮᠴᠢᠯᠡᠭᠡᠨ ᠤ ᠬᠠᠶᠠᠭᠳᠠᠮᠠᠯ | ᠪᠣᠳᠠᠰ ᠢ ᠴᠤᠭᠯᠠᠭᠤᠯᠤᠨ ᠰᠢᠢᠳᠪᠦᠷᠢᠯᠡᠬᠦ ᠠᠵᠢᠯ ᠢ ᠪᠦᠲᠦᠮᠵᠢᠲᠡᠶ ᠪᠠᠷ ᠬᠠᠮᠢᠶᠠᠷᠤᠨ ᠡᠵᠡᠮᠳᠡᠵᠦ᠂ ᠲᠠᠷᠢᠶᠠᠯᠠᠩ ᠤᠨ | ᠤᠯᠠᠨ ᠡᠬᠢᠲᠦ ᠪᠣᠬᠢᠷᠳᠤᠯ ᠢ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ | ᠦᠭᠡᠢ᠂ ᠪᠣᠬᠢᠷᠳᠤᠯ ᠲᠠᠢ︾ ᠠᠵᠤ ᠠᠬᠤᠶᠢᠯᠠᠯ᠂ ᠬᠤᠭ ᠲᠣᠭᠤᠰᠣᠨ ᠤ ᠪᠣᠬᠢᠷᠳᠤᠯ᠂ ᠢᠳᠡᠭᠡᠨ ᠤᠮᠳᠠᠭᠠᠨ ᠤ | ᠲᠣᠰᠣᠨ ᠣᠲᠤᠭ᠎ᠠ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠵᠡᠷᠭᠡ ᠶᠢ ᠲᠤᠰᠬᠠᠶᠢᠯᠠᠨ | ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠲᠠᠯᠪᠢᠵᠤ | ᠬᠠᠤᠯᠢ ᠬᠡᠷᠡᠭᠵᠢᠭᠦᠯᠬᠦ ᠶᠢ ᠴᠢᠩᠭᠠᠳᠬᠠᠨ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠥᠴᠥᠬᠡᠨ ᠴᠦ ᠠᠭᠤᠴᠢᠯᠠᠬᠤ ᠦᠭᠡᠢ᠂ ᠪᠦᠬᠦᠨ ᠢ ᠬᠠᠮᠤᠷᠬᠤ᠂ ᠬᠤᠷᠢᠭᠠᠲᠤ ᠣᠷᠣᠨ ᠦᠭᠡᠢ | ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠨ᠎ᠠ᠃ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠤᠨ᠎ᠠ᠃ ᠣᠶ ᠰᠢᠭᠤᠢ ᠶᠢᠨ | ᠳᠠᠷᠤᠭ᠎ᠠ ᠶᠢᠨ ᠳᠦᠷᠢᠮ᠂ ᠠᠭᠤᠯᠠᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠭᠤᠯᠠ ᠤᠰᠤ | ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ | ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠳᠠᠯᠠᠨ ᠬᠠᠷ᠎ᠠ ᠠᠭᠤᠯᠠ ᠶᠢᠨ | ᠡᠮᠦᠨ᠎ᠡ ᠬᠥᠲᠥᠯ ᠤᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠣᠷᠴᠢᠨ | ᠲᠣᠭᠤᠷᠢᠨ ᠢ ᠵᠠᠰᠠᠬᠤ ᠪᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ 4000 | ᠮᠦ ᠰᠢᠨ᠎ᠡ ᠪᠠᠷ ᠨᠡᠮᠡᠵᠦ ᠣᠶᠢᠵᠢᠭᠤᠯᠤᠨ᠂ 9 ᠲᠦᠮᠡᠨ ᠮᠦ ᠣᠶᠢᠲᠤ ᠭᠠᠵᠠᠷ ᠢ ᠠᠷᠠᠴᠢᠯᠠᠨ ᠬᠠᠮᠠᠭᠠᠯᠠᠵᠤ ᠲᠠᠰ | ᠳᠡᠪᠰᠢᠭᠦᠯᠵᠦ᠂ 1000 ᠮᠦ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠶᠢ ᠪᠡᠶᠡᠯᠡᠭᠦᠯᠦᠨ᠎ᠡ᠃ ᠳᠠᠯᠠᠨ ᠬᠠᠷ᠎ᠠ | ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠯᠢ ᠶᠢᠨ ᠵᠠᠭᠠᠭ ᠤᠨ ᠲᠣᠬᠢᠷᠠᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠤᠯᠤᠰ ᠠᠴᠠ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠵᠤ | ᠰᠡᠷᠭᠦᠭᠡᠬᠦ ᠲᠥᠷᠥ ᠶᠢᠨ ᠪᠣᠳᠣᠯᠭ᠎ᠠ ᠳᠤ ᠣᠷᠤᠯᠴᠠᠬᠤ ᠶᠢ ᠵᠣᠷᠢᠭᠵᠢᠭᠤᠯᠤᠨ ᠳᠡᠮᠵᠢᠵᠦ᠂ ᠨᠡᠶᠢᠭᠡᠮ ᠤᠨ | ᠬᠥᠷᠥᠩᠭᠡ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠠᠬᠢᠭᠤᠯᠤᠨ᠂ ᠳᠠᠯᠠᠨ ᠬᠠᠷ᠎ᠠ | ᠠᠭᠤᠯᠠ ᠶᠢᠨ ᠨᠤᠲᠤᠭ ᠤᠨ ᠤᠷᠭᠤᠮᠠᠯ ᠤᠨ ᠬᠦᠷᠢᠶᠡᠯᠡᠩ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ | ᠦᠷᠭᠦᠯᠵᠢᠯᠡᠨ ᠠᠬᠢᠭᠤᠯᠤᠨ᠎ᠠ᠃ ᠳᠠᠯᠠᠨ ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ ᠵᠢᠭᠤᠯᠴᠢᠯᠠᠯ ᠤᠨ | ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠮᠢ ᠠᠬᠤᠢ ᠶᠢᠨ ᠠᠵᠤ ᠠᠬᠤᠶᠢᠯᠠᠯ ᠢ ᠦᠷᠭᠦᠯᠵᠢᠯᠡᠨ | ᠬᠥᠭᠵᠢᠭᠦᠯᠬᠦ ᠵᠠᠮ ᠢᠶᠠᠷ ᠵᠠᠮᠨᠠᠭᠤᠯᠤᠨ᠎ᠠ᠃ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠡᠬᠢ ᠪᠠᠶᠠᠯᠢᠭ ᠢ ᠠᠷᠪᠢᠲᠠᠢ ᠡᠷᠴᠢᠮᠯᠢᠭ ᠣᠷᠴᠢᠯᠳᠤᠭᠤᠯᠤᠨ ᠠᠰᠢᠭᠯᠠᠬᠤ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ᠂ | ᠤᠰᠤᠨ ᠤ ᠡᠬᠢ ᠪᠠᠶᠠᠯᠢᠭ ᠢ ᠬᠤᠷᠣᠭᠳᠠᠭᠤᠯᠬᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠶᠢᠨ | ᠶᠡᠷᠦᠩᠬᠡᠢ ᠬᠡᠮᠵᠢᠶ᠎ᠡ ᠪᠠ ᠬᠦᠴᠦᠯᠡᠴᠡ ᠬᠤᠶᠠᠷ ᠢ ᠬᠢᠵᠠᠭᠠᠷᠯᠠᠬᠤ ᠶᠢ ᠬᠡᠷᠡᠭᠵᠢᠭᠦᠯᠵᠦ᠂ ᠠᠷᠢᠭᠤᠨ ᠴᠡᠪᠡᠷ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠶᠤᠯᠭᠦᠢ ᠪᠥᠭᠡᠳ ᠥᠨᠳᠥᠷ ᠪᠦᠲᠦᠮᠵᠢᠲᠡᠶ ᠡᠨᠧᠷᠭᠢ ᠶᠢᠨ | ᠰᠤᠷᠪᠤᠯᠵᠢ ᠶᠢᠨ ᠰᠢᠰᠲ᠋ᠧᠮ ᠢ ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠢᠯᠭᠠᠷᠠᠭᠤᠯᠤᠯ ᠤᠷᠬᠢᠯ ᠤᠨ ᠬᠡᠮᠵᠢᠶᠡᠨ | ᠳᠤ ᠬᠦᠷᠲᠡᠯ᠎ᠡ ᠨᠡᠮᠡᠭᠳᠡᠬᠦ ᠦᠭᠡᠢ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠪᠠ ︽1+9+N︾ ᠠᠵᠢᠯ ᠤᠨ | ᠲᠥᠰᠥᠯ ᠢ ᠲᠡᠭᠦᠯᠳᠡᠷᠵᠢᠭᠦᠯᠦᠨ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠡᠯ᠎ᠡ | ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ | ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠪᠣᠬᠢᠷᠳᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠬᠡᠵᠦ᠂ ᠪᠥᠬᠦ ᠬᠤᠲᠠ ᠶᠢᠨ ᠠᠩᠬᠠᠳᠠᠭᠴᠢ ᠰᠠᠨᠠᠭᠠᠴᠢᠯᠠᠭ᠎ᠠ ᠲᠠᠢ ᠪᠠᠷ ᠡᠨᠧᠷᠬᠢ ᠬᠡᠷᠡᠭᠯᠡᠬᠦ | ᠦᠭᠡᠢ ᠣᠷᠣᠨ ᠰᠠᠭᠤᠴᠠ ᠶᠢᠨ ᠪᠠᠷᠢᠯᠭ᠎ᠠ ᠵᠢᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | ᠤᠯᠤᠰ ᠤᠨ ᠲᠠᠰ ᠤᠨ ᠪᠦᠬᠦᠶᠢᠯᠡ ᠲᠣᠭᠤᠷᠢᠭ ᠤᠨ ᠭᠡᠷ ᠤᠨ ᠣᠷᠣᠢ ᠶᠢᠨ ᠲᠠᠷᠬᠠᠯᠲᠠ ᠶᠢᠨ ᠮᠠᠶ᠋ᠢᠭ ᠤᠨ ᠬᠡᠷᠡᠯ | ᠴᠡᠨᠡᠭ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 145 ᠰᠠᠶ᠎ᠠ ᠸᠠᠲ ᠤᠨ ᠭᠡᠷ ᠤᠨ ᠣᠷᠣᠢ ᠶᠢᠨ ᠬᠡᠷᠡᠯ ᠴᠡᠨᠡᠭ ᠤᠨ | ᠵᠢᠱᠢᠶ᠎ᠡ ᠦᠵᠡᠭᠦᠯᠬᠦ ᠢᠨᠵᠧᠨ᠋ᠷᠢᠩ ᠢ ᠭᠡᠷᠡᠭᠵᠢᠭᠦᠯᠦᠨ᠎ᠡ᠃ ᠬᠤᠭ ᠨᠣᠪᠰᠢ ᠶᠢ ᠲᠦᠷᠦᠯ ᠬᠤᠪᠢᠶᠠᠨ ᠪᠢᠲᠡᠭᠦᠦ | ᠴᠠᠭᠠᠷᠢᠭᠲᠦ ᠬᠠᠮᠢᠶᠠᠷᠤᠯᠲᠠ ᠶᠢ ᠪᠦᠷᠢᠨᠰᠢᠭᠦᠯᠵᠦ᠂ ᠬᠤᠭ ᠨᠣᠪᠰᠢ ᠶᠢ ᠲᠦᠷᠦᠯ ᠬᠤᠪᠢᠶᠠᠨ ᠵᠠᠬ᠎ᠠ ᠳᠡᠯᠭᠡᠭᠦᠷᠴᠢᠯᠡᠨ | ᠠᠵᠢᠯᠯᠠᠭᠤᠯᠬᠤ ᠶᠢ ᠲᠤᠷᠰᠢᠨ ᠠᠬᠢᠭᠤᠯᠵᠤ᠂ ᠬᠠᠶᠠᠭᠳᠠᠮᠠᠯ ᠬᠤᠷᠢᠶᠠᠨ ᠠᠪᠤᠭᠰᠠᠨ ᠪᠣᠳᠠᠰ ᠢ ᠣᠷᠴᠢᠯᠳᠤᠭᠤᠯᠤᠨ | ᠠᠰᠢᠭᠯᠠᠬᠤ ᠰᠢᠰᠲ᠋ᠧᠮ ᠢ ᠪᠠᠶᠢᠭᠤᠯᠤᠨ᠎ᠠ᠃ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠶᠢ ᠥᠷᠨᠢᠭᠦᠯᠵᠦ᠂ ᠺᠠᠳ᠋ᠷ ᠠᠵᠢᠯᠲᠠᠨ | ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠯᠪᠠᠯᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠰᠢᠨ᠎ᠡ ᠴᠠᠭ ᠤᠨ ᠥᠩᠭᠡ ᠪᠣᠯᠭᠠᠨ᠎ᠠ᠃ | ︵ᠳᠥᠷᠪᠡ︶ ᠬᠤᠲᠠ ᠬᠥᠳᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠬᠦᠴᠦ ᠪᠠᠨ | ᠲᠥᠪᠯᠡᠷᠡᠭᠦᠯᠦᠨ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢ | ᠪᠦᠲᠦᠭᠡᠨ ᠪᠠᠶᠢᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠰᠢᠨ᠎ᠡ ᠪᠠᠶᠢᠳᠠᠯ ᠢ ᠨᠢᠭᠡᠭᠡᠨᠡ | ᠰᠠᠭᠤᠷᠢ ᠲᠥᠬᠦᠭᠡᠷᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ ᠶᠢ | ᠪᠠᠷᠢᠮᠲᠠᠯᠠᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠳᠠ ᠶᠢᠨ ᠪᠠᠶᠢᠷᠢᠰᠢᠯ᠂ ᠴᠢᠳᠠᠮᠵᠢᠲᠤ ᠣᠷᠣᠨ ᠬᠤᠪᠢᠶᠠᠷᠢᠯᠠᠯ᠂ ᠵᠠᠮ | ᠬᠠᠷᠢᠯᠴᠠᠭᠠᠨ ᠤ ᠲᠣᠣᠷ ᠰᠦᠯᠵᠢᠶ᠎ᠡ ᠪᠠ ᠠᠮᠢ ᠠᠬᠤᠢ ᠶᠢᠨ ᠰᠢᠰᠲ᠋ᠧᠮ ᠢ ᠵᠦᠢ ᠵᠣᠬᠢᠰᠲᠠᠢ ᠲᠣᠬᠢᠷᠠᠭᠤᠯᠤᠨ᠎ᠠ᠃110 | ᠤᠯᠤᠰ ᠤᠨ ᠵᠠᠮ ᠳᠠᠭᠠᠤ ᠬᠤᠲᠠ ᠶᠢᠨ ᠲᠣᠭᠤᠷᠢᠭ ᠤᠨ ᠳᠡᠳ᠋ ᠲᠥᠪ ᠢ ᠲᠥᠯᠥᠪᠵᠢᠭᠦᠯᠦᠨ ᠪᠦᠲᠦᠭᠡᠨ | ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠢᠵᠢ ᠪᠦᠷᠢᠳᠦᠭᠦᠯᠬᠦ ᠪᠡᠯᠡᠳᠬᠡᠮᠵᠢ ᠶᠢ ᠦᠷᠭᠦᠯᠵᠢᠯᠡᠨ | ᠲᠡᠭᠦᠯᠳᠡᠷᠵᠢᠭᠦᠯᠦᠨ᠎ᠡ᠃ ᠳᠡᠭᠡᠳᠦ ᠲᠠᠰ ᠤᠨ ᠪᠦᠲᠦᠭᠡᠨ ᠪᠠᠶᠢᠭᠤᠯᠤᠯᠲᠠ ᠶᠢ ᠪᠠᠷᠢᠮᠲᠠᠯᠠᠨ᠂ ᠴᠢᠩᠱᠠᠨ ᠵᠠᠮ᠂ ᠶᠢᠨ | ᠬᠠᠢ ᠵᠠᠮ ᠵᠡᠷᠭᠡ 9 ᠵᠤᠷᠪᠤᠰ ᠵᠠᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 110 ᠤᠯᠤᠰ ᠤᠨ ᠵᠠᠮ ᠤᠨ | ᠪᠣᠷᠣᠭᠠᠨ ᠤ ᠤᠰᠤᠨ ᠤ ᠬᠥᠭᠡᠷᠭᠡ ᠶᠢᠨ ᠥᠷᠲᠡᠭᠡ ᠶᠢ ᠲᠠᠰ ᠳᠡᠪᠰᠢᠭᠦᠯᠵᠦ᠂ ᠬᠠᠷᠢᠶᠠᠲᠤ ᠣᠷᠣᠨ ᠤ ᠪᠣᠷᠣᠭᠠᠨ ᠤ | ᠪᠣᠬᠢᠷᠳᠤᠯ ᠤᠨ ᠬᠤᠭᠤᠯᠠᠢ ᠱᠤᠭᠤᠮ ᠢ ᠬᠤᠯᠢᠯᠳᠤᠭᠤᠯᠤᠨ ᠵᠠᠯᠭᠠᠬᠤ ᠠᠰᠠᠭᠤᠳᠠᠯ ᠢ ᠴᠢᠷᠮᠠᠶᠢᠨ ᠰᠢᠢᠳᠪᠦᠷᠢᠯᠡᠨ᠎ᠡ᠃ | ᠠᠶᠤᠯ ᠠᠴᠠ ᠠᠪᠤᠷᠠᠬᠤ ᠵᠡᠭᠦᠨ ᠵᠠᠮ᠂ ᠪᠧᠢ ᠰᠢᠨ ᠵᠡᠭᠡᠯᠢ ᠵᠡᠷᠭᠡ 20 ᠵᠤᠷᠪᠤᠰ ᠵᠠᠮ ᠤᠨ ᠭᠡᠷᠡᠯᠲᠦᠭᠦᠯᠭᠡ ᠶᠢᠨ | ᠢᠨᠵᠧᠨᠧᠷᠢᠩ ᠢ ᠬᠡᠷᠡᠭᠵᠢᠭᠦᠯᠵᠦ᠂ ᠦᠦᠰᠢᠨ ᠵᠠᠮ᠂ ᠯᠦᠩ ᠵᠢᠶᠠᠩ ᠵᠠᠮ ᠵᠡᠷᠭᠡ 5 ᠵᠤᠷᠪᠤᠰ ᠠᠷᠤ ᠭᠤᠳᠤᠮᠵᠢ ᠶᠢᠨ | ᠵᠢᠵᠢᠭ ᠭᠤᠳᠤᠮᠵᠢ ᠶᠢ ᠴᠡᠭᠴᠡᠯᠡᠨ ᠵᠠᠰᠠᠵᠤ᠂ 15 ᠤᠯᠠᠨ ᠨᠡᠶᠢᠲᠡ ᠶᠢᠨ ᠵᠤᠷᠯᠤᠩ ᠢ ᠰᠢᠨ᠎ᠡ ᠪᠠᠷ ᠥᠭᠡᠷᠡᠴᠢᠯᠡᠨ | ᠪᠠᠶᠢᠭᠤᠯᠪᠠ᠃ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠺᠠᠩ ᠯᠧ ᠪᠠᠷᠠᠭᠤᠨ ᠵᠡᠭᠡᠯᠢ᠂ ᠪᠢᠨ ᠾᠧ ᠵᠠᠮ ᠵᠡᠷᠭᠡ 5 ᠵᠤᠷᠪᠤᠰ ᠵᠠᠮ ᠤᠨ | ᠴᠢᠬᠢ ᠮᠣᠳᠣ ᠶᠢ ᠰᠢᠨ᠎ᠡ ᠪᠠᠷ ᠲᠠᠷᠢᠵᠤ ᠨᠦᠬᠦᠨ᠂ ᠬᠤᠨ ᠭᠠᠯᠠᠭᠤᠨ ᠤ ᠬᠦᠷᠢᠶᠡᠯᠡᠩ᠂ ᠤᠣ ᠭᠧᠨ ᠴᠡᠴᠡᠷᠯᠢᠭ ᠵᠡᠷᠭᠡ | 9 ᠪᠠᠭ᠎ᠠ ᠴᠡᠴᠡᠷᠯᠢᠭ ᠪᠠ ᠠᠭᠤᠳᠠᠮ ᠲᠠᠯᠠᠪᠠᠢ ᠶᠢ ᠰᠢᠨ᠎ᠡ ᠪᠠᠷ ᠥᠭᠡᠷᠡᠴᠢᠯᠡᠨ ᠪᠠᠶᠢᠭᠤᠯᠤᠨ᠎ᠠ᠃ ᠤᠷᠤᠨ | ᠰᠠᠭᠤᠴᠠ ᠶᠢᠨ ᠲᠣᠬᠢᠷᠠᠮᠵᠢᠲᠠᠢ ᠲᠠᠭᠠᠯᠠᠮᠵᠢᠲᠠᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠦᠢ | ᠼᠠᠢ᠂ ᠤᠭᠲᠤᠯᠭ᠎ᠠ ᠵᠡᠷᠭᠡ 30 ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠪᠠᠶᠠᠨ | ᠴᠢᠨᠡᠭᠡᠯᠢᠭ 1#᠂ ᠵᠣᠯ ᠵᠢᠷᠭᠠᠯᠲᠦ 3# ᠵᠡᠷᠭᠡ 40 ᠲᠦᠮᠡᠨ ᠲᠡᠭᠰᠢ ᠳᠥᠷᠪᠡᠯᠵᠢᠨ ᠮᠧᠲᠷ ᠤᠨ ᠣᠲᠣ ᠶᠢᠨ ᠪᠠᠶᠢᠭ᠎ᠠ | ᠣᠷᠣᠨ ᠰᠠᠭᠤᠴᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠬᠤᠲᠠ ᠶᠢᠨ ᠰᠣᠶᠣᠯ | ᠤᠯᠠᠮᠵᠢᠯᠠᠯ ᠢ ᠵᠠᠯᠭᠠᠮᠵᠢᠯᠠᠵᠤ᠂ ᠴᠢᠯᠦᠭᠡᠲᠦ ᠵᠠᠮ ᠤᠨ 2 ᠳ᠋ᠤᠭᠠᠷ ᠨᠣᠮᠧᠷᠲᠤ ᠬᠥᠷᠰᠢ ᠵᠡᠷᠭᠡᠯᠡᠳᠡᠭᠡ ᠶᠢᠨ ︽ | ᠬᠠᠭᠤᠴᠢᠨ ᠢ ᠬᠡᠪ ᠢᠶᠠᠷ ᠪᠠᠶᠢᠯᠭᠠᠬᠤ ᠵᠠᠰᠠᠯᠲᠠ︾ ᠵᠢᠨᠲ᠋ᠥ᠋ᠷᠥᠯ ᠵᠦᠢᠯ ᠢ ᠪᠠᠶᠢᠭᠤᠯᠬᠤ ᠨᠢ ᠴᠡᠷᠢᠭ ᠤᠨ | ᠵᠡᠪᠰᠡᠭ ᠤᠨ ᠲᠡᠦᠬᠡ ᠰᠣᠶᠣᠯ ᠤᠨ ᠰᠢᠨ᠎ᠡ ᠪᠡᠯᠭᠡ ᠲᠡᠮᠳᠡᠭ ᠪᠤᠯᠭᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠤᠨ᠎ᠠ᠃ ᠦᠨᠳᠦᠰᠦᠨ ᠵᠦᠢᠯ ᠢ | ᠪᠠᠲᠤᠯᠠᠬᠤ ᠴᠢᠨᠠᠷᠲᠠᠢ ᠲᠦᠷᠦ ᠶᠢᠨ ᠪᠣᠳᠣᠯᠭ᠎ᠠ᠂ ᠰᠢᠯᠢᠳᠡᠭᠵᠢᠭᠦᠯᠦᠨ ᠬᠥᠭᠵᠢᠭᠦᠯᠬᠦ ᠲᠦᠷᠦᠯ ᠤᠨ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠬᠦᠴᠢᠷᠳᠡᠯ ᠲᠠᠢ ᠡᠷᠦᠬᠡ ᠶᠢᠨ ᠡᠪᠡᠳᠴᠢᠨ ᠤ | ᠰᠢᠯᠲᠠᠭᠠᠨ ᠠᠴᠠ ᠪᠣᠯᠵᠤ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ | ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠡᠵᠡᠩᠨᠡᠯᠲᠡ ᠶᠢ ᠴᠢᠩᠭᠠᠳᠬᠠᠵᠤ᠂ | ᠲᠣᠰᠬᠤᠨ ᠤ ᠠᠷᠠᠳ ᠤᠨᠬᠥ᠋ᠳᠡᠭᠡ ᠲᠣᠰᠬᠤᠨ ᠤ ᠵᠠᠮ ᠤᠨ ᠲᠣᠣᠷ ᠤᠨ ᠪᠦᠲᠦᠴᠡ ᠶᠢ ᠰᠢᠯᠢᠳᠡᠭᠵᠢᠭᠦᠯᠵᠦ᠂ ᠰᠠᠶᠢᠬᠠᠨ | ᠵᠠᠮ ᠤᠨ ᠤᠮᠠᠷᠠᠰᠢ ᠦᠷᠭᠦᠯᠵᠢᠯᠡᠭᠦᠯᠬᠦ ᠪᠠᠷᠢᠯᠭ᠎ᠠ ᠶᠢᠨ ᠠᠵᠢᠯ ᠢ ᠲᠦᠷᠭᠡᠳᠬᠡᠨ ᠠᠬᠢᠭᠤᠯᠵᠤ᠂ 110 ᠤᠯᠤᠰ ᠤᠨ | ᠵᠠᠮ ᠤᠨ ᠤᠮᠠᠷᠠᠲᠦ ᠬᠤᠲᠠᠲ᠋ᠣᠭᠤᠷᠢᠭᠰᠠᠨ ᠵᠠᠰᠠᠮᠠᠯ ᠵᠠᠮ ᠤᠨ ᠪᠠᠷᠢᠯᠭ᠎ᠠ ᠶᠢ ᠲᠠᠲᠠᠪᠤᠷᠢᠯᠠᠨ ᠨᠤᠷᠠᠭᠠᠬᠤ ᠠᠵᠢᠯ ᠢ | ᠪᠡᠶᠡᠯᠡᠭᠦᠯᠵᠦ᠂ ᠴᠢᠩᠱᠠᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ G6 ᠳᠡᠭᠡᠳᠦ ᠬᠤᠷᠳᠤ ᠶᠢᠨ ᠵᠠᠰᠠᠮᠠᠯ | ᠵᠠᠮ ᠤᠨ ᠴᠢᠩᠱᠠᠨ ᠤ ᠭᠠᠷᠬᠤ ᠡᠭᠦᠳᠡ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ︽ᠣᠯᠠᠨ | ᠲᠥᠯᠦᠪᠵᠢᠭᠦᠯᠭᠡ ᠶᠢ ᠨᠡᠶᠢᠯᠡᠭᠦᠯᠦᠨ ᠨᠢᠭᠡ ᠪᠣᠯᠭᠠᠬᠤ︾ ᠬᠡᠷᠡᠭᠯᠡᠭᠡᠨ ᠤ ᠴᠢᠨᠠᠷᠲᠠᠢ ᠠᠶᠢᠯ ᠲᠣᠰᠬᠤᠨ ᠤ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ | ᠥᠷᠨᠢᠭᠦᠯᠦᠨ᠎ᠡ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠠᠬᠤᠢ ᠶᠢ ᠴᠡᠭᠴᠡᠯᠡᠨ | ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ | ᠵᠣᠷᠯᠣᠩ ᠤᠨ ᠦᠭᠡᠷᠡᠴᠢᠯᠡᠯᠲᠡ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ 6 ᠲᠣᠰᠬᠤᠨ ᠤ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠬᠦ | ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠭᠤᠶᠤ ᠰᠠᠶᠢᠬᠠᠨ ᠬᠥᠳᠡᠭᠡ ᠲᠣᠰᠬᠤᠨ ᠤ ᠣᠷᠣᠰᠢᠨ | ᠰᠠᠭᠤᠬᠤ ᠳᠤ ᠲᠣᠬᠢᠷᠠᠮᠵᠢᠲᠠᠢ ᠰᠢᠨ᠎ᠡ ᠬᠠᠭᠤᠳᠠᠰᠤ ᠶᠢ ᠵᠢᠷᠤᠭᠯᠠᠨ᠎ᠠ᠃ | ᠬᠤᠳᠠ ᠶᠢᠨ ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠎ᠠ᠃ ᠪᠦᠬᠦ ᠤᠯᠤᠰ ᠤᠨ ᠪᠣᠯᠪᠠᠰᠤᠨ ᠬᠤᠳᠠ ᠪᠠ | ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠶᠢᠩᠭᠤ ᠶᠢᠨ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠨ ᠬᠡᠷᠡᠭᠵᠢᠭᠦᠯᠵᠦ᠂ ︽ᠡᠭᠦᠳᠡᠨ ᠡᠮᠦᠨ᠎ᠡ ᠭᠡᠷ ᠤᠨᠠᠷᠤ ᠭᠤᠷᠪᠠ ᠶᠢ ᠳᠠᠭᠠᠭᠠᠴᠢᠯᠠᠭᠤᠯᠬᠤ︾ | ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠤᠷ ᠤᠨ | ᠬᠤᠷᠠᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ︽ᠬᠤᠸᠠᠷ ᠬᠠᠳᠬᠤᠬᠤ ᠡᠷᠳᠡᠮ︾ ᠢᠶᠠᠷ | ᠬᠤᠳᠠ ᠶᠢᠨ ᠵᠠᠰᠠᠯᠲᠠ ᠶᠢ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ᠂ ᠣᠶᠤᠨᠴᠢᠯᠠᠬᠤ ᠶᠢ ᠠᠬᠢᠭᠤᠯᠵᠤ᠂ | ᠲᠣᠭᠠᠴᠢᠯᠠᠭᠰᠠᠨ ᠬᠤᠳᠠ ᠶᠢᠨ ᠬᠠᠮᠢᠶᠠᠷᠤᠯᠲᠠ ᠶᠢᠨ ᠲᠠᠪᠴᠠᠩ ᠢ ᠲᠡᠰ ᠳᠡᠪᠰᠢᠭᠦᠯᠵᠦ᠂ ᠣᠶᠤᠨᠴᠢᠯᠠᠭᠰᠠᠨ ᠬᠤᠳᠠ ᠶᠢᠨ | ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ 3 ᠣᠶᠤᠨᠴᠢ ᠢᠳᠡᠰᠢᠨ ᠨᠣᠭᠤᠭ᠎ᠠ ᠶᠢᠨ ᠳᠡᠯᠭᠡᠭᠦᠷ ᠢ ᠪᠠᠶᠢᠭᠤᠯᠵᠤ᠂ | ᠸᠠᠩ ᠶᠤᠸᠠᠨ ᠴᠡᠴᠡᠷᠯᠢᠭ ᠤᠨ ᠳᠤᠮᠳᠠ ᠵᠠᠮ ᠤᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠲᠠᠰ | ᠳᠡᠪᠰᠢᠭᠦᠯᠦᠨ ᠥᠭᠡᠷᠡᠴᠢᠯᠡᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢ ᠤᠷᠮᠠᠰᠢᠭᠤᠯᠬᠤ | ᠲᠣᠭᠲᠠᠴᠠ ᠪᠠ ᠰᠢᠯᠢᠳᠡᠭ ᠶᠢ ᠨᠢ ᠰᠢᠯᠢᠵᠦ ᠰᠢᠭᠠᠷᠤ ᠶᠢ ᠨᠢ ᠲᠠᠶᠠᠭᠳᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠲᠤᠭᠤᠷᠢᠭ ᠤᠨ ᠲᠠᠰ ᠤᠨ ᠳᠡᠰᠯᠡᠬᠦ ᠠᠳᠠᠯ ᠠᠬᠤᠢ ᠶᠢᠨ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠬᠡᠷᠡᠭᠵᠢᠭᠦᠯᠵᠦ᠂ | ᠠᠳᠠᠯ ᠠᠬᠤᠢ ᠶᠢᠨ ᠬᠠᠮᠢᠶᠠᠷᠤᠯᠲᠠ ᠶᠢᠨ ᠵᠠᠬ᠎ᠠ ᠳᠡᠯᠭᠡᠭᠦᠷᠴᠢᠯᠡᠬᠦ᠂ ᠵᠢᠷᠤᠮᠵᠢᠭᠤᠯᠬᠤ ᠶᠢ ᠨᠠᠷᠢᠯᠢᠭ ᠣᠨᠣᠴᠠᠲᠠᠢ ᠪᠠᠷ | ᠠᠬᠢᠭᠤᠯᠤᠨ᠂ ᠤᠯᠤᠰ ᠤᠨ ᠥᠮᠴᠢᠯᠡᠯᠲᠦ ᠠᠳᠠᠯ ᠠᠬᠤᠢ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠵᠢᠵᠢᠭ | ᠲᠣᠭᠤᠷᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠠᠳᠠᠯ ᠠᠬᠤᠢ ᠶᠢᠨ ᠶᠢ | ᠦᠨᠡᠨᠬᠦ ᠶᠠᠰᠦ ᠴᠢᠨᠠᠷ ᠪᠠ ᠦᠨ᠎ᠡ ᠦᠷᠳᠡᠭ ᠲᠠᠢ ᠬᠠᠷᠢᠯᠴᠠᠨ ᠨᠡᠶᠢᠴᠡᠭᠦᠯᠦᠨ᠎ᠡ᠃ ᠵᠠᠮ ᠬᠠᠷᠢᠯᠴᠠᠭ᠎ᠠ ᠶᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠲᠡᠷᠭᠡ ᠵᠣᠭᠰᠤᠭᠠᠬᠤ ᠳᠤ ᠬᠦᠴᠢᠷ᠂ ᠵᠠᠮ ᠬᠠᠷᠢᠯᠴᠠᠭ᠎ᠠ | ᠲᠦᠭᠵᠢᠷᠡᠬᠦ᠂ ᠵᠠᠮ ᠡᠵᠡᠯᠡᠨ ᠡᠵᠡᠩᠨᠡᠬᠦ ᠵᠡᠷᠭᠡ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠵᠦ᠂ | ᠴᠡᠪᠡᠷ ᠲᠡᠭᠰᠢ ᠡᠮᠬᠢ ᠳᠢᠭᠯᠢᠮ ᠲᠠᠢ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠠᠷᠠᠳ | ᠤᠯᠠᠨ ᠤ ᠬᠤᠳᠠ ᠶᠢᠨ ᠠᠮᠢᠳᠤᠷᠠᠯ ᠢᠨᠡᠩ ᠲᠦᠭᠦᠮ᠂ ᠨᠡᠩ ᠲᠠᠭᠠᠯᠠᠮᠵᠢᠲᠠᠢ ᠪᠣᠯᠭᠠᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠪᠤᠶᠠᠨ ᠭᠡᠰᠢᠭ ᠢ ᠰᠠᠶᠢᠵᠢᠷᠠᠭᠤᠯᠬᠤ ᠳᠤ ᠬᠦᠴᠦᠨ ᠢᠶᠠᠨ | ᠲᠥᠪᠯᠡᠷᠡᠭᠦᠯᠦᠨᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠬᠦᠴᠢᠷ | ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ ᠰᠢᠨ᠎ᠡ ᠪᠠᠶᠢᠳᠠᠯ ᠢ ᠨᠡᠭᠡᠭᠡᠨ᠎ᠡ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ︽ᠴᠢᠩᠱᠠᠨ ᠳᠤ | ᠰᠤᠷᠤᠯᠴᠠᠬᠤ︾ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠦᠷᠭᠦᠯᠵᠢᠯᠡᠨ ᠶᠡᠬᠡᠰᠬᠡᠵᠦ᠂ ᠬᠠᠳᠠ ᠵᠠᠮ ᠤᠨ | ᠪᠠᠭ᠎ᠠ ᠰᠤᠷᠭᠠᠭᠤᠯᠢ᠂ ᠵᠤᠯ ᠵᠢᠷᠭᠠᠯ ᠵᠠᠮ ᠤᠨ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠬᠤᠯᠪᠤᠭ᠎ᠠ᠂ | ᠨᠢᠭᠡᠳᠦᠭᠡᠷ ᠮᠠᠰᠢᠨ ᠮᠧᠬᠠᠨᠢᠭ ᠤᠨ ᠬᠤᠶᠠᠳᠤᠭᠠᠷ ᠬᠦᠷᠢᠶᠡᠯᠡᠩ ᠢ ᠥᠷᠭᠡᠳᠬᠡᠨ ᠪᠠᠶᠢᠭᠤᠯᠬᠤ ᠢᠨᠵᠧᠨᠧᠷᠢᠩ ᠢ | ᠬᠡᠷᠡᠭᠵᠢᠭᠦᠯᠬᠦ ᠶᠢ ᠠᠬᠢᠭᠤᠯᠤᠨ᠎ᠠ᠃ ᠰᠤᠷᠭᠠᠭᠤᠯᠢ ᠶᠢᠨ ᠵᠠᠬᠢᠷᠤᠯ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ | ᠲᠣᠭᠲᠠᠴᠠ ᠶᠢ ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠬᠤᠯᠪᠣᠭ᠎ᠠ ᠪᠠ ᠨᠡᠷᠡᠲᠦ ᠰᠤᠷᠭᠠᠭᠤᠯᠢ ᠠᠴᠠ ᠬᠤᠪᠢᠶᠠᠷᠢ | ᠰᠤᠷᠭᠠᠭᠤᠯᠢ ᠡᠷᠬᠢᠯᠡᠬᠦ ᠵᠡᠷᠭᠡ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ︽ᠬᠤᠶᠠᠷ ᠢ ᠬᠦᠩᠭᠡᠷᠡᠭᠦᠯᠬᠦ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠷᠭᠠᠨ | ᠬᠥᠮᠦᠵᠢᠯ ᠤᠨ ᠬᠢᠨᠠᠨ ᠵᠢᠯᠤᠭᠤᠳᠬᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠰᠢᠯᠢᠳᠡᠭᠵᠢᠭᠦᠯᠦᠨ᠎ᠡ᠃ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ︽ᠲᠤᠯᠤᠭᠠᠨ ᠨᠢᠭᠡ︾ ᠪᠠ ︽ᠲᠠᠪᠤᠨ | ᠵᠦᠢᠯ ᠤᠨ ᠬᠠᠮᠢᠶᠠᠷᠤᠯᠲᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠤᠷᠭᠠᠨ ᠬᠥᠮᠦᠵᠢᠯ ᠤᠨ | ᠦᠨᠡᠯᠡᠯᠲᠡ ᠶᠢᠨ ᠥᠭᠡᠷᠡᠴᠢᠯᠡᠯᠲᠡ ᠪᠠᠷ ᠬᠥᠲᠥᠯᠥᠮᠵᠢ ᠪᠣᠯᠭᠠᠵᠤ᠂ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ | ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠬᠥᠮᠦᠵᠢᠯ ᠤᠨ ᠠᠵᠢᠯ ᠢ ᠪᠥᠬᠦ ᠲᠠᠯ᠎ᠠ ᠪᠠᠷ | ᠴᠢᠩᠭᠠᠳᠬᠠᠨ ᠰᠠᠶᠢᠵᠢᠷᠠᠭᠤᠯᠵᠤ᠂ ︽ᠲᠠᠪᠤᠨ ᠬᠥᠮᠦᠵᠢᠯ︾ ᠢ ᠵᠡᠷᠭᠡ ᠪᠠᠷ ᠠᠳᠬᠤᠬᠤ ᠶᠢ ᠲᠦᠯᠬᠢᠨ ᠠᠬᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ ᠭᠤᠷᠪᠠᠳᠤᠭᠠᠷ | ᠬᠡᠦᠬᠡᠳ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠲᠣᠭᠤᠷᠢᠭ ᠤᠨ | ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠲᠣᠮᠣ ᠠᠰᠠᠷ ᠢ ᠪᠠᠶᠢᠭᠤᠯᠵᠤ ᠬᠡᠷᠡᠭᠯᠡᠯᠲᠡ ᠳᠤ ᠤᠷᠤᠭᠤᠯᠦᠨᠠ᠃ | ᠡᠷᠡᠭᠦᠯ ᠡᠩᠬᠡ ᠴᠢᠩᠱᠠᠨ ᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠥᠷᠨᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ | ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠤᠭᠤᠲᠦ ᠶᠢᠨ ᠰᠣᠶᠣᠯ ᠤᠷᠠᠯᠢᠭ ᠤᠨ ᠨᠠᠶᠢᠷ᠂ ᠳ᠋ᠦᠩ ᠳ᠋ᠠ ᠱᠠᠨ | ᠤᠷᠠᠯᠢᠭ ᠤᠨ ᠨᠠᠶᠢᠷ ᠵᠡᠷᠭᠡ ᠣᠯᠠᠨ ᠲᠦᠮᠡᠨᠴᠢ ᠴᠢᠨᠠᠷᠲᠠᠢ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠨᠠᠷᠢᠨ | ᠨᠢᠮᠪᠠᠢ ᠪᠡᠯᠡᠳᠬᠡᠨ ᠡᠷᠭᠢᠯᠡᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠨᠢᠭᠦᠯᠵᠦ᠂ | ᠣᠯᠠᠨ ᠲᠦᠮᠡᠨᠴᠢ ᠴᠢᠨᠠᠷᠲᠠᠢ ᠮᠥᠰᠥ ᠴᠠᠰᠤᠨ ᠤ ᠲᠥᠷᠥᠯ ᠵᠦᠢᠯ ᠢ ᠶᠡᠬᠡᠪᠡᠷ ᠳᠡᠯᠭᠡᠷᠡᠭᠦᠯᠦᠨ ᠲᠦᠭᠡᠮᠡᠯᠵᠢᠭᠦᠯᠵᠦ᠂ | ᠪᠡᠶ᠎ᠡ ᠶᠢᠨ ᠲᠠᠮᠢᠷ ᠤᠨ ᠲᠥᠪ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠳᠡᠯᠡᠬᠡᠢ ᠶᠢᠨ ᠡᠷᠡᠭᠲᠡᠢ ᠶᠢᠨ ᠲᠣᠣᠷ | ᠪᠥᠮᠪᠦᠭᠡ ᠶᠢᠨ ᠲᠣᠭᠤᠷᠢᠨ ᠭᠦᠶᠦᠬᠦ ᠤᠷᠤᠯᠳᠤᠭᠠᠨ᠂ ᠪᠥᠬᠦ ᠤᠯᠤᠰ ᠤᠨ ᠡᠷᠡᠭᠲᠡᠢ ᠶᠢᠨ ᠤᠰᠤᠨ ᠪᠥᠮᠪᠦᠭᠡ ᠶᠢᠨ | ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠲᠠᠰ ᠤᠨ | ᠤᠷᠤᠯᠳᠤᠭᠠᠨ ᠡᠷᠭᠢᠯᠡᠬᠦ ᠶᠢ ᠳᠡᠮᠵᠢᠵᠦ᠂ ᠬᠤᠲᠠ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ | ᠯᠠᠪᠳᠠᠭᠤᠨ ᠪᠠᠲᠤᠲᠠᠢ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠨᠡᠶᠢᠭᠡᠮ ᠤᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠬᠦᠴᠦᠯᠡᠨ ᠥᠷᠭᠡᠳᠬᠡᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ | ᠲᠥᠯᠥᠪᠯᠡᠭᠡ ᠶᠢ ᠬᠡᠷᠡᠭᠵᠢᠭᠦᠯᠬᠦ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ᠃ᠠᠵᠢᠯ ᠣᠯᠭᠤᠬᠤ | ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢ ᠪᠣᠳᠠᠲᠠᠶᠢᠵᠢᠭᠤᠯᠵᠤ᠂ ᠠᠳᠠᠯ ᠦᠢᠯᠡᠰ ᠴᠣᠭᠴᠠᠯᠠᠬᠤ ᠶᠢ | ᠨᠡᠪᠴᠢᠭᠦᠯᠬᠦ ᠰᠠᠭᠤᠷᠢᠨ ᠭᠠᠵᠠᠷ ᠤᠨ ᠦᠢᠯᠡᠴᠢᠯᠡᠭᠡᠨ ᠤ ᠴᠢᠳᠠᠪᠤᠷᠢ ᠶᠢ ᠲᠠᠰ ᠳᠡᠪᠰᠢᠭᠦᠯᠦᠨ᠂ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠵᠡᠭᠡᠯᠢ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂ ᠠᠳᠠᠯ | ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ 7000 ᠲᠦᠮᠡᠨ ᠲᠥᠭᠦᠷᠢᠭ ᠲᠠᠷᠬᠠᠭᠠᠵᠤ᠂ ᠬᠤᠲᠠ | ᠪᠠᠯᠭᠠᠰᠤ ᠶᠢᠨ 10000 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠢ ᠪᠠ ᠠᠵᠢᠯ | ᠠᠯᠳᠠᠭᠰᠠᠳ ᠲᠤ ᠳᠠᠬᠢᠨ 3000 ᠬᠥᠮᠥᠨ ᠳᠤ ᠠᠵᠢᠯ ᠣᠯᠭᠤᠬᠤ ᠶᠢ ᠠᠬᠢᠭᠤᠯᠤᠨ᠂ ︽ᠨᠢᠭᠡ ᠴᠦ ᠠᠵᠢᠯ | ᠣᠯᠣᠭᠰᠠᠨ ᠦᠭᠡᠢ ᠭᠡᠷ ᠪᠦᠯᠢ︾ ᠶᠢ ᠬᠥᠳᠡᠯᠦᠩᠭᠦᠢ ᠪᠠᠷ ᠴᠡᠪᠡᠷᠯᠡᠬᠦ ᠶᠢ ᠪᠠᠲᠤᠯᠠᠨ᠎ᠠ᠃ ᠡᠮ ᠡᠮᠨᠡᠯᠭᠡ ᠶᠢᠨ | ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠡᠮ | ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠲᠦᠷᠭᠡᠪᠴᠢᠯᠡᠨ ᠳᠡᠯᠭᠡᠷᠡᠭᠦᠯᠵᠦ᠂ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ | ᠶᠡᠷᠦᠩᠬᠡᠶᠢᠯᠡᠭᠰᠡᠨ ᠪᠠᠲᠤᠯᠠᠭ᠎ᠠ ᠵᠢᠡᠮᠴᠢᠯᠡᠭᠡ ᠰᠤᠪᠢᠯᠠᠯᠲᠠ ᠡᠷᠡᠭᠦᠯᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ | ᠰᠤᠪᠢᠯᠠᠯᠲᠠ ᠶᠢᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠠᠰᠢᠭᠯᠠᠯᠲᠠ ᠳᠤ ᠣᠷᠣᠬᠤ ᠶᠢ ᠦᠨᠡᠨᠬᠦ | ᠪᠠᠲᠤᠯᠠᠨ᠎ᠠ᠃ ᠶᠣᠣ ᠶᠠᠩ ᠤᠨ ᠨᠠᠰᠤᠵᠢᠯ ᠤᠨ ᠠᠰᠠᠷᠠᠮᠵᠢ᠂ ᠶᠢᠨ ᠰᠢᠨ ᠡᠮᠴᠢᠯᠡᠭᠡ ᠵᠡᠷᠭᠡ ᠡᠷᠡᠭᠦᠯᠵᠢᠯ | ᠰᠤᠪᠢᠯᠠᠯᠲᠠ ᠶᠢᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ︽ᠨᠡᠶᠢᠭᠡᠮ ᠲᠣᠭᠤᠷᠢᠭ + | ᠠᠳᠠᠯ ᠠᠬᠤᠢ + ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ︾ ᠶᠢᠨ ᠵᠠᠭᠪᠤᠷ ᠢ ᠰᠦᠪᠡᠭᠴᠢᠯᠡᠨ᠂ ᠭᠡᠷ ᠲᠡᠭᠡᠨ | ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠲᠦᠮᠵᠢᠲᠡᠶ | ᠬᠠᠩᠭᠠᠯᠭ᠎ᠠ ᠶᠢ ᠨᠡᠮᠡᠭᠳᠡᠭᠦᠯᠵᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ | ᠬᠠᠭᠤᠳᠠᠰᠤ ᠶᠢ ᠲᠣᠭᠲᠠᠭᠠᠨ᠂ ᠮᠢ ᠳ᠋ᠧᠦ ᠱᠦ᠋ ᠤᠨ ᠨᠡᠶᠢᠭᠡᠮ ᠲᠣᠭᠤᠷᠢᠭ ᠤᠨ ᠡᠷᠡᠭᠦᠯᠵᠢᠯ ᠰᠤᠪᠢᠯᠠᠯᠲᠠ ᠶᠢᠨ | ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠡᠭᠡᠯᠢ ᠭᠤᠳᠤᠮᠵᠢ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠴᠡᠭ ᠢ ᠪᠦᠬᠦᠨ ᠢ ᠬᠠᠮᠤᠷᠬᠤ ᠶᠢ | ᠪᠡᠶᠡᠯᠡᠭᠦᠯᠦᠨ᠎ᠡ᠃ ᠥᠮᠴᠢᠯᠡᠯ ᠤᠨ ᠡᠷᠬᠡ ᠶᠢᠨ 5 ᠦᠯᠡᠳᠡᠭᠳᠡᠯ ᠲᠥᠷᠥᠯ ᠵᠦᠢᠯ ᠢ ᠡᠷᠦᠬᠡ ᠬᠤᠪᠢᠶᠠᠨ ᠥᠮᠴᠢᠯᠡᠯ ᠤᠨ | ᠡᠷᠬᠡ ᠶᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠪᠥᠬᠦ ᠲᠤᠭᠤᠷᠢᠭ ᠤᠨ ᠥᠮᠴᠢᠯᠡᠯ ᠤᠨ ᠡᠷᠬᠡ ᠶᠢᠨ | ᠦᠯᠡᠳᠡᠭᠳᠡᠯ ᠠᠰᠠᠭᠤᠳᠠᠯ ᠢ ᠲᠤᠶᠢᠯᠪᠤᠷᠢᠲᠠᠢ ᠴᠡᠪᠡᠷᠯᠡᠬᠦ ᠶᠢ ᠪᠡᠶᠡᠯᠡᠭᠦᠯᠦᠨ᠎ᠡ᠃ ᠴᠡᠷᠢᠭ ᠤᠨ ᠠᠯᠪᠠᠨ ᠠᠴᠠ | ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠷᠠᠭᠠᠯᠵᠠᠨ ᠲᠥᠪᠬᠢᠨᠡᠭᠦᠯᠬᠦ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︽ᠪᠣᠳᠠᠰ + ᠦᠢᠯᠡᠴᠢᠯᠡᠭᠡ︾ ᠶᠢᠨ ᠳᠠᠪᠬᠤᠷ ᠠᠪᠤᠷᠠᠨ | ᠲᠤᠰᠠᠯᠠᠬᠤ ᠵᠠᠭᠪᠤᠷ ᠢ ᠲᠡᠭᠦᠯᠳᠡᠷᠵᠢᠭᠦᠯᠵᠦ᠂ ᠬᠦᠰᠡᠯ ᠡᠷᠡᠮᠡᠯᠵᠡᠯ ᠲᠠᠢ ᠪᠥᠭᠡᠳ ᠴᠢᠳᠠᠪᠤᠷᠢ ᠲᠠᠢ ᠠᠵᠤ ᠠᠬᠤᠶᠢᠯᠠᠯ ᠪᠠ | ᠨᠡᠶᠢᠭᠡᠮ ᠤᠨ ᠬᠠᠮᠲᠤᠯᠢᠭ ᠤᠨ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ | ᠣᠷᠤᠯᠴᠠᠬᠤ ᠶᠢ ᠲᠡᠮᠵᠢᠨ᠎ᠡ᠃ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢᠨ ᠬᠠᠷᠰᠢ ᠰᠠᠭᠠᠳ | ᠦᠭᠡᠢ ᠶᠢ ᠥᠭᠡᠷᠡᠴᠢᠯᠡᠬᠦ ᠡᠷᠴᠢᠮ ᠢ ᠴᠢᠩᠭᠠᠷᠠᠭᠤᠯᠵᠤ᠂ ︽ᠲᠦᠭᠡᠮᠡᠯ ᠬᠠᠶᠢᠷ᠎ᠠ ᠶᠢᠨ ᠭᠡᠷ ᠣᠷᠣᠨ︾ ᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠡᠮᠡᠭᠲᠡᠶᠢᠴᠦᠳ ᠬᠡᠦᠬᠡᠳ ᠤᠨ ᠰᠢᠨ᠎ᠡ ︽ | ᠬᠤᠶᠠᠷ ᠬᠥᠲᠥᠯᠪᠦᠷᠢ︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠦᠨ᠎ᠡ᠃ ᠬᠥᠮᠥᠨ ᠪᠠ ᠭᠠᠵᠠᠷ ᠣᠷᠣᠨ ᠢ | ᠬᠠᠮᠲᠤ ᠳᠤᠨᠢ ᠰᠡᠷᠭᠡᠶᠢᠯᠡᠬᠦ᠂ ᠬᠡᠪ ᠤᠨ ᠬᠢᠨᠠᠨ ᠬᠡᠮᠵᠢᠯᠲᠡ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ | ᠣᠯᠠᠨ ᠲᠠᠯ᠎ᠠ ᠳᠤ ᠭᠦᠨᠳᠡᠭᠰᠡᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠷᠢᠮᠲᠠᠯᠠᠨ᠂ | ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠭᠰᠢᠭᠦᠷᠢ ᠶᠢ ᠱᠠᠲᠤ ᠬᠤᠪᠢᠶᠠᠨ | ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ | ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ | ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ | ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠷᠣᠨ | ᠰᠠᠭᠤᠴᠠ ᠶᠢᠨ ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠬᠡᠷᠡᠭᠯᠡᠭᠴᠢ ᠶᠢᠨ ᠰᠢᠲᠠᠮᠠᠬᠠᠢ ᠬᠡᠢ ᠶᠢᠨ | ᠮᠡᠷᠭᠡᠵᠢᠯ ᠢᠶᠠᠷ ᠰᠡᠷᠭᠡᠶᠢᠯᠡᠬᠦ ᠪᠡᠯᠡᠳᠬᠡᠮᠵᠢ ᠶᠢ ᠤᠭᠰᠠᠷᠠᠭᠤᠯᠤᠨ ᠥᠭᠡᠷᠡᠴᠢᠯᠡᠬᠦ ᠶᠢ ᠪᠥᠬᠦ ᠲᠠᠯ᠎ᠠ ᠪᠠᠷ ᠤᠭᠰᠠᠷᠠᠵᠦ | ᠦᠭᠡᠷᠡᠴᠢᠯᠡᠨ᠎ᠡ᠃ ︽ᠢᠨᠲ᠋ᠧᠷ ᠰᠦᠯᠵᠢᠶ᠎ᠡ + ᠣᠶᠤᠨᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ︾ ᠶᠢ | ᠶᠡᠬᠡᠪᠡᠷ ᠲᠦᠯᠬᠢᠨ ᠠᠬᠢᠭᠤᠯᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ︽ᠢᠯᠡ ᠲᠣᠭᠤᠭ᠎ᠠ︾ | ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠴᠢᠳᠠᠮᠵᠢ ᠶᠢ | ᠥᠷᠭᠡᠳᠬᠡᠨ᠎ᠡ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠪᠠᠶᠢᠩᠭᠤᠵᠢᠭᠰᠠᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠠᠵᠢᠯ ᠢ ᠰᠠᠶᠢᠲᠤᠷ ᠬᠢᠵᠦ᠂ ᠠᠶᠤᠯ ᠲᠦᠭᠰᠢᠭᠦᠷᠢ ᠶᠡᠬᠡᠲᠡᠢ ᠬᠠᠤᠯᠢ ᠶᠢᠨ ᠡᠷᠬᠡᠲᠡᠨ ᠤ ᠪᠠᠩᠬᠢ ᠶᠢᠨ ᠲᠣᠭᠲᠠᠭᠰᠠᠨ | ᠬᠤᠭᠤᠴᠠᠭᠠᠨ ᠳᠤ ᠶᠠᠳᠠᠭᠤ ᠠᠴᠠ ᠠᠩᠭᠢᠵᠢᠷᠠᠬᠤ ᠶᠢ ᠠᠬᠢᠭᠤᠯᠤᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ | ᠬᠡᠷᠡᠭ ᠪᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ | ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠢᠩᠱᠠᠨ ᠤ ᠬᠤᠷᠢᠭᠤᠯ ᠤᠨ ᠭᠠᠵᠠᠷ ᠢ ᠲᠠᠰ ᠳᠡᠪᠰᠢᠭᠦᠯᠦᠨ | ᠥᠭᠡᠷᠡᠴᠢᠯᠡᠵᠦ᠂ 4000 ᠵᠠᠮ ᠤᠨ ︽ᠡᠭᠦᠯᠡᠨ ᠨᠢᠳᠦᠲᠦ ᠬᠠᠮᠠᠭᠠᠯᠠᠭᠴᠢ︾ ᠶᠢ ᠤᠭᠰᠠᠷᠠᠬᠤ ᠡᠭᠦᠷᠭᠡ ᠶᠢ | ᠪᠡᠶᠡᠯᠡᠭᠦᠯᠵᠦ᠂ ᠴᠠᠬᠢᠯᠭᠠᠨ ᠬᠤᠯᠪᠣᠭ᠎ᠠ ᠲᠣᠣᠷ ᠰᠦᠯᠵᠢᠶ᠎ᠡ ᠪᠠᠷ ᠮᠡᠬᠡᠯᠡᠬᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ | ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ | ᠦᠵᠡᠭᠦᠯᠬᠦ ᠪᠠᠶᠢᠳᠠᠯ ᠢ ᠪᠠᠲᠤᠯᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ | ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠪᠠᠶᠢᠩᠭᠤᠵᠢᠭᠤᠯᠬᠤ ᠶᠢ ᠠᠬᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ | ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠢ ᠪᠠᠷ ᠡᠭᠦᠳᠦᠨ | ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ | ᠪᠠᠶᠢᠭᠤᠯᠤᠯᠲᠠ ᠶᠢ ᠴᠢᠩᠭᠠᠳᠬᠠᠵᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠱᠠᠰᠢᠨ ᠰᠤᠷᠲᠠᠬᠤᠨ᠂ ᠣᠷᠣᠨ ᠨᠤᠲᠤᠭ ᠤᠨ ᠣᠶᠢᠯᠠᠯᠭ᠎ᠠ᠂ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ | ︵ᠵᠢᠷᠭᠤᠭ᠎ᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠳᠤ ᠬᠦᠴᠦᠨ ᠢᠶᠠᠨ | ᠲᠥᠪᠯᠡᠷᠡᠭᠦᠯᠦᠨᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠲᠦᠮᠡᠨ ᠤ ᠰᠡᠳᠬᠢᠯ | ᠬᠠᠨᠤᠮᠵᠢᠲᠠᠢ ᠵᠠᠰᠠᠭ ᠤᠨ ᠣᠷᠳᠣᠨ ᠢ ᠪᠠᠶᠢᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠰᠢᠨ᠎ᠡ ᠪᠠᠶᠢᠳᠠᠯ ᠢ | ᠨᠡᠭᠡᠭᠡᠨ᠎ᠡ | ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠰᠠᠨᠠᠭᠠᠴᠢᠯᠠᠭ᠎ᠠ ᠠᠴᠠ ᠪᠠᠨ | ᠪᠠᠷᠢᠮᠵᠢᠶ᠎ᠠ ᠳᠤ ᠲᠤᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ | ᠶᠢ ᠪᠠᠷᠢᠮᠲᠠᠯᠠᠨ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠳᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ | ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ᠂ | ᠵᠠᠷᠯᠢᠭ ᠴᠠᠭᠠᠵᠠ ᠶᠢ ᠲᠠᠭᠠᠬᠤ ᠶᠢ ᠪᠠᠲᠤᠯᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠣᠳᠠᠲᠠᠢ ᠠᠵᠢᠯᠯᠠᠭ᠎ᠠ | ᠳᠡᠭᠡᠷ᠎ᠡ ᠪᠠᠨ ᠨᠠᠶᠢᠲᠠᠪᠦᠷᠢᠵᠢᠭᠤᠯᠤᠨ᠎ᠠ᠃ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ | ᠡᠩᠨᠡᠭᠡ ᠪᠠᠨ ᠵᠡᠪᠰᠡᠭᠯᠡᠵᠦ᠂ ᠲᠡᠷᠢᠭᠦᠨ ᠤ ᠣᠶᠢᠯᠠᠭᠠᠭᠳᠠᠬᠤᠨ᠂ ᠪᠣᠯᠪᠠᠰᠤᠷᠠᠩᠭᠤᠢ ᠲᠤᠷᠰᠢᠯᠭ᠎ᠠ ᠶᠢ ᠰᠤᠷᠤᠯᠴᠠᠬᠤ ᠶᠢ | ᠴᠢᠬᠤᠯᠠᠴᠢᠯᠠᠵᠤ᠂ ᠠᠰᠠᠭᠤᠳᠠᠯ ᠢ ᠰᠤᠳᠤᠯᠬᠤ᠂ ᠲᠦᠷᠦ ᠶᠢᠨ ᠪᠣᠳᠣᠯᠭ᠎ᠠ ᠶᠢ ᠰᠤᠳᠤᠯᠬᠤ ᠳᠠᠳᠬᠠᠯ ᠲᠠᠢ ᠪᠣᠯᠵᠤ᠂ | ᠬᠡᠵᠢᠶᠡᠳᠡ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ | ᠠᠷᠠᠳ ᠤᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠬᠤ ᠶᠢ ᠪᠠᠷᠢᠮᠲᠠᠯᠠᠨ᠎ᠠ᠃ | ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠬᠡᠷᠡᠭ ᠤᠨ ᠡᠮᠦᠨ᠎ᠡ ᠦᠨᠡᠯᠡᠨ ᠵᠢᠱᠢᠬᠦ ᠪᠠ ᠬᠡᠷᠡᠭ ᠤᠨ ᠳᠠᠷᠠᠭ᠎ᠠ | ᠦᠨᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ | ᠲᠥᠷᠥᠯ ᠬᠤᠪᠢᠶᠠᠨ ᠬᠠᠮᠢᠶᠠᠷᠬᠤ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ᠂ ︽ᠬᠤᠶᠠᠷ ᠢ ᠲᠣᠬᠢᠶᠠᠯᠳᠤᠯ ᠢᠶᠠᠷ | ᠬᠢᠬᠦ᠂ ᠨᠢᠭᠡ ᠶᠢ ᠢᠯᠡ ᠪᠣᠯᠭᠠᠬᠤ︾ ᠶᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢ | ᠦᠨᠡᠨᠴᠢ ᠢᠲᠡᠭᠡᠮᠵᠢ ᠲᠠᠢ ᠬᠥᠮᠥᠰ ᠲᠤ ︽ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ︾᠂ ᠬᠠᠤᠯᠢ ᠶᠢ | ᠵᠥᠷᠢᠴᠡᠵᠦ ᠢᠲᠡᠭᠡᠯ ᠠᠯᠳᠠᠭᠰᠠᠳ ᠲᠤ ︽ᠭᠠᠵᠠᠷ ᠪᠣᠯᠭᠠᠨ ᠳᠤ ᠪᠠᠶᠢᠯᠭᠠᠬᠤ︾ ᠪᠣᠯᠭᠠᠨ᠎ᠠ᠃ ᠨᠠᠢᠮᠠᠳᠤᠭᠠᠷ ᠲᠠᠪᠤᠨ | ᠵᠢᠯ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ᠃ ᠵᠠᠰᠠᠭ ᠵᠠᠬᠢᠷᠭᠠᠨ ᠤ | ᠲᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠴᠢᠩᠭᠠᠳᠬᠠᠵᠤ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠠᠷᠠᠳᠴᠢᠯᠠᠯ ᠲᠥᠪᠯᠡᠷᠡᠯ ᠤᠨ | ᠶᠣᠰᠣ ᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠬᠢᠨᠠᠯᠲᠠ ᠲᠠᠯᠪᠢᠬᠤ ᠵᠢᠷᠤᠮ ᠢ | ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠰᠠᠨᠠᠭᠤᠯᠭ᠎ᠠ᠂ ᠰᠠᠨᠠᠯ ᠵᠥᠪᠯᠡᠯᠭᠡ ᠶᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠵᠦ᠂ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠶᠡᠭᠡ ᠪᠠᠷ ᠲᠦᠯᠬᠢᠨ ᠠᠬᠢᠭᠤᠯᠵᠤ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠡᠷᠬᠡ ᠶᠢ ᠬᠠᠤᠯᠢ ᠪᠠᠷ ᠵᠠᠰᠠᠬᠤ ᠵᠠᠮ ᠢᠶᠠᠷ ᠲᠣᠭᠲᠠᠭᠤᠨ ᠢᠶᠠᠷ ᠶᠠᠪᠤᠭᠳᠠᠭᠤᠯᠤᠨ᠎ᠠ᠃ | ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠎ᠠ᠃ ᠰᠢᠨ᠎ᠡ ᠪᠠᠶᠢᠳᠠᠯ | ᠰᠢᠨ᠎ᠡ ᠬᠤᠪᠢᠷᠠᠯᠲᠠ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠳᠠᠪᠤᠷᠢ ᠶᠢᠨ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠵᠢᠯ ᠤᠨ ᠪᠠᠷᠢᠮᠵᠢᠶ᠎ᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠶᠡᠭᠡ ᠶᠠᠪᠤᠳᠠᠯ ᠢ ᠮᠡᠳᠡᠳᠡᠭ᠂ ᠠᠵᠢᠯ | ᠬᠢᠬᠦ ᠶᠢ ᠬᠦᠰᠡᠳᠡᠭ᠂ ᠠᠵᠢᠯ ᠬᠢᠵᠦ ᠴᠢᠳᠠᠳᠠᠭ᠂ ᠠᠵᠢᠯ ᠬᠢᠵᠦ ᠪᠦᠲᠦᠭᠡᠳᠡᠭ᠂ ᠤᠴᠢᠷ ᠶᠠᠪᠤᠳᠠᠯ ᠭᠠᠷᠬᠤ ᠦᠭᠡᠢ᠂ | ᠬᠠᠮᠲᠤ ᠠᠵᠢᠯᠯᠠᠬᠤ ᠳᠤ ᠠᠮᠠᠷᠬᠠᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ᠠᠷᠠᠳ ᠲᠦᠮᠡᠨ ᠢ ᠳᠡᠭᠡᠳᠦᠯᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ 10 ᠵᠦᠢᠯ ᠤᠨ ᠪᠣᠳᠠᠲᠤ ᠶᠠᠪᠤᠳᠠᠯ ᠢ ᠴᠢᠨᠠᠷ | ᠰᠠᠶᠢᠲᠠᠢ ᠬᠡᠷᠡᠭᠵᠢᠭᠦᠯᠵᠦ᠂ ᠠᠷᠠᠳ ᠲᠦᠮᠡᠨ ᠳᠤ ᠲᠠᠰᠤᠷᠠᠯᠲᠠ ᠦᠭᠡᠢ ᠠᠰᠢᠭ ᠣᠯᠭᠤᠵᠤ᠂ ᠠᠷᠠᠳ ᠲᠦᠮᠡᠨ ᠤ | ᠬᠦᠴᠢᠷ ᠵᠣᠪᠠᠭᠤᠷᠢ ᠶᠢ ᠲᠠᠶᠢᠯᠵᠤ᠂ ᠠᠷᠠᠳ ᠲᠦᠮᠡᠨ ᠤ ᠲᠥᠯᠥᠭᠡ ᠤᠴᠢᠷ ᠶᠠᠪᠤᠳᠠᠯ ᠪᠦᠲᠦᠭᠡᠨ᠎ᠡ᠃ ᠦᠨᠡᠨ ᠢ | ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠣᠶᠢᠯᠠᠭᠠᠭᠳᠠᠬᠤᠨ ᠢ ᠡᠷᠡᠰ ᠪᠠᠲᠤ ᠪᠣᠶ ᠪᠣᠯᠭᠠᠵᠤ᠂ ᠭᠦᠶᠦᠯᠲᠡ ᠶᠢᠨ | ᠪᠠᠶᠢᠳᠠᠯ᠂ ᠲᠡᠮᠡᠴᠡᠯ ᠤᠨ ᠣᠪᠣᠷ ᠪᠠᠶᠢᠳᠠᠯ ᠢᠶᠠᠨ ᠪᠠᠷᠢᠮᠲᠠᠯᠠᠨ᠂ ︽ᠯᠠᠪᠳᠠᠭᠤᠨ ᠪᠠᠲᠤᠲᠠᠢ᠂ ᠪᠣᠳᠠᠲᠠᠢ ᠶᠢ ᠡᠷᠬᠢᠮᠯᠡᠬᠦ ︾ | ᠰᠠᠶᠢᠨ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠣᠲᠣᠭᠠᠳᠤ ᠶᠢᠨ ᠠᠵᠢᠯ ᠢ ᠰᠠᠶᠢᠲᠤᠷ ᠬᠢᠵᠦ᠂ | ᠤᠷᠤᠭᠰᠢ ᠴᠢᠷᠮᠠᠶᠢᠨ᠎ᠠ᠃ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠬᠢᠨᠠᠨ ᠰᠢᠯᠭᠠᠵᠤ | ᠦᠨᠡᠯᠡᠬᠦ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠢᠯᠡᠰ ᠪᠦᠲᠦᠭᠡᠬᠦ ᠶᠢ ᠨᠢ ᠣᠷᠣᠨ ᠪᠠᠶᠢᠷᠢ ᠲᠠᠢ | ᠪᠣᠯᠭᠠᠵᠤ᠂ ᠦᠢᠯᠡᠰ ᠪᠦᠲᠦᠭᠡᠬᠦ ᠦᠭᠡᠢ ᠬᠥᠮᠥᠰ ᠢ ᠣᠷᠣᠨ ᠪᠠᠶᠢᠷᠢ ᠠᠴᠠ ᠨᠢ ᠲᠠᠶᠠᠭᠳᠠᠨ᠎ᠠ᠃ ᠠᠯᠳᠠᠭ᠎ᠠ | ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠵᠦ᠂ | ︽ᠭᠤᠷᠪᠠ ᠶᠢ ᠢᠯᠭᠠᠬᠤ︾ ᠶᠢ ᠨᠡᠩ ᠣᠨᠣᠪᠴᠢᠲᠠᠢ ᠡᠵᠡᠮᠰᠢᠵᠦ᠂ ᠡᠭᠦᠷᠭᠡᠯᠡᠭᠴᠢ ᠶᠢᠨ ᠡᠮᠦᠨ᠎ᠡ ᠠᠴᠠ ᠬᠠᠷᠢᠭᠤᠴᠠᠯᠭ᠎ᠠ | ᠡᠭᠦᠷᠭᠡᠯᠡᠵᠦ᠂ ᠠᠵᠢᠯ ᠬᠢᠭᠰᠡᠳ ᠲᠤ ᠲᠦᠰᠢᠭ ᠪᠣᠯᠵᠤ᠂ ᠪᠣᠳᠠᠲᠠᠢ ᠠᠵᠢᠯᠯᠠᠭᠰᠠᠳ ᠲᠤ ᠪᠣᠳᠠᠲᠠᠢ ᠠᠰᠢᠭ ᠬᠦᠷᠲᠡᠭᠡᠨ᠎ᠡ | ᠃ ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠢ᠂ ᠵᠠᠶᠢᠯᠠᠭᠤᠯᠬᠤ︾ ᠦᠢᠯᠡ ᠠᠵᠢᠯᠯᠠᠭ᠎ᠠ ᠶᠢ | ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠤᠯᠠᠨ ᠳᠤ ᠨᠢᠳᠦᠨ ᠳᠤ ᠦᠵᠡᠭᠳᠡᠬᠦ᠂ | ᠭᠠᠷ ᠲᠤ ᠪᠠᠷᠢᠭᠳᠠᠬᠤ᠂ ᠲᠥᠷᠥᠭᠳᠡᠯ ᠲᠠᠢ ᠪᠣᠯᠭᠠᠬᠤ ᠬᠤᠪᠢᠷᠠᠯᠲᠠ ᠶᠢ ᠦᠭᠭᠦᠨ᠎ᠡ᠃ | ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ | ᠴᠣᠭᠴᠠ ᠶᠢᠨ ᠬᠠᠷᠢᠭᠤᠴᠠᠯᠭ᠎ᠠ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠴᠢᠩᠭ᠎ᠠ | ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠡᠷᠡᠰ | ᠭᠦᠢᠴᠡᠳᠬᠡᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ | ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠪᠡᠯᠡ ᠮᠥᠩᠭᠦ ᠶᠢ ︽ᠵᠠᠩᠭᠢᠯᠠᠭ᠎ᠠ ᠶᠢᠨ ᠭᠠᠵᠠᠷ︾ ᠪᠠ ᠴᠢᠬᠤᠯᠠ ᠭᠠᠵᠠᠷ ᠲᠤ | ᠬᠡᠷᠡᠭᠯᠡᠬᠦ ᠶᠢ ᠦᠨᠡᠨ ᠬᠦ ᠪᠠᠲᠤᠯᠠᠵᠤ᠂ ᠵᠠᠰᠠᠭ ᠤᠨ ᠣᠷᠳᠣᠨ ᠤ ︽ᠭᠠᠮᠲᠠᠢ ᠠᠮᠢᠳᠤᠷᠠᠯ︾ ᠢᠶᠠᠷ ᠪᠦᠬᠦ ᠲᠤᠭᠤᠷᠢᠭ ᠤᠨ | ᠠᠷᠠᠳ ᠲᠦᠮᠡᠨ ᠤ ︽ᠰᠠᠶᠢᠨ ᠠᠮᠢᠳᠤᠷᠠᠯ︾ ᠢ ᠰᠣᠯᠢᠵᠤ ᠠᠪᠴᠢᠷᠠᠨ᠎ᠠ᠃ ᠲᠥᠪ ᠤᠨ ᠨᠠᠢᠮᠠᠨ ᠵᠦᠢᠯ ᠤᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠥᠨᠳᠥᠷ ᠪᠠᠷᠢᠮᠵᠢᠶ᠎ᠠ ᠪᠠᠷ ᠲᠤᠤᠱᠯᠠᠭᠤᠯᠵᠤ᠂ | ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ | ᠠᠷᠬᠠᠭ ᠭᠡᠮ ᠢ ᠡᠷᠡᠰ ᠴᠡᠭᠴᠡᠯᠡᠨ ᠵᠠᠰᠠᠵᠤ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠠᠵᠢᠯ ᠤᠨ | ᠪᠠᠶᠢᠷᠢ ᠶᠢᠨ ᠬᠢᠨᠠᠯᠲᠠ ᠶᠢ ᠴᠢᠩᠭᠠᠳᠬᠠᠵᠤ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ | ᠪᠣᠳᠣᠯᠲᠠ ᠶᠢ ᠴᠢᠩᠭ᠎ᠠ ᠬᠡᠷᠡᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠡᠪᠳᠡᠭᠰᠡᠨ ᠵᠡᠷᠭᠡ ᠡᠯ᠎ᠡ | ᠲᠦᠷᠦᠯ ᠤᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠲᠥᠪ ᠰᠤᠷᠲᠠᠯ ᠢ ᠡᠭᠦᠷᠢᠳᠡ ᠪᠠᠲᠤᠳᠬᠠᠵᠤ᠂ ᠠᠷᠢᠭᠤᠨ | ᠴᠢᠬᠡᠴᠢ ᠰᠤᠷᠲᠠᠯ ᠢ ᠡᠭᠦᠷᠢᠳᠡ ᠬᠡᠪ ᠢᠶᠠᠷ ᠪᠠᠶᠢᠯᠭᠠᠬᠤ ᠪᠠᠷ ᠴᠢᠷᠮᠠᠶᠢᠨ᠎ᠠ᠃ | | | | |