—2022 ᠤᠨ ᠤ1 ᠰᠠᠷ᠎ᠠ ᠶᠢᠨ8 ᠤ ᠡᠳᠦᠷ ᠲᠤᠭᠤᠷᠢᠭ ᠤᠨ ᠠᠷᠪᠠᠨ ᠳᠤᠯᠤᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ | ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠭᠤᠷᠢᠭ ᠤᠨ ᠳᠠᠷᠤᠭ᠎ᠠ ᠪᠠᠢ ᠶᠦᠨ | ᠰᠢ | ᠡᠯ᠎ᠡ ᠲᠦᠯᠦᠭᠡᠯᠡᠭᠴᠢᠳ ᠡ᠄ | ᠤᠳᠤ ᠪᠢ ᠲᠤᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠢ | ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠶᠠᠷᠢᠯᠴᠠᠬᠤ ᠪᠤᠯᠪᠠᠤ᠂ ᠲᠤᠭᠤᠷᠢᠭ ᠤᠨ | ᠤᠯᠤᠰ ᠲᠦᠷᠦ ᠶᠢᠨ ᠵᠦᠪᠯᠡᠯᠭᠡᠨ ᠤ ᠡᠯ᠎ᠡ ᠭᠡᠰᠢᠭᠦᠳ ᠪᠠ ᠬᠤᠷᠠᠯ ᠳᠤ ᠰᠤᠯᠠ ᠤᠷᠤᠯᠴᠠᠭᠰᠠᠨ ᠨᠦᠬᠦᠳ ᠰᠠᠨᠠᠯ | ᠢᠶᠠᠨ ᠳᠤᠷᠠᠳᠬᠤ ᠪᠤᠯᠪᠠᠤ᠃ | ᠨᠢᠭᠡ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠤ ᠠᠵᠢᠯ ᠤᠨ | ᠡᠷᠬᠢᠴᠡᠭᠦᠯᠦᠯ | ᠲᠤᠰ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠠᠴᠠ ᠨᠠᠭᠠᠰᠢ᠂ | ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ᠂ ᠬᠠᠲᠠᠭᠤ ᠪᠡᠷᠭᠡ ᠥᠭᠡᠷᠡᠴᠢᠯᠡᠯᠲᠡ | ᠬᠥᠭᠵᠢᠯᠲᠡ ᠲᠣᠭᠲᠠᠭᠤᠨ ᠪᠠᠶᠢᠳᠠᠯ ᠤᠨ ᠡᠭᠦᠷᠭᠡ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠣᠯᠠᠨ ᠳᠠᠪᠬᠤᠷ ᠰᠢᠯᠭᠠᠯᠲᠠ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠡᠷᠡᠯᠬᠡᠭᠯᠡᠨ | ᠲᠡᠮᠡᠴᠡᠵᠦ᠂ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠢᠯᠠᠯᠲᠠ ᠲᠠᠢ ᠪᠠᠷ ᠪᠡᠶᠡᠯᠡᠭᠦᠯᠦᠨ᠎ᠡ᠃ | ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ ᠵᠢᠯ ᠪᠦᠷᠢ ᠳᠤᠮᠳᠠᠴᠢ ᠪᠠᠷ 6.5% | ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 5.7% | ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠵᠢᠯ ᠪᠦᠷᠢ | ᠳᠤᠮᠳᠠᠴᠢ ᠪᠠᠷ 15% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠶᠡᠷᠦᠩᠬᠡᠢ ᠲᠤᠭ᠎ᠠ ᠶᠢ ᠵᠢᠯ ᠪᠦᠷᠢ ᠳᠤᠮᠳᠠᠴᠢ ᠪᠠᠷ 4.1% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 2% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ | ᠰᠠᠭᠤᠭᠠᠯᠢ ᠠᠷᠠᠳ ᠤᠨ ᠬᠥᠮᠥᠨ ᠪᠦᠷᠢ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ 5. | 8% ᠣᠷᠴᠢᠮ ᠨᠡᠮᠡᠭᠳᠡᠭᠦᠯᠦᠨ᠎ᠡ᠃ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠬᠦ ᠲᠤᠭ᠎ᠠ ᠴᠥᠮ | ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠪᠠ᠃ | ᠳᠥᠷᠪᠡᠨ ᠵᠢᠯ ᠤᠨ ᠲᠤᠷᠰᠢ᠂ ᠪᠢᠳᠡ ᠣᠨᠴᠠᠯᠢᠭ ᠢᠶᠠᠨ ᠳᠣᠪᠤᠶᠢᠯᠭᠠᠵᠤ᠂ ᠳᠠᠪᠠᠭᠤᠯᠢᠭ ᠢᠶᠠᠨ | ᠬᠦᠴᠦᠷᠬᠡᠭᠵᠢᠭᠦᠯᠬᠦ ᠶᠢ ᠢᠮᠠᠭᠲᠠ ᠪᠠᠷᠢᠮᠲᠠᠯᠠᠵᠤ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠠᠰᠤᠷᠠᠯᠲᠠ | ᠦᠭᠡᠢ ᠲᠡᠭᠦᠯᠳᠡᠷᠵᠢᠭᠦᠯᠪᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ | ᠨᠢᠭᠡᠳᠦᠭᠡᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠨᠡᠶᠢᠲᠡ 1568 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠣᠷᠣᠭᠤᠯᠤᠨ ᠠᠪᠴᠢᠷᠠᠵᠤ᠂ 183 ᠲᠥᠷᠥᠯ ᠵᠦᠢᠯ ᠢ ᠰᠠᠭᠤᠷᠢᠰᠢᠭᠤᠯᠤᠨ ᠪᠠᠶᠢᠭᠤᠯᠵᠤ᠂ ᠰᠢᠨ᠎ᠡ | ᠮᠠᠲ᠋ᠧᠷᠢᠶᠠᠯ᠂ ᠰᠢᠨ᠎ᠡ ᠡᠨᠧᠷᠭᠢ ᠶᠢᠨ ᠠᠵᠤ ᠦᠢᠯᠡᠰ ᠪᠠᠭᠤᠷᠠᠢ ᠠᠴᠠ ᠪᠠᠨ ᠬᠦᠴᠦᠷᠬᠡᠭ ᠪᠣᠯᠵᠤ᠂ ᠥᠪᠡᠷᠲᠡᠭᠡᠨ ᠵᠠᠰᠠᠬᠤ | ᠣᠷᠣᠨ ᠤ ᠬᠠᠮᠤᠭ ᠤᠨ ᠲᠣᠮᠣ ᠬᠡᠷᠡᠯ ᠴᠡᠨᠡᠭ ᠤᠨ ᠲᠠᠩ ᠲᠠᠯᠠᠰᠲᠤ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠤᠨ ᠪᠦᠲᠦᠭᠡᠪᠡ᠃ ᠬᠦᠷᠢᠶᠡᠯᠡᠩ ᠲᠣᠭᠤᠷᠢᠭ ᠨᠢ ᠤᠷᠢᠳ ᠬᠤᠵᠢᠳ ︽ᠤᠯᠤᠰ ᠤᠨ ᠪᠣᠬᠢᠷᠳᠤᠯ ᠦᠭᠡᠢ | ᠬᠦᠷᠢᠶᠡᠯᠡᠩ ᠲᠣᠭᠤᠷᠢᠭ︾ ︽ᠤᠯᠤᠰ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ | ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ︾ ︽ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠤᠨ 3 ᠵᠦᠢᠯ ᠤᠨ ᠤᠯᠤᠰ ᠤᠨ ᠲᠠᠰ ᠤᠨ ᠢᠷᠠᠭᠤ ᠠᠯᠳᠠᠷ ᠢ ᠬᠦᠷᠲᠡᠵᠦ᠂ | ᠮᠠᠨ ᠤ ᠲᠤᠭᠤᠷᠢᠭ ᠭᠤᠷᠪᠠᠨ ᠵᠢᠯ ᠳᠠᠷᠠᠭᠠᠯᠠᠨ ᠪᠥᠬᠦ ᠤᠯᠤᠰ ᠤᠨ ᠠᠵᠤ ᠦᠢᠯᠡᠳᠪᠦᠷᠢ ᠶᠢᠨ ᠵᠠᠭᠤᠨ ᠬᠦᠴᠦᠷᠬᠡᠭ | ᠣᠷᠣᠨ ᠤ ᠡᠩᠨᠡᠭᠡᠨ ᠳᠤ ᠣᠷᠣᠪᠠ᠃ ᠫᠢᠩ ᠠᠨ ᠪᠠᠩᠬᠢ᠂ ᠮᠢᠨ ᠱᠧᠩ ᠪᠠᠩᠬᠢ ᠵᠡᠷᠭᠡ ᠪᠥᠬᠦ ᠤᠯᠤᠰ ᠤᠨ ᠬᠤᠪᠢ | ᠣᠷᠣᠭᠤᠯᠬᠤ ᠳᠦᠷᠢᠮᠲᠦ ᠪᠠᠩᠬᠢ ᠶᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠨᠡᠶᠢᠲᠡ 56 ᠮᠥᠩᠭᠦᠨ | ᠭᠦᠢᠯᠭᠡᠭᠡᠨ ᠤ ᠳᠠᠭᠠᠳᠬᠠᠯ ᠤᠨ ᠲᠥᠷᠥᠯ ᠤᠨ ᠪᠠᠶᠢᠭᠤᠯᠤᠮᠵᠢ ᠤᠷᠤᠨ ᠰᠠᠭᠤᠵᠦ᠂ ᠥᠪᠡᠷᠲᠡᠭᠡᠨ ᠵᠠᠰᠠᠬᠤ ᠣᠷᠣᠨ ᠤ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠷᠥᠯ ᠵᠦᠢᠯ ᠢᠶᠠᠷ ᠬᠠᠮᠤᠭ ᠤᠨ ᠪᠦᠷᠢᠨ ᠬᠤᠰᠢᠭᠤ ᠰᠢᠶᠠᠨ | ᠲᠣᠭᠤᠷᠢᠭ ᠪᠣᠯᠪᠠ᠃ ᠡᠯ᠎ᠡ ᠲᠦᠷᠦᠯ ᠤᠨ ᠲᠣᠮᠣ ᠬᠡᠯᠪᠡᠷᠢ ᠶᠢᠨ ᠦᠵᠡᠭᠦᠯᠦᠯᠭᠡ ᠶᠢᠨ ᠴᠤᠭᠯᠠᠭᠠᠨ ᠢ ᠨᠡᠶᠢᠳᠡ 270 | ᠲᠠᠯᠠᠪᠠᠢ᠂ ᠳᠡᠭᠡᠳᠦ ᠲᠡᠰ ᠤᠨ ᠲᠣᠭᠯᠠᠯᠲᠠ ᠶᠢ 850 ᠲᠠᠯᠠᠪᠠᠢ ᠡᠷᠬᠢᠯᠡᠵᠦ᠂ ᠪᠤᠭᠤᠲᠤ ᠶᠢᠨ ᠤᠯᠠᠨ ᠤᠯᠤᠰ ᠤᠨ | ᠦᠵᠡᠭᠦᠯᠦᠯᠭᠡ ᠶᠢᠨ ᠲᠥᠪ᠂ ᠲᠣᠮᠣ ᠵᠦᠴᠦᠭᠡ ᠶᠢᠨ ᠬᠦᠷᠢᠶᠡᠯᠡᠩ ᠨᠢ ᠪᠦᠬᠦ ᠬᠤᠳᠠ ᠶᠢᠨ ᠭᠤᠶᠤ ᠰᠠᠶᠢᠬᠠᠨ | ᠰᠣᠶᠣᠯ ᠤᠨ ᠨᠡᠷ᠎ᠡ ᠶᠢᠨ ᠬᠠᠭᠤᠳᠠᠰᠤ ᠪᠠ ᠤᠳᠬ᠎ᠠ ᠤᠷᠠᠯᠢᠭ ᠤᠨ ᠪᠠᠶᠢᠷᠢᠰᠢᠯ ᠪᠣᠯᠤᠭᠰᠠᠨ ᠪᠠᠶᠢᠨ᠎ᠠ᠃ ᠬᠥᠳᠡᠭᠡ | ᠲᠣᠰᠬᠤᠨ ᠤ ᠬᠠᠮᠲᠤ ᠶᠢᠨ ᠠᠵᠤ ᠦᠢᠯᠡᠰ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠳ᠋ᠦᠩ ᠳ᠋ᠠ ᠱᠠᠨ | ᠤᠷᠠᠯᠢᠭ ᠤᠨ ᠲᠣᠭᠤᠷᠢᠭ᠂ ᠰᠢ ᠪᠢᠶᠠᠨ ᠴᠢᠶᠠᠩ ᠤᠨ ︽ᠥᠪᠡᠷ ᠢᠶᠠᠨ ᠦᠢᠯᠡᠴᠢᠯᠡᠬᠦ ᠲᠠᠷᠢᠶᠠᠯᠠᠩ ᠤᠨ ᠲᠠᠯᠠᠪᠠᠢ︾ ᠵᠡᠷᠭᠡ | ᠠᠵᠤ ᠦᠢᠯᠡᠰ ᠤᠨ ᠲᠦᠷᠦᠯ ᠵᠦᠢᠯ ᠢ ᠪᠠᠶᠢᠭᠤᠯᠵᠤ᠂ ᠬᠤᠳᠠ ᠶᠢᠨ ᠬᠡᠯᠪᠡᠷᠢ ᠶᠢᠨ ᠲᠠᠷᠢᠶᠠᠯᠠᠩ ᠨᠢ ᠲᠠᠷᠢᠶᠠᠴᠢᠳ ᠢ | ᠪᠠᠶᠠᠵᠢᠭᠤᠯᠵᠤ᠂ ᠬᠤᠳᠠ ᠶᠢᠨ ᠠᠷᠠᠳ ᠢ ᠪᠠᠶᠠᠷᠯᠠᠭᠤᠯᠵᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ | ᠲᠤᠶᠢᠯ ᠤᠨ ᠶᠡᠭᠡ ᠪᠠᠷ ᠠᠬᠢᠭᠤᠯᠵᠠᠢ᠃ | ᠳᠥᠷᠪᠡᠨ ᠵᠢᠯ ᠤᠨ ᠲᠤᠷᠰᠢ᠂ ᠪᠢᠳᠡ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠦ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ | ᠴᠢᠩᠭᠠᠳᠬᠠᠪᠠ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠭᠦᠢᠴᠡᠳᠭᠡᠬᠦ ᠨᠣᠷᠮ᠎ᠠ 99.1% ᠳᠤ ᠬᠥᠷᠪᠡ᠃ | ᠬᠤᠳᠠᠯᠳᠤᠭᠠᠨ ᠤ ᠶᠠᠪᠤᠳᠠᠯ ᠤᠨ ᠳᠠᠩᠰᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ | ᠢᠯᠡᠳᠲᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠴᠠᠭᠠᠰᠤ ᠬᠡᠷᠡᠭᠯᠡᠬᠦ ᠦᠭᠡᠢ ᠪᠥᠬᠦ ᠶᠠᠪᠤᠴᠠ ᠶᠢᠨ | ᠡᠯᠧᠺᠲᠷᠤᠨᠴᠢᠯᠡᠭᠰᠡᠨ ᠡᠵᠡᠩᠨᠡᠯᠲᠡ ᠶᠢᠨ ᠦᠨᠡᠮᠯᠡᠯ᠂ ᠪᠥᠬᠦ ᠬᠤᠲᠠ ᠶᠢᠨ ᠠᠩᠬᠠᠳᠠᠭᠴᠢ ᠵᠠᠭᠤᠴᠢ ᠬᠡᠷᠡᠭᠯᠡᠬᠦ ᠦᠭᠡᠢ | ᠡᠯᠧᠺᠲᠷᠤᠨᠴᠢᠯᠡᠭᠰᠡᠨ ᠡᠵᠡᠩᠨᠡᠯᠲᠡ ᠶᠢᠨ ᠦᠨᠡᠮᠯᠡᠯ ᠮᠠᠨ ᠤ ᠲᠤᠭᠤᠷᠢᠭ ᠲᠤ ᠮᠡᠨᠳᠦᠯᠡᠪᠡ᠃ ᠰᠢᠨ᠎ᠡ ᠪᠠᠷ ᠨᠡᠮᠡᠭᠳᠡᠭᠰᠡᠨ | ᠵᠠᠬ᠎ᠠ ᠳᠡᠯᠭᠡᠭᠦᠷ ᠤᠨ ᠪᠡᠶᠡᠴᠢ ᠴᠣᠭᠴᠠ1.7 ᠲᠦᠮᠡᠨ ᠡᠷᠦᠬᠡ ᠬᠦᠷᠴᠦ᠂ ᠨᠡᠶᠢᠳᠡ 4.1 ᠲᠦᠮᠡᠨ ᠡᠷᠦᠬᠡ ᠬᠦᠷᠴᠦ᠂ | ︽ᠳᠦᠷᠪᠡᠨ ᠲᠦᠷᠦᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ︾ 265 ᠡᠷᠦᠬᠡ ᠳᠤ ᠬᠦᠷᠴᠡᠢ᠃ | ᠳᠡᠭᠡᠳᠦ ᠰᠢᠨ᠎ᠡ ᠲᠧᠭᠨᠢᠭ ᠮᠡᠷᠭᠡᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠪᠠ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠢ 41 | ᠰᠢᠨ᠎ᠡ ᠪᠠᠷ ᠨᠡᠮᠡᠭᠳᠡᠭᠦᠯᠪᠡ᠃ ᠦᠪᠦᠷ ᠮᠤᠩᠭᠤᠯ ᠤᠨ ᠨᠢᠭᠡᠳᠦᠭᠡᠷ ᠮᠧᠬᠠᠨᠢᠭ ᠦᠢᠯᠡᠳᠪᠦᠷᠢᠯᠡᠬᠦ ᠺᠣᠮᠫᠠᠨᠢ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ᠂ ᠤᠮᠠᠷᠠᠲᠤ ᠶᠢᠨ | ᠬᠦᠨᠳᠦ ᠠᠵᠤ ᠦᠢᠯᠡᠳᠪᠦᠷᠢ ᠶᠢᠨ ︽360 ᠲᠦᠷᠦᠯ ᠵᠦᠢᠯ︾ ᠨᠢ ︽ᠳᠤᠮᠳᠠᠳᠤ ᠤᠯᠤᠰ ᠤᠨ ᠠᠵᠤ | ᠦᠢᠯᠡᠳᠪᠦᠷᠢ ᠶᠢᠨ ᠲᠣᠮᠣ ᠱᠠᠩᠨᠠᠯ ᠤᠨ ᠬᠥᠬᠢᠭᠦᠯᠦᠯ ᠤᠨ ᠱᠠᠩᠨᠠᠯ︾ ᠬᠦᠷᠲᠡᠵᠦ᠂ ᠳᠤᠮᠳᠠᠳᠤ ᠤᠯᠤᠰ ᠤᠨ ᠴᠥᠮ᠎ᠡ ᠶᠢᠨ | ᠤᠮᠠᠷᠠᠲᠤ ᠤᠷᠤᠨ ᠤ ᠲᠤᠷᠰᠢᠯᠲᠠ ᠶᠢᠨ ᠲᠠᠰᠤᠭ ᠨᠢ ︽ᠥᠪᠡᠷᠲᠡᠭᠡᠨ ᠵᠠᠰᠠᠬᠤ ᠣᠷᠣᠨ ᠤ ᠴᠥᠮ᠎ᠡ ᠶᠢᠨ ᠲᠦᠯᠡᠰᠢ ᠶᠢᠨ | ᠲᠤᠨᠤᠭ ᠲᠥᠬᠦᠭᠡᠷᠦᠮᠵᠢ ᠶᠢᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ︾ ᠢ ᠬᠦᠷᠲᠡᠪᠡ᠃ | ᠤᠷᠤᠭ ᠭᠡᠷ ᠪᠦᠯᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠵᠦ᠂ ᠤᠯᠤᠰ ᠤᠨ ᠠᠷᠠᠳ ᠤᠨ | ᠶᠠᠪᠤᠳᠠᠯ ᠤᠨ ᠶᠠᠮᠤᠨ ᠠᠴᠠ ᠪᠦᠬᠦ ᠤᠯᠤᠰ ᠤᠨ ᠤᠷᠤᠭ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠣᠷᠣᠨ ᠢᠶᠠᠷ ᠨᠤᠲᠠᠯᠠᠨ ᠲᠣᠭᠲᠠᠭᠠᠪᠠ᠃ | ᠳᠥᠷᠪᠡᠨ ᠵᠢᠯ ᠤᠨ ᠲᠤᠷᠰᠢ᠂ ᠪᠢᠳᠡ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠪᠠᠷ | ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠣᠷᠴᠢᠨ ᠠᠬᠤᠢ ᠶᠢᠨ ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠪᠣᠯᠪᠠ | 6.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠣᠬᠢᠷᠳᠤᠯ ᠶᠡᠬᠡᠲᠡᠢ ᠰᠢᠲᠠᠭᠠᠯᠭ᠎ᠠ ᠶᠢᠨ | ᠰᠢᠲᠠᠭᠠᠯᠭ᠎ᠠ ᠶᠢ ᠴᠠᠭᠠᠵᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ 21 | ᠵᠠᠰᠠᠭ ᠵᠠᠬᠢᠷᠭᠠᠨ ᠤ ᠲᠣᠰᠬᠤᠨ ᠳᠤ ᠴᠡᠪᠡᠷ ᠡᠨᠧᠷᠭᠢ ᠶᠢᠨ ᠰᠤᠷᠪᠤᠯᠵᠢ ᠪᠠᠷ ᠳᠤᠯᠠᠭᠠᠯᠠᠬᠤ ᠶᠢ ᠦᠨᠳᠦᠰᠦᠨ ᠳᠡᠭᠡᠨ | ᠪᠦᠷᠢᠨ ᠪᠦᠷᠬᠦᠭᠦᠯᠪᠡ᠃ ︽ᠬᠠᠶᠠᠭᠳᠠᠮᠠᠯ ᠦᠭᠡᠢ ᠬᠤᠲᠠ︾ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ | ᠨᠢᠭᠡᠳᠦᠭᠡᠷ ᠮᠠᠰᠢᠨ ᠦᠢᠯᠡᠳᠬᠦ 845 ᠱᠤᠭᠤᠮ ᠤᠨ ᠬᠠᠲᠠᠭᠤ ᠪᠡᠶᠡᠲᠦ ᠬᠠᠶᠠᠭᠳᠠᠮᠠᠯ ᠣᠪᠣᠭᠠᠯᠠᠬᠤ ᠲᠠᠯᠠᠪᠠᠶ ᠶᠢ | ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠦ᠂ ᠬᠥᠷᠥᠰᠥ ᠰᠢᠷᠣᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠪᠦᠲᠦᠮᠵᠢᠲᠡᠶ ᠰᠠᠶᠢᠵᠢᠷᠠᠭᠤᠯᠪᠠ᠃ ᠦᠪᠦᠷ ᠮᠤᠩᠭᠤᠯ ᠤᠨ ᠨᠢᠭᠡᠳᠦᠭᠡᠷ ᠮᠧᠬᠠᠨᠢᠭ ᠦᠢᠯᠡᠳᠬᠦ ᠪᠦᠯᠦᠭᠯᠡᠯ᠂ | ᠤᠮᠠᠷᠠᠲᠤ ᠶᠢᠨ ᠬᠦᠨᠳᠦ ᠠᠵᠦ ᠦᠢᠯᠡᠳᠪᠦᠷᠢ ᠪᠣᠷᠣᠭᠠᠨ ᠤ ᠪᠣᠬᠢᠷᠳᠤᠯ ᠢ ᠰᠠᠯᠭᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ | ᠪᠠ ᠪᠤᠭᠤᠲᠦ ᠬᠤᠲᠠ ᠶᠢᠨ ᠬᠤᠶᠠᠳᠤᠭᠠᠷ ᠢᠯᠴᠢ ᠴᠠᠬᠢᠯᠭᠠᠨ ᠤ ᠦᠢᠯᠡᠳᠪᠦᠷᠢ ᠶᠢᠨ ᠬᠦᠬᠦᠷ ᠦᠭᠡᠶᠢᠳᠡᠭᠦᠯᠦᠭᠰᠡᠨ | ᠬᠠᠶᠠᠭᠳᠠᠮᠠᠯ ᠤᠰᠤᠨ ᠤ ᠰᠢᠰᠲ᠋ᠧᠮ ᠢ ᠰᠢᠢᠳᠪᠦᠷᠢᠯᠡᠵᠦ ᠥᠭᠡᠷᠡᠴᠢᠯᠡᠬᠦ ᠢᠨᠵᠧᠨᠧᠷᠢᠩ ᠢ ᠪᠥᠬᠦ ᠲᠠᠯ᠎ᠠ ᠪᠠᠷ | ᠳᠠᠭᠤᠰᠬᠠᠵᠤ᠂ ᠪᠥᠬᠦ ᠲᠤᠭᠤᠷᠢᠭ ᠤᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠴᠥᠮ ᠪᠠᠷᠢᠮᠵᠢᠶ᠎ᠠ ᠳᠤ | ᠬᠦᠷᠦᠭᠦᠯᠦᠨ ᠭᠠᠳᠠᠭᠰᠢᠯᠠᠭᠤᠯᠬᠤ ᠶᠢ ᠪᠡᠶᠡᠯᠡᠭᠦᠯᠪᠡ᠃ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ ᠠᠮᠢ ᠠᠬᠤᠢ ᠶᠢ | ᠰᠡᠷᠭᠦᠭᠡᠨ ᠵᠠᠰᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠨᠡᠶᠢᠲᠡ 22 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ 8.4 ᠲᠦᠮᠡᠨ ᠮᠦ ᠬᠥᠮᠥᠨ ᠤ ᠬᠦᠴᠦ ᠪᠠᠷ ᠣᠶᠢᠵᠢᠭᠤᠯᠵᠤ᠂ 851 ᠲᠦᠮᠡᠨ ᠰᠠᠤᠷᠢ ᠡᠯ᠎ᠡ | ᠲᠥᠷᠥᠯ ᠤᠨ ᠴᠢᠬᠢ ᠮᠣᠳᠣ ᠶᠢ ᠵᠠᠶᠢᠯᠠᠵᠤ᠂ 1.7 ᠲᠦᠮᠡᠨ ᠮᠦ ᠠᠭᠤᠷᠬᠠᠢ ᠶᠢᠨ ᠨᠦᠬᠡᠨ ᠤ ᠨᠤᠷᠠᠬᠤ ᠠᠶᠤᠯᠲᠠᠢ | ᠴᠢᠯᠠᠭᠤᠯᠢᠭ ᠢ ᠰᠡᠷᠭᠦᠭᠡᠨ ᠵᠠᠰᠠᠵᠤ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠶᠢ 16.7% ᠪᠠᠶᠢᠭᠰᠠᠨ ᠠᠴᠠ | 20% ᠪᠣᠯᠭᠠᠨ ᠳᠡᠭᠡᠭᠰᠢᠯᠡᠭᠦᠯᠪᠡ᠃ | ᠲᠦᠷᠪᠡᠨ ᠵᠢᠯ ᠤᠨ ᠲᠤᠷᠰᠢ᠂ ᠪᠢᠳᠡ ᠨᠢᠭᠡᠳᠦᠯᠲᠡᠢ ᠲᠥᠯᠥᠪᠯᠡᠵᠦ ᠨᠡᠶᠢᠳᠡ ᠳᠤᠨᠢ ᠬᠠᠷᠠᠭᠠᠯᠵᠠᠬᠤ᠂ | ᠵᠣᠬᠢᠴᠠᠩᠭᠤᠢ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠢᠯᠡᠳᠲᠡ | ᠰᠠᠶᠢᠵᠢᠷᠠᠪᠠ | ︽ᠬᠤᠳᠠ ᠶᠢᠨ ᠬᠤᠣᠰ ᠵᠠᠰᠠᠯᠲᠠ︾ ᠶᠢ ᠶᠡᠭᠡ ᠪᠠᠷ ᠲᠦᠯᠬᠢᠨ ᠠᠬᠢᠭᠤᠯᠵᠤ᠂ ᠲᠠᠩᠺ ᠤᠨ ᠵᠠᠮ᠂ ᠴᠢᠩ ᠳ᠋ᠦᠩ | ᠵᠠᠮ ᠵᠡᠷᠭᠡ 25 ᠵᠤᠷᠪᠤᠰ ᠵᠠᠮ᠂ ᠰᠠᠶᠢᠨ ᠵᠠᠮ᠂ ᠠᠷᠠᠳᠴᠢᠯᠠᠯ ᠤᠨ ᠵᠠᠮ ᠵᠡᠷᠭᠡ 23 ᠵᠤᠷᠪᠤᠰ ᠵᠠᠮ ᠤᠨ ᠪᠣᠷᠣᠭᠠᠨ ᠪᠠ | ᠪᠣᠬᠢᠷ ᠤᠰᠤᠨ ᠤ ᠬᠤᠭᠤᠯᠠᠢ ᠶᠢᠨ ᠱᠤᠭᠤᠮ ᠢ ᠰᠢᠨ᠎ᠡ ᠪᠠᠷ ᠵᠠᠰᠠᠵᠤ ᠦᠭᠡᠷᠡᠴᠢᠯᠡᠪᠡ᠃ᠴᠡᠴᠡᠷᠯᠢᠭ ᠠᠭᠤᠳᠠᠮ | ᠲᠠᠯᠠᠪᠠᠶ ᠶᠢ ᠲᠠᠰ ᠳᠡᠪᠰᠢᠭᠦᠯᠦᠨ ᠥᠭᠡᠷᠡᠴᠢᠯᠡᠬᠦ᠂ ᠨᠡᠶᠢᠭᠡᠮ ᠲᠣᠭᠤᠷᠢᠭ ᠢ ᠨᠣᠭᠤᠭᠠᠷᠠᠭᠤᠯᠵᠤ ᠭᠤᠶᠣᠵᠢᠭᠤᠯᠬᠤ ᠵᠡᠷᠭᠡ | 34 ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 44% | ᠬᠦᠷᠲᠡᠯ᠎ᠡ ᠳᠡᠭᠡᠭᠰᠢᠯᠡᠭᠦᠯᠪᠡ᠃ ᠲᠣᠭᠤᠷᠢᠭ ᠲᠤ ᠰᠠᠭᠤᠭ᠎ᠠ 73 ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠵᠢᠵᠢᠭ ᠲᠣᠭᠤᠷᠢᠭ ᠤᠨ ︽ᠭᠤᠷᠪᠠ ᠶᠢ ᠬᠠᠩᠭᠠᠬᠤ ᠨᠢᠭᠡ ᠠᠳᠠᠯ ᠠᠬᠤᠢ︾ ᠢ ᠰᠠᠯᠭᠠᠵᠤ ᠰᠢᠯᠵᠢᠭᠦᠯᠦᠨ ᠲᠤᠰᠢᠶᠠᠵᠤ | ᠥᠭᠡᠷᠡᠴᠢᠯᠡᠬᠦ᠂ 71 ᠬᠠᠭᠤᠴᠢᠨ ᠵᠢᠵᠢᠭ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠪᠠ 1000 ᠭᠠᠷᠤᠢ | ᠲᠦᠮᠡᠨ ᠲᠡᠭᠰᠢ ᠳᠥᠷᠪᠡᠯᠵᠢᠨ ᠮᠧᠲᠷ ᠤᠨ ︽ᠳᠤᠯᠠᠭᠠᠨ ᠭᠡᠷ︾ ᠤᠨ ᠢᠨᠵᠧᠨᠧᠷᠢᠩ ᠢ ᠪᠡᠶᠡᠯᠡᠭᠦᠯᠵᠦ᠂ ᠪᠥᠬᠦ ᠲᠤᠭᠤᠷᠢᠭ | ᠤᠨ ᠬᠠᠭᠠᠰ ᠣᠷᠴᠢᠮ ᠤᠨ ᠬᠠᠭᠤᠴᠢᠨ ᠣᠷᠣᠨ ᠰᠠᠭᠤᠴᠠ ᠶᠢ ᠰᠢᠨ᠎ᠡ ᠳᠦᠷᠰᠦ ᠪᠠᠶᠢᠳᠠᠯ ᠲᠠᠢ ᠪᠣᠯᠭᠠᠪᠠ᠃ ᠣᠷᠣᠨ | ᠰᠠᠭᠤᠴᠠ ᠶᠢᠨ ᠥᠮᠴᠢᠯᠡᠯ ᠤᠨ ᠡᠷᠬᠡ ᠶᠢᠨ ᠦᠯᠡᠳᠡᠭᠳᠡᠯ ᠠᠰᠠᠭᠤᠳᠠᠯ ᠢ ᠨᠡᠶᠢᠲᠡ 103 ᠰᠢᠢᠳᠪᠦᠷᠢᠯᠡᠵᠦ᠂ 5 ᠲᠦᠮᠡ | ᠭᠠᠷᠤᠢ ᠡᠷᠦᠬᠡ ᠰᠠᠭᠤᠭᠠᠯᠢ ᠠᠷᠠᠳ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠦᠨᠡᠮᠯᠡᠯ ᠣᠯᠪᠠ᠃ ᠪᠦᠬᠦ | ᠬᠤᠳᠠ ᠳᠤ ᠡᠩ ᠲᠡᠷᠢᠭᠦᠨ ᠳᠤ ︽ᠭᠤᠷᠪᠠᠳᠤᠭᠠᠷ ᠳᠡᠰ ᠤᠨ ᠵᠡᠭᠡᠯᠢ ᠶᠢᠨ ᠳᠠᠷᠤᠭ᠎ᠠ︾ ᠶᠢᠨ ᠬᠠᠮᠢᠶᠠᠷᠤᠯᠲᠠ ᠶᠢᠨ | ᠲᠣᠭᠲᠠᠴᠠ ᠶᠢ ᠬᠡᠷᠡᠭᠵᠢᠭᠦᠯᠪᠡ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ ᠶᠢ 90% ᠠᠴᠠ ᠳᠡᠭᠡᠭᠰᠢ ᠳᠤ | ᠬᠦᠷᠦᠭᠦᠯᠵᠦ᠂ ᠪᠥᠬᠦ ᠬᠤᠲᠠ ᠳᠤ ᠨᠢᠭᠡᠳᠦᠭᠡᠷ ᠢᠶᠠᠷ ᠵᠢᠭᠰᠠᠭᠠᠭᠳᠠᠪᠠ᠃ | ᠳᠥᠷᠪᠡᠨ ᠵᠢᠯ ᠤᠨ ᠲᠤᠷᠰᠢ᠂ ᠪᠢᠳᠡ ᠠᠷᠠᠳ ᠤᠨ ᠳᠤᠮᠳᠠ ᠦᠨᠳᠦᠰᠦᠯᠡᠵᠦ᠂ ᠠᠷᠠᠳ ᠤᠨ ᠠᠮᠢᠳᠤᠷᠠᠯ ᠳᠤ | ᠨᠡᠶᠢᠳᠡᠮ ᠠᠰᠢᠭ ᠬᠦᠷᠲᠡᠭᠡᠬᠦ ᠶᠢ ᠢᠮᠠᠭᠲᠠ ᠪᠠᠷᠢᠮᠲᠠᠯᠠᠵᠤ᠂ ᠨᠡᠶᠢᠭᠡᠮ ᠤᠨ ᠦᠢᠯᠡᠰ ᠪᠥᠬᠦ ᠲᠠᠯ᠎ᠠ ᠪᠠᠷ ᠳᠡᠪᠰᠢᠪᠠ | ᠠᠷᠠᠳ ᠤᠨ ᠠᠮᠢᠳᠤᠷᠠᠯ ᠤᠨ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠷᠠᠳ ᠤᠨ | ᠠᠮᠢᠳᠤᠷᠠᠯ ᠤᠨ ᠵᠠᠷᠤᠯᠭ᠎ᠠ ᠶᠢᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ ᠳᠠᠬᠢ ᠡᠵᠡᠯᠡᠬᠦ ᠬᠠᠷᠢᠴᠠᠯ ᠢ | ᠲᠤᠯᠤᠭᠠᠨ ᠬᠤᠪᠢ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠪᠡ᠃ ᠠᠵᠢᠯ ᠣᠯᠭᠤᠯᠲᠠ ᠶᠢᠨ ᠶᠠᠰᠤ ᠴᠢᠨᠠᠷ | ᠦᠷᠭᠦᠯᠵᠢᠯᠡᠨ ᠳᠡᠭᠡᠭᠰᠢᠯᠡᠵᠦ᠂ ᠠᠳᠠᠯ ᠦᠢᠯᠡᠰ ᠴᠣᠭᠴᠠᠯᠠᠬᠤ ᠳᠠᠭᠠᠭᠠᠯᠳᠠᠲᠦ ᠵᠢᠭᠡᠯᠡᠯᠭᠡ ᠶᠢ 4.8 ᠳ᠋ᠦᠩᠰᠢᠭᠤᠷ | ᠲᠥᠭᠦᠷᠢᠭ ᠲᠠᠯᠪᠢᠵᠤ᠂ ᠠᠵᠢᠯ ᠣᠯᠬᠤ ᠳᠤ ᠬᠦᠴᠢᠷᠲᠡᠢ ᠬᠥᠮᠥᠰ ᠲᠤ 1.6 ᠳ᠋ᠦᠩᠰᠢᠭᠤᠷ ᠲᠥᠭᠦᠷᠢᠭ ᠤᠨ | ᠨᠥᠬᠦᠪᠦᠷᠢ ᠥᠭᠴᠦ᠂ ᠬᠤᠳᠠ ᠪᠠᠯᠭᠠᠰᠤᠨ ᠤ 5.7 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.9% ᠶᠢᠨ ᠳᠣᠲᠣᠷ᠎ᠠ ᠬᠢᠵᠠᠭᠠᠷᠯᠠᠪᠠ᠃ | ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠥᠪᠡᠷᠲᠡᠭᠡᠨ ᠵᠠᠰᠠᠬᠤ | ᠣᠷᠣᠨ ᠤ ᠬᠡᠪᠴᠢᠶᠡᠨ ᠳᠤ ︽ᠬᠥᠭᠰᠢᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ︾ ᠤᠨ ᠨᠠᠰᠤᠵᠢᠯ ᠤᠨ | ᠠᠰᠠᠷᠠᠮᠵᠢ ᠶᠢᠨ ᠵᠠᠭᠪᠤᠷ ᠢ ᠠᠩᠬ᠎ᠠ ᠡᠭᠦᠳᠴᠦ᠂ ︽ᠬᠥᠭᠰᠢᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ︾ ᠢ 41 | ᠪᠠᠶᠢᠭᠤᠯᠵᠤ᠂ 9.2 ᠲᠦᠮᠡᠨ ᠬᠥᠮᠥᠨ ᠳᠤ ᠠᠰᠢᠭ ᠬᠦᠷᠲᠡᠭᠡᠪᠡ᠃ ᠥᠪᠡᠷᠲᠡᠭᠡᠨ ᠵᠠᠰᠠᠬᠤ ᠣᠷᠣᠨ ᠤ ︽ᠡᠶ᠎ᠡ | ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠪᠠᠶᠢᠭᠤᠯᠬᠤ︾ | ᠲᠤᠷᠰᠢᠯᠲᠠ ᠶᠢᠨ ᠴᠡᠭ ᠤᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ 4834 ᠬᠥᠯᠥᠰᠦᠨ | ᠠᠵᠢᠯᠴᠢᠨ ᠳᠤ 8896 ᠲᠦᠮᠡᠨ ᠲᠥᠭᠦᠷᠢᠭ ᠤᠨ ᠬᠤᠬᠢᠷᠠᠯ ᠢ ᠡᠭᠡᠭᠦᠯᠦᠨ ᠠᠪᠴᠢᠷᠠᠪᠠ᠃ 5040 ᠲᠦᠮᠡᠨ | ᠲᠥᠭᠦᠷᠢᠭ ᠣᠷᠣᠭᠤᠯᠵᠤ᠂ ᠬᠠᠷᠠᠭ᠎ᠠ ᠬᠠᠮᠠᠭᠠᠯᠠᠬᠤ ᠭᠤᠷᠪᠠᠨ ᠶᠡᠭᠡ ᠢᠨᠵᠧᠨᠧᠷᠢᠩ ᠢ ᠬᠡᠷᠡᠭᠵᠢᠭᠦᠯᠵᠦ᠂ ︽ᠪᠥᠬᠦ | ᠤᠯᠤᠰ ᠤᠨ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠷᠰᠢᠯᠲᠠ ᠶᠢᠨ ᠴᠡᠭ ᠤᠨ | ᠣᠷᠣᠨ︾ ᠢᠶᠠᠷ ᠦᠨᠡᠯᠡᠭᠳᠡᠪᠡ᠃ ᠭᠤᠷᠪᠠᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠣᠷ | ᠰᠦᠯᠵᠢᠶᠡᠨ ᠤ ᠰᠢᠰᠲ᠋ᠧᠮ ᠢ ᠪᠠᠶᠢᠭᠤᠯᠵᠤ᠂ ᠪᠦᠬᠦ ᠤᠯᠤᠰ ᠤᠨ ︽ᠪᠢᠴᠢᠭ ᠤᠨ ᠰᠤᠷᠪᠤᠯᠵᠢᠲᠠᠨ ᠤ ᠬᠤᠳᠠ ᠲᠣᠭᠤᠷᠢᠭ︾ | ᠢᠶᠠᠷ ᠦᠨᠡᠯᠡᠭᠳᠡᠪᠡ᠃ ᠪᠤᠭᠤᠲᠤ ᠬᠤᠲᠠ ᠶᠢᠨ ᠪᠡᠶ᠎ᠡ ᠲᠠᠮᠢᠷ ᠤᠨ ᠲᠥᠪ ᠢ ᠪᠠᠶᠢᠭᠤᠯᠵᠤ᠂ ᠪᠥᠬᠦ ᠬᠤᠲᠠ ᠶᠢᠨ ᠴᠣᠷ ᠤᠨ | ᠭᠠᠭᠴᠠ ︽ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ | ᠣᠷᠣᠨ︾ ᠢᠷᠠᠭᠤ ᠠᠯᠳᠠᠷ ᠢ ᠭᠥᠷᠳᠡᠭᠰᠡᠨ ᠬᠤᠰᠢᠭᠤ ᠰᠢᠶᠠᠨ ᠲᠣᠭᠤᠷᠢᠭ ᠪᠤᠯᠪᠠ᠃ ᠳᠣᠯᠣᠳᠤᠭᠠᠷ ᠤᠳᠠᠭᠠᠨ ᠤ ᠪᠥᠬᠦ | ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢ ᠴᠢᠨᠠᠷ ᠰᠠᠶᠢᠲᠠᠢ ᠪᠡᠶᠡᠯᠡᠭᠦᠯᠵᠦ᠂ 53.5 ᠲᠦᠮᠡᠨ | ᠪᠠᠶᠢᠩᠭᠤ ᠰᠠᠭᠤᠭ᠎ᠠ ᠬᠥᠮᠥᠨ ᠠᠮᠠ ᠶᠢ ᠳᠡᠩᠰᠡᠯᠡᠵᠦ᠂ ︽ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ | ᠶᠢᠨ ᠨᠡᠶᠢᠳᠡᠮ ᠪᠠᠶᠢᠴᠠᠭᠠᠯᠲᠠ︾ ᠲᠠᠢ ᠬᠠᠷᠢᠴᠠᠭᠤᠯᠪᠠᠯ 11.2% ᠢᠶᠠᠷ ᠨᠡᠮᠡᠭᠳᠡᠪᠡ᠃ ᠠᠶᠤᠯᠭᠦᠢ ᠦᠢᠯᠡᠳᠪᠦᠷᠢᠯᠡᠯ ᠤᠨ | ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠪᠡᠷᠬᠡ ᠰᠡᠳᠦᠪ ᠢ ᠰᠢᠢᠳᠪᠦᠷᠢᠯᠡᠬᠦ | ᠠᠵᠢᠯ ᠢ ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠨᠡᠯᠢᠶᠡᠳ ᠶᠡᠭᠡ ᠡ᠊ᠨᠳᠡᠯ ᠵᠢᠴᠢ ᠲᠡᠭᠦᠨ ᠠᠴᠠ | ᠳᠡᠭᠡᠭᠰᠢᠬᠢ ᠡ᠊ᠨᠳᠡᠯ ᠭᠠᠷᠤᠭᠰᠠᠨ ᠦᠭᠡᠢ᠃ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠵᠤ᠂ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ | ᠦᠵᠡᠭᠦᠯᠬᠦ ᠲᠤᠭᠤᠷᠢᠭ︾ ᠢᠶᠠᠷ ᠦᠨᠡᠯᠡᠭᠳᠡᠪᠡ᠃ | ᠲᠦᠷᠪᠡᠨ ᠵᠢᠯ ᠤᠨ ᠲᠤᠷᠰᠢ᠂ ᠪᠢᠳᠡ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ | ᠲᠠᠰᠤᠷᠠᠯᠳᠡ ᠦᠭᠡᠢ ᠴᠢᠩᠭᠠᠷᠠᠪᠠ | ︽ᠬᠤᠶᠠᠷ ᠢ ᠰᠤᠷᠤᠯᠴᠠᠵᠦ ᠨᠢᠭᠡ ᠪᠤᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ | ᠳᠦᠷᠢᠮᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠭᠦᠢᠴᠡᠳᠬᠡᠵᠦ᠂ ︽ᠬᠤᠶᠠᠷ ᠢ ᠲᠣᠭᠲᠠᠭᠠᠬᠤ︾ ᠶᠢ ᠡᠷᠡᠰ | ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ | ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ | ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠳᠤ ︽ᠪᠥᠬᠦ ᠣᠷᠣᠨ ᠤ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ︾ ᠢᠶᠠᠷ ᠦᠨᠡᠯᠡᠭᠳᠡᠪᠡ᠃ | ᠬᠤᠲᠠ ᠲᠣᠭᠤᠷᠢᠭ ᠬᠤᠶᠠᠷ ᠱᠠᠲᠤᠨ ᠤ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ 1012 ᠬᠤᠪᠢ ᠰᠢᠢᠳᠪᠦᠷᠢᠯᠡᠨ | ᠳᠠᠭᠤᠰᠬᠠᠵᠤ᠂ ᠰᠢᠢᠳᠪᠦᠷᠢᠯᠡᠭᠰᠡᠨ ᠬᠠᠨᠤᠮᠵᠢ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠠᠴᠠ ᠪᠥᠬᠦ ᠬᠤᠲᠠ ᠶᠢᠨ ᠴᠣᠷ ᠤᠨ ᠭᠠᠭᠴᠠ ︽ᠬᠤᠣᠰ ᠵᠠᠭᠤᠨ︾ ᠤ | ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠯᠴᠠᠬᠤ ᠴᠡᠭ ᠢᠶᠠᠷ ᠲᠤᠭᠲᠠᠭᠠᠭᠳᠠᠪᠠ᠃ ᠵᠠᠰᠠᠭ ᠤᠨ ᠣᠷᠳᠣᠨ ᠤ ᠥᠷᠢ | ᠥᠭᠴᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠤᠯᠤᠰ ᠤᠨ ᠡᠳ᠋ ᠤᠨ | ᠵᠠᠰᠠᠭ ᠤᠨ ᠶᠠᠮᠤᠨ ᠠᠴᠠ ᠪᠠᠶᠢᠭᠤᠯᠤᠮᠵᠢᠲᠦ ᠰᠢᠶᠠᠨ ᠲᠣᠭᠤᠷᠢᠭ ᠤᠨ ᠳᠠᠯᠳᠠ ᠥᠷᠢ ᠥᠭᠴᠡᠭᠡᠨ ᠤ ᠠᠶᠤᠯ | ᠲᠦᠭᠰᠢᠭᠦᠷᠢ ᠶᠢ ᠠᠷᠢᠯᠭᠠᠬᠤ ᠲᠤᠷᠰᠢᠯᠲᠠ ᠶᠢᠨ ᠴᠡᠭ ᠢᠶᠠᠷ ᠵᠦᠪᠰᠢᠶᠡᠷᠡᠭᠳᠡᠪᠡ᠃ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ | ᠪᠠᠶᠢᠬᠤ︾ ᠶᠢ ᠬᠢᠨᠠᠮᠠᠭᠠᠢ ᠭᠦᠢᠴᠡᠳᠬᠡᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠪᠠ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠪᠥᠬᠦ | ᠬᠤᠲᠠ ᠶᠢᠨ ᠴᠣᠷ ᠤᠨ ᠭᠠᠭᠴᠠ ︽ᠪᠥᠬᠦ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠵᠠᠭᠤᠨ | ᠬᠦᠴᠦᠷᠬᠡᠭ ᠰᠢᠶᠠᠨ︾ ᠢᠶᠠᠷ ᠦᠨᠡᠯᠡᠭᠳᠡᠪᠡ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠵᠣᠬᠢᠴᠠᠩᠭᠤᠢ ᠪᠠᠷ ᠬᠥᠭᠵᠢᠵᠦ᠂ ᠠᠵᠢᠯᠴᠢᠨ ᠤ | ᠡᠪᠯᠡᠯ᠂ ᠣᠷᠣᠨ ᠨᠤᠲᠤᠭ ᠤᠨ ᠣᠶᠢᠯᠠᠯᠭ᠎ᠠ᠂ ᠡᠮᠡᠭᠲᠡᠶᠢᠴᠦᠳ ᠬᠡᠦᠬᠡᠳ᠂ ᠬᠤᠶᠢᠴᠢ ᠦᠶ᠎ᠡ ᠶᠢᠨ ᠬᠢᠨ ᠢᠶᠠᠨ | ᠬᠠᠯᠠᠮᠵᠢᠯᠠᠬᠤ ᠵᠡᠷᠭᠡ ᠪᠤᠰᠤᠳ ᠡᠯ᠎ᠡ ᠵᠦᠢᠯ ᠤᠨ ᠠᠵᠢᠯ ᠴᠥᠮ ᠰᠢᠨ᠎ᠡ ᠠᠬᠢᠴᠠ ᠪᠠ ᠰᠢᠨ᠎ᠡ ᠦᠷ᠎ᠡ ᠪᠦᠲᠦᠮᠵᠢ | ᠣᠯᠪᠠ᠃ | ᠲᠥᠯᠥᠭᠡᠯᠡᠭᠴᠢᠳ ᠠ᠋᠂ ᠰᠠᠶ᠋ᠢᠬᠠᠨ ᠥᠩᠭᠡᠷᠡᠭᠰᠡᠨ 2021 ᠣᠨ ᠪᠣᠯ《ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ》 ᠶᠢᠨ ᠡᠬᠢᠯᠡᠯᠲᠡ ᠶᠢᠨ ᠵᠢᠯ ᠮᠥᠨ ᠴᠤ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠠᠬᠢᠨ ᠳᠠᠬᠢᠨ ᠡᠭᠦᠰᠴᠦ ᠪᠠᠶᠢᠭ᠎ᠠ ᠪᠠᠶᠢᠳᠠᠯ ᠤᠨ ᠳᠤᠤᠷ᠎ᠠ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠬᠢᠮᠤᠷᠠᠯ ᠤᠨ ᠳᠤᠮᠳᠠ ᠰᠢᠨ᠎ᠡ ᠪᠠᠶᠢᠳᠠᠯ ᠢ ᠪᠣᠶ ᠪᠣᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠬᠦ ᠪᠠᠷ | ᠴᠢᠷᠮᠠᠶᠢᠪᠠ᠃ ᠪᠦᠬᠦ ᠲᠤᠭᠤᠷᠢᠭ ᠳᠠᠶᠠᠭᠠᠷ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠡᠮᠵᠢᠨ᠂ ᠬᠢᠯᠪᠠᠷ | ᠪᠤᠰᠤ ᠪᠠᠷ ᠢᠷᠡᠭᠰᠡᠨ᠂ ᠵᠢᠱᠢᠭᠰᠡᠨ ᠠᠴᠠ ᠪᠠᠨ ᠰᠠᠶᠢᠨ ᠨᠢᠭᠡ ᠬᠤᠪᠢ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ | ᠪᠠᠶᠢᠨ᠎ᠠ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠳᠡᠭ ᠢ 625 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 9% ᠣᠷᠴᠢᠮ ᠢᠶᠠᠷ ᠨᠡᠮᠡᠭᠳᠡᠭᠦᠯᠪᠡ︔ ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ ᠶᠢ 112 ᠳ᠋ᠦᠩᠰᠢᠭᠤᠷ ᠲᠥᠭᠦᠷᠢᠭ ᠪᠡᠶᠡᠯᠡᠭᠦᠯᠵᠦ᠂ 30% ᠣᠷᠴᠢᠮ ᠢᠶᠠᠷ ᠨᠡᠮᠡᠭᠳᠡᠭᠦᠯᠪᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 26% ᠣᠷᠴᠢᠮ ᠢᠶᠠᠷ | ᠨᠡᠮᠡᠭᠳᠡᠭᠦᠯᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 285 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 8% ᠣᠷᠴᠢᠮ ᠵᠶ᠋ᠠᠷᠨᠡᠮᠡᠭᠳᠡᠭᠦᠯᠪᠡ︔ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 20 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠬᠤᠳᠠ ᠪᠠᠯᠭᠠᠰᠤᠨ ᠤ ᠰᠠᠭᠤᠭᠠᠯᠢ | ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ 6%ᠣᠷᠴᠢᠮ ᠢᠶᠠᠷ ᠨᠡᠮᠡᠭᠳᠡᠭᠦᠯᠪᠡ︔ | ᠡᠨᠡ ᠨᠢᠭᠡ ᠵᠢᠯ ᠳᠤ᠂ ᠪᠢᠳᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠵᠤ᠂ ᠪᠠᠲᠤᠯᠠᠭ᠎ᠠ ᠪᠠᠷ | ᠲᠣᠭᠲᠠᠭᠤᠨ ᠪᠠᠶᠢᠯᠭᠠᠬᠤ ᠶᠢ ᠠᠬᠢᠭᠤᠯᠵᠤ᠂ ᠠᠵᠤ ᠠᠬᠤᠢ ᠲᠤᠭᠲᠠᠭᠤᠨ ᠰᠡᠷᠭᠦᠯᠲᠡ ᠤᠯᠠᠷᠢᠯ ᠳᠠᠷᠠᠭᠠᠯᠠᠨ ᠰᠠᠶᠢᠵᠢᠷᠠᠪᠠ | ᠪᠦᠬᠦ ᠵᠢᠯ ᠳᠤ ᠨᠡᠶᠢᠳᠡ 136 ᠲᠦᠷᠦᠯ ᠵᠦᠢᠯ ᠢ ᠣᠷᠣᠭᠤᠯᠤᠨ ᠠᠪᠴᠢᠷᠠᠵᠤ᠂ ᠵᠥᠪᠯᠡᠯᠴᠡᠭᠡᠷ ᠤᠨ ᠶᠡᠷᠦᠩᠬᠡᠢ | ᠪᠡᠯᠡ ᠣᠷᠣᠭᠤᠯᠤᠯᠲᠠ 876 ᠳ᠋ᠦᠩᠰᠢᠭᠤᠷ ᠲᠥᠭᠦᠷᠢᠭ᠂ ᠡᠭᠦᠨ ᠳᠤ ︽ᠭᠤᠷᠪᠠᠨ ᠲᠦᠷᠦᠯ ᠤᠨ 500 ᠬᠦᠴᠦᠷᠬᠡᠭ︾ | ᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ 78 ᠪᠠᠶᠢᠵᠤ᠂ ᠴᠢᠶᠠᠨ ᠶᠦᠨ ᠯᠢᠲ᠋ᠢ ᠶᠢᠨ | ᠴᠠᠬᠢᠯᠭᠠᠨ ᠴᠡᠨᠡᠭ ᠤᠨ ᠠᠷᠭ᠎ᠠ ᠲᠤᠶᠢᠯ ᠤᠨ ᠮᠠᠲ᠋ᠧᠷᠢᠶᠠᠯ᠂ ᠵᠢᠩ ᠤᠣ ᠶᠢᠨ ᠭᠤᠷᠪᠠᠳᠤᠭᠠᠷ ᠬᠤᠭᠤᠴᠠᠭᠠᠨ ᠤ ᠲᠠᠲᠠᠮᠠᠯ | ᠲᠡᠯᠡᠰᠲᠦ ᠪᠠ ᠬᠡᠷᠴᠢᠮᠡᠯ ᠵᠡᠷᠭᠡ 112 ᠲᠦᠷᠦᠯ ᠵᠦᠢᠯ ᠢ ᠨᠢᠭᠡᠨᠲᠡ ᠪᠠᠷᠢᠯᠭ᠎ᠠ ᠡᠬᠢᠯᠡᠭᠦᠯᠵᠡᠢ᠃ 85 | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 35 ᠪᠠᠷᠢᠯᠭ᠎ᠠ ᠶᠢᠨ ᠠᠵᠢᠯ ᠳᠠᠭᠤᠰᠴᠤ ᠠᠰᠢᠭᠯᠠᠯᠲᠠ ᠳᠤ | ᠣᠷᠣᠭᠤᠯᠵᠤ᠂ ᠪᠥᠬᠦ ᠵᠢᠯ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ 119.8% ᠳᠤ ᠬᠥᠷᠪᠡ᠃ | ᠲᠦᠷᠦᠯ ᠵᠦᠢᠯ ᠢ ᠨᠠᠶᠢᠳᠠᠪᠤᠷᠢᠵᠢᠭᠤᠯᠵᠤ ᠪᠠᠷᠢᠯᠭ᠎ᠠ ᠡᠬᠢᠯᠡᠭᠦᠯᠦᠭᠰᠡᠨ ᠨᠤᠷᠮ᠎ᠠ᠂ ᠪᠠᠷᠢᠯᠭ᠎ᠠ ᠳᠠᠭᠤᠰᠴᠤ ᠠᠰᠢᠭᠯᠠᠯᠲᠠ ᠳᠤ | ᠣᠷᠣᠭᠤᠯᠤᠭᠰᠠᠨ ᠨᠤᠷᠮ᠎ᠠ ᠴᠥᠮ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠪᠠ᠃ ᠪᠥᠬᠦ ᠬᠤᠲᠠ ᠶᠢᠨ | ᠭᠤᠣᠯᠳᠠᠯᠭ᠎ᠠ ᠲᠠᠢ ᠲᠥᠷᠥᠯ ᠵᠦᠢᠯ ᠤᠨ ᠦᠵᠡᠭᠦᠯᠦᠯᠭᠡ ᠶᠢᠨ ᠰᠢᠯᠭᠠᠷᠠᠭᠤᠯᠤᠯᠲᠠ ᠨᠢ ᠪᠥᠬᠦ ᠬᠤᠲᠠ ᠶᠢᠨ | ᠬᠤᠶᠠᠳᠤᠭᠠᠷ ᠲᠤ ᠣᠷᠣᠭᠰᠠᠨ ᠰᠠᠶᠢᠨ ᠬᠢᠷᠢ ᠪᠦᠲᠦᠮᠵᠢ ᠶᠢ ᠣᠯᠪᠠ᠃ ᠬᠦᠷᠢᠶᠡᠯᠡᠩ ᠲᠣᠭᠤᠷᠢᠭ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 50 ᠡᠷᠦᠬᠡ ᠳᠤ ᠬᠦᠷᠴᠦ᠂ ᠮᠦ ᠪᠦᠷᠢ ᠶᠢᠨ ᠳᠤᠮᠳᠠᠴᠢ | ᠦᠢᠯᠡᠳᠬᠦᠨ ᠤ ᠥᠷᠲᠡᠭ 346 ᠲᠦᠮᠡᠨ ᠲᠥᠭᠦᠷᠢᠭ ᠲᠤ ᠬᠦᠷᠴᠦ᠂ ᠮᠦ ᠪᠦᠷᠢ ᠶᠢᠨ ᠳᠤᠮᠳᠠᠴᠢ ᠭᠠᠶᠢᠯᠢ ᠶᠢᠨ | ᠣᠷᠣᠯᠭ᠎ᠠ 5 ᠲᠦᠮᠡᠨ ᠲᠥᠭᠦᠷᠢᠭ ᠢ ᠳᠠᠪᠠᠪᠠ᠃ ᠬᠤᠩ ᠶᠤᠸᠠᠨ ᠰᠢᠨ᠎ᠡ ᠮᠠᠲ᠋ᠧᠷᠢᠶᠠᠯ ᠤᠨ ᠦᠢᠯᠡᠳᠬᠦᠨ ᠤ ᠦᠷᠳᠡᠭ | ᠵᠠᠭᠤᠨ ᠳ᠋ᠦᠩᠰᠢᠭᠤᠷ ᠲᠥᠭᠦᠷᠢᠭ ᠢ ᠳᠠᠪᠠᠵᠤ᠂ ᠬᠦᠷᠢᠶᠡᠯᠡᠩ ᠲᠣᠭᠤᠷᠢᠭ ᠤᠨ ᠠᠩᠬᠠᠳᠠᠭᠴᠢ ᠵᠠᠭᠤᠨ ᠳ᠋ᠦᠩᠰᠢᠭᠤᠷ | ᠲᠥᠭᠦᠷᠢᠭ ᠤᠨ ᠦᠢᠯᠡᠳᠬᠦᠨ ᠤ ᠦᠷᠳᠡᠭ ᠲᠠᠢ ᠠᠵᠤ ᠠᠬᠤᠶᠢᠯᠠᠯ ᠪᠣᠯᠪᠠ᠃ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠢᠵᠢ 100KW ᠲᠡᠰ ᠤᠨ ᠤᠰᠤᠲᠥ᠋ᠷᠥᠭᠴᠢ ᠲᠦᠯᠡᠰᠢᠨ ᠳ᠋ᠢᠶᠠᠨ ᡂᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠦᠨᠳᠦ ᠠᠴᠢᠶᠠᠨ ᠤ ᠮᠠᠰᠢᠨ ᠲᠡᠷᠭᠡ ᠵᠢᠩᠬᠢᠨᠢ ᠪᠠᠷ ᠰᠦᠯᠵᠢᠶᠡᠨ ᠠᠴᠠ ᠪᠠᠭᠤᠪᠠ᠃ ︽ᠵᠢᠷᠭᠤᠭᠠᠨ | ᠲᠣᠮᠣ ᠬᠤᠳᠠᠯᠳᠤᠭᠠᠨ ᠤ ᠶᠠᠪᠤᠳᠠᠯ ᠤᠨ ᠲᠤᠭᠤᠷᠢᠭ︾ ᠤᠨᠡᠵᠡᠩᠨᠡᠯᠲᠡ ᠶᠢᠨ ᠣᠷᠣᠯᠭ᠎ᠠ 60 ᠳ᠋ᠦᠩᠰᠢᠭᠤᠷ | ᠲᠥᠭᠦᠷᠢᠭ ᠲᠤ ᠬᠦᠷᠴᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠶᠡᠷᠦᠩᠬᠡᠢ ᠬᠡᠮᠵᠢᠶ᠎ᠡ 20 ᠳ᠋ᠦᠩᠰᠢᠭᠤᠷ ᠲᠥᠭᠦᠷᠢᠭ ᠢ ᠳᠠᠪᠠᠵᠤ᠂ ᠤᠯᠤᠰ ᠤᠨ ᠬᠤᠳᠠᠯᠳᠤᠭᠠᠨ ᠤ ᠶᠠᠪᠤᠳᠠᠯ ᠤᠨ | ᠶᠠᠮᠤᠨ ᠠᠴᠠ ᠲᠡᠭᠦᠨ ᠢ ᠤᠯᠤᠰ ᠤᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ | ᠰᠠᠭᠤᠷᠢᠨ ᠭᠠᠵᠠᠷ ︵ᠲᠣᠨᠣᠭᠯᠠᠯ ᠦᠢᠯᠡᠳᠬᠦ︶ ᠢᠶᠠᠷ ᠮᠠᠭᠠᠳᠯᠠᠨ ᠲᠣᠭᠲᠠᠭᠠᠪᠠ᠃ ᠸᠠᠨ ᠺᠧ ᠶᠢᠨ ᠰᠢᠶᠠᠩ ᠬᠤᠲᠠ ᠶᠢᠨ | ᠬᠤᠳᠠᠯᠳᠤᠭᠠᠨ ᠤ ᠶᠡᠷᠦᠩᠬᠡᠢ ᠴᠣᠭᠴᠠ ᠶᠢᠨ ᠭᠤᠣᠯ ᠴᠣᠭᠴᠠ ᠠᠵᠢᠯ ᠳᠠᠭᠤᠰᠪᠠ᠃ ᠲᠣᠰᠬᠤᠨ ᠤ ᠬᠠᠮᠲᠤ ᠶᠢᠨ ᠠᠵᠤ | ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠢᠯ ᠤᠨ | ᠳᠤᠮᠳᠠᠴᠢ ᠣᠷᠣᠯᠭ᠎ᠠ 94.9 ᠲᠦᠮᠡᠨ ᠲᠥᠭᠦᠷᠢᠭ ᠲᠤ ᠬᠥᠷᠪᠡ᠃ | ᠡᠨᠡ ᠨᠢᠭᠡ ᠵᠢᠯ ᠳᠤ᠂ ᠪᠢᠳᠡ ᠪᠠᠷᠢᠮᠵᠢᠶ᠎ᠠ ᠳᠤ ᠵᠣᠬᠢᠴᠠᠭᠤᠯᠤᠨ ᠳᠤᠲᠠᠭᠤᠳᠠᠯ ᠢᠶᠠᠨ ᠨᠥᠬᠦᠪᠦᠷᠢᠯᠡᠵᠦ᠂ ᠢᠵᠢ | ᠪᠦᠷᠢᠳᠦᠭᠦᠯᠬᠦ ᠶᠢ ᠴᠢᠩᠭᠠᠳᠬᠠᠵᠤ᠂ ᠬᠤᠲᠠ ᠶᠢᠨ ᠴᠢᠨᠠᠷ ᠴᠢᠨᠰᠠᠭ᠎ᠠ ᠶᠢᠨ ᠠᠭᠤᠯᠤᠭᠳᠠᠬᠤᠨ ᠤ ᠲᠠᠰ ᠳᠡᠪᠰᠢᠪᠡ | ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠠᠷᠢᠯᠢᠭᠵᠢᠭᠤᠯᠬᠤ᠂ | ᠪᠠᠶᠢᠩᠭᠤᠵᠢᠭᠤᠯᠬᠤ᠂ ᠣᠷᠳᠣ ᠬᠤᠭᠤᠴᠠᠭᠠᠨ ᠳᠤ ᠪᠦᠲᠦᠮᠵᠢᠲᠡᠶ ᠪᠠᠶᠢᠯᠭᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠶᠡᠬᠡᠪᠡᠷ ᠳᠡᠭᠡᠭᠰᠢᠯᠡᠭᠦᠯᠪᠡ᠃ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠬᠤᠲᠠ ᠶᠢᠨ ᠶᠠᠪᠤᠳᠠᠯ ᠤᠨ ᠵᠠᠮ 4 ᠵᠤᠷᠪᠤᠰ᠂ | ᠨᠡᠶᠢᠲᠡ ᠶᠢᠨ ᠠᠷᠢᠭᠤᠨ ᠴᠡᠪᠡᠷ ᠤᠨ ᠥᠷᠥᠭᠡ 31 ᠰᠠᠭᠤᠷᠢ᠂ ᠴᠡᠴᠡᠷᠯᠢᠭ ᠢᠶᠠᠷ ᠵᠤᠭᠠᠴᠠᠬᠤ ᠵᠠᠩᠭᠢᠯᠠᠭ᠎ᠠ ᠶᠢᠨ ᠴᠡᠭ | 19 ᠪᠠᠶᠢᠵᠤ᠂ ᠪᠥᠬᠦ ᠬᠤᠲᠠ ᠶᠢᠨ ᠠᠩᠬᠠᠳᠠᠭᠴᠢ ᠬᠤᠶᠢᠷᠭᠤ ᠬᠡᠯᠪᠡᠷᠢ ᠶᠢᠨ ᠨᠡᠶᠢᠲᠡ ᠶᠢᠨ ᠵᠣᠷᠯᠣᠩ ᠢ | ᠠᠰᠢᠭᠯᠠᠯᠲᠠ ᠳᠤ ᠣᠷᠣᠭᠤᠯᠪᠠ᠃ 44 ᠬᠠᠭᠤᠴᠢᠨ ᠵᠢᠵᠢᠭ ᠲᠤᠭᠤᠷᠢᠭ᠂ 24 ᠵᠡᠭᠡᠯᠢ ᠭᠤᠳᠤᠮᠵᠢ ᠶᠢ ᠶᠡᠷᠦᠩᠬᠡᠶᠢᠯᠡᠨ | ᠥᠭᠡᠷᠡᠴᠢᠯᠡᠪᠡ᠃ ᠪᠦᠬᠦ ᠬᠤᠳᠠ ᠶᠢᠨ ᠰᠠᠭᠤᠭᠠᠯᠢ ᠠᠷᠠᠳ ᠤᠨᠬᠠᠭᠤᠴᠢᠨ ᠲᠣᠭᠤᠷᠢᠭ ᠢ ᠥᠭᠡᠷᠡᠴᠢᠯᠡᠨ | ᠰᠠᠶᠢᠵᠢᠷᠠᠭᠤᠯᠬᠤ ᠪᠠ ᠵᠡᠭᠡᠯᠢ ᠭᠤᠳᠤᠮᠵᠢ ᠶᠢ ᠴᠡᠭᠴᠡᠯᠡᠨ ᠵᠠᠰᠠᠬᠤ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ | ᠬᠤᠷᠠᠯ ᠢ ᠴᠢᠨᠠᠷ ᠰᠠᠶᠢᠲᠠᠢ ᠳᠠᠭᠠᠭᠠᠴᠢᠯᠠᠨ ᠡᠷᠬᠢᠯᠡᠬᠦ ᠶᠢᠨ ᠬᠠᠮᠲᠤ ᠨᠡᠶᠢᠲᠡᠯᠢᠭ ᠵᠢᠱᠢᠶ᠎ᠡ ᠪᠠᠷ ᠶᠠᠷᠢᠶ᠎ᠠ ᠲᠠᠯᠪᠢᠪᠠ᠃ | ︽ᠢᠨᠲ᠋ᠧᠷ ᠰᠦᠯᠵᠢᠶ᠎ᠡ + ᠢᠯᠡ ᠲᠣᠭᠤᠭ᠎ᠠ︾ ᠨᠡᠶᠢᠭᠡᠮ ᠨᠡᠶᠢᠲᠡ ᠪᠠᠷ ᠢᠶᠠᠨ ᠣᠶᠤᠨᠴᠢ ᠬᠢᠨᠠᠯᠲᠠ ᠬᠠᠮᠢᠶᠠᠷᠤᠯᠲᠠ ᠶᠢ | ᠬᠠᠮᠲᠤᠪᠠᠷ ᠵᠠᠰᠠᠬᠤ ᠶᠢ ᠠᠬᠢᠭᠤᠯᠵᠤ᠂ 400 ᠬᠤᠳᠠᠯᠳᠤᠭᠠᠨ ᠤ ᠡᠷᠦᠬᠡ ᠣᠷᠣᠵᠤ ᠰᠠᠭᠤᠪᠠ᠃ ︽ᠣᠶᠤᠨᠲᠤ ᠢᠳᠡᠰᠢᠨ | ᠨᠣᠭᠤᠭ᠎ᠠ ᠶᠢᠨ ᠲᠠᠯᠠᠪᠠᠶ︾ ᠶᠢ ᠳᠡᠯᠭᠡᠷᠡᠭᠦᠯᠵᠦ᠂ ᠴᠢᠤᠸᠠᠨ ᠳ᠋ᠢᠶᠠᠨ᠂ ᠢ ᠯᠢᠨ᠂ ᠵᠧᠨ ᠬᠤᠸᠠ ᠵᠡᠷᠭᠡ 3 ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠢ ᠲᠠᠰ ᠳᠡᠪᠰᠢᠭᠦᠯᠦᠨ ᠦᠭᠡᠷᠡᠴᠢᠯᠡᠪᠡ᠃ ᠪᠦᠬᠦ ᠬᠤᠳᠠ ᠳᠤ ᠬᠤᠳᠠ ᠬᠥᠳᠡᠭᠡ ᠶᠢᠨ | ᠠᠭᠤᠯᠵᠠᠷ ᠭᠠᠵᠠᠷ ᠤᠨ ᠠᠶᠢᠯ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠬ᠎ᠠ ᠳᠡᠯᠭᠡᠭᠦᠷᠴᠢᠯᠡᠨ | ᠠᠵᠢᠯᠯᠠᠭᠤᠯᠬᠤ ᠶᠢ ᠬᠠᠮᠤᠭ ᠤᠨ ᠲᠦᠷᠦᠭᠦᠨ ᠳᠤ ᠰᠦᠪᠡᠭᠴᠢᠯᠡᠨ ᠬᠡᠷᠡᠭᠵᠢᠭᠦᠯᠵᠦ᠂ ᠲᠣᠰᠬᠤᠨ ᠤ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠶᠢ ᠪᠦᠲᠦᠮᠵᠢᠲᠡᠢ ᠳᠡᠭᠡᠭᠰᠢᠯᠡᠭᠦᠯᠪᠡ᠃ ᠬᠤᠶᠢᠲᠤ ᠬᠡᠰᠡᠭ ᠤᠨ ᠣᠷᠣᠨ ᠤ ᠵᠠᠮ ᠤᠨ | ᠲᠣᠣᠷ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ 110 ᠤᠯᠤᠰ ᠤᠨ ᠵᠠᠮ ᠢ ᠵᠢᠩᠬᠢᠨᠢ ᠪᠠᠷ | ᠨᠠᠪᠲᠠᠷᠡᠭᠦᠯᠵᠦ᠂ ᠴᠢᠨᠳᠠᠭᠠᠨ ᠴᠠᠭᠠᠨ ᠭᠤᠤᠯ ᠤᠨ ᠰᠦᠢᠳᠬᠡᠯ ᠬᠤᠷᠢᠶᠠᠬᠤ ᠦᠷᠳᠡᠭᠡ ᠶᠢ ᠲᠤᠶᠢᠯᠪᠤᠷᠢᠲᠠᠢ ᠨᠤᠷᠠᠭᠠᠵᠤ᠂ | ᠤᠯᠠᠨ ᠵᠢᠯ ᠤᠨ ᠲᠤᠷᠰᠢ ᠬᠤᠶᠢᠲᠤ ᠬᠡᠰᠡᠭ ᠤᠨ ᠣᠷᠣᠨ ᠤ ᠵᠠᠮ ᠬᠠᠷᠢᠯᠴᠠᠭ᠎ᠠ ᠶᠢ ᠨᠥᠯᠥᠭᠡᠯᠡᠭᠰᠡᠨ ᠪᠣᠭᠤᠮᠢ ᠶᠢ | ᠲᠤᠶᠢᠯᠪᠤᠷᠢᠲᠠᠢ ᠨᠡᠪᠲᠡᠷᠡᠭᠦᠯᠪᠡ᠃ ᠪᠥᠬᠦ ᠲᠤᠭᠤᠷᠢᠭ ᠤᠨ ᠺᠠᠳ᠋ᠷ ᠣᠯᠠᠨ ᠲᠦᠮᠡᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠬᠠᠮᠲᠤ ᠪᠠᠷ ᠣᠷᠣᠯᠴᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠴᠡᠭᠴᠡᠯᠡᠨ ᠰᠠᠶᠢᠵᠢᠷᠠᠭᠤᠯᠵᠤ | ᠳᠡᠭᠡᠭᠰᠢᠯᠡᠭᠦᠯᠬᠦ ᠪᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠬᠢᠨᠠᠬᠤ ᠶᠢ ᠲᠡᠭᠦᠰ ᠠᠮᠵᠢᠯᠲᠠ ᠲᠠᠢ | ᠪᠡᠶᠡᠯᠡᠭᠦᠯᠵᠦ᠂ 357 ᠵᠢᠵᠢᠭ ᠲᠣᠭᠤᠷᠢᠭ᠂ 32 ᠵᠤᠷᠪᠤᠰ ᠵᠠᠮ ᠪᠠ 12 ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠤᠨ ᠬᠤᠪᠢ ᠪᠠᠷ ᠢᠶᠠᠨ ᠲᠠᠲᠠᠭᠰᠠᠨ ᠴᠠᠬᠢᠯᠭᠠᠨ ᠤᠲᠠᠰᠦ ᠶᠢ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ | ᠨᠥᠬᠦᠪᠦᠷᠢ ᠦᠭᠡᠢ ᠪᠠᠷ ᠵᠢᠵᠢᠭ ᠲᠣᠭᠤᠷᠢᠭ ᠤᠨ 6.8 ᠲᠦᠮᠡᠨ ᠲᠡᠭᠰᠢ ᠳᠥᠷᠪᠡᠯᠵᠢᠨ ᠮᠧᠲᠷ ᠳᠤᠷ᠎ᠠ ᠪᠠᠷ ᠢᠶᠠᠨ | ᠪᠠᠶᠢᠭᠤᠯᠤᠭᠰᠠᠨ ᠪᠠᠷᠢᠯᠭ᠎ᠠ ᠶᠢ ᠨᠤᠷᠭᠠᠵᠦ᠂ 1.8 ᠲᠦᠮᠡᠨ ᠲᠡᠷᠭᠡ ᠵᠣᠭᠰᠤᠭᠠᠬᠤ ᠪᠠᠶᠢᠷᠢ ᠶᠢ ᠵᠢᠷᠤᠵᠦ ᠦᠭᠪᠡ᠃ | ᠪᠥᠬᠦ ᠲᠤᠭᠤᠷᠢᠭ ᠤᠨ ᠠᠮᠢᠳᠤᠷᠠᠯ ᠤᠨ ᠣᠷᠴᠢᠨ ᠲᠣᠭᠤᠷᠢᠨ ᠤ ᠬᠢᠷᠢ ᠲᠦᠪᠰᠢᠨ ᠶᠡᠬᠡᠪᠡᠷ ᠳᠡᠭᠡᠭᠰᠢᠯᠡᠪᠡ᠃ | ᠡᠨᠡ ᠨᠢᠭᠡ ᠵᠢᠯ ᠳᠤ᠂ ᠪᠢᠳᠡ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠬᠢᠵᠦ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠯᠠᠪᠳᠠᠭᠤᠨ ᠪᠠᠲᠤᠲᠠᠢ ᠠᠯᠬᠤᠭ᠎ᠠ ᠶᠢ ᠠᠯᠬᠤᠨ ᠭᠠᠷᠪᠠ | ︽ᠲᠣᠮᠣ ᠤᠯᠤᠰ ᠤᠨ ᠬᠥᠷᠥᠩᠭᠡ︾ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠤᠯᠠᠮ ᠨᠢᠭᠡ | ᠠᠯᠬᠤᠮ ᠪᠦᠷᠢᠨᠰᠢᠭᠦᠯᠵᠦ᠂ ︽ᠴᠢᠩᠱᠠᠨ ᠲᠣᠭᠤᠷᠢᠭ ᠤᠨ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ | ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠵᠢᠴᠢ ᠢᠵᠢ | ᠪᠦᠷᠢᠳᠦᠭᠰᠡᠨ ᠪᠢᠴᠢᠭ ᠮᠠᠲ᠋ᠧᠷᠢᠶᠠᠯ ᠢ ᠲᠣᠭᠲᠠᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠥᠬᠦ ᠬᠤᠲᠠ ᠶᠢᠨ ᠠᠩᠬᠠᠳᠠᠭᠴᠢ ᠠᠵᠤ ᠠᠬᠤᠶᠢᠯᠠᠯ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠢᠩᠬᠢᠮ ᠢ ᠨᠡᠭᠡᠭᠡᠨ ᠡᠷᠭᠢᠯᠡᠬᠦ᠂ ᠲᠣᠮᠣ ᠳ᠋ᠠᠶᠢᠲ᠋ᠠ ᠶᠢᠨ ᠮᠡᠷᠭᠡᠵᠢᠯ ᠤᠨ ᠡᠨᠧᠷᠭᠢ ᠣᠯᠭᠤᠬᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠦᠯᠬᠢᠨ ᠠᠬᠢᠭᠤᠯᠵᠤ᠂ ︽24 ᠴᠠᠭ ᠤᠨ ᠠᠦ᠋ᠲ᠋ᠤ᠋ ᠦᠢᠯᠡᠴᠢᠯᠡᠬᠦ ᠤᠷᠤᠨ︾ | ᠢ ᠪᠠᠶᠢᠭᠤᠯᠤᠨ ᠪᠦᠲᠦᠭᠡᠵᠦ᠂ ᠥᠪᠡᠰᠦᠪᠡᠨ ᠭᠠᠶᠢᠯᠢ ᠭᠦᠢᠴᠡᠳᠬᠡᠬᠦ ᠵᠠᠭᠪᠤᠷ ᠢ ᠬᠡᠷᠡᠭᠵᠢᠭᠦᠯᠦᠨ᠂ ᠠᠵᠤ ᠠᠬᠤᠶᠢᠯᠠᠯ ᠤᠨ | ᠪᠠᠶᠢᠭᠤᠯᠵᠤ ᠳᠠᠩᠰᠠᠯᠠᠭᠤᠯᠬᠤ ᠠᠵᠢᠯ ᠤᠨ ᠡᠳᠦᠷ ᠢ ᠬᠠᠭᠠᠰ ᠡᠳᠦᠷ ᠪᠣᠯᠭᠠᠨ ᠪᠠᠭᠠᠰᠬᠠᠪᠠ᠃ ︽ᠮᠦᠩᠬᠡ ᠰᠤᠪᠠᠭ︾ ᠢ | ᠲᠦᠷᠭᠡᠳᠬᠡᠨ ᠳᠡᠯᠭᠡᠷᠡᠭᠦᠯᠵᠦ᠂ ᠳᠠᠩᠰᠠᠯᠠᠭᠤᠯᠤᠭᠰᠠᠨ ᠬᠥᠮᠥᠨ ᠤ ᠲᠤᠭ᠎ᠠ 14 ᠲᠦᠮᠡ ᠶᠢ ᠳᠠᠪᠠᠪᠠ᠃ ᠪᠥᠬᠦ | ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ︽ᠭᠤᠷᠪᠠᠨ ᠶᠠᠪᠤᠳᠠᠯ ᠢ ᠢᠯᠡ | ᠪᠣᠯᠭᠠᠬᠤ︾ ᠳᠠᠬᠢᠨ ᠬᠢᠨᠠᠯᠲᠠ ᠲᠠᠯᠪᠢᠬᠤ ᠲᠤᠬᠠᠢ ᠶᠢᠨ ᠲᠠᠯᠠᠪᠤᠷ ᠤᠨ ᠬᠤᠷᠠᠯ ᠢ ᠲᠡᠭᠦᠰ ᠠᠮᠵᠢᠯᠲᠠ ᠲᠠᠢ ᠳᠠᠭᠠᠭᠠᠴᠢᠯᠠᠨ | ᠡᠷᠭᠢᠯᠡᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠤᠨ ︽ᠣᠶᠤᠨᠲᠤ ᠶᠡᠭᠡ ᠲᠠᠷᠢᠬᠢ︾ ᠶᠢ | ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠃ ᠳᠡᠭᠡᠳᠦ ᠱᠠᠲᠤᠨ ᠤ ᠡᠯ᠎ᠡ ᠵᠦᠢᠯ ᠤᠨ ᠠᠵᠤ ᠠᠬᠤᠶᠢᠯᠠᠯ ᠳᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ | ᠭᠠᠶᠢᠯᠢ ᠶᠢᠨ ᠰᠦᠢᠳᠬᠡᠯ᠂ ᠴᠠᠬᠢᠯᠭᠠᠨ ᠤ ᠰᠦᠢᠳᠬᠡᠯ ᠢ 6.5 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠵᠦ᠂ | ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠳᠡᠮᠵᠢᠬᠦ ᠵᠡᠷᠭᠡ ᠪᠡᠯᠡ ᠮᠥᠩᠭᠦ ᠶᠢ 1.7 ᠳ᠋ᠦᠩᠰᠢᠭᠤᠷ ᠲᠥᠭᠦᠷᠢᠭ ᠲᠠᠯᠪᠢᠪᠠ᠃ ᠰᠢᠨᠵᠢᠯᠡᠬᠦ ᠤᠬᠠᠭᠠᠨ | ᠮᠡᠷᠭᠡᠵᠢᠯ ᠤᠨ ᠣᠷᠣᠭᠤᠯᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠰᠤᠳᠤᠯᠭᠠᠨ ᠪᠠ ᠲᠤᠷᠰᠢᠯᠲᠠ ᠶᠢᠨ | ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ︵R&D︶ 2.8% ᠪᠣᠯᠵᠤ ᠨᠡᠮᠡᠭᠳᠡᠪᠡ᠃ | ᠥᠪᠥᠷ ᠮᠣᠩᠭᠤᠯ ᠤᠨ ᠰᠦᠯᠵᠢᠶᠡᠨ ᠤ ᠬᠠᠮᠵᠢᠯᠴᠠᠨ ᠦᠶᠯᠡᠳᠬᠦ ᠡᠭᠦᠯᠡᠨ ᠲᠠᠪᠴᠠᠩ ᠨᠢ ᠤᠯᠤᠰ ᠤᠨ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠡᠷᠬᠡᠶᠢᠯᠡᠯ ᠤᠨ ᠵᠠᠳᠠᠯᠤᠯᠲᠠ ᠶᠢᠨ ᠬᠤᠶᠠᠳᠤᠭᠠᠷ ᠳᠡᠰ ᠤᠨ | ᠵᠠᠩᠭᠢᠯᠠᠭ᠎ᠠ ᠶᠢᠨ ᠴᠡᠭ ᠤᠨ ᠡᠵᠡᠩᠨᠡᠯᠲᠡ ᠶᠢᠨ ᠦᠢᠯᠡᠴᠢᠯᠡᠭᠡᠨ ᠤ ᠲᠠᠪᠴᠠᠩ ᠪᠣᠯᠵᠤ᠂ 2 ᠬᠥᠮᠥᠨ ᠥᠪᠡᠷᠲᠡᠭᠡᠨ | ᠵᠠᠰᠠᠬᠤ ᠣᠷᠣᠨ ᠤ ᠮᠠᠰᠲ᠋ᠧᠷ ᠤᠨ ᠳᠡᠭᠡᠳᠦ ᠵᠡᠷᠭᠡ ᠶᠢᠨ ᠮᠠᠰᠲ᠋ᠧᠷ ᠤᠨ ᠲᠣᠪᠣᠶᠢᠮ᠎ᠠ ᠬᠤᠪᠢ ᠨᠡᠮᠡᠷᠢ ᠶᠢᠨ ᠱᠠᠩᠨᠠᠯ ᠢᠶᠠᠷ | ᠦᠨᠡᠯᠡᠭᠳᠡᠪᠡ᠃ ᠴᠠᠩ ᠹᠦ᠋ ᠲᠣᠰᠬᠤᠨ ᠢ ᠤᠯᠤᠰ ᠤᠨ ᠠᠷᠠᠳ ᠤᠨ ᠶᠠᠪᠤᠳᠠᠯ ᠤᠨ ᠶᠠᠮᠤᠨ ᠠᠴᠠ ᠪᠦᠬᠦ ᠤᠯᠤᠰ ᠤᠨ | ᠲᠣᠰᠬᠤᠨ ᠤ ᠲᠡᠰ ᠤᠨ ᠬᠡᠷᠡᠭ ᠵᠥᠪᠯᠡᠵᠦ ᠵᠥᠪᠳᠡᠯᠴᠡᠬᠦ ᠰᠢᠨ᠎ᠡ ᠶᠢ ᠡᠭᠦᠳᠬᠦ ᠲᠤᠷᠰᠢᠯᠲᠠ ᠶᠢᠨ ᠲᠤᠷᠰᠢᠯᠲᠠ ᠶᠢᠨ | ᠴᠡᠭ ᠤᠨ ᠨᠢᠭᠡᠴᠡ ᠪᠠᠷ ᠨᠤᠲᠠᠯᠠᠨ ᠲᠣᠭᠲᠠᠭᠠᠵᠤ᠂ ᠳ᠋ᠦᠩ ᠳ᠋ᠡ ᠭᠧᠦ ᠲᠣᠰᠬᠤᠨ ᠬᠤᠶᠠᠳᠤᠭᠠᠷ ᠪᠦᠯᠦᠭ ᠤᠨ ᠪᠦᠬᠦ | ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃ | ᠡᠨᠡ ᠨᠢᠭᠡ ᠵᠢᠯ ᠳᠤ᠂ ᠪᠢᠳᠡ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠰᠢᠰᠲ᠋ᠧᠮ ᠲᠠᠢ ᠵᠠᠰᠠᠵᠤ᠂ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠬᠢᠵᠢᠭᠦᠯᠪᠡ | ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠤᠨ ᠠᠮᠢ ᠠᠬᠤᠢ ᠶᠢ ᠰᠡᠷᠭᠦᠭᠡᠬᠦ ᠪᠠ ᠠᠭᠤᠷᠬᠠᠢ ᠶᠢ ᠵᠠᠰᠠᠬᠤ | ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠰᠢᠨ᠎ᠡ ᠪᠠᠷ ᠨᠡᠮᠡᠭᠳᠡᠭᠦᠯᠦᠨ᠂ ᠡᠯ᠎ᠡ ᠲᠥᠷᠥᠯ ᠦᠨᠴᠢᠬᠢ ᠮᠣᠳᠣ ᠶᠢ 111 ᠲᠦᠮᠡᠨ ᠰᠠᠭᠤᠷᠢ ᠵᠠᠶᠢᠯᠠᠵᠤ᠂ 1 ᠲᠦᠮᠡᠨ | ᠮᠦ ᠮᠣᠳᠣ ᠳᠠᠷᠢᠵᠤ᠂ ᠠᠭᠤᠷᠬᠠᠢ ᠶᠢᠨ ᠨᠦᠬᠡ ᠶᠢᠨ ᠨᠤᠷᠠᠬᠤ ᠠᠶᠤᠯᠲᠠᠢ ᠴᠢᠯᠠᠭᠤᠯᠢᠭ ᠤᠨ ᠴᠣᠭᠴᠠ ᠶᠢ 2000 ᠮᠦ | ᠰᠡᠷᠭᠦᠭᠡᠨ ᠵᠠᠰᠠᠬᠤ ᠶᠢ ᠪᠡᠶᠡᠯᠡᠭᠦᠯᠪᠡ᠃ ᠪᠦᠬᠦ ᠬᠤᠳᠠ ᠳᠤ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠤᠷᠢᠳᠠᠪᠠᠷ ᠬᠡᠷᠡᠭᠵᠢᠭᠦᠯᠵᠦ᠂ ᠭᠤᠷᠪᠠᠨ ᠱᠠᠲᠤᠨ ᠤ ᠤᠢ ᠰᠢᠭᠤᠢ ᠶᠢᠨ ᠳᠠᠷᠤᠭ᠎ᠠ ᠶᠢᠨ ᠰᠢᠰᠲ᠋ᠧᠮ ᠢ | ᠪᠠᠶᠢᠭᠤᠯᠪᠠ︔ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠵᠢᠱᠢᠶ᠎ᠡ ᠦᠵᠡᠭᠦᠯᠬᠦ | ᠲᠦᠷᠦᠯ ᠵᠦᠢᠯ ᠢ ᠤᠷᠢᠳᠠᠪᠠᠷ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠪᠠ ᠵᠢᠱᠢᠶ᠎ᠡ ᠦᠵᠡᠭᠦᠯᠬᠦ | ᠤᠢ ᠰᠢᠭᠤᠢ ᠶᠢ 2000 ᠮᠦ ᠪᠦᠲᠦᠭᠡᠨ ᠪᠠᠶᠢᠭᠤᠯᠪᠠ︔ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠩ ᠲᠡᠷᠢᠭᠦᠨ ᠳᠤ ᠭᠦᠢᠴᠡᠳᠭᠡᠪᠡ᠃ 2672 ᠡᠷᠦᠬᠡ᠂ 28.1 | ᠲᠦᠮᠡᠨ ᠲᠡᠭᠰᠢ ᠳᠥᠷᠪᠡᠯᠵᠢᠨ ᠮᠧᠲᠷ ᠤᠨ ᠰᠢᠲᠠᠭᠠᠯᠭ᠎ᠠ ᠶᠢᠨ ᠨᠡᠭᠦᠷᠡᠰᠦ ᠶᠢ ᠲᠠᠷᠠᠬᠠᠢ ᠰᠢᠲᠠᠭᠠᠬᠤ ᠶᠢ ᠵᠠᠰᠠᠬᠤ | ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠪᠡ᠃ ᠬᠤᠩ ᠶᠤᠸᠠᠨ ᠰᠢᠨ᠎ᠡ ᠮᠠᠲ᠋ᠧᠷᠢᠶᠠᠯ ᠨᠢ ᠤᠯᠤᠰ ᠤᠨ | ᠪᠣᠬᠢᠷᠳᠤᠯ ᠦᠭᠡᠢ ᠦᠢᠯᠡᠳᠪᠦᠷᠢ ᠶᠢᠨ ᠨᠡᠷᠡᠰ ᠲᠤ ᠰᠣᠩᠭᠤᠭᠳᠠᠪᠠ᠃ ᠠᠭᠠᠷ ᠮᠠᠨᠳᠠᠯ ᠤᠨ ᠪᠣᠬᠢᠷᠳᠤᠯ ᠢ ᠵᠠᠰᠠᠬᠤ 14 | ᠢᠨᠵᠧᠨᠧᠷᠢᠩ ᠢ ᠪᠦᠬᠦᠨ ᠢ ᠳᠠᠭᠤᠰᠬᠠᠵᠤ᠂ ᠭᠤᠣᠯ ᠪᠣᠯᠬᠤ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ | ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠵᠡᠷᠭᠡ ᠠᠮᠢ ᠠᠬᠤᠢ ᠶᠢᠨ | ᠣᠷᠴᠢᠨ ᠨᠥᠬᠦᠴᠡᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠦᠷᠢᠶᠡᠯᠡᠩ ᠲᠣᠭᠤᠷᠢᠭ ᠤᠨ | ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠪᠠ ᠪᠠᠷᠢᠮᠵᠢᠶ᠎ᠠ ᠳᠤ | ᠬᠦᠷᠦᠭᠰᠡᠨ ᠡᠳᠦᠷ ᠤᠨ ᠲᠤᠭ᠎ᠠ ᠶᠢᠨ ᠬᠠᠷᠢᠴᠠᠯ ᠨᠢ ᠴᠥᠮ ᠬᠤᠲᠠ ᠶᠢᠨ ᠲᠠᠪᠤᠨ ᠲᠣᠭᠤᠷᠢᠭ ᠤᠨ ᠨᠢᠭᠡᠳᠦᠭᠡᠷ ᠲᠤ | ᠵᠢᠭᠰᠠᠭᠠᠭᠳᠠᠪᠠ᠃ ᠡᠨᠧᠷᠭᠢ ᠶᠢᠨ ᠰᠤᠷᠪᠤᠯᠵᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠡᠷᠴᠢᠮ ᠤᠨ ︽ᠬᠤᠶᠠᠷ ᠢ | ᠬᠢᠵᠠᠭᠠᠷᠯᠠᠬᠤ︾ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠬᠡᠷᠡᠭᠯᠡᠬᠦ | ᠲᠥᠰᠥᠪ ᠤᠨ ᠬᠠᠮᠢᠶᠠᠷᠤᠯᠲᠠ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠪᠡ︔ ᠨᠡᠭᠦᠷᠡᠰᠦᠲᠥ᠋ᠷᠥᠭᠴᠢ ᠶᠢᠨ | ᠢᠯᠭᠠᠷᠠᠭᠤᠯᠤᠯ ᠤᠷᠬᠢᠯ ᠤᠨ ᠬᠡᠮᠵᠢᠶᠡᠨ ᠳᠤ ᠬᠦᠷᠲᠡᠯ᠎ᠡ ᠨᠡᠮᠡᠭᠳᠡᠬᠦ ᠦᠭᠡᠢ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠮᠣ ᠡᠷᠦᠬᠡ ᠶᠢᠨ ᠡᠨᠧᠷᠭᠢ | ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠮᠡᠷᠭᠡᠵᠢᠯ ᠤᠨ ᠥᠭᠡᠷᠡᠴᠢᠯᠡᠯᠲᠡ ᠪᠠᠨ | ᠲᠦᠷᠭᠡᠳᠬᠡᠬᠦ ᠶᠢ ᠵᠤᠷᠢᠭᠵᠢᠭᠤᠯᠪᠠ᠃ ᠨᠡᠭᠦᠷᠡᠰᠦᠲᠥ᠋ᠷᠥᠭᠴᠢ ᠶᠢᠨ ᠢᠯᠭᠠᠷᠠᠭᠤᠯᠤᠯ ᠤᠷᠬᠢᠯ ᠤᠨ ᠬᠡᠮᠵᠢᠶᠡᠨ ᠳᠤ | ᠬᠦᠷᠲᠡᠯ᠎ᠡ ᠨᠡᠮᠡᠭᠳᠡᠬᠦ ᠦᠭᠡᠢ ᠪᠠ ︽1+9+N︾ ᠵᠡᠷᠭᠡ 18 ᠬᠡᠷᠡᠭᠵᠢᠭᠦᠯᠬᠦ ᠲᠥᠰᠥᠯ ᠢ ᠨᠡᠶᠢᠲᠡᠯᠡᠵᠦ᠂ | ᠤᠯᠤᠰ ᠤᠨ ᠲᠡᠰ ᠤᠨ ᠪᠦᠬᠦᠶᠢᠯᠡ ᠲᠣᠭᠤᠷᠢᠭ ᠤᠨ ᠭᠡᠷ ᠤᠨ ᠣᠷᠣᠢ ᠶᠢᠨ ᠲᠠᠷᠬᠠᠯᠲᠠ ᠶᠢᠨ ᠮᠠᠶ᠋ᠢᠭ ᠤᠨ ᠭᠡᠷᠡᠯ ᠤᠨ | ᠡᠨᠧᠷᠭᠢ ᠶᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠢᠶᠠᠷ ᠰᠣᠩᠭᠤᠭᠳᠠᠪᠠ᠃ | ᠡᠨᠡ ᠨᠢᠭᠡ ᠵᠢᠯ ᠳᠤ᠂ ᠪᠢᠳᠡ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ | ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠪᠠᠲᠤᠯᠠᠪᠠ | ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠶᠢ ᠦᠷᠭᠦᠯᠵᠢᠯᠡᠨ ᠲᠦᠯᠬᠢᠨ ᠠᠬᠢᠭᠤᠯᠵᠦ᠂ | ᠨᠡᠶᠢᠭᠡᠮ ᠤᠨ ᠦᠨᠳᠦᠰᠦᠨ ᠨᠠᠰᠤᠵᠢᠯ ᠤᠨ ᠠᠰᠠᠷᠠᠮᠵᠢ ᠪᠠ ᠡᠮ ᠡᠮᠨᠡᠯᠭᠡ ᠶᠢᠨ ᠳᠠᠭᠠᠳᠬᠠᠯ ᠤᠨ ᠪᠦᠷᠬᠦᠴᠡ ᠶᠢ 95% | ᠠᠴᠠ ᠳᠡᠭᠡᠭᠰᠢ ᠬᠦᠷᠭᠡᠪᠡ᠃ ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ ᠠᠵᠢᠯ | ᠣᠯᠭᠤᠯᠲᠠ ᠶᠢ ᠠᠬᠢᠭᠤᠯᠵᠤ᠂ ᠬᠤᠳᠠ ᠪᠠᠯᠭᠠᠰᠤᠨ ᠳᠤ 10741 ᠬᠥᠮᠥᠨ ᠳᠤ ᠰᠢᠨ᠎ᠡ ᠪᠠᠷ ᠠᠵᠢᠯ ᠣᠯᠭᠤᠪᠠ᠃ | ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠸᠠᠨ ᠺᠧ ᠵᠡᠷᠭᠡ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ 5 ᠬᠡᠦᠬᠡᠳ ᠤᠨ ᠴᠡᠴᠡᠷᠯᠢᠭ ᠤᠨ | ᠪᠠᠷᠢᠯᠭ᠎ᠠ ᠶᠢ ᠳᠠᠭᠤᠰᠬᠠᠵᠤ᠂ ᠤᠮᠠᠷᠠᠲᠦ ᠶᠢᠨ ᠬᠦᠨᠳᠦ ᠠᠵᠦ ᠦᠢᠯᠡᠳᠪᠦᠷᠢ ᠶᠢᠨ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠠᠰᠢᠭᠯᠠᠯᠲᠠ ᠳᠤ ᠣᠷᠣᠭᠤᠯᠪᠠ᠃ ᠤᠯᠤᠰ ᠤᠨ ︽ᠬᠤᠶᠠᠷ ᠢ ᠬᠦᠩᠭᠡᠯᠡᠬᠦ︾ | ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ ᠶᠢ109.9% ᠬᠦᠷᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢ ᠫᠠᠶᠢᠰᠠ ᠡᠯᠭᠦᠨ ᠪᠠᠶᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠪᠠᠷᠠᠭᠤᠨ ᠬᠤᠶᠢᠲᠤ ᠣᠷᠣᠨ ᠤ ᠡᠮᠨᠡᠯᠭᠡ ᠶᠢᠨ | ᠬᠤᠷᠢᠶᠠᠨ ᠤ ᠡᠮᠦᠨᠡᠬᠢ ᠲᠦᠷᠭᠡᠨ ᠠᠪᠤᠷᠠᠯᠳᠠ ᠶᠢᠨ ᠲᠥᠪ ᠢ ᠪᠠᠶᠢᠭᠤᠯᠵᠤ᠂ 71 ᠰᠠᠭᠤᠷᠢ AED ᠶᠢ | ᠠᠰᠢᠭᠯᠠᠯᠲᠠ ᠳᠤ ᠣᠷᠣᠭᠤᠯᠵᠤ᠂ ᠨᠡᠶᠢᠭᠡᠮ ᠤᠨ ᠲᠦᠷᠭᠡᠨ ᠠᠪᠤᠷᠠᠯᠳᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ | ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ᠯᠦ | ᠿᠧᠨ ᠹᠧᠩ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠶᠢᠨ ᠨᠡᠷ᠎ᠡ | ᠳᠤᠷᠠᠳᠤᠭᠰᠠᠨ ᠱᠠᠩᠨᠠᠯ ᠢ ᠬᠦᠷᠲᠡᠪᠡ᠃ ︽ᠴᠢᠩᠱᠠᠨ ᠳᠤ ᠠᠭᠤᠯᠵᠠᠭᠰᠠᠨ︾ ᠤᠯᠠᠨ ᠨᠡᠶᠢᠲᠡ ᠶᠢᠨ ᠰᠣᠶᠣᠯ ᠤᠨ | ᠰᠢᠰᠲ᠋ᠧᠮ ᠤᠨ ᠦᠢᠯᠡᠴᠢᠯᠡᠭᠡᠨ ᠤ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠰᠣᠶᠣᠯ ᠤᠨ | ᠣᠷᠳᠣᠨ ᠢ ᠳᠠᠬᠢᠨᠲᠠ ᠪᠦᠬᠦ ᠤᠯᠤᠰ ᠤᠨ ᠰᠣᠶᠣᠯ ᠤᠨ ᠣᠷᠳᠣᠨ ᠤ ᠨᠢᠭᠡᠳᠦᠭᠡᠷ ᠳᠡᠰ ᠤᠨ ᠣᠷᠳᠣᠨ ᠢᠶᠠᠷ | ᠨᠡᠷᠡᠯᠡᠭᠳᠡᠪᠡ᠃ ᠬᠦᠷᠦᠩᠭᠡ ᠤᠨ ᠪᠤᠰᠦ ᠤᠯᠠᠮᠵᠢᠯᠠᠯ ᠤᠨ ᠪᠢᠶᠠᠨ ᠰᠠᠨ ᠶᠤᠸᠠᠨ ︽ᠨᠠᠢᠮᠠᠨ ᠲᠣᠮᠣ ᠠᠶᠠᠭ᠎ᠠ︾ ᠨᠢ ᠲᠥᠪ | ᠲᠧᠯᠸᠢᠰ ᠤᠨ ᠰᠢᠭᠤᠳ ᠨᠡᠪᠲᠡᠷᠡᠭᠦᠯᠭᠡ ᠳᠤ ᠭᠠᠷᠪᠠ᠃ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠨᠠᠷᠢᠯᠢᠭ | ᠣᠨᠣᠴᠠᠲᠠᠢ ᠪᠠᠷ ᠤᠷᠢᠳᠴᠢᠯᠠᠨ ᠰᠡᠷᠡᠮᠵᠢᠯᠡᠭᠦᠯᠬᠦ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠰᠢᠨ᠎ᠡ ᠸᠠᠺᠼᠢᠨ ᠤ ᠲᠠᠷᠢᠯᠭ᠎ᠠ ᠶᠢᠨ ᠨᠣᠷᠮ᠎ᠠ 83.9% ᠳᠤ ᠬᠥᠷᠪᠡ᠃ | ᠳᠡᠭᠡᠳᠦ ᠱᠠᠲᠤᠨ ᠤ ᠲᠤᠰᠢᠶᠠᠭᠰᠠᠨ ᠡᠭᠦᠷᠭᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ | ᠲᠦᠷᠦᠭᠦᠯᠡᠨ ᠳᠠᠭᠠᠭᠠᠴᠢᠯᠠᠨ ᠬᠤᠯᠪᠣᠭᠠᠯᠠᠵᠤ᠂ ᠡᠵᠡᠨ᠎ᠡ ᠬᠤᠰᠢᠭᠤᠨ ᠳᠤ ᠰᠠᠭᠠᠲᠠᠭᠰᠠᠨ ᠠᠶᠠᠨᠴᠢᠳ ᠤᠨ ᠡᠷᠡᠭᠦᠯ | ᠮᠡᠨᠳᠦ ᠶᠢᠨ ᠳᠤ ᠲᠦᠪᠯᠡᠷᠡᠭᠦᠯᠦᠨ ᠬᠢᠨᠠᠨ ᠬᠡᠮᠵᠢᠯᠲᠡ ᠬᠢᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ | ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ | ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠴᠤᠭᠯᠠᠭᠠᠨ ᠢ ᠳᠠᠭᠠᠭᠠᠨ ᠡᠷᠭᠢᠯᠡᠵᠦ᠂ ᠪᠥᠬᠦ ᠬᠤᠲᠠ ᠳᠤ ᠴᠢᠩᠱᠠᠨ ᠤ | ᠥᠯᠢᠭᠡᠷ ᠳᠠᠭᠤᠷᠢᠶᠠᠯ ᠬᠠᠩᠭᠠᠭᠰᠠᠨ ᠪᠠᠶᠢᠨ᠎ᠠ᠃ ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠬᠤ | ᠡᠷᠴᠢᠮ ᠢ ᠴᠢᠩᠭᠠᠷᠠᠭᠤᠯᠵᠤ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ | ᠲᠤᠰᠢᠶᠠᠭᠰᠠᠨ 208 ᠬᠤᠪᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠪᠦᠬᠦᠨ ᠢ ᠳᠠᠭᠤᠰᠬᠠᠵᠤ᠂ ᠤᠯᠤᠰ ᠤᠨ | ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠨᠢᠭᠡᠳᠦᠭᠡᠷ ᠪᠦᠯᠦᠭ ᠤᠨ 58 | ᠬᠤᠪᠢ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠬᠦᠨ ᠢ ᠠᠷᠢᠯᠭᠠᠵᠤ᠂ ᠲᠤᠭᠤᠷᠢᠭ ᠤᠨ ᠪᠠᠶᠢᠴᠠᠭᠠᠬᠤ | ᠬᠤᠷᠢᠶ᠎ᠠ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ︽ᠪᠣᠯᠪᠠᠰᠤᠨ ᠭᠥᠯᠢᠶᠡᠨ ᠠᠪᠬᠤ ᠲᠠᠰᠤᠭ︾ ᠤᠨ ᠴᠣᠯᠠ | ᠬᠦᠷᠳᠡᠪᠡ᠃ | ᠲᠥᠯᠥᠭᠡᠯᠡᠭᠴᠢᠳ ᠠ᠋︕ ᠬᠠᠲᠠᠭᠤ ᠪᠡᠷᠬᠡᠰᠢᠶᠡᠯ ᠳᠤ ᠡᠷᠡᠯᠬᠡᠭ ᠪᠠᠭᠠᠲᠤᠷ ᠢᠯᠡᠷᠡᠵᠦ᠂ ᠬᠠᠲᠠᠭᠤᠵᠢᠯ | ᠪᠣᠯᠪᠠᠰᠤᠷᠠᠯ ᠳᠤ ᠠᠮᠵᠢᠯᠲᠠ ᠣᠯᠣᠨ᠎ᠠ᠃ ᠲᠦᠷᠪᠡᠨ ᠵᠢᠯ ᠤᠨ ᠲᠤᠷᠰᠢ᠂ ᠴᠢᠩᠱᠠᠨ ᠤ ᠡᠬᠡ ᠭᠠᠵᠠᠷ ᠲᠤ ᠢᠯᠡᠷᠡᠭᠰᠡᠨ | ᠭᠤᠶᠢᠳᠠ ᠰᠠᠶᠢᠬᠠᠨ ᠠᠮᠢᠳᠤᠯᠢᠭ ᠬᠤᠪᠢᠷᠠᠯᠲᠠ ᠨᠢ ᠪᠢᠳᠡᠨ ᠢ ᠲᠤᠶᠢᠯ ᠢᠶᠠᠷ ᠣᠮᠣᠭᠰᠢᠭᠤᠯᠵᠤ᠂ ᠵᠠᠰᠠᠭ ᠤᠨ ᠣᠷᠳᠣᠨ ᠤ | ᠠᠵᠢᠯ ᠢ ᠰᠠᠶᠢᠲᠤᠷ ᠬᠢᠬᠦ ᠶᠢ ᠪᠢᠳᠡᠨ ᠳᠤ ᠨᠡᠩ ᠭᠦᠨᠵᠡᠭᠡᠢ ᠣᠶᠢᠯᠠᠭᠠᠭᠤᠯᠪᠠ᠄ | ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠲᠠᠯ᠎ᠠ ᠶᠢᠨ ᠪᠦᠬᠦ ᠶᠠᠪᠤᠴᠠ ᠳᠤ ᠨᠠᠶᠢᠳᠠᠪᠤᠷᠢᠵᠢᠭᠤᠯᠪᠠᠯ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠮᠠᠨ ᠤ ᠲᠤᠭᠤᠷᠢᠭ ᠲᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠴᠡᠴᠡᠭᠯᠡᠨ ᠵᠢᠮᠢᠰᠯᠡᠬᠦ ᠶᠢ ᠦᠨᠡᠨᠬᠦ ᠠᠬᠢᠭᠤᠯᠵᠤ ᠴᠢᠳᠠᠨ᠎ᠠ᠃ | ᠡᠷᠬᠡᠪᠰᠢ ᠦᠵᠡᠯ ᠰᠠᠨᠠᠭ᠎ᠠ ᠪᠠᠨ ᠴᠢᠯᠦᠭᠡᠯᠡᠬᠦ ᠶᠢ ᠪᠠᠷᠢᠮᠲᠠᠯᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠪᠠᠯ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ | ᠰᠢᠨ᠎ᠡ ᠬᠥᠭᠵᠢᠯᠲᠡ ᠶᠢᠨ ᠱᠠᠲᠤᠨ ᠳᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠬᠥᠲᠥᠯᠥᠨ ᠳᠠᠭᠠᠭᠤᠯᠬᠤ | ᠪᠠ ᠠᠬᠢᠭᠤᠯᠵᠤ ᠴᠢᠳᠠᠨ᠎ᠠ᠃ | ᠡᠷᠬᠡᠪᠰᠢ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠰᠢᠨᠲᠠᠷᠠᠰᠢ ᠦᠭᠡᠢ ᠨᠡᠮᠡᠭᠳᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ | ᠲᠤᠭᠤᠷᠢᠭ ᠤᠨ ᠠᠷᠠᠳ ᠲᠦᠮᠡᠨ ᠳᠤ ᠨᠡᠩ ᠢᠯᠡᠭᠦᠦ ᠨᠡᠩ ᠭᠤᠣᠯᠴᠢ ᠪᠠᠷ ᠡᠳ᠋ᠯᠡᠭᠦᠯᠪᠡᠯ᠂ ᠠᠷᠠᠳ ᠲᠦᠮᠡᠨ ᠤ ᠢᠲᠡᠭᠡᠯ | ᠪᠣᠯᠣᠨ ᠳᠡᠮᠵᠢᠯᠭᠡ ᠶᠢ ᠣᠯᠵᠤ᠂ ᠨᠡᠩ ᠶᠡᠭᠡ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ ᠴᠢᠳᠠᠨ᠎ᠠ᠃ | ᠡᠷᠬᠡᠪᠰᠢ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ | ᠶᠡᠷᠦᠩᠬᠡᠢ ᠱᠦᠵᠢ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠲᠤᠬᠠᠢ ᠴᠢᠬᠤᠯᠠ ᠥᠭᠦᠯᠡᠯᠲᠡ ᠶᠢᠨ | ᠵᠣᠷᠢᠭ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠤᠶᠤᠨ ᠴᠢᠳᠠᠯ ᠢᠶᠠᠨ ᠠᠵᠢᠯ ᠳᠡᠭᠡᠷ᠎ᠡ ᠪᠠᠨ ᠲᠥᠪᠯᠡᠷᠡᠭᠦᠯᠵᠦ᠂ | ᠲᠥᠯᠥᠪᠯᠡᠭᠡ ᠶᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠪᠣᠳᠠᠲᠠᠢ ᠵᠠᠩᠭᠢᠯᠠᠭ᠎ᠠ ᠠᠴᠠ ᠡᠬᠢᠯᠡᠨ ᠠᠳᠬᠤᠵᠤ᠂ | ᠪᠣᠳᠠᠲᠠᠢ ᠠᠰᠠᠭᠤᠳᠠᠯ ᠢ ᠰᠢᠢᠳᠪᠦᠷᠢᠯᠡᠬᠦ ᠠᠴᠠ ᠡᠬᠢᠯᠡᠨ ᠬᠢᠵᠦ᠂ ᠬᠡᠯᠡᠪᠡᠯ ᠵᠠᠪᠠᠯ ᠬᠢᠵᠦ᠂ ᠬᠢᠪᠡᠯ ᠵᠠᠪᠠᠯ ᠦᠷ᠎ᠡ | ᠪᠦᠲᠦᠮᠵᠢ ᠣᠯᠪᠠᠯ᠂ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠵᠤ ᠴᠢᠳᠠᠨ᠎ᠠ᠃ | ᠲᠦᠷᠪᠡᠨ ᠵᠢᠯ ᠤᠨ ᠰᠠᠯᠬᠢ ᠪᠣᠷᠣᠭᠠᠨ ᠢ ᠲᠤᠭᠤᠯᠤᠭᠰᠠᠨ ᠪᠣᠯᠪᠠᠴᠤ ᠠᠮᠵᠢᠯᠲᠠ ᠶᠢ ᠲᠡᠶᠢᠮᠦ ᠬᠢᠯᠪᠠᠷᠬᠠᠨ ᠢᠶᠠᠷ | ᠣᠯᠣᠭᠰᠠᠨ ᠪᠢᠰᠢ᠃ ᠡᠨᠡ ᠨᠢ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠲᠤᠭᠤᠷᠢᠭ ᠤᠨ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠠᠴᠠ ᠪᠣᠯᠵᠤ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ | ᠳᠡᠮᠵᠢᠯᠭᠡ ᠠᠴᠠ ᠪᠣᠯᠵᠤ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ | ᠲᠡᠮᠡᠴᠡᠭᠰᠡᠨ ᠠᠴᠠ ᠪᠣᠯᠤᠭᠰᠠᠨ ᠶᠤᠮ᠃ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ | ᠲᠦᠯᠦᠭᠡᠯᠡᠨ᠂ ᠪᠦᠬᠦ ᠲᠤᠭᠤᠷᠢᠭ ᠤᠨ ᠡᠯ᠎ᠡ ᠦᠨᠳᠦᠰᠦᠲᠡᠨ ᠤ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ᠂ ᠠᠷᠠᠳ ᠤᠨ ᠪᠦᠯᠬᠦᠮ᠂ | ᠲᠤᠭᠤᠷᠢᠭ ᠲᠤ ᠰᠠᠭᠤᠭ᠎ᠠ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠶᠢᠨ ᠵᠢᠯᠣᠭᠤᠳᠤᠭᠴᠢ | ᠪᠠᠶᠢᠯᠳᠤᠭᠴᠢᠳ᠂ ᠥᠷᠭᠡᠨ ᠤᠯᠠᠨ ᠡᠮᠨᠡᠯᠭᠡ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ᠂ ᠦᠨᠳᠦᠰᠦᠨ | ᠱᠠᠲᠤᠨ ᠤ ᠺᠠᠳ᠋ᠷᠴᠤᠳ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ | ᠠᠬᠠᠮᠠᠳ ᠨᠥᠬᠦᠳ᠂ ᠥᠷᠭᠡᠨ ᠤᠯᠠᠨ ᠠᠵᠤ ᠠᠬᠤᠶᠢᠯᠠᠯᠲᠠᠨ᠂ ᠴᠢᠩᠱᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ | ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠠ᠋︕ ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠠᠶᠢᠪᠤᠩ ᠠᠮᠢᠳᠤᠷᠠᠵᠤ | ᠴᠢᠳᠠᠨ᠎ᠠ᠂ ᠬᠦᠴᠢᠷ ᠵᠣᠪᠠᠭᠤᠷᠢ ᠶᠢ ᠮᠡᠳᠡᠪᠡᠯ ᠰᠠᠶ᠋ᠢ ᠬᠦᠴᠢᠷ ᠪᠡᠷᠬᠡ ᠶᠢ ᠢᠯᠠᠨ ᠳᠠᠪᠠᠵᠤ ᠴᠢᠳᠠᠨ᠎ᠠ᠃ ᠲᠦᠷᠪᠡᠨ | ᠵᠢᠯ ᠤᠨ ᠠᠵᠢᠯ ᠢ ᠬᠢᠨᠠᠨ ᠦᠵᠡᠪᠡᠯ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠥᠨᠬᠦ | ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠄ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ | ᠦᠷᠭᠦᠯᠵᠢᠯᠡᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠯᠠᠨ ᠭᠠᠵᠠᠷ ᠲᠤ ᠬᠡᠰᠡᠭ | ᠲᠠᠯ᠎ᠠ ᠪᠠᠷ ᠲᠥᠪᠯᠡᠷᠡᠬᠦ ᠪᠠ ᠬᠡᠰᠡᠭ ᠪᠤᠰᠠᠭ ᠢᠶᠠᠷ ᠳᠡᠯᠭᠡᠷᠡᠬᠦ ᠪᠠᠶᠢᠳᠠᠯ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠭᠦᠷᠭᠡ ᠮᠦᠨᠴᠦ ᠬᠦᠨᠳᠦ ᠪᠦᠭᠡᠳ ᠵᠠᠮ ᠬᠤᠯᠠ ᠪᠠᠶᠢᠭᠰᠠᠭᠠᠷ︔ ᠬᠦᠷᠢᠶᠡᠯᠡᠩ ᠲᠣᠭᠤᠷᠢᠭ ᠤᠨ | ᠶᠡᠷᠦᠩᠬᠡᠶᠢᠯᠡᠭᠰᠡᠨ ᠳᠠᠭᠠᠭᠠᠴᠠ ᠬᠦᠷᠦᠯᠴᠡᠬᠦ ᠦᠭᠡᠢ᠂ ᠬᠥᠭᠵᠢᠯᠲᠡ ᠶᠢᠨ ᠣᠷᠣᠨ ᠵᠠᠢ ᠶᠢ ᠲᠦᠷᠭᠡᠨ ᠥᠷᠭᠡᠳᠬᠡᠬᠦ | ᠴᠢᠬᠤᠯᠠᠲᠠᠢ ᠪᠠᠶᠢᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠨᠢ | ᠤᠳᠠᠭᠠᠨ ᠪᠠᠶᠢᠵᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠬᠠᠷᠠᠬᠠᠨ ᠬᠦᠴᠦᠷᠬᠡᠭ ᠶᠡᠭᠡ ᠲᠤᠯᠭᠠᠭᠤᠷᠢᠯᠠᠯ | ᠪᠣᠯᠵᠤ ᠪᠦᠷᠢᠯᠳᠦᠭᠡᠳᠦᠢ ᠪᠠᠶᠢᠭᠰᠠᠭᠠᠷ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ | ᠴᠢᠳᠠᠪᠤᠷᠢᠲᠠᠨ ᠤ ᠲᠤᠯᠭᠠᠭᠤᠷᠢᠯᠠᠬᠤ ᠴᠢᠳᠠᠪᠤᠷᠢ ᠬᠠᠷᠢᠴᠠᠩᠭᠤᠢ ᠪᠠᠷ ᠪᠠᠭᠤᠷᠠᠢ ᠪᠠᠶᠢᠵᠤ᠂ ᠬᠠᠷᠢᠶᠠᠲᠤ ᠣᠷᠣᠨ ᠢᠶᠠᠷ ᠶᠡᠭᠡ | ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤᠪᠠᠶᠠᠯᠢᠭ ᠳᠠᠪᠠᠭᠤᠯᠢᠭ ᠨᠢ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠬᠤ ᠰᠢᠨ᠎ᠡ ᠬᠥᠳᠡᠯᠭᠡᠭᠴᠢ ᠡᠨᠧᠷᠭᠢ ᠪᠣᠯᠭᠠᠨ ᠬᠤᠪᠢᠷᠠᠭᠤᠯᠤᠭᠠᠳᠤᠢ ᠪᠠᠶᠢᠭᠰᠠᠭᠠᠷ︔ ᠬᠤᠳᠠ ᠶᠢᠨ | ᠬᠠᠮᠢᠶᠠᠷᠤᠯᠲᠠ᠂ ᠠᠮᠢ ᠠᠬᠤᠢ ᠶᠢᠨ ᠵᠠᠰᠠᠯᠲᠠ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠵᠠᠷᠢᠮ ᠲᠣᠪᠣᠶᠢᠮ᠎ᠠ | ᠠᠰᠠᠭᠤᠳᠠᠯ ᠢ ᠪᠠᠰᠠ ᠰᠠᠶᠢᠲᠤᠷ ᠰᠢᠢᠳᠪᠦᠷᠢᠯᠡᠵᠦ ᠴᠢᠳᠠᠭᠠᠳᠤᠢ ᠪᠠᠶᠢᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ | ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ | ᠮᠥᠨ ᠨᠡᠯᠢᠶᠡᠳ ᠶᠡᠭᠡ ᠳᠡᠭᠡᠭᠰᠢᠯᠡᠭᠦᠯᠬᠦ ᠣᠷᠣᠨ ᠵᠠᠢ ᠲᠠᠢ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠤ ᠪᠠᠰᠠ | ᠴᠥᠭᠡᠨ ᠪᠤᠰᠤ ᠳᠤᠲᠠᠭᠤᠳᠠᠯ ᠣᠷᠣᠰᠢᠵᠤ᠂ ᠺᠠᠳ᠋ᠷ ᠤᠨ ᠠᠵᠢᠯ ᠥᠯᠥ ᠬᠢᠬᠦ᠂ ᠤᠳᠠᠭᠠᠨ ᠬᠢᠬᠦ ᠠᠰᠠᠭᠤᠳᠠᠯ ᠮᠥᠨ ᠬᠦ | ᠭᠠᠷᠴᠤ ᠪᠠᠶᠢᠨ᠎ᠠ᠃ ᠡᠳᠡᠭᠡᠷ ᠬᠦᠴᠢᠷᠳᠡᠯ ᠪᠠ ᠠᠰᠠᠭᠤᠳᠠᠯ ᠢ ᠪᠢᠳᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠴᠢᠷᠮᠠᠶᠢᠨ ᠰᠢᠢᠳᠪᠦᠷᠢᠯᠡᠬᠦ ᠬᠡᠷᠡᠭᠲᠡᠢ᠃ | ᠬᠤᠶᠠᠷ᠂ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠡᠮᠡᠴᠡᠬᠦ ᠬᠠᠷᠠᠯᠲᠠ | ᠪᠠ ᠭᠤᠣᠯ ᠡᠭᠦᠷᠭᠡ | ᠲᠥᠯᠥᠭᠡᠯᠡᠭᠴᠢᠳ ᠠ᠋︕ ᠠᠮᠵᠢᠯᠲᠠ ᠪᠦᠲᠦᠮᠵᠢ ᠬᠥᠮᠥᠰ ᠢ ᠵᠣᠷᠢᠭᠵᠢᠭᠤᠯᠤᠨ᠎ᠠ᠂ ᠠᠶᠠᠨ ᠵᠠᠮ ᠳᠠᠭᠤᠰᠤᠰᠢ | ᠦᠭᠡᠢ ᠶᠤᠮ᠃ ᠬᠤᠶᠢᠰᠢᠳᠠ ᠶᠢᠨ ᠲᠠᠪᠤᠨ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠤ | ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ᠂ ᠰᠢᠨ᠎ᠡ | ᠠᠶᠠᠨ ᠢᠶᠠᠨ ᠡᠬᠢᠯᠡᠭᠦᠯᠬᠦ ᠵᠠᠩᠭᠢᠯᠠᠭ᠎ᠠ ᠶᠢᠨ ᠲᠠᠪᠤᠨ ᠵᠢᠯ᠂ ᠴᠢᠩᠱᠠᠨ ᠲᠣᠭᠤᠷᠢᠭ ᠤᠨ ᠴᠢᠨᠠᠷ ᠰᠠᠶᠢᠲᠠᠢ ᠲᠠᠪᠠᠯᠳᠠᠳᠤ | ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠰᠢᠵᠢᠷ ᠠᠯᠳᠠᠨ ᠲᠠᠪᠤᠨ ᠵᠢᠯ ᠪᠣᠯᠣᠨ᠎ᠠ᠃ ᠢᠷᠡᠭᠡᠳᠦᠢ ᠪᠠᠨ ᠪᠠᠷᠠᠯᠠᠬᠤᠶ᠎ᠠ᠂ | ᠪᠢᠳᠡ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠨᠡᠮᠡᠭᠳᠡᠵᠦ᠂ ᠣᠷᠣᠨ ᠪᠦᠰᠡ ᠶᠢᠨ ᠬᠥᠭᠵᠢᠯᠲᠡ ᠶᠢᠨ | ᠥᠷᠢᠰᠦᠯᠳᠦᠭᠡᠨ ᠲᠠᠰᠤᠷᠠᠯᠲᠠ ᠦᠭᠡᠢ ᠰᠢᠷᠦᠭᠦᠰᠴᠦ ᠪᠠᠶᠢᠬᠤ ᠵᠡᠷᠭᠡ ᠨᠡᠩ ᠨᠠᠷᠢᠨ ᠪᠤᠳᠤᠯᠢᠶᠠᠨᠲᠠᠢ ᠬᠠᠲᠠᠭᠤ ᠴᠢᠩᠭ᠎ᠠ | ᠰᠢᠯᠭᠠᠯᠲᠠ ᠳᠤ ᠲᠤᠯᠭᠠᠷᠠᠵᠤ ᠪᠠᠶᠢᠨ᠎ᠠ᠃ ᠭᠡᠪᠡᠴᠦ ᠤᠯᠤᠰ ᠠᠴᠠ ︽ᠨᠢᠭᠡ ᠪᠦᠰᠡ ᠨᠢᠭᠡ ᠵᠠᠮ︾ ᠢ ᠬᠠᠮᠲᠤᠪᠠᠷ | ᠪᠦᠲᠦᠭᠡᠨ ᠪᠠᠶᠢᠭᠤᠯᠬᠤ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ | ᠠᠬᠢᠭᠤᠯᠬᠤ ᠰᠢᠨ᠎ᠡ ᠪᠠᠶᠢᠷᠢᠰᠢᠯ ᠢ ᠪᠦᠷᠢᠯᠳᠦᠭᠦᠯᠬᠦ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠳᠠ ᠶᠢᠨ | ᠪᠦᠯᠦᠭᠵᠢᠯ ᠤᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠤᠭᠲᠤᠨ | ᠠᠪᠴᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽︿ᠬᠤᠶᠠᠷ ᠬᠠᠯᠬᠠᠪᠴᠢ﹀ ︿ᠬᠤᠶᠠᠷ ᠰᠠᠭᠤᠷᠢᠨ﹀ | ︿ᠨᠢᠭᠡ ᠪᠠᠬᠢᠯᠡᠯᠲᠡ﹀ ᠶᠢ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠬᠤᠳᠠ ᠶᠢᠨ ᠨᠠᠮ ᠤᠨ | ᠬᠤᠷᠢᠶ᠎ᠠ ᠶᠢᠨ ︽ᠲᠦᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ ᠢ ᠪᠠᠶᠢᠭᠤᠯᠬᠤ︾ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠠᠵᠠ ᠲᠣᠬᠢᠶᠠᠯᠳᠤ ᠬᠤᠭᠤᠴᠠᠭ᠎ᠠ ᠪᠣᠯᠣᠨ᠎ᠠ᠃ ᠡᠭᠦᠨ ᠠᠴᠠ | ᠭᠠᠳᠠᠨ᠎ᠠ᠂ ᠣᠯᠠᠨ ᠵᠢᠯ ᠤᠨ ᠲᠤᠷᠰᠢ᠂ ᠪᠢᠳᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ | ᠠᠳᠬᠤᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠂ ᠬᠡᠯᠪᠡᠷᠢ ᠪᠠᠨ ᠬᠤᠪᠢᠷᠠᠭᠤᠯᠤᠨ | ᠬᠥᠭᠵᠢᠭᠦᠯᠬᠦ ᠶᠢ ᠲᠦᠷᠭᠡᠳᠬᠡᠵᠦ᠂ ᠭᠠᠵᠠᠷ ᠣᠷᠣᠨ ᠤ ᠠᠮᠢᠳᠤᠷᠠᠯ ᠤᠨ ᠣᠷᠴᠢᠨ ᠨᠥᠬᠦᠴᠡᠯ ᠤᠨ ᠶᠠᠰᠤ ᠴᠢᠨᠠᠷ᠂ | ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ | ᠬᠢᠷᠢ ᠲᠦᠪᠰᠢᠨ ᠢ ᠴᠥᠮ ᠨᠡᠯᠢᠶᠡᠳ ᠶᠡᠭᠡ ᠪᠠᠷ ᠳᠡᠭᠡᠭᠰᠢᠯᠡᠭᠦᠯᠵᠦ᠂ ᠡᠲᠡᠭᠡᠷ ᠨᠢ ᠴᠥᠮ ᠪᠢᠳᠡᠨ ᠤ ᠰᠢᠨ᠎ᠡ | ᠬᠥᠭᠵᠢᠯᠲᠡ ᠶᠢᠨ ᠱᠠᠲᠤᠨ ᠳᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ | ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠪᠢᠳᠠ ᠪᠠᠶᠢᠳᠠᠯ ᠢ ᠲᠣᠳᠣᠷᠬᠠᠢ ᠲᠠᠨᠢᠵᠤ᠂ | ᠳᠠᠪᠠᠭᠤᠯᠢᠭ ᠢᠶᠠᠨ ᠪᠠᠳᠠᠷᠠᠭᠤᠯᠵᠤ᠂ ᠬᠤᠪᠢᠷᠠᠯᠲᠠ ᠶᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ | ᠬᠤᠪᠢᠷᠠᠯᠲᠠ ᠶᠢ ᠠᠷᠭᠠᠴᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠳᠡᠭ ᠯᠡ ᠶᠤᠮ ᠪᠣᠯ ᠯᠠᠪᠲᠠᠢ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠳᠤᠮᠳᠠ ᠰᠢᠨ᠎ᠡ ᠵᠠᠮ ᠢ ᠨᠡᠭᠡᠭᠡᠵᠦ᠂ ᠰᠢᠨ᠎ᠡ ᠵᠢᠳᠬᠦᠯ | ᠴᠢᠷᠮᠠᠶᠢᠯᠭ᠎ᠠ ᠶᠢ ᠢᠯᠡᠷᠡᠭᠦᠯᠵᠦ᠂ ᠰᠢᠨ᠎ᠡ ᠠᠮᠵᠢᠯᠲᠠ ᠪᠦᠲᠦᠮᠵᠢ ᠶᠢ ᠣᠯᠵᠤ ᠴᠢᠳᠠᠬᠤ ᠶᠤᠮ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ | ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ︽ᠭᠤᠷᠪᠠᠨ ᠰᠢᠰᠲ᠋ᠧᠮ︾ | ᠢ ᠲᠡᠭᠦᠯᠳᠡᠷᠵᠢᠭᠦᠯᠬᠦ᠂ ︽ᠳᠥᠷᠪᠡᠨ ᠥᠨᠳᠥᠷ ᠭᠠᠵᠠᠷ︾ ᠢ ᠪᠠᠶᠢᠭᠤᠯᠬᠤ᠂ ︽ᠲᠠᠪᠤᠨ ᠬᠤᠲᠠ ᠲᠣᠭᠤᠷᠢᠭ︾ ᠢ ᠪᠦᠲᠦᠭᠡᠨ | ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠥᠭᠡᠷᠡᠴᠢᠯᠡᠯᠲᠡ ᠨᠡᠭᠡᠭᠡᠯᠲᠡ | ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠬᠥᠳᠡᠯᠭᠡᠭᠦᠷ ᠢ ᠬᠡᠷᠡᠭᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ | ᠱᠤᠭᠤᠮ ᠪᠣᠯᠭᠠᠬᠤ ᠶᠢ ᠪᠠᠷᠢᠮᠲᠠᠯᠠᠵᠤ᠂ ᠨᠢᠭᠡ ᠪᠦᠰᠡ᠂ ᠬᠤᠶᠠᠷ ᠣᠷᠣᠨ᠂ ᠭᠤᠷᠪᠠᠨ ᠰᠠᠭᠤᠷᠢᠨ ᠭᠠᠵᠠᠷ᠂ ᠳᠥᠷᠪᠡᠨ | ᠲᠠᠪᠴᠠᠩ᠂ ᠲᠠᠪᠤᠨ ᠣᠷᠴᠢᠨ ᠲᠣᠭᠤᠷᠢᠨ᠂ ᠵᠢᠷᠭᠤᠭᠠᠨ ᠬᠡᠯᠬᠢᠶ᠎ᠡ ᠶᠢ ᠪᠠᠶᠢᠭᠤᠯᠬᠤ ᠪᠠᠷ ᠳᠠᠮᠵᠢᠭᠤᠯᠤᠨ᠂ ︽ᠲᠤᠯᠤᠭᠠᠨ | ᠰᠢᠨ᠎ᠡ ᠴᠢᠩᠱᠠᠨ︾ ᠢ ᠪᠠᠶᠢᠭᠤᠯᠬᠤ ᠲᠡᠮᠡᠴᠡᠯ ᠤᠨ ᠬᠠᠷᠠᠯᠲᠠ ᠶᠢ ᠲᠦᠷᠭᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ | ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ | ᠰᠠᠶᠢᠵᠢᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ ᠬᠠᠮᠤᠭ ᠤᠨ ᠰᠠᠶᠢᠨ ᠦᠷ᠎ᠡ ᠳ᠋ᠦᠩ ᠲᠠᠢ ᠪᠣᠯᠭᠠᠬᠤ ᠪᠠᠷ ᠪᠦᠬᠦ | ᠬᠦᠴᠦᠨ ᠢᠶᠠᠷ ᠢᠶᠠᠨ ᠴᠢᠷᠮᠠᠶᠢᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠵᠤ᠂ | ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠬᠡᠷᠡᠭᠲᠡᠢ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠲᠡᠮᠡᠴᠡᠬᠦ ᠬᠠᠷᠠᠯᠲᠠ ᠪᠣᠯ᠄ 2026 | ᠣᠨ ᠤ ᠡᠴᠦᠰ ᠪᠣᠯᠬᠤ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 940 ᠳ᠋ᠦᠩᠰᠢᠭᠤᠷ | ᠲᠥᠭᠦᠷᠢᠭ ᠠᠴᠠ ᠳᠠᠪᠠᠭᠤᠯᠵᠤ᠂ ᠵᠢᠯ ᠪᠦᠷᠢ ᠳᠤᠮᠳᠠᠴᠢ ᠪᠠᠷ 7%ᠣᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 10%ᠣᠷᠴᠢᠮ ᠢᠶᠠᠷ ᠨᠡᠮᠡᠭᠳᠡᠭᠦᠯᠦᠨ᠎ᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠵᠢᠯ ᠪᠦᠷᠢ ᠳᠤᠮᠳᠠᠴᠢ ᠪᠠᠷ 12% | ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ | ᠲᠤᠭ᠎ᠠ ᠶᠢ 470 ᠳ᠋ᠦᠩᠰᠢᠭᠤᠷ ᠲᠥᠭᠦᠷᠢᠭ ᠣᠷᠴᠢᠮ ᠳᠤ ᠬᠦᠷᠭᠡᠵᠦ᠂ ᠵᠢᠯ ᠪᠦᠷᠢ ᠳᠤᠮᠳᠠᠴᠢ ᠪᠠᠷ 8% ᠣᠷᠴᠢᠮ | ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 28 ᠳ᠋ᠦᠩᠰᠢᠭᠤᠷ ᠲᠥᠭᠦᠷᠢᠭ | ᠣᠷᠴᠢᠮ ᠳᠤ ᠬᠦᠷᠭᠡᠵᠦ᠂ ᠵᠢᠯ ᠪᠦᠷᠢ ᠳᠤᠮᠳᠠᠴᠢ ᠪᠠᠷ 7% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠤ | ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢᠨ ᠨᠡᠮᠡᠭᠳᠡᠯ ᠢ ᠠᠵᠤ | ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠢᠵᠢᠯ ᠠᠯᠬᠤᠮᠰᠢᠭᠤᠯᠤᠨᠠ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠲᠡᠮᠡᠴᠡᠯ ᠤᠨ ᠤᠬᠠᠮᠰᠠᠷ ᠪᠠ ᠤᠷᠤᠭᠰᠢᠯᠠᠨ ᠳᠠᠪᠰᠢᠬᠤ | ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠵᠣᠷᠢᠭᠲᠠᠢ ᠪᠠᠷ ᠲᠡᠮᠡᠴᠡᠵᠦ᠂ ᠴᠠᠭ ᠢ ᠠᠮᠵᠢᠨ᠂ ᠲᠡᠷᠢᠭᠦᠨ ᠤ ᠬᠢ ᠶᠢ ᠲᠡᠮᠡᠴᠡᠨ ᠣᠯᠵᠤ᠂ ︽ᠲᠤᠯᠤᠭᠠᠨ ᠰᠢᠨ᠎ᠡ ᠴᠢᠩᠱᠠᠨ︾ | ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠠᠬᠢᠭᠤᠯᠬᠤ ᠶᠢ | ᠪᠠᠷᠢᠮᠲᠠᠯᠠᠵᠤ᠂ ᠰᠢᠨ᠎ᠡ ᠶᠢ ᠡᠭᠦᠳᠬᠦ ᠴᠢᠩᠱᠠᠨ ᠢ ᠴᠣᠭᠴᠠᠯᠠᠨ᠎ᠠ | ᠰᠢᠨ᠎ᠡ ᠶᠢ ᠡᠭᠦᠳᠬᠦ ᠶᠢ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠥᠬᠦ ᠲᠠᠯ᠎ᠠ ᠶᠢᠨ ᠭᠤᠣᠯᠯᠠᠬᠤ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢ | ᠮᠠᠨᠳᠤᠭᠤᠯᠬᠤ︾ ᠠᠵᠢᠯᠯᠠᠭ᠎ᠠ ᠪᠠᠷ ᠳᠠᠶᠢᠴᠢᠯᠠᠯᠲᠠ ᠪᠣᠯᠭᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ | ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠭᠤᠣᠯ ᠴᠣᠭᠴᠠ ᠶᠢᠨ ᠪᠠᠶᠢᠷᠢ ᠰᠠᠭᠤᠷᠢ ᠪᠠ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ | ᠪᠠᠶᠢᠭᠤᠯᠤᠯᠲᠠ ᠶᠢ ᠴᠢᠩᠭᠠᠷᠠᠭᠤᠯᠵᠤ᠂ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠤᠨ ᠰᠢᠨ᠎ᠡ ᠶᠢ ᠡᠭᠦᠳᠬᠦ ︽ᠪᠠᠶᠠᠨ ᠠᠭᠤᠷᠬᠠᠢ︾ ᠶᠢ ᠲᠠᠰᠤᠷᠠᠯᠲᠠ ᠦᠭᠡᠢ | ᠠᠭᠤᠳᠠᠯᠵᠤ᠂ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠭᠦᠨᠵᠡᠭᠡᠢ ᠠᠬᠢᠭᠤᠯᠵᠤ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠦᠨ᠂ ᠰᠢᠨ᠎ᠡ ᠶᠢ ᠡᠭᠦᠳᠦᠨ | ᠬᠥᠭᠵᠢᠬᠦ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠪᠣᠶ ᠪᠣᠯᠭᠠᠨ᠎ᠠ᠃ 2 | ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ 3ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠳᠡᠭᠡᠳᠦ ᠰᠢᠨ᠎ᠡ ᠮᠡᠷᠭᠡᠵᠢᠯ᠂ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠲᠤᠰᠬᠠᠢ ᠨᠠᠷᠢᠯᠢᠭ | ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠢ 100 ᠶᠢ ᠳᠠᠪᠠᠭᠤᠯᠤᠨ ᠪᠣᠶᠢᠵᠢᠭᠤᠯᠵᠤ᠂ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠷᠬᠦᠴᠡ ᠶᠢᠨ | ᠨᠣᠷᠮ᠎ᠠ ᠶᠢ 40% ᠠᠴᠠ ᠳᠡᠭᠡᠭᠰᠢ ᠳᠤ ᠬᠦᠷᠦᠭᠦᠯᠦᠨ᠎ᠡ᠃ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠪᠠᠶᠠᠨ ᠬᠦᠴᠦᠷᠬᠡᠭ ᠴᠢᠩᠱᠠᠨ ᠶᠢ | ᠴᠣᠭᠴᠠᠯᠠᠨ᠎ᠠ | ᠬᠦᠴᠦᠯᠡᠬᠦ ᠴᠡᠭ ᠢᠶᠠᠨ ᠪᠣᠳᠠᠲᠤ ᠴᠤᠭᠴᠠᠲᠦ ᠠᠵᠤ ᠠᠬᠤᠶᠢᠯᠠᠯ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ | ︽ᠭᠤᠷᠪᠠᠨ ᠰᠢᠨ᠎ᠡ ᠨᠢᠭᠡ ᠥᠨᠳᠥᠷ︾᠂ ᠠᠵᠤ ᠠᠬᠤᠶᠢᠯᠠᠯ ᠪᠠ ᠭᠠᠵᠠᠷ ᠣᠷᠣᠨ ᠤ ᠠᠭᠤᠰᠤᠯᠴᠠᠭᠰᠠᠨ ᠠᠵᠤ ᠦᠢᠯᠡᠰ | ᠪᠠ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠤ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠳᠠᠪᠠᠭᠤᠯᠢᠭ ᠢᠶᠠᠨ | ᠪᠠᠳᠠᠷᠠᠭᠤᠯᠵᠦ᠂ ᠳᠤᠲᠠᠭᠤᠳᠠᠯ ᠢ ᠨᠥᠬᠦᠪᠦᠷᠢᠯᠡᠵᠦ᠂ ᠠᠵᠤ ᠦᠢᠯᠡᠰ ᠤᠨ ᠰᠠᠭᠤᠷᠢ ᠶᠢ ᠳᠡᠭᠡᠳᠦ ᠳᠡᠰ ᠪᠣᠯᠭᠠᠬᠤ ᠪᠠ | ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠲᠡᠷᠢᠭᠦᠨ ᠤ ᠦᠢᠯᠡᠳᠬᠦ ᠦᠢᠯᠡᠰ ᠬᠢᠭᠡᠳ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠶᠢᠨ ᠡᠯ᠎ᠡ ᠵᠠᠩᠭᠢᠯᠠᠭ᠎ᠠ ᠶᠢ | ᠨᠠᠪᠲᠠᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠵᠤ᠂ ᠪᠦᠬᠦ ᠤᠯᠤᠰ ᠤᠨ | ᠴᠢᠬᠤᠯᠠ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠰᠠᠭᠤᠷᠢᠨ ᠭᠠᠵᠠᠷ ᠪᠠ ᠪᠦᠬᠦ | ᠤᠯᠤᠰ ᠲᠤ ᠴᠢᠬᠤᠯᠠ ᠨᠥᠯᠥᠭᠡᠯᠡᠬᠦ ᠬᠦᠴᠦᠨ ᠲᠠᠢ ᠤᠳᠤ ᠦᠶ᠎ᠡ ᠶᠢᠨ ᠲᠣᠨᠣᠭᠯᠠᠯ ᠦᠢᠯᠡᠳᠬᠦ ᠦᠢᠯᠡᠰ ᠤᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠠᠮᠢᠵᠢᠷᠠᠯ ᠤᠨ | ᠬᠦᠴᠦᠨ ᠲᠠᠢ ᠴᠢᠩᠱᠠᠨ ᠢ ᠴᠣᠭᠴᠠᠯᠠᠨ᠎ᠠ | ᠥᠭᠡᠷᠡᠴᠢᠯᠡᠯᠲᠡ ᠨᠡᠭᠡᠭᠡᠯᠲᠡ ᠶᠢᠨ ︽ᠵᠠᠩᠭᠢᠯᠠᠭ᠎ᠠ ᠶᠢᠨ ᠠᠷᠭ᠎ᠠ︾ ᠶᠢ ᠰᠠᠶᠢᠲᠤᠷ ᠬᠡᠷᠡᠭᠯᠡᠬᠦ ᠶᠢ ᠪᠠᠷᠢᠮᠲᠠᠯᠠᠵᠤ᠂ | ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ | ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠪᠠ | ᠵᠠᠩᠭᠢᠯᠠᠭ᠎ᠠ ᠶᠢᠨ ᠭᠤᠭᠴᠤᠭ᠎ᠠ ᠳᠤ ᠨᠢᠭᠡ ᠪᠦᠯᠦᠭ ᠰᠢᠨ᠎ᠡ ᠪᠠᠷ ᠡᠭᠦᠳᠦᠨ ᠪᠦᠲᠦᠭᠡᠬᠦ ᠬᠡᠯᠪᠡᠷᠢ ᠶᠢᠨ ᠬᠥᠲᠥᠯᠥᠨ | ᠳᠠᠭᠠᠭᠤᠯᠬᠤ ᠬᠡᠯᠪᠡᠷᠢ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠬᠦ | ᠬᠠᠤᠯᠢᠵᠢᠯᠳᠠ ᠶᠢᠨ ᠳᠡᠯᠡᠬᠡᠶᠢᠵᠢᠯᠲᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠦᠷᠭᠡᠨ ᠪᠠᠶᠢᠭᠤᠯᠵᠤ᠂ | ᠥᠭᠡᠷᠡᠴᠢᠯᠡᠯᠲᠡ ᠨᠡᠭᠡᠭᠡᠯᠲᠡ ᠶᠢᠨ ᠥᠨᠳᠦᠷᠯᠢᠭ ᠭᠠᠵᠠᠷ ᠢ ᠪᠠᠶᠢᠭᠤᠯᠵᠤ᠂ ᠬᠤᠳᠠ ᠶᠢ ᠰᠢᠨ᠎ᠡ ᠶᠢ ᠡᠭᠦᠳᠬᠦ ᠦᠢᠯᠡᠰ | ᠪᠣᠰᠬᠠᠬᠤ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠣᠯᠭᠠᠨ᠎ᠠ᠃ ᠪᠥᠬᠦ ᠲᠤᠭᠤᠷᠢᠭ ᠤᠨ ᠠᠵᠤ ᠠᠬᠤᠶᠢᠯᠠᠯ ᠤᠨ | ᠶᠡᠷᠦᠩᠬᠡᠢ ᠬᠡᠮᠵᠢᠶ᠎ᠡ ᠶᠢ 2 ᠲᠦᠮᠡᠨ ᠡᠷᠦᠬᠡ ᠠᠴᠠ ᠳᠠᠪᠠᠭᠤᠯᠬᠤ ᠪᠠᠷ ᠴᠢᠷᠮᠠᠶᠢᠵᠤ᠂ ︽ᠳᠦᠷᠪᠡᠨ ᠲᠦᠷᠦᠯ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ︾ ᠢ 300 ᠡᠷᠦᠬᠡ ᠠᠴᠠ ᠳᠡᠭᠡᠭᠰᠢ ᠳᠤ ᠬᠦᠷᠦᠭᠦᠯᠦᠨ᠎ᠡ᠃ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ | ᠪᠠᠷᠢᠮᠲᠠᠯᠠᠨ ᠠᠬᠢᠭᠤᠯᠵᠤ᠂ ᠠᠮᠢ ᠠᠬᠤᠢ ᠴᠢᠩᠱᠠᠨ ᠢ ᠴᠣᠭᠴᠠᠯᠠᠨ᠎ᠠ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ | ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠎ᠠ᠃ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠶᠢ | ᠴᠢᠩᠭᠠᠳᠬᠠᠵᠤ᠂ ᠡᠷᠴᠢᠮ ᠢᠶᠠᠨ ᠦᠷᠭᠦᠯᠵᠢᠯᠡᠨ ᠪᠠᠲᠤᠯᠠᠵᠤ᠂ ᠭᠦᠨᠵᠡᠭᠡᠶᠢᠷᠡᠭᠦᠯᠵᠦ᠂ ᠥᠷᠭᠡᠴᠡ ᠶᠢ ᠥᠷᠭᠡᠳᠬᠡᠵᠦ᠂ ᠤᠨᠢᠨ | ᠳᠡᠭᠡᠷ᠎ᠡ ᠨᠢ ᠪᠣᠬᠢᠷᠳᠤᠯ ᠢ ᠵᠠᠰᠠᠵᠤ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ ᠵᠠᠰᠠᠵᠤ᠂ ᠬᠠᠤᠯᠢ ᠶᠣᠰᠣᠭᠠᠷ | ᠪᠣᠬᠢᠷᠳᠤᠯ ᠢ ᠵᠠᠰᠠᠵᠤ᠂ ᠬᠦᠴᠦᠨ ᠢᠶᠠᠨ ᠲᠥᠪᠯᠡᠷᠡᠭᠦᠯᠦᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠣᠶᠢᠮ᠎ᠠ | ᠠᠰᠠᠭᠤᠳᠠᠯ ᠢ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠲᠠᠢ ᠵᠡᠷᠭᠡᠪᠡᠷ ᠭᠤᠣᠯᠳᠠᠯᠭ᠎ᠠ ᠲᠠᠢ ᠠᠵᠢᠯ ᠲᠦᠷᠦᠯ᠂ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ ᠶᠢᠨ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠤᠷᠬᠢᠯ ᠳᠤᠨᠢ ᠬᠦᠷᠭᠡᠬᠦ ᠶᠢ ᠠᠬᠢᠭᠤᠯᠤᠨ᠎ᠠ᠃ ᠪᠣᠬᠢᠷᠳᠤᠯ ᠦᠭᠡᠢ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠡᠨᠧᠷᠭᠢ ᠶᠢᠨ ᠬᠤᠪᠢᠰᠬᠠᠯ ᠢ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠮᠠᠶ᠋ᠢᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠵᠢᠱᠢᠶ᠎ᠡ ᠦᠵᠡᠭᠦᠯᠬᠦ ᠬᠤᠲᠠ | ᠲᠣᠭᠤᠷᠢᠭ ᠢ ᠬᠦᠴᠦᠯᠡᠨ ᠪᠣᠶ ᠪᠣᠯᠭᠠᠨ᠎ᠠ᠃ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 21% ᠬᠦᠷᠦᠭᠦᠯᠦᠨ᠎ᠡ᠃ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠢ ᠴᠢᠩᠱᠠᠨ ᠢ ᠴᠣᠭᠴᠠᠯᠠᠨ᠎ᠠ | ᠬᠥᠮᠥᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢ ᠠᠬᠢᠭᠤᠯᠵᠤ᠂ | ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠶᠢ ᠨᠢᠭᠡᠳᠦᠯᠲᠡᠢ ᠲᠥᠯᠥᠪᠵᠢᠭᠦᠯᠵᠦ᠂ ᠬᠤᠳᠠ ᠶᠢᠨ ᠰᠠᠭᠤᠷᠢ | ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠲᠣᠮᠣ | ᠬᠤᠳᠠ ᠶᠢᠨ ᠨᠠᠷᠢᠨ ᠬᠠᠮᠢᠶᠠᠷᠤᠯᠲᠠ᠂ ᠲᠣᠮᠣ ᠬᠤᠳᠠ ᠶᠢᠨ ᠤᠯᠠᠨ ᠨᠡᠶᠢᠲᠡ ᠶᠢᠨ ᠬᠠᠮᠢᠶᠠᠷᠤᠯᠲᠠ᠂ ᠲᠣᠮᠣ ᠬᠤᠳᠠ ᠶᠢᠨ | ᠤᠶᠤᠨ ᠤ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠬᠤᠳᠠ ᠶᠢᠨ ᠴᠢᠳᠠᠮᠵᠢ ᠴᠢᠨᠠᠷ ᠴᠢᠨᠰᠠᠭ᠎ᠠ ᠪᠠ ᠶᠡᠷᠦᠩᠬᠡᠶᠢᠯᠡᠭᠰᠡᠨ | ᠳᠠᠭᠠᠭᠠᠴᠠ ᠶᠢ ᠳᠡᠭᠡᠭᠰᠢᠯᠡᠭᠦᠯᠦᠨ᠎ᠡ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠤᠯᠠᠨ | ᠨᠡᠶᠢᠲᠡ ᠶᠢᠨ ᠦᠢᠯᠡᠴᠢᠯᠡᠭᠡ ᠶᠢ ᠨᠡᠶᠢᠳᠡᠮ ᠬᠠᠷᠠᠭᠠᠯᠵᠠᠵᠤ ᠬᠠᠮᠲᠤᠪᠠᠷ ᠡᠳ᠋ᠯᠡᠬᠦ᠂ ᠡᠬᠢ ᠪᠠᠶᠠᠯᠢᠭ ᠤᠨ ᠡᠯᠧᠮᠧᠨ᠋ᠲ ᠢ ᠡᠷᠬᠡ | ᠲᠡᠭᠰᠢ ᠪᠠᠷ ᠰᠣᠯᠢᠯᠴᠠᠬᠤ᠂ ᠦᠢᠯᠡᠳᠪᠦᠷᠢᠯᠡᠯ ᠤᠨ ᠡᠯᠧᠮᠧᠨ᠋ᠲ ᠢ ᠭᠦᠢᠴᠡᠳ ᠵᠣᠯᠭᠠᠭᠤᠯᠬᠤ ᠵᠡᠷᠭᠡ ᠲᠠᠯ᠎ᠠ ᠪᠠᠷ | ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠬᠥᠳᠡᠭᠡ ᠠᠵᠤ ᠠᠬᠤᠢ ᠬᠠᠷᠢᠯᠴᠠᠨ ᠠᠬᠢᠭᠤᠯᠬᠤ᠂ ᠬᠤᠳᠠ | ᠬᠥᠳᠡᠭᠡ ᠬᠠᠷᠢᠯᠴᠠᠨ ᠨᠥᠬᠦᠪᠦᠷᠢᠯᠡᠬᠦ᠂ ᠵᠣᠬᠢᠴᠠᠩᠭᠤᠢ ᠪᠠᠷ ᠬᠥᠭᠵᠢᠬᠦ᠂ ᠬᠠᠮᠲᠤᠪᠠᠷ ᠴᠡᠴᠡᠭᠯᠡᠨ ᠬᠥᠭᠵᠢᠬᠦ ᠰᠢᠨ᠎ᠡ | ᠮᠠᠶ᠋ᠢᠭ ᠤᠨ ᠠᠵᠤ ᠦᠢᠯᠡᠳᠪᠦᠷᠢ ᠬᠥᠳᠡᠭᠡ ᠠᠵᠤ ᠠᠬᠤᠢ ᠬᠤᠳᠠ ᠬᠥᠳᠡᠭᠡ ᠶᠢᠨ ᠬᠠᠷᠢᠴᠠᠭ᠎ᠠ ᠶᠢ ᠪᠦᠷᠢᠯᠳᠦᠭᠦᠯᠬᠦ ᠶᠢ | ᠠᠬᠢᠭᠤᠯᠤᠨ᠎ᠠ᠃ ᠪᠥᠬᠦ ᠲᠤᠭᠤᠷᠢᠭ ᠤᠨ ᠴᠡᠴᠡᠷᠯᠢᠭ ᠤᠨ ᠨᠣᠭᠤᠭᠠᠨ ᠭᠠᠵᠠᠷ ᠢ 5 ᠲᠦᠮᠡᠨ ᠲᠡᠭᠰᠢ ᠳᠥᠷᠪᠡᠯᠵᠢᠨ | ᠮᠧᠲᠷ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠵᠠᠮ ᠤᠨ ᠤᠷᠳᠤ ᠶᠢᠨ ᠬᠡᠮᠵᠢᠶ᠎ᠡ ᠶᠢ 327 ᠺᠢᠯᠤᠮᠧᠲᠷ ᠠᠴᠠ | ᠳᠠᠪᠠᠭᠤᠯᠬᠤ ᠪᠠᠷ ᠴᠢᠷᠮᠠᠶᠢᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠣᠯ ᠵᠢᠷᠭᠠᠯᠲᠤ ᠴᠢᠩᠱᠠᠨ ᠢ ᠴᠤᠭᠴᠠᠯᠠᠨ᠎ᠠ | ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ | ᠲᠤᠰᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ | ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠᠦᠢᠯᠡᠳᠦᠯᠭᠡ ᠶᠢᠨ ᠠᠷᠭ᠎ᠠ | ᠵᠠᠮ ᠢ ᠵᠥᠪ ᠢᠶᠠᠷ ᠲᠠᠨᠢᠵᠤ ᠡᠵᠡᠮᠳᠡᠬᠦ ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ | ᠪᠣᠳᠣᠯᠭ᠎ᠠ ᠶᠢ ᠴᠢᠩᠭᠠᠳᠬᠠᠵᠤ᠂ ᠨᠡᠩ ᠭᠦᠢᠴᠡᠳ᠂ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠵᠦ᠂ | ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠠᠶᠢᠯᠭᠠᠬᠤ ᠶᠢ | ᠠᠬᠢᠭᠤᠯᠤᠨ᠎ᠠ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠡᠷᠡᠭᠦᠯ ᠡᠩᠬᠡ ᠴᠢᠩᠱᠠᠨ ᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠣᠶᠣᠯ ᠪᠡᠶ᠎ᠡ ᠶᠢᠨ ᠲᠠᠮᠢᠷ ᠤᠨ ᠦᠢᠯᠡᠰ ᠪᠠ ᠰᠣᠶᠣᠯ ᠪᠡᠶ᠎ᠡ ᠶᠢᠨ | ᠲᠠᠮᠢᠷ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠂ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ | ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠯᠬᠦ᠂ ᠴᠢᠨᠠᠷᠵᠢᠭᠤᠯᠬᠤ ᠬᠢᠷᠢ ᠲᠦᠪᠰᠢᠨ ᠢ | ᠴᠢᠷᠮᠠᠶᠢᠨ ᠳᠡᠭᠡᠭᠰᠢᠯᠡᠭᠦᠯᠵᠦ᠂ ᠬᠤᠳᠠ ᠶᠢ ᠨᠡᠩ ᠳᠤᠯᠠᠭᠠᠨ᠂ ᠤᠯᠠᠨ ᠲᠦᠮᠡᠨ ᠢ ᠨᠡᠩ ᠵᠣᠯ ᠵᠢᠷᠭᠠᠯ ᠲᠠᠢ ᠪᠣᠯᠭᠠᠨ᠎ᠠ᠃ | ᠪᠥᠬᠦ ᠲᠤᠭᠤᠷᠢᠭ ᠤᠨ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠣᠭᠰᠠᠨ ᠬᠥᠮᠥᠨ ᠤ ᠲᠤᠭ᠎ᠠ ᠶᠢ 5 | ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠪᠠᠶᠢᠩᠭᠤ ᠰᠠᠭᠤᠭ᠎ᠠ ᠬᠥᠮᠥᠨ ᠠᠮᠠ ᠶᠢ 55 ᠲᠦᠮᠡ ᠠᠴᠠ | ᠳᠡᠭᠡᠭᠰᠢ ᠲᠣᠭᠲᠠᠭᠤᠨ ᠪᠠᠶᠢᠯᠭᠠᠵᠤ᠂ ᠬᠥᠮᠥᠨ ᠪᠦᠷᠢ ᠶᠢᠨ ᠳᠤᠮᠳᠠᠴᠢ ᠵᠢᠱᠢᠭᠰᠡᠨ ᠨᠠᠰᠦ ᠶᠢ 80 ᠨᠠᠰᠤᠨ ᠳᠤ | ᠬᠦᠷᠦᠭᠦᠯᠬᠦ ᠪᠠᠷ ᠴᠢᠷᠮᠠᠶᠢᠨ᠎ᠠ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠡᠶ᠎ᠡ ᠵᠣᠬᠢᠴᠠᠩᠭᠤᠢ | ᠴᠢᠩᠱᠠᠨ ᠢ ᠴᠤᠭᠴᠠᠯᠠᠨ᠎ᠠ | ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠲᠤᠤᠱᠯᠠᠭᠤᠯᠵᠦ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠰᠢᠰᠲ᠋ᠧᠮ ᠪᠠ ᠠᠮᠤᠷ ᠲᠦᠪᠰᠢᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ | ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ | ᠣᠨᠴᠠᠯᠢᠭ ᠪᠦᠬᠦᠢ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ᠎ᠠ᠃ ᠬᠠᠤᠯᠢ ᠪᠠᠷ ᠵᠠᠰᠠᠬᠤ ᠴᠢᠩᠱᠠᠨ ᠤ | ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠷᠭᠦᠯᠵᠢᠯᠡᠨ ᠲᠦᠯᠬᠢᠨ | ᠠᠬᠢᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ | ᠬᠠᠤᠯᠢ ᠶᠢ ᠰᠠᠬᠢᠬᠤ ᠶᠢ ᠲᠦᠯᠬᠢᠨ ᠠᠬᠢᠭᠤᠯᠵᠤ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠦᠨᠡᠨ | ᠬᠦ ᠮᠡᠳᠡᠷᠡᠭᠦᠯᠦᠨ᠎ᠡ᠃ | ᠭᠤᠷᠪᠠ᠂ 2022 ᠣᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ | ᠲᠥᠯᠥᠭᠡᠯᠡᠭᠴᠢᠳ ᠠ᠋︕ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ | ᠬᠤᠷᠠᠯᠳᠤᠬᠤ ᠵᠢᠯ ᠮᠥᠨ᠂ ᠪᠠᠰᠠ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠠᠩᠬᠠᠨ ᠤ ᠵᠢᠯ ᠮᠥᠨ᠃ ᠪᠢᠳᠡ ᠰᠢᠨ᠎ᠡ ᠪᠠᠶᠢᠳᠠᠯ᠂ ᠰᠢᠨ᠎ᠡ ᠠᠵᠢᠯᠯᠠᠭ᠎ᠠ ᠪᠠᠷ | ᠰᠠᠶᠢᠨ ᠡᠬᠢᠯᠡᠯᠲᠡ ᠲᠠᠢ ᠪᠣᠯᠵᠤ᠂ ᠰᠠᠶᠢᠨ ᠠᠯᠬᠤᠮ ᠢᠶᠠᠨ ᠡᠬᠢᠯᠡᠭᠦᠯᠬᠦ ᠬᠡᠷᠡᠭᠲᠡᠢ᠃ | ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠬᠦᠴᠦᠨ ᠵᠦᠢᠯ ᠢ | ᠶᠡᠷᠦᠩᠬᠡᠶᠢᠯᠡᠨ ᠵᠠᠳᠠᠯᠵᠤ᠂ ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠤᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 8% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 15% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ 10% ᠠᠴᠠ ᠳᠡᠭᠡᠭᠰᠢ ᠨᠡᠮᠡᠭᠳᠡᠭᠦᠯᠵᠦ᠂ ᠬᠤᠲᠠ ᠪᠠᠯᠭᠠᠰᠤ ᠶᠢᠨ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ | ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ ᠶᠢ 3.9% ᠶᠢᠨ ᠳᠣᠲᠣᠷ᠎ᠠ ᠬᠢᠵᠠᠭᠠᠷᠯᠠᠵᠤ᠂ ᠪᠤᠭᠤᠲᠤ ᠬᠤᠲᠠ ᠶᠢᠨ ᠪᠠᠭᠤᠯᠭᠠᠭᠰᠠᠨ | ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠬᠢᠵᠠᠭᠠᠷᠯᠠᠬᠤ ᠴᠢᠨᠠᠷᠲᠠᠢ | ᠭᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠬᠦᠴᠦᠨ ᠢᠶᠠᠨ ᠲᠥᠪᠯᠡᠷᠡᠭᠦᠯᠦᠨ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ | ᠰᠢᠪᠲᠤᠯᠤᠯᠲᠠ ᠭᠠᠷᠭᠠᠵᠤ᠂ ᠰᠢᠨ᠎ᠡ ᠪᠠᠶᠢᠳᠠᠯ ᠢ ᠪᠤᠢ ᠪᠣᠯᠭᠠᠬᠤ ᠪᠠᠷ ᠴᠢᠷᠮᠠᠶᠢᠨ᠎ᠠ | ᠠᠵᠤ ᠦᠢᠯᠡᠳᠪᠦᠷᠢ ᠶᠢᠨ ᠲᠠᠰ ᠳᠡᠪᠰᠢᠭᠦᠯᠵᠦ ᠣᠷᠣᠨ ᠳᠡᠪᠰᠢᠬᠦ ᠶᠢ ᠠᠬᠢᠭᠤᠯᠤᠨ᠎ᠠ᠃ ︽ᠠᠵᠤ ᠦᠢᠯᠡᠰ ᠢᠶᠠᠷ | ᠣᠷᠣᠨ ᠢᠶᠠᠨ ᠬᠥᠭᠵᠢᠭᠦᠯᠵᠦ᠂ ᠲᠥᠷᠥᠯ ᠵᠦᠢᠯ ᠢᠶᠠᠷ ᠭᠤᠣᠯ ᠪᠣᠯᠭᠠᠬᠤ︾ ᠬᠥᠭᠵᠢᠯᠲᠡ ᠶᠢᠨ ᠣᠨᠣᠯᠵᠢᠬᠤᠨ ᠢ | ᠪᠠᠷᠢᠮᠲᠠᠯᠠᠨ᠂ 118 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ 586.2 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠲᠤᠬᠠᠢ ᠶᠢᠨ ᠵᠢᠯ ᠳᠤ 228.1 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ 40 ᠲᠥᠷᠥᠯ ᠵᠦᠢᠯ ᠢ ᠳᠠᠭᠤᠰᠬᠠᠬᠤ ᠪᠠᠷ ᠲᠥᠯᠥᠪᠯᠡᠵᠦ ᠪᠣᠶ᠃ ᠴᠥᠮ᠎ᠡ ᠶᠢᠨ ᠠᠵᠤ ᠦᠢᠯᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ᠂ ᠤᠰᠤᠲᠥ᠋ᠷᠥᠭᠴᠢ ᠡᠨᠧᠷᠭᠢ ᠶᠢᠨ ᠲᠣᠨᠤᠭ | ᠲᠥᠬᠦᠭᠡᠷᠦᠮᠵᠢ ᠶᠢᠨ ᠠᠵᠤ ᠦᠢᠯᠡᠰ ᠤᠨ ᠬᠦᠷᠢᠶᠡᠯᠡᠩ᠂ ᠡᠨᠧᠷᠭᠢ ᠬᠠᠳᠠᠭᠠᠯᠠᠬᠤ ᠠᠵᠤ ᠦᠢᠯᠡᠰ ᠤᠨ ᠬᠦᠷᠢᠶᠡᠯᠡᠩ᠂ | ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠣᠶᠤᠨᠲᠤ ᠠᠵᠤ ᠦᠢᠯᠡᠰ ᠤᠨ ᠬᠦᠷᠢᠶᠡᠯᠡᠩ᠂ ᠪᠡᠭᠡᠵᠢᠩ ᠶᠡᠭᠡ | ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠵᠡᠷᠭᠡ 5 ︽ᠴᠡᠴᠡᠷᠯᠢᠭ ᠲᠠᠬᠢ ᠬᠦᠷᠢᠶᠡᠯᠡᠩ︾ | ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢ ᠬᠦᠴᠦᠯᠡᠨ ᠰᠠᠶᠢᠲᠤᠷ ᠠᠳᠬᠤᠵᠤ᠂ ᠥᠩᠭᠡ ᠦᠵᠡᠮᠵᠢ | ᠤᠰᠤᠲᠥ᠋ᠷᠥᠭᠴᠢ ᠴᠥᠮ᠎ᠡ ᠶᠢᠨ ᠨᠥᠭᠡᠴᠡᠯᠡᠯᠲᠡ ᠶᠢᠨ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ᠬᠤᠩ | ᠶᠤᠸᠠᠨ ᠤ ᠳᠥᠷᠪᠡᠳᠦᠭᠡᠷ ᠬᠤᠭᠤᠴᠠᠭ᠎ᠠ᠂ ᠵᠢᠩ ᠤᠣ ᠭᠤᠷᠪᠠᠳᠤᠭᠠᠷ ᠬᠤᠭᠤᠴᠠᠭ᠎ᠠ᠂ ᠪᠠᠢ ᠲᠧ ᠥᠨᠳᠥᠷ ᠴᠢᠳᠠᠪᠬᠢᠲᠤ | ᠨᠡᠭᠦᠷᠡᠰᠦᠨ ᠰᠢᠷᠬᠡᠭ ᠵᠡᠷᠭᠡ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠨ ᠠᠬᠢᠭᠤᠯᠵᠤ᠂ | ᠵᠢᠯ ᠤᠨ ᠦᠢᠯᠡᠳᠪᠦᠷᠢᠯᠡᠬᠦ ᠴᠢᠳᠠᠪᠤᠷᠢ ᠶᠢ 100GW ᠶᠢᠨ ᠲᠠᠯᠠᠰᠲᠤ ᠴᠠᠬᠢᠭᠤᠷ᠂ 60GW ᠶᠢᠨ ᠬᠡᠷᠴᠢᠮᠡᠯ᠂ | 1900 ᠲᠣᠨ ᠨᠡᠭᠦᠷᠡᠰᠦᠲᠥ᠋ᠷᠥᠭᠴᠢ ᠨᠡᠭᠦᠷᠡᠰᠦᠲᠥ᠋ᠷᠥᠭᠴᠢ ᠶᠢᠨ ᠨᠡᠶᠢᠯᠡᠮᠡᠯ ᠮᠠᠲ᠋ᠧᠷᠢᠶᠠᠯ᠂ 11 ᠲᠦᠮᠡᠨ ᠥᠭᠡᠬᠦᠨ | ᠴᠢᠯᠠᠭᠤᠨ ᠬᠠᠶᠢᠯᠤᠭᠤᠷ ᠲᠤ ᠬᠦᠷᠭᠡᠨ᠎ᠡ᠃ ᠪᠣᠬᠢᠷᠳᠤᠯ ᠦᠭᠡᠢ ᠡᠨᠧᠷᠭᠢ᠂ ᠬᠦᠨᠳᠦ ᠺᠠᠷᠲ᠂ ᠴᠥᠮ᠎ᠡ ᠶᠢᠨ ᠮᠡᠷᠭᠡᠵᠢᠯ ᠤᠨ | ᠬᠡᠷᠡᠭᠯᠡᠭᠡᠨ᠂ ᠬᠡᠷᠡᠯ ᠸᠣᠯᠲ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ | ᠪᠣᠬᠢᠷᠳᠤᠯ ᠦᠭᠡᠢ ᠪᠠᠷᠠᠭᠠᠨ ᠤ ᠭᠦᠢᠯᠭᠡᠭᠡᠨ ᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ | ᠬᠦᠷᠢᠶᠡᠯᠡᠩ᠂ ᠵᠦᠩ ᡁᠢ ᠢ ᠺᠧ ᠰᠢᠨ᠎ᠡ ᠡᠨᠧᠷᠭᠢ ᠶᠢᠨ ᠠᠶᠠᠨᠴᠢᠳ ᠤᠨ ᠮᠠᠰᠢᠨ ᠲᠡᠷᠭᠡ ᠦᠶᠯᠡᠳᠬᠦ ᠰᠠᠭᠤᠷᠢᠨ | ᠭᠠᠵᠠᠷ ᠵᠡᠷᠭᠡ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠭᠤᠣᠯᠳᠠᠯᠭ᠎ᠠ ᠲᠠᠢ | ᠠᠬᠢᠭᠤᠯᠤᠨ᠎ᠠ᠃ ᠪᠤᠭᠤᠲᠤ ᠬᠤᠲᠠ ᠶᠢᠨ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠰᠣᠯᠢᠬᠤ | ᠵᠠᠭᠪᠤᠷ ᠤᠨ ᠬᠡᠷᠡᠭᠯᠡᠭᠡᠨ ᠤ ᠲᠤᠷᠰᠢᠯᠲᠠ ᠪᠠ ᠲᠦᠯᠡᠰᠢᠨ ᠳ᠋ᠢᠶᠠᠨ ᡂᠢ ᠮᠠᠰᠢᠨ ᠲᠡᠷᠭᠡᠨ ᠤ ᠵᠢᠱᠢᠶ᠎ᠡ ᠦᠵᠡᠭᠦᠯᠬᠦ | ᠬᠡᠷᠡᠭᠯᠡᠭᠡᠨ ᠤ ᠬᠤᠲᠠ ᠶᠢᠨ ᠪᠥᠭᠡᠮᠨᠡᠷᠡᠯ ᠤᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠠᠰᠢᠭᠯᠠᠨ᠂ ᠰᠢᠨ᠎ᠡ | ᠡᠨᠧᠷᠭᠢ ᠶᠢᠨ ᠳ᠋ᠢᠶᠠᠨ ᡂᠢ ᠮᠠᠲ᠋ᠧᠷᠢᠶᠠᠯ᠂ ᠤᠰᠤᠲᠥ᠋ᠷᠥᠭᠴᠢ ᠡᠨᠧᠷᠭᠢ ᠶᠢ ᠦᠢᠯᠡᠳᠴᠦ ᠬᠡᠷᠡᠭᠯᠡᠬᠦ ᠪᠠ ᠰᠤᠳᠤᠯᠤᠨ | ᠨᠡᠭᠡᠭᠡᠬᠦ ᠵᠡᠷᠭᠡ ᠬᠦᠷᠢᠶᠡᠨ ᠳᠠᠬᠢ ᠵᠣᠯᠭᠠᠭᠤᠯᠬᠤ ᠠᠵᠤ ᠠᠬᠤᠶᠢᠯᠠᠯ ᠤᠨ ᠲᠣᠭᠤᠷᠢᠨ ᠳᠤ᠂ ᠳᠠᠶᠢᠵᠸᠦ ᠶᠢᠨ | ᠾᠧᠩᠴᠤᠸᠠᠨ ᠤ ᠲᠠᠰᠤᠯᠤᠪᠴᠢ ᠪᠦᠷᠬᠦᠪᠴᠢ᠂ ᠨᠢᠩᠳᠧ ᠶᠢᠨ ᠴᠠᠭ ᠦᠶ᠎ᠡ᠂ ᠪᠢ ᠶᠠ ᠳ᠋ᠢ ᠵᠡᠷᠭᠡ ᠲᠥᠷᠥᠯ ᠵᠦᠢᠯ ᠢ | ᠨᠢᠭᠲᠠ ᠳᠠᠭᠠᠨ᠎ᠠ᠃ ᠬᠦᠷᠢᠶᠡᠯᠡᠩ ᠲᠣᠭᠤᠷᠢᠭ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ | ᠯᠢᠶᠠᠨ ᠳ᠋ᠦᠩ ᠺᠣᠮᠫᠠᠨᠢ ᠶᠢᠨ U ᠬᠥᠨᠳᠡᠢ ᠯᠦᠭᠡ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤᠪᠠᠷ | ᠪᠠᠶᠢᠭᠤᠯᠬᠤ ᠪᠠᠷ ᠵᠢᠱᠢᠶ᠎ᠡ ᠦᠵᠡᠭᠦᠯᠵᠦ᠂ ᠨᠡᠶᠢᠭᠡᠮ ᠤᠨ ᠬᠥᠷᠥᠩᠭᠡ ᠶᠢ ᠶᠡᠬᠡᠪᠡᠷ ᠲᠡᠳᠡᠨ ᠬᠦᠷᠢᠶᠡᠯᠡᠩ ᠲᠣᠭᠤᠷᠢᠭ ᠤᠨ | ᠠᠵᠤ ᠦᠢᠯᠡᠰ ᠤᠨ ᠡᠵᠡᠩᠨᠡᠯᠲᠡ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠵᠡᠷᠭᠡ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠬᠦᠷᠢᠶᠡᠯᠡᠩ ᠲᠣᠭᠤᠷᠢᠭ ᠤᠨ ᠤᠰᠤ᠂ | ᠴᠠᠬᠢᠯᠭᠠᠨ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠵᠤ᠂ ᠳᠠᠬᠢᠯᠲᠠ ᠤᠰᠤᠨ ᠤ | ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠰᠢᠭ ᠣᠯᠬᠤ ᠶᠣᠰᠣᠲᠠᠢ 220KV | ᠴᠠᠬᠢᠯᠭᠠᠨ ᠬᠤᠪᠢᠰᠬᠠᠬᠤ ᠥᠷᠲᠡᠭᠡ ᠶᠢ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ | ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠬᠤᠷᠳᠤᠴᠠ ᠪᠠᠨ ᠳᠡᠭᠡᠭᠰᠢᠯᠡᠭᠦᠯᠬᠦ ᠶᠢ ᠲᠦᠯᠬᠢᠨ | ᠠᠬᠢᠭᠤᠯᠤᠨ᠎ᠠ᠃ ᠸᠠᠨ ᠳ᠋ᠠ ᠠᠭᠤᠳᠠᠮ ᠲᠠᠯᠠᠪᠠᠢ᠂ ᠤᠦ ᠲᠧ ᠯᠠᠢ ᠰᠾᠢ᠂ ᠬᠤᠸᠠ ᠯᠢᠶᠠᠨ ᠬᠤᠳᠠᠯᠳᠤᠭᠠᠨ ᠤ ᠲᠥᠪ | ᠵᠡᠷᠭᠡ ᠶᠢᠨ ᠰᠢᠨ᠎ᠡ ᠲᠦᠷᠦᠯ ᠲᠡᠮᠳᠡᠭ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠬᠤ ᠶᠢ | ᠳᠡᠮᠵᠢᠵᠦ᠂ ᠸᠠᠨ ᠺᠧ ᠰᠠᠭᠤᠭᠳᠠᠯ ᠤᠨ ᠬᠤᠳᠠ ᠶᠢᠨ ᠠᠵᠢᠯ ᠡᠬᠢᠯᠡᠭᠦᠯᠦᠨ ᠡᠵᠡᠩᠨᠡᠯᠲᠡ ᠪᠠᠨ ᠡᠬᠢᠯᠡᠭᠦᠯᠬᠦ ᠶᠢ | ᠠᠬᠢᠭᠤᠯᠤᠨ᠎ᠠ᠃ ︽ᠢᠨᠲ᠋ᠧᠷ ᠰᠦᠯᠵᠢᠶ᠎ᠡ + ᠠᠷᠠᠯᠵᠢᠶ᠎ᠠ ᠬᠤᠳᠠᠯᠳᠤᠭ᠎ᠠ︾ ᠶᠢ ᠲᠦᠷᠭᠡᠪᠴᠢᠯᠡᠨ ᠬᠥᠭᠵᠢᠭᠦᠯᠵᠦ᠂ | ᠰᠦᠯᠵᠢᠶᠡᠨ ᠤ ᠳᠡᠯᠭᠡᠭᠦᠷ᠂ ᠪᠢᠴᠢᠯ ᠬᠤᠳᠠᠯᠳᠤᠭ᠎ᠠ᠂ ᠰᠢᠭᠤᠳ ᠨᠡᠪᠲᠡᠷᠡᠭᠦᠯᠭᠡ ᠪᠠᠷᠠᠭ᠎ᠠ ᠠᠪᠴᠤ ᠶᠠᠪᠤᠬᠤ ᠵᠡᠷᠭᠡ | ᠰᠢᠨ᠎ᠡ ᠪᠠᠷ ᠬᠥᠭᠵᠢᠭᠰᠡᠨ ᠠᠷᠠᠯᠵᠢᠶ᠎ᠠ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠠᠷ | ᠪᠣᠶᠢᠵᠢᠭᠤᠯᠤᠨ ᠵᠢᠷᠤᠮᠵᠢᠭᠤᠯᠵᠤ᠂ ᠬᠥᠲᠥᠯᠥᠨ ᠵᠢᠯᠤᠭᠤᠳᠴᠤ᠂ ᠣᠷᠣᠨ ᠪᠦᠰᠡ ᠶᠢᠨ ᠬᠤᠳᠠᠯᠳᠤᠭᠠᠨ ᠤ ᠬᠦᠷᠢᠶᠡᠨ ᠤ | ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠠᠩ ᠮᠣᠣ ᠯᠦ ᠴᠧᠩ ᠤᠨ ᠵᠠᠬ᠎ᠠ ᠳᠡᠯᠭᠡᠭᠦᠷ ᠤᠨ ᠳᠠᠯᠳᠠ ᠬᠦᠴᠦᠨ | ᠢ ᠭᠦᠨ ᠠᠭᠤᠳᠠᠯᠵᠤ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠎ᠡ᠃ ᠱᠦᠨ | ᠹᠧᠩ ᠲᠦᠷᠭᠡᠨ ᠬᠦᠷᠭᠡᠯᠲᠡ ᠶᠢᠨ ᠪᠠᠷᠠᠭᠤᠨ ᠬᠤᠶᠢᠲᠤ ᠣᠷᠣᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠤᠸᠠᠨ ᠬᠤᠸᠠ᠂ ᠹᠧᠩ ᡂᠢ ᠵᠡᠷᠭᠡ ᠠᠵᠤ ᠠᠬᠤᠶᠢᠯᠠᠯ ᠤᠨ | ᠪᠠᠷᠠᠭᠠᠨ ᠤ ᠭᠦᠢᠯᠭᠡᠭᠡᠨ ᠤ ᠣᠶᠤᠨᠴᠢᠯᠠᠭᠰᠠᠨ᠂ ᠬᠠᠮᠲᠤ ᠪᠠᠷ ᠡᠳ᠋ᠯᠡᠬᠦ ᠠᠵᠢᠯᠯᠠᠭᠠᠨ ᠤ ᠬᠢᠷᠢ ᠬᠡᠮᠵᠢᠶ᠎ᠡ ᠪᠠᠨ | ᠳᠡᠭᠡᠭᠰᠢᠯᠡᠭᠦᠯᠬᠦ ᠶᠢ ᠳᠡᠮᠵᠢᠨ᠎ᠡ᠃ ᠤᠯᠤᠰ ᠤᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠶᠢ ᠬᠤᠪᠢᠷᠠᠭᠤᠯᠤᠨ ᠲᠠᠰ | ᠳᠡᠪᠰᠢᠭᠦᠯᠬᠦ ᠰᠠᠭᠤᠷᠢᠨ ᠭᠠᠵᠠᠷ ︵ᠲᠣᠨᠤᠭ ᠲᠥᠬᠦᠭᠡᠷᠦᠮᠵᠢ ᠦᠶᠯᠡᠳᠬᠦ︶ ᠢ ᠪᠦᠲᠦᠭᠡᠨ ᠪᠠᠶᠢᠭᠤᠯᠬᠤ ᠠᠵᠠ ᠲᠣᠬᠢᠶᠠᠯ ᠢ | ᠠᠰᠢᠭᠯᠠᠨ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ᠂ ᠤᠮᠠᠷᠠᠲᠤ ᠶᠢᠨ ᠵᠠᠰᠠᠮᠠᠯ ᠵᠠᠮ ᠤᠨ ᠪᠤᠰᠤ ᠠᠭᠤᠷᠬᠠᠢ ᠳᠤ | ᠬᠡᠷᠡᠭᠯᠡᠬᠦ ᠥᠪᠡᠷᠲᠡᠭᠡᠨ ᠪᠠᠭᠤᠯᠭᠠᠬᠤ ᠲᠡᠷᠭᠡ᠂ ᠲᠡᠮᠦᠷ ᠵᠠᠮ ᠤᠨ ᠪᠠᠷᠠᠭᠠᠨ ᠤ ᠲᠡᠷᠭᠡ᠂ ᠬᠦᠨᠳᠦ ᠬᠡᠯᠪᠡᠷᠢ ᠶᠢᠨ | ᠠᠴᠢᠶᠠᠨ ᠤ ᠮᠠᠰᠢᠨ ᠵᠡᠷᠭᠡ ᠦᠢᠯᠡᠳᠬᠦᠨ ᠤ ᠭᠠᠳᠠᠭᠠᠳᠤ ᠳᠠᠬᠢ ᠪᠣᠷᠤᠯᠠᠭᠤᠯᠭ᠎ᠠ ᠶᠢᠨ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ | ᠬᠤᠸᠠᠨ ᠯᠧ ᠬᠥ᠋· ᠳᠤᠮᠳᠠᠳᠤ ᠶᠢᠨ ᠴᠡᠷᠢᠭ ᠤᠨ ᠵᠡᠪᠰᠡᠭ ᠤᠨ ᠬᠤᠲᠠ᠂ ᠺᠠᠷᠲ᠋ᠣᠨ ᠤ ᠰᠢᠨ᠎ᠡ ᠬᠤᠲᠠ᠂ ᠰᠢ ᠡᠯ ᠳ᠋ᠦᠨ | ᠪᠠᠭᠤᠳᠠᠯ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠬᠤᠲᠠ ᠶᠢᠨ | ᠲᠥᠪᠯᠡᠷᠡᠭᠦᠯᠬᠦ ᠬᠦᠴᠦᠨ ᠪᠠ ᠲᠠᠲᠠᠬᠤ ᠬᠦᠴᠦᠨ ᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠮᠥᠩᠭᠦᠨ | ᠭᠦᠢᠯᠭᠡᠭᠡᠨ ᠤ ᠲᠦᠷᠢᠶᠡᠰᠦᠯᠡᠯ ᠤᠨ ᠺᠣᠮᠫᠠᠨᠢ᠂ ᠵᠧᠵᠢᠶᠠᠩ ᠤᠨ ᠬᠤᠳᠠᠯᠳᠤᠭᠠᠨ ᠤ ᠪᠠᠩᠬᠢ ᠶᠢᠨ ᠪᠤᠭᠤᠲᠤ ᠳᠠᠬᠢ | ᠬᠤᠪᠢᠶᠠᠷᠢ ᠪᠠᠩᠬᠢ ᠶᠢᠨ ᠠᠵᠢᠯ ᠡᠬᠢᠯᠡᠭᠦᠯᠬᠦ ᠶᠢ ᠠᠬᠢᠭᠤᠯᠤᠨ᠎ᠠ᠃ ᠬᠤᠷᠠᠯ ᠦᠵᠡᠰᠬᠦᠯᠡᠩ ᠤᠨ ᠲᠥᠪ ᠤᠨ | ᠴᠤᠭᠯᠠᠷᠠᠯ ᠤᠨ ᠦᠢᠯᠡᠳᠦᠯ ᠳᠤ ᠲᠦᠰᠢᠭᠯᠡᠨ᠂ ᠬᠤᠣᠰ ᠱᠤᠭᠤᠮ ᠢᠶᠠᠷ ᠦᠵᠡᠰᠬᠦᠯᠡᠩ ᠡᠷᠭᠢᠯᠡᠬᠦ ᠮᠡᠷᠭᠡᠵᠢᠯ ᠤᠨ ᠪᠣᠳᠠᠲᠤ | ᠬᠦᠴᠦᠨ ᠪᠠ ᠬᠡᠪᠴᠢᠶ᠎ᠡ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠡᠯ᠎ᠡ ᠲᠥᠷᠥᠯ ᠤᠨ ᠦᠵᠡᠰᠬᠦᠯᠡᠩ ᠢ 50 | ᠲᠠᠯᠠᠪᠤᠷ᠂ 220 ᠲᠠᠯᠠᠪᠤᠷ ᠲᠣᠭᠯᠠᠯᠲᠠ ᠭᠠᠷᠭᠠᠬᠤ ᠪᠠᠷ ᠴᠢᠷᠮᠠᠶᠢᠨ᠎ᠠ᠃ ᠳᠤᠮᠳᠠᠳᠤ ᠤᠯᠤᠰ ︵ᠪᠤᠭᠤᠲᠤ︶ ᠤᠨ ᠠᠮᠤᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠤ ᠪᠡᠯᠡᠳᠬᠡᠯ | ᠠᠵᠢᠯ ᠢ ᠬᠢᠨᠠᠮᠠᠭᠠᠢ ᠰᠠᠶᠢᠲᠤᠷ ᠬᠢᠵᠦ᠂ ᠮᠠᠨ ᠤ ᠲᠤᠭᠤᠷᠢᠭ ᠤᠨ ᠦᠶᠯᠡᠳᠬᠦ ᠦᠢᠯᠡᠰ ᠤᠨ ᠦᠢᠯᠡᠳᠬᠦᠨ ᠢ ᠶᠡᠬᠡᠪᠡᠷ | ᠲᠠᠨᠢᠯᠴᠠᠭᠤᠯᠤᠨ ᠤᠬᠠᠭᠤᠯᠵᠤ᠂ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠲᠠᠷᠢᠶᠠᠯᠠᠩ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃ ᠲᠠᠷᠢᠶᠠᠨ | ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠪᠠᠶᠢᠷᠢ ᠰᠠᠭᠤᠷᠢ ᠶᠢᠨ ᠳᠠᠪᠠᠭᠤᠯᠢᠭ ᠢᠶᠠᠨ | ᠭᠦᠢᠴᠡᠳ ᠠᠰᠢᠭᠯᠠᠨ᠂ ︽ᠨᠢᠭᠡ ᠲᠣᠰᠬᠤᠨ ᠨᠢᠭᠡ ᠪᠦᠲᠦᠭᠡᠭᠳᠡᠬᠦᠨ᠂ ᠨᠢᠭᠡ ᠪᠠᠯᠭᠠᠰᠤ ᠨᠢᠭᠡ ᠠᠵᠤ ᠦᠢᠯᠡᠰ︾ ᠤᠨ | ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠂ | ᠴᠢᠨᠠᠷ ᠰᠠᠶᠢᠲᠠᠢ ᠭᠦᠵᠡᠯᠵᠡᠭᠡᠨ᠎ᠡ᠂ ᠥᠨᠳᠥᠷ ᠲᠡᠰᠪᠦᠷᠢᠯᠡᠬᠦ ᠴᠢᠨᠠᠷᠲᠠᠢ ᠰᠢᠬᠢᠷᠯᠢᠭ ᠯᠠᠵᠤᠤ᠂ ᠵᠢᠮᠢᠰ ᠤᠨ ᠴᠢᠨᠠᠷᠲᠠᠢ | ᠲᠥᠪᠡᠳ ᠬᠠᠰᠢ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠵᠤ ᠳᠡᠯᠭᠡᠷᠡᠭᠦᠯᠦᠨ᠎ᠡ᠃ ᠰᠠᠶᠢᠬᠠᠨ ᠵᠠᠮ ᠢ ᠤᠮᠠᠷᠠᠰᠢ | ᠤᠷᠲᠤᠳᠬᠠᠬᠤ ᠠᠵᠠ ᠲᠣᠬᠢᠶᠠᠯ ᠢ ᠠᠮᠵᠢᠵᠤ᠂ ᠳᠠᠯᠠᠨ ᠬᠠᠷ᠎ᠠ ᠠᠭᠤᠯᠠ ᠳᠠᠭᠠᠤ ᠶᠢᠨ ᠵᠢᠵᠢᠭ ᠬᠡᠯᠪᠡᠷᠢ ᠶᠢᠨ | ᠵᠤᠭᠠᠴᠠᠯ ᠤᠨ ᠦᠵᠡᠮᠵᠢ ᠶᠢᠨ ᠣᠷᠣᠨ ᠪᠠ ᠠᠮᠢ ᠠᠬᠤᠢ ᠶᠢᠨ ᠠᠵᠤ ᠦᠢᠯᠡᠰ ᠢ ᠨᠢᠭᠡᠳᠦᠯᠲᠡᠢ ᠲᠥᠯᠥᠪᠵᠢᠭᠦᠯᠵᠦ᠂ | ᠡᠯ᠎ᠡ ᠲᠣᠰᠬᠤᠨ ᠢ ᠬᠥᠲᠥᠯᠥᠨ ᠵᠢᠯᠤᠭᠤᠳᠴᠤ ᠪᠠᠶᠢᠭᠠᠳ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ᠂ | ᠬᠥᠳᠡᠭᠡ ᠲᠣᠰᠬᠤᠨ ᠤ ᠵᠤᠭᠠᠴᠠᠯ ᠤᠨ ᠠᠵᠤ ᠦᠢᠯᠡᠰ ᠢ ᠬᠥᠭᠵᠢᠭᠦᠯᠦᠨ᠎ᠡ᠃ ᠰᠠᠶᠢᠷ ᠤᠨ ᠲᠤᠬᠤᠢ ᠤᠨ | ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠥᠪ ᠤᠨ ᠡᠵᠡᠩᠨᠡᠯᠲᠡ ᠳᠤ ᠣᠷᠣᠭᠤᠯᠬᠤ ᠶᠢ ᠲᠦᠯᠬᠢᠨ | ᠠᠬᠢᠭᠤᠯᠵᠤ᠂ ᠰᠢᠨ ᠹᠠ ᠳ᠋ᠢ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ | ᠲᠥᠪ᠂ ᠿᠦᠢ ᠱᠠᠨ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠵᠦᠢᠯᠡᠰ ᠢ | ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠦᠨ᠎ᠡ᠃ ᠲᠥᠬᠦᠭᠡᠷᠦᠮᠵᠢᠲᠦ ᠲᠠᠷᠢᠶᠠᠯᠠᠩ ᠢ ᠲᠡᠰ ᠳᠡᠪᠰᠢᠭᠦᠯᠵᠦ᠂ | 100 ᠬᠦᠯᠡᠮᠵᠢ ᠶᠢ ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠤᠨ᠎ᠠ᠃ ᠠᠮᠢ ᠠᠬᠤᠢ ᠶᠢᠨ ᠡᠷᠭᠢᠯᠲᠡᠲᠦ | ᠲᠠᠷᠢᠶᠠᠯᠠᠩ ᠢ ᠬᠥᠭᠵᠢᠭᠦᠯᠵᠦ᠂ ᠪᠠᠭᠠᠰᠤᠨ ᠪᠣᠬᠢᠷᠳᠤᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠥᠪ ᠢ ᠪᠦᠲᠦᠭᠡᠨ | ᠪᠠᠶᠢᠭᠤᠯᠵᠤ᠂ ᠮᠠᠯ ᠵᠢᠭᠦᠷᠲᠡᠨ ᠤ ᠪᠠᠭᠠᠰᠤᠨ ᠪᠣᠬᠢᠷᠳᠤᠯ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠵᠡᠷᠭᠡ ᠲᠠᠷᠢᠶᠠᠯᠠᠩ | ᠮᠠᠯ ᠠᠵᠤ ᠠᠬᠤᠢ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ︽ᠨᠢᠭᠡ ᠠᠵᠢᠯ ᠲᠦᠷᠦᠯ ᠳᠤ ᠨᠢᠭᠡ ᠠᠷᠭ᠎ᠠ ᠪᠣᠳᠣᠯᠭ᠎ᠠ︾ ᠶᠢᠨ ᠭᠤᠷᠪᠠᠨ ᠵᠢᠯ ᠤᠨ | ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ︽ᠴᠢᠩᠱᠠᠨ ᠠᠴᠠ ᠭᠠᠷᠴᠤ ᠴᠢᠩᠱᠠᠨ ᠶᠢ ᠬᠠᠷᠠᠵᠤ᠂ ᠪᠦᠬᠦ | ᠤᠯᠤᠰ ᠲᠤ ᠵᠣᠭᠰᠣᠵᠤ ᠴᠢᠩᠱᠠᠨ ᠶᠢ ᠬᠠᠷᠠᠵᠤ᠂ ᠢᠷᠡᠭᠡᠳᠦᠢ ᠳᠤ ᠵᠣᠭᠰᠣᠵᠤ ᠣᠳᠣᠬᠢ ᠶᠢ ᠪᠠᠷᠠᠯᠠᠬᠤ︾ ᠶᠢ | ᠪᠠᠷᠢᠮᠲᠠᠯᠠᠵᠤ᠂ 33 ᠠᠵᠤ ᠦᠢᠯᠡᠰ ᠤᠨ ᠲᠦᠷᠦᠯ ᠤᠨ ᠲᠣᠭᠤᠷᠢᠨ ᠳᠤ ᠭᠤᠷᠪᠠᠨ ᠵᠢᠯ ᠤᠨ ᠠᠵᠢᠯᠯᠠᠭᠠᠨ ᠤ ᠲᠥᠰᠥᠯ ᠢ | ᠭᠦᠨᠵᠡᠭᠡᠶᠢᠷᠡᠭᠦᠯᠵᠦ᠂ ᠠᠵᠤ ᠦᠢᠯᠡᠰ ᠨᠢᠭᠡᠪᠦᠷᠢ ᠶᠢᠨ ᠮᠡᠷᠭᠡᠵᠢᠯ ᠤᠨ ᠱᠤᠭᠤᠮ ᠤᠨ ᠵᠢᠷᠤᠭ᠂ ᠨᠠᠷᠢᠨ ᠬᠤᠪᠢᠶᠠᠭᠰᠠᠨ | ᠠᠵᠤ ᠦᠢᠯᠡᠰ ᠤᠨ ᠵᠢᠷᠤᠭ᠂ ᠣᠷᠣᠨ ᠵᠠᠢ ᠶᠢᠨ ᠪᠠᠶᠢᠷᠢᠰᠢᠯ ᠤᠨ ᠵᠢᠷᠤᠭ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠵᠢᠷᠤᠭ᠂ ᠬᠡᠷᠡᠭᠯᠡᠭᠡᠨ ᠤ ᠬᠦᠷᠢᠶᠡᠨ ᠤ ᠵᠢᠷᠤᠭ ᠢ ᠨᠠᠶᠢᠷᠠᠭᠤᠯᠤᠨ ᠵᠣᠬᠢᠶᠠᠵᠤ ᠳᠠᠭᠤᠰᠬᠠᠨ᠎ᠠ᠃ ︽ᠭᠤᠷᠪᠠᠨ | ᠲᠥᠷᠥᠯ ᠤᠨ 500 ᠬᠦᠴᠦᠷᠬᠡᠭ︾ ᠠᠵᠤ ᠠᠬᠤᠶᠢᠯᠠᠯ ᠢ ᠬᠠᠷᠠᠭᠠᠯᠠᠨ᠂ ᠨᠢᠭᠡ ᠪᠦᠯᠦᠭ ᠬᠥᠲᠥᠴᠢ ᠬᠡᠯᠪᠡᠷᠢ ᠶᠢᠨ᠂ | ᠰᠠᠭᠤᠷᠢᠨ ᠭᠠᠵᠠᠷ ᠤᠨ ᠬᠡᠯᠪᠡᠷᠢ ᠶᠢᠨ᠂ ᠬᠥᠲᠥᠯᠥᠨ ᠳᠠᠭᠠᠭᠤᠯᠬᠤ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ | ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠲᠦᠷᠭᠡᠳᠬᠡᠨ ᠣᠷᠣᠭᠤᠯᠵᠤ᠂ ᠲᠥᠷᠥᠯ ᠵᠦᠢᠯ ᠤᠨ ᠭᠡᠷ᠎ᠡ | ᠭᠦᠢᠴᠡᠳᠬᠡᠬᠦ ᠨᠣᠷᠮ᠎ᠠ᠂ ᠨᠠᠶᠢᠳᠠᠪᠤᠷᠢᠵᠢᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠲᠥᠷᠥᠯ ᠵᠦᠢᠯ ᠢ ᠠᠯᠢ ᠲᠦᠷᠭᠡᠨ ᠢᠶᠠᠷ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠪᠣᠯᠭᠠᠨ | ᠬᠤᠪᠢᠷᠠᠭᠤᠯᠵᠤ᠂ 140 ᠲᠥᠷᠥᠯ ᠵᠦᠢᠯ ᠠᠴᠠ ᠳᠡᠭᠡᠭᠰᠢ ᠭᠡᠷ᠎ᠡ ᠲᠣᠭᠲᠠᠵᠤ᠂ 900 ᠳ᠋ᠦᠩᠰᠢᠭᠤᠷ ᠲᠥᠭᠦᠷᠢᠭ ᠠᠴᠠ | ᠳᠡᠭᠡᠭᠰᠢ ᠵᠥᠪᠳᠡᠯᠴᠡᠭᠡᠷ ᠢᠶᠠᠷ ᠪᠡᠯᠡ ᠣᠷᠣᠭᠤᠯᠵᠤ᠂ 110 ᠲᠥᠷᠥᠯ ᠵᠦᠢᠯ ᠢ ᠳᠠᠩᠰᠠᠯᠠᠭᠤᠯᠤᠨ | ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ︽ᠨᠢᠭᠡᠳᠦᠭᠡᠷ ᠭᠠᠷ ᠤᠨ | ᠢᠨᠵᠧᠨᠧᠷᠢᠩ︾ ᠪᠣᠯᠭᠠᠬᠤ ᠶᠢ ᠪᠠᠷᠢᠮᠲᠠᠯᠠᠵᠤ᠂ ᠳᠥᠷᠪᠡᠨ ᠢᠵᠢ ᠪᠠᠭ ᠤᠨ ᠤᠳᠤᠷᠢᠳᠤᠯᠭ᠎ᠠ ᠲᠦᠷᠦᠭᠦᠯᠡᠨ | ᠬᠤᠳᠠᠯᠳᠤᠭᠠᠴᠢᠨ ᠤᠷᠢᠵᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠴᠢᠬᠤᠯᠠ ᠶᠡᠭᠡ ᠲᠥᠷᠥᠯ ᠵᠦᠢᠯ᠂ ᠴᠢᠬᠤᠯᠠ | ᠣᠷᠣᠨ ᠪᠦᠰᠡ ᠶᠢᠨ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ᠂ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠠᠷ᠎ᠠ ᠳᠤ ᠮᠡᠳᠡᠭᠡᠯᠡᠬᠦ᠂ ᠤᠯᠠᠷᠢᠯ ᠤᠨ ᠠᠳᠠᠯᠢᠳᠬᠠᠨ | ᠰᠢᠯᠭᠠᠷᠠᠭᠤᠯᠬᠤ᠂ ᠣᠨ ᠤ ᠰᠢᠯᠭᠠᠨ ᠬᠢᠨᠠᠬᠤ ᠲᠣᠭᠲᠠᠴᠠ ᠶᠢ ᠬᠡᠷᠡᠭᠵᠢᠭᠦᠯᠦᠨ᠂ ᠰᠢᠯᠭᠠᠨ ᠬᠢᠨᠠᠵᠤ ᠬᠡᠷᠡᠭᠯᠡᠬᠦ ᠶᠢ | ᠴᠢᠩᠭᠠᠷᠠᠭᠤᠯᠵᠤ᠂ ᠲᠥᠷᠥᠯ ᠵᠦᠢᠯ ᠢᠶᠠᠷ ᠠᠵᠢᠯ ᠤᠨ ᠠᠮᠵᠢᠯᠲᠠ ᠶᠢ ᠦᠨᠡᠯᠡᠬᠦ᠂ ᠬᠥᠭᠵᠢᠯᠲᠡ ᠪᠠᠷ ᠬᠢᠷᠢ ᠬᠡᠮᠵᠢᠶ᠎ᠡ ᠶᠢ | ᠦᠨᠡᠯᠡᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠨ᠎ᠠ᠃ | ︵ᠬᠤᠶᠠᠷ︶ ᠦᠭᠡᠷᠡᠴᠢᠯᠡᠯᠲᠡ ᠶᠢᠨ ᠰᠢᠨ᠎ᠡ ᠶᠢ ᠡᠭᠦᠳᠬᠦ ᠬᠦᠳᠡᠯᠭᠡᠭᠦᠷ ᠲᠤ ᠬᠦᠴᠦᠨ ᠢᠶᠠᠨ ᠲᠦᠪᠯᠡᠷᠡᠭᠦᠯᠦᠨ | ᠠᠩᠬᠠᠷᠤᠯ ᠢᠶᠠᠨ ᠲᠦᠪᠯᠡᠷᠡᠭᠦᠯᠵᠦ᠂ ᠭᠠᠵᠠᠷ ᠣᠷᠣᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ | ᠰᠢᠪᠲᠤᠯᠤᠯᠲᠠ ᠭᠠᠷᠭᠠᠵᠤ᠂ ᠰᠢᠨ᠎ᠡ ᠪᠠᠶᠢᠳᠠᠯ ᠢ ᠪᠤᠢ ᠪᠣᠯᠭᠠᠬᠤ ᠪᠠᠷ ᠴᠢᠷᠮᠠᠶᠢᠨ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠯᠬᠤᠴᠠ ᠢᠶᠠᠨ ᠲᠦᠷᠭᠡᠳᠭᠡᠨ᠎ᠡ᠃ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ | ᠲᠣᠨᠤᠭ ᠲᠥᠬᠦᠭᠡᠷᠦᠮᠵᠢ ᠦᠶᠯᠡᠳᠬᠦ ᠶᠢᠨ ᠰᠢᠨ᠎ᠡ ᠶᠢ ᠡᠭᠦᠳᠬᠦ᠂ ᠴᠥᠮ᠎ᠡ ᠶᠢᠨ ᠲᠦᠯᠡᠰᠢ ᠪᠠ ᠴᠥᠮ᠎ᠡ ᠶᠢᠨ ᠲᠣᠨᠤᠭ | ᠲᠥᠬᠦᠭᠡᠷᠦᠮᠵᠢ ᠶᠢ ᠰᠤᠳᠤᠯᠤᠨ ᠨᠡᠭᠡᠭᠡᠬᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠠᠷ ᠡᠨᠧᠷᠭᠢ ᠣᠯᠭᠤᠬᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠪᠠᠶᠢᠴᠠᠭᠠᠨ ᠰᠢᠯᠭᠠᠬᠤ ᠳᠥᠷᠪᠡᠨ ᠲᠠᠪᠴᠠᠩ ᠢ | ᠭᠤᠣᠯᠳᠠᠯᠭ᠎ᠠ ᠲᠠᠢ ᠪᠣᠶ ᠪᠣᠯᠭᠠᠨ᠎ᠠ᠃ ᠮᠠᠨ ᠤ ᠲᠤᠭᠤᠷᠢᠭ ᠪᠦᠬᠦ ᠬᠤᠲᠠ ᠶᠢᠨ ᠠᠩᠬᠠᠨ ᠤ ᠪᠦᠯᠦᠭ ᠤᠨ ᠠᠵᠤ | ᠦᠢᠯᠡᠳᠪᠦᠷᠢ ᠶᠢᠨ ᠲᠣᠭᠠᠴᠢᠯᠠᠯᠲᠠ ᠶᠢᠨ ᠬᠡᠯᠪᠡᠷᠢ ᠶᠢ ᠬᠤᠪᠢᠷᠠᠭᠤᠯᠬᠤ ᠲᠤᠷᠰᠢᠯᠲᠠ ᠶᠢᠨ ᠭᠠᠵᠠᠷ ᠣᠷᠣᠨ ᠢᠶᠠᠷ | ᠰᠣᠩᠭᠤᠭᠳᠠᠭᠰᠠᠨ ᠠᠰᠢᠭᠲᠠᠢ ᠠᠵᠠ ᠲᠣᠬᠢᠶᠠᠯ ᠢ ᠴᠢᠩᠭ᠎ᠠ ᠠᠳᠬᠤᠵᠤ᠂ ᠣᠶᠤᠨᠲᠤ ᠬᠦᠷᠢᠶᠡᠯᠡᠩ ᠲᠣᠭᠤᠷᠢᠭ ᠲᠤ | ᠲᠦᠰᠢᠭᠯᠡᠨ᠂ ᠦᠪᠦᠷ ᠮᠤᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠸᠠᠨ ᠵᠢᠶᠠ ᠮᠡᠳᠡᠭᠡ ᠵᠠᠩᠭᠢ | ᠶᠢᠨ ᠺᠤᠮᠫᠠᠨᠢ᠂ ᠪᠤᠭᠤᠲᠤ ᠶᠢᠨ ᠡᠭᠦᠯᠡᠨ ᠪᠣᠳᠣᠯᠲᠠ᠂ ᠴᠢᠩᠳᠣᠣ ᠶᠢᠨ ᠨᠢᠮᠪᠡᠭᠡ ᠪᠤᠷᠴᠠᠭ ᠵᠡᠷᠭᠡ ᠲᠣᠭᠠᠴᠢᠯᠠᠭᠰᠠᠨ | ᠦᠢᠯᠡᠴᠢᠯᠡᠭᠡᠨ ᠤ ᠠᠴᠢᠶᠠᠯᠠᠪᠤᠷᠢ ᠳᠤ ᠲᠦᠰᠢᠭᠯᠡᠨ᠂ ᠬᠡᠪᠴᠢᠶᠡᠵᠢᠯ ᠠᠴᠠ ᠳᠡᠭᠡᠭᠰᠢ ᠠᠵᠤ ᠦᠢᠯᠡᠳᠪᠦᠷᠢ ᠠᠵᠤ | ᠠᠬᠤᠶᠢᠯᠠᠯ ᠤᠨ ᠲᠣᠭᠠᠴᠢᠯᠠᠭᠰᠠᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠮᠵᠢᠯᠠᠯᠲᠤ ᠠᠵᠤ | ᠦᠢᠯᠡᠰ ᠢ ᠳᠡᠭᠡᠳᠦ ᠦᠵᠦᠭᠦᠷᠵᠢᠭᠦᠯᠬᠦ᠂ ᠤᠶᠤᠨᠵᠢᠭᠤᠯᠬᠤ᠂ ᠪᠣᠬᠢᠷᠳᠤᠯ ᠦᠭᠡᠢ ᠪᠣᠯᠭᠠᠬᠤ ᠶᠢ ᠠᠬᠢᠭᠤᠯᠵᠤ᠂ ᠨᠢᠭᠡ | ᠪᠦᠯᠦᠭ ᠵᠢᠱᠢᠶ᠎ᠡ ᠦᠵᠡᠭᠦᠯᠬᠦ ᠬᠡᠪ ᠳᠠᠭᠤᠷᠢᠶᠠᠯᠲᠦ ᠠᠵᠤ ᠠᠬᠤᠶᠢᠯᠠᠯ ᠢ ᠪᠣᠶᠢᠵᠢᠭᠤᠯᠬᠤ ᠪᠠᠷ ᠴᠢᠷᠮᠠᠶᠢᠵᠤ᠂ ᠨᠢᠭᠡ | ᠪᠦᠯᠦᠭ ︽ᠤᠶᠤᠨᠲᠦ ᠦᠢᠯᠡᠳᠪᠦᠷᠢ︾ ᠶᠢ ᠪᠠᠶᠢᠭᠤᠯᠤᠨ᠎ᠠ᠃ 5G᠂ ᠣᠷᠣᠨ ᠬᠡᠰᠡᠭ ᠤᠨ ᠬᠡᠯᠬᠢᠶ᠎ᠡ᠂ ᠲᠣᠮᠣ ᠳ᠋ᠠᠶᠢᠲ᠋ᠠ | ᠵᠡᠷᠭᠡ ᠲᠣᠭᠠᠴᠢᠯᠠᠭᠰᠠᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠵᠢᠶᠠᠩᠰᠤ ᠶᠢᠨ ᠴᠠᠬᠢᠯᠭᠠᠨ ᠪᠠᠷᠰ ᠤᠨ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠠᠨ ᠾᠧᠩ ᠮᠡᠳᠡᠭᠡ ᠵᠠᠩᠭᠢ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠲᠤᠭ᠎ᠠ ᠪᠠᠷᠢᠮᠲᠠ ᠶᠢᠨ ᠦᠨ᠎ᠡ ᠥᠷᠲᠡᠭ ᠢ ᠭᠦᠨᠵᠡᠭᠡᠢ ᠠᠭᠤᠳᠠᠯᠵᠤ᠂ | ᠡᠯ᠎ᠡ ᠲᠥᠷᠥᠯ ᠤᠨ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ︽ᠡᠭᠦᠯᠡᠨ ᠪᠣᠳᠣᠯᠲᠠ ᠳᠤ ᠬᠡᠷᠡᠭᠯᠡᠬᠦ ᠲᠤᠭ᠎ᠠ ᠬᠡᠮᠵᠢᠶ᠎ᠡ ᠪᠠᠷ ᠣᠶᠤᠨ ᠤᠬᠠᠭᠠᠨ ᠣᠯᠭᠤᠬᠤ︾ ᠶᠢ ᠨᠢᠭᠡ | ᠴᠣᠭᠴᠠᠵᠢᠭᠤᠯᠤᠨ ᠠᠬᠢᠭᠤᠯᠵᠤ᠂ ᠰᠦᠯᠵᠢᠶᠡᠨ ᠳᠤ ᠭᠠᠷᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠬᠦ ᠪᠠᠷ | ᠴᠢᠷᠮᠠᠶᠢᠨ᠎ᠠ᠃ ︽ᠴᠢᠳᠠᠪᠤᠷᠢᠲᠠᠨ ᠡᠯᠰᠡᠵᠦ ᠤᠶᠤᠨ ᠣᠷᠣᠭᠤᠯᠬᠤ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ︽ᠳᠡᠭᠡᠳᠦ ᠱᠠᠲᠤ ᠨᠢ ᠳᠤᠤᠷᠠᠲᠦ ᠱᠠᠲᠦ ᠢᠶᠠᠨ ᠬᠠᠮᠢᠶᠠᠷᠴᠤ᠂ ᠳᠣᠣᠷᠠᠳᠤ ᠱᠠᠲᠤ ᠨᠢ ᠪᠠᠭ᠎ᠠ ᠪᠠᠨ ᠬᠠᠮᠢᠶᠠᠷᠬᠤ︾ | ᠴᠢᠳᠠᠪᠤᠷᠢᠲᠠᠨ ᠤ ᠬᠠᠮ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠵᠤ᠂ ᠴᠢᠳᠠᠪᠤᠷᠢᠲᠠᠨ ᠢ ᠦᠯᠡᠳᠡᠭᠡᠵᠦ ᠳᠡᠶᠢᠯᠬᠦ᠂ | ᠰᠠᠶᠢᠲᠤᠷ ᠬᠡᠷᠡᠭᠯᠡᠬᠦ᠂ ᠠᠮᠢᠳᠤᠷᠠᠬᠤ ᠳᠤ ᠲᠠᠭᠠᠯᠠᠮᠵᠢᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠰᠢᠨ᠎ᠡ ᠶᠢ ᠡᠭᠦᠳᠬᠦ | ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠦᠪᠦᠷ ᠮᠤᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ | ᠵᠢᠭᠠᠨ ᠰᠤᠳᠤᠯᠬᠤ ᠶᠢ ᠨᠢᠭᠡ ᠴᠣᠭᠴᠠᠵᠢᠭᠤᠯᠤᠭᠰᠠᠨ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ ᠶᠢ ᠳᠡᠮᠵᠢᠵᠦ᠂ | ᠤᠮᠠᠷᠠᠲᠤ ᠶᠢᠨ ᠬᠦᠨᠳᠦ ᠠᠵᠦ ᠦᠢᠯᠡᠳᠪᠦᠷᠢ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠡᠭᠦᠳᠦᠨ | ᠪᠠᠶᠢᠭᠤᠯᠵᠤ᠂ ᠳᠤᠮᠳᠠᠳᠤ ᠤᠯᠤᠰ ᠤᠨ ᠴᠥᠮ᠎ᠡ ᠶᠢᠨ ᠤᠮᠠᠷᠠᠲᠤ ᠣᠷᠣᠨ ᠤ ᠤᠯᠤᠰ ᠤᠨ ᠲᠠᠰ ᠤᠨ ᠴᠥᠮ᠎ᠡ ᠶᠢᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠳᠤᠮᠳᠠᠲᠦ ᠤᠯᠤᠰ | ᠤᠨ ᠴᠡᠷᠢᠭ ᠤᠨ ᠵᠡᠪᠰᠡᠭ ᠤᠨ ᠠᠵᠦ ᠦᠢᠯᠡᠳᠪᠦᠷᠢ ᠶᠢᠨ ᠪᠦᠯᠦᠭᠯᠡᠯ ᠤᠨ ᠲᠠᠪᠤ ᠬᠤᠶᠠᠳᠤᠭᠠᠷ ᠰᠤᠳᠤᠯᠭᠠᠨ ᠤ | ᠭᠠᠵᠠᠷ ᠲᠠᠢ ᠬᠤᠯᠪᠤᠭᠠᠯᠠᠨ ᠪᠤᠭᠤᠲᠤ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ | ᠮᠡᠷᠭᠡᠵᠢᠯ ᠤᠨ ᠰᠤᠳᠤᠯᠭᠠᠨ ᠤ ᠭᠠᠵᠠᠷ ᠢ ᠪᠠᠶᠢᠭᠤᠯᠤᠨ᠎ᠠ᠃ ᠠᠵᠤ ᠠᠬᠤᠶᠢᠯᠠᠯ ᠤᠨ ︽ᠳᠦᠷᠢᠮ ᠳᠤ ᠣᠷᠣᠬᠤ᠂ | ᠥᠨᠳᠥᠷ ᠲᠤ ᠭᠠᠷᠬᠤ᠂ ᠵᠠᠬ᠎ᠠ ᠳᠡᠯᠭᠡᠭᠦᠷ ᠲᠤ ᠭᠠᠷᠬᠤ︾ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ︽ᠳᠦᠷᠪᠡᠨ | ᠲᠦᠷᠦᠯ ᠤᠨ ᠬᠡᠪᠴᠢᠶᠡᠵᠢᠯ ᠠᠴᠠ ᠳᠡᠭᠡᠭᠰᠢᠬᠢ ᠠᠵᠦ ᠠᠬᠤᠶᠢᠯᠠᠯ︾ ᠢ 30 ᠠᠴᠠ ᠳᠡᠭᠡᠭᠰᠢ ᠨᠡᠮᠡᠭᠳᠡᠭᠦᠯᠵᠦ᠂ ᠳᠡᠭᠡᠳᠦ | ᠰᠢᠨ᠎ᠡ ᠮᠡᠷᠭᠡᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ | ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠢ 20 ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠪᠦᠬᠦ ᠤᠯᠤᠰ ᠤᠨ | ᠡᠵᠡᠩᠨᠡᠯᠲᠡ ᠶᠢᠨ ᠣᠷᠴᠢᠨ ᠲᠣᠭᠤᠷᠢᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠠᠵᠢᠯ ᠢ ᠪᠠᠷᠢᠮᠵᠢᠶᠠᠯᠠᠵᠤ᠂ ᠪᠦᠬᠦ | ᠬᠡᠯᠬᠢᠶ᠎ᠡ ᠶᠢ ᠰᠢᠯᠢᠳᠡᠭᠵᠢᠭᠦᠯᠬᠦ ᠬᠢᠨᠠᠨ ᠵᠥᠪᠰᠢᠶᠡᠷᠡᠯ᠂ ᠪᠦᠬᠦ ᠶᠠᠪᠤᠴᠠ ᠶᠢ ᠲᠥᠪ ᠭᠤᠣᠯᠴᠢ ᠪᠠᠷ ᠬᠢᠨᠠᠨ ᠬᠠᠮᠢᠶᠠᠷᠬᠤ᠂ | ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠰᠡᠭ ᠮᠠᠲ᠋ᠧᠷᠢᠶᠠᠯ ᠳᠤᠲᠠᠭᠤ ᠪᠤᠯᠪᠠᠴᠦ ᠭᠥᠯᠢᠶᠡᠨ ᠠᠪᠴᠤ | ᠰᠢᠢᠳᠪᠦᠷᠢᠯᠡᠬᠦ᠂ ᠮᠡᠳᠡᠭᠳᠡᠬᠦ᠂ ᠠᠮᠠᠯᠠᠯᠲᠠ ᠬᠢᠬᠦ᠂ ᠬᠤᠷᠠᠮᠠᠯ ᠦᠢᠯᠡᠴᠢᠯᠡᠭᠡ ᠵᠡᠷᠭᠡ ᠠᠷᠭ᠎ᠠ ᠬᠡᠮᠵᠢᠶ᠎ᠡ ᠶᠢ ᠳᠡᠯᠭᠡᠷᠡᠭᠦᠯᠦᠨ | ᠬᠡᠷᠡᠭᠯᠡᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠥᠷᠭᠡᠳᠬᠡᠨ᠂ ︽ᠮᠦᠩᠭᠡ | ᠰᠤᠪᠠᠭ︾ ᠤᠨ APP ᠶᠢ ᠣᠯᠠᠨ ᠠᠷᠭ᠎ᠠ ᠬᠡᠮᠵᠢᠶ᠎ᠡ ᠪᠠᠷ ᠳᠡᠯᠭᠡᠷᠡᠭᠦᠯᠵᠦ᠂ ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ ᠪᠠ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ ᠡᠷᠴᠢᠮ ᠢ ᠴᠢᠩᠭᠠᠷᠠᠭᠤᠯᠤᠨ᠎ᠠ᠃ ᠵᠠᠰᠠᠭ | ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ | ᠲᠡᠭᠦᠰ ᠠᠮᠵᠢᠯᠲᠠ ᠲᠠᠢ ᠪᠡᠶᠡᠯᠡᠭᠦᠯᠵᠦ᠂ ᠲᠣᠳᠣᠷᠬᠠᠢ ᠬᠠᠭᠤᠳᠠᠰᠤ ᠠᠴᠠ ᠭᠠᠳᠠᠨ᠎ᠠ ᠵᠥᠪᠰᠢᠶᠡᠷᠡᠯ ᠦᠭᠡᠢ ᠪᠠᠶᠢᠬᠤ ᠶᠢ | ᠦᠨᠡᠨ ᠬᠦ ᠪᠠᠲᠤᠯᠠᠨ᠎ᠠ᠃ ᠣᠶᠤᠨᠲᠤ ᠬᠠᠤᠯᠢ ᠶᠢᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠰᠬᠠᠢ | ᠲᠢᠩᠬᠢᠮ ᠢ ᠪᠠᠶᠢᠭᠤᠯᠵᠤ᠂ ︽ᠲᠣᠮᠣ ᠶᠡᠷᠦᠩᠬᠡᠶᠢᠯᠡᠭᠰᠡᠨ ᠴᠤᠩᠬᠤᠪᠴᠢ︾ ᠶᠢᠨ ᠶᠡᠷᠦᠩᠬᠡᠶᠢᠯᠡᠭᠰᠡᠨ ᠭᠥᠯᠢᠶᠡᠨ ᠠᠪᠴᠤ | ᠰᠢᠢᠳᠪᠦᠷᠢᠯᠡᠬᠦ ᠵᠠᠭᠪᠤᠷ ᠢ ᠬᠡᠷᠡᠭᠵᠢᠭᠦᠯᠦᠨ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢ | ᠲᠤᠰᠬᠠᠶᠢᠵᠢᠭᠤᠯᠬᠤ᠂ ᠨᠠᠷᠢᠯᠢᠭ ᠣᠨᠣᠴᠠᠲᠠᠢ ᠪᠣᠯᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠬᠤ ᠰᠢᠨ᠎ᠡ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ︽ᠠᠯᠲᠠᠨ ᠮᠧᠳᠡᠯᠲᠦ ᠳᠡᠯᠭᠡᠭᠦᠷ ᠤᠨ ᠦᠢᠯᠡᠴᠢᠯᠡᠭᠴᠢ︾ ᠪᠣᠯᠵᠤ᠂ ᠠᠷᠭ᠎ᠠ | ᠪᠦᠬᠦᠨ ᠢ ᠰᠦᠪᠡᠭᠴᠢᠯᠡᠵᠦ ᠪᠠᠶᠢᠭᠠᠳ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠪᠡᠯᠡ ᠮᠥᠩᠭᠦ | ᠬᠤᠷᠠᠮᠳᠤᠭᠤᠯᠬᠤ ᠳᠤ ᠬᠦᠴᠢᠷᠲᠡᠢ᠂ ᠪᠡᠯᠡ ᠮᠥᠩᠭᠦ ᠬᠤᠷᠠᠮᠳᠤᠭᠤᠯᠬᠤ ᠳᠤ ᠦᠨᠡᠲᠡᠢ᠂ ᠠᠵᠢᠯᠴᠢᠨ ᠡᠯᠰᠡᠬᠦ ᠳᠤ ᠬᠦᠴᠢᠷ | ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠰᠠᠶᠢᠲᠦᠷ ᠬᠦᠭᠵᠢᠭᠦᠯᠦᠨ᠎ᠡ᠃ ᠬᠦᠷᠢᠶᠡᠯᠡᠩ | ᠲᠣᠭᠤᠷᠢᠭ ᠤᠨ ᠠᠵᠤ ᠠᠬᠤᠶᠢᠯᠠᠯ ᠤᠨ ᠪᠠᠶᠢᠩᠭᠤ ᠶᠢᠨ ᠰᠣᠯᠢᠯᠴᠠᠭᠠᠨ ᠤ ᠲᠣᠭᠲᠠᠴᠠ ᠶᠢ ᠪᠠᠶᠢᠭᠤᠯᠵᠤ᠂ | ᠦᠢᠯᠡᠴᠢᠯᠡᠭᠡᠨ ᠢ ᠨᠠᠷᠢᠯᠢᠭ ᠣᠨᠣᠴᠠᠲᠠᠢ ᠪᠠᠷ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠤᠨ᠎ᠠ᠃ ︽ᠰᠠᠶᠢᠨ | ᠮᠠᠭᠤ ᠶᠢ ᠦᠨᠡᠯᠡᠬᠦ︾᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠪᠠ ︽12345︾ ᠶᠢᠨ | ᠵᠠᠰᠠᠭ ᠤᠨ ᠣᠷᠳᠣᠨ ᠤ ᠬᠠᠯᠠᠮᠰᠢᠯ ᠤᠲᠠᠰᠤᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ | ᠬᠦᠰᠡᠯ ᠱᠠᠭᠠᠷᠳᠠᠯᠭ᠎ᠠ ᠪᠠᠷ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠭᠡᠳᠡᠷᠭᠦ ᠰᠢᠬᠠᠮᠳᠠᠭᠤᠯᠵᠤ᠂ | ᠠᠵᠤ ᠠᠬᠤᠶᠢᠯᠠᠯ ᠪᠠ ᠣᠯᠠᠨ ᠲᠦᠮᠡᠨ ᠢ ᠦᠨᠡᠨ ᠬᠦ ᠥᠭᠡᠷᠡᠴᠢᠯᠡᠯᠲᠡ ᠶᠢᠨ ᠦᠷ᠎ᠡ ᠪᠦᠲᠦᠭᠡᠯ ᠤᠨ ︽ᠰᠢᠯᠭᠠᠯᠲᠠ | ᠦᠵᠡᠭᠴᠢ︾ ᠪᠠ ︽ᠠᠰᠢᠭ ᠬᠦᠷᠲᠡᠭᠴᠢ︾ ᠪᠣᠯᠭᠠᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠦᠮᠴᠢᠯᠡᠯᠲᠦ | ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠺᠣᠮᠫᠠᠨᠢ ᠶᠢᠨ ᠬᠠᠤᠯᠢ ᠶᠢᠨ | ᠡᠷᠭᠡᠲᠡᠨ ᠤ ᠵᠠᠰᠠᠯᠲᠠ ᠶᠢᠨ ᠪᠣᠷᠣ ᠲᠥᠯᠥᠪ ᠢ ᠪᠦᠷᠢᠨᠰᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠴᠠᠯᠢᠩ ᠬᠦᠯᠦᠰᠦ ᠪᠠᠷ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠦᠨ᠎ᠡ᠃ ᠲᠣᠭᠤᠷᠢᠭ ᠤᠨ | ᠱᠠᠲᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠲᠥᠪᠯᠡᠷᠡᠭᠦᠯᠦᠨ ᠨᠢᠭᠡᠳᠦᠯᠲᠡᠢ ᠬᠠᠮᠢᠶᠠᠷᠬᠤ ᠶᠢ ᠦᠨᠳᠦᠰᠦᠨ ᠳᠡᠭᠡᠨ ᠪᠡᠶᠡᠯᠡᠭᠦᠯᠪᠡ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠤᠭᠤᠷᠢᠭ ᠤᠨ ᠬᠠᠷᠢᠶ᠎ᠠ ᠪᠦᠬᠦᠢ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠲᠠᠨ ᠤ ᠶᠠᠪᠤᠳᠠᠯ ᠤᠨ ᠬᠤᠪᠢᠶᠠᠷᠢᠯᠠᠯᠲᠠ ᠪᠠ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠦᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ | ᠵᠠᠰᠠᠯᠲᠠ ᠶᠢᠨ ᠵᠠᠭᠪᠤᠷ ᠢ ᠰᠢᠯᠢᠳᠡᠭᠵᠢᠭᠦᠯᠵᠦ᠂ ︽ᠲᠠᠪᠤᠨ ᠬᠤᠷᠰᠢᠶ᠎ᠠ ᠬᠤᠯᠪᠤᠭᠠᠯᠠᠨ ᠬᠥᠳᠡᠯᠦᠯᠴᠡᠬᠦ︾ ᠠᠵᠢᠯ ᠤᠨ | ᠲᠣᠭᠲᠠᠴᠠ ᠶᠢ ᠪᠦᠷᠢᠨᠰᠢᠭᠦᠯᠵᠦ᠂ ︽ᠶᠡᠷᠦᠩᠬᠡᠢ ᠰᠠᠯᠠᠭᠠᠨ ᠤ ᠲᠣᠣᠷᠵᠢᠯ︾ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ᠵᠡᠭᠡᠯᠢ ᠪᠠᠯᠭᠠᠰᠤ ᠶᠢᠨ ᠨᠡᠶᠢᠭᠡᠮ ᠤᠨ ᠠᠵᠢᠯᠲᠠᠨ ᠤ ᠦᠢᠯᠡᠴᠢᠯᠡᠭᠡᠨ ᠤ ᠥᠷᠲᠡᠭᠡ ᠶᠢ ᠪᠦᠬᠦᠨ ᠢ | ᠬᠠᠮᠤᠷᠬᠤ ᠶᠢ ᠪᠡᠶᠡᠯᠡᠭᠦᠯᠦᠨ᠎ᠡ᠃ ᠣᠶᠤᠨᠲᠤ ᠨᠡᠶᠢᠭᠡᠮ ᠲᠣᠭᠤᠷᠢᠭ ᠤᠨ ᠵᠠᠰᠠᠯᠲᠠ ᠶᠢᠨ ᠦᠷ᠎ᠡ ᠪᠦᠲᠦᠮᠵᠢ ᠶᠢ ᠬᠦᠴᠦᠯᠡᠨ | ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ | ᠲᠡᠭᠦᠯᠳᠡᠷᠵᠢᠭᠦᠯᠦᠨ᠂ ᠢᠨᠲ᠋ᠧᠷ ᠰᠦᠯᠵᠢᠶ᠎ᠡ ᠬᠢᠭᠡᠳ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ | ᠰᠢᠰᠲ᠋ᠧᠮ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠵᠦ᠂ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠢ | ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠨᠡᠶᠢᠭᠡᠮ ᠲᠣᠭᠤᠷᠢᠭ ᠲᠤ ᠬᠠᠤᠯᠢ ᠶᠣᠰᠣᠭᠠᠷ ᠳᠣᠷᠣᠭᠰᠢ | ᠪᠠᠭᠤᠯᠭᠠᠬᠤ ᠶᠢ ᠦᠷᠭᠦᠯᠵᠢᠯᠡᠨ ᠠᠬᠢᠭᠤᠯᠤᠨ᠎ᠠ᠃ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠲᠦᠷᠭᠡᠳᠬᠡᠵᠦ᠂ ᠴᠢᠩᠱᠠᠨ ᠤ ᠨᠡᠶᠢᠲᠡ ᠶᠢᠨ ᠤᠩᠭᠤᠨ ᠤ ᠨᠡᠶᠢᠭᠡᠮᠴᠢᠯᠡᠭᠰᠡᠨ ᠡᠵᠡᠩᠨᠡᠯᠲᠡ ᠶᠢ ᠲᠦᠯᠬᠢᠨ ᠠᠬᠢᠭᠤᠯᠤᠨ᠎ᠠ᠃ | ᠪᠦᠬᠦ ᠤᠯᠤᠰ ᠤᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠷᠤᠭ ᠤᠨ ᠪᠦᠷᠢᠳᠬᠡᠯ ᠤᠨ ᠶᠡᠭᠡ ᠲᠢᠩᠬᠢᠮ ᠪᠠ ᠤᠷᠤᠭ ᠤᠨ ᠭᠤᠣᠯ | ᠰᠡᠳᠦᠪᠲᠦ ᠴᠡᠴᠡᠷᠯᠢᠭ ᠢ ᠪᠠᠶᠢᠭᠤᠯᠵᠤ᠂ ᠪᠦᠬᠦ ᠬᠤᠲᠠ ᠶᠢᠨ ᠬᠠᠯᠠᠭᠤᠨ ᠳᠤᠯᠠᠭᠠᠨ ᠤᠷᠤᠭ ᠤᠨ ᠵᠠᠩᠰᠢᠯ ᠤᠨ | ᠰᠣᠶᠣᠯ ᠤᠨ ᠺᠠᠷᠲᠯᠠᠬᠤ ᠭᠠᠵᠠᠷ ᠢ ᠪᠠᠶᠢᠭᠤᠯᠤᠨ᠎ᠠ᠃ | ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠳᠤ ᠬᠦᠴᠦᠨ ᠢᠶᠠᠨ | ᠲᠥᠪᠯᠡᠷᠡᠭᠦᠯᠦᠨᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ | ᠲᠠᠯ᠎ᠠ ᠪᠠᠷ ᠰᠢᠪᠲᠤᠯᠤᠯᠲᠠ ᠭᠠᠷᠭᠠᠵᠤ᠂ ᠰᠢᠨ᠎ᠡ ᠪᠠᠶᠢᠳᠠᠯ ᠢ ᠨᠡᠭᠡᠭᠡᠨ᠎ᠡ | ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠲᠦᠷᠭᠡᠳᠬᠡᠨ᠎ᠡ᠃ ᠪᠣᠬᠢᠷᠳᠤᠯ ᠢ ᠰᠡᠷᠭᠡᠶᠢᠯᠡᠨ ᠵᠠᠰᠠᠬᠤ | ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ︽ᠭᠤᠷᠪᠠᠨ ᠱᠤᠭᠤᠮ ᠨᠢᠭᠡ ᠲᠠᠩᠰᠠ︾ ᠶᠢᠨ | ᠠᠮᠢ ᠠᠬᠤᠢ ᠶᠢᠨ ᠣᠷᠴᠢᠨ ᠨᠥᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠲᠦᠷᠭᠡᠪᠴᠢᠯᠡᠨ | ᠬᠡᠷᠡᠭᠵᠢᠭᠦᠯᠵᠦ᠂ ︽2022 ᠣᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ | ᠠᠵᠢᠯᠯᠠᠭ᠎ᠠ ᠶᠢᠨ ᠲᠥᠰᠥᠯ︾ ᠢ ᠲᠣᠭᠲᠠᠭᠠᠪᠠ᠃ ᠠᠭᠠᠷ ᠮᠠᠨᠳᠠᠯ ᠤᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠪᠠ | ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ ᠴᠢᠩᠭᠠᠳᠬᠠᠵᠤ᠂ ᠠᠭᠠᠷ ᠮᠠᠨᠳᠠᠯ ᠤᠨ ᠪᠣᠬᠢᠷᠳᠤᠯ ᠢ ᠵᠠᠰᠠᠬᠤ 5 | ᠢᠨᠵᠧᠨᠧᠷᠢᠩ ᠢ ᠬᠡᠷᠡᠭᠵᠢᠭᠦᠯᠪᠡ᠃ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠪᠣᠬᠢᠷ | ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠤᠮᠠᠷᠠᠲᠦ ᠶᠢᠨ | ᠲᠡᠭᠦᠷᠭᠡ ᠶᠢᠨ ᠤᠰᠤᠨ ᠤ ᠴᠢᠨᠠᠷ ᠢ ᠴᠡᠪᠡᠷᠰᠢᠭᠦᠯᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠨᠠᠷ ᠢ | ᠳᠡᠭᠡᠭᠰᠢᠯᠡᠭᠦᠯᠬᠦ ᠵᠦᠢᠯᠡᠰ ᠢ ᠪᠡᠶᠡᠯᠡᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠶᠠᠭᠳᠠᠮᠠᠯ ᠤᠰᠤ ᠶᠢ ᠦᠯᠦ | ᠭᠠᠳᠠᠭᠰᠢᠯᠠᠭᠤᠯᠬᠤ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠬᠤᠲᠠ ᠶᠢᠨ ᠪᠣᠬᠢᠷ ᠦᠮᠡᠬᠡᠢ | ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠵᠠᠭᠠᠭᠯᠠᠯ ᠤᠨ | ᠦᠷ᠎ᠡ ᠪᠦᠲᠦᠭᠡᠯ ᠢ ᠪᠠᠬᠢᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠡᠮᠬᠢ ᠵᠠᠮᠪᠠᠷᠠᠭ᠎ᠠ ᠦᠭᠡᠢ ᠶᠢ | ᠠᠷᠢᠯᠭᠠᠬᠤ︾ ᠶᠢ ᠪᠠᠶᠢᠩᠭᠤᠵᠢᠭᠤᠯᠬᠤ ᠶᠢ ᠲᠦᠯᠬᠢᠨ ᠠᠬᠢᠭᠤᠯᠤᠨ᠎ᠠ᠃ ᠬᠥᠷᠥᠰᠥ ᠰᠢᠷᠣᠢ ᠶᠢᠨ ᠪᠣᠬᠢᠷᠳᠤᠯ ᠢ | ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠠᠶᠤᠯᠲᠠᠢ ᠬᠠᠶᠠᠭᠳᠠᠮᠠᠯ ᠪᠣᠳᠠᠰ ᠪᠠ ᠡᠮᠴᠢᠯᠡᠭᠡᠨ ᠤ ᠬᠠᠶᠠᠭᠳᠠᠮᠠᠯ | ᠪᠣᠳᠠᠰ ᠢ ᠴᠤᠭᠯᠠᠭᠤᠯᠤᠨ ᠰᠢᠢᠳᠪᠦᠷᠢᠯᠡᠬᠦ ᠠᠵᠢᠯ ᠢ ᠪᠦᠲᠦᠮᠵᠢᠲᠡᠶ ᠪᠠᠷ ᠬᠠᠮᠢᠶᠠᠷᠤᠨ ᠡᠵᠡᠮᠳᠡᠵᠦ᠂ ᠲᠠᠷᠢᠶᠠᠯᠠᠩ ᠤᠨ | ᠤᠯᠠᠨ ᠡᠬᠢᠲᠦ ᠪᠣᠬᠢᠷᠳᠤᠯ ᠢ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ | ᠦᠭᠡᠢ᠂ ᠪᠣᠬᠢᠷᠳᠤᠯ ᠲᠠᠢ︾ ᠠᠵᠤ ᠠᠬᠤᠶᠢᠯᠠᠯ᠂ ᠬᠤᠭ ᠲᠣᠭᠤᠰᠣᠨ ᠤ ᠪᠣᠬᠢᠷᠳᠤᠯ᠂ ᠢᠳᠡᠭᠡᠨ ᠤᠮᠳᠠᠭᠠᠨ ᠤ ᠲᠣᠰᠣᠨ | ᠣᠲᠤᠭ᠎ᠠ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠵᠡᠷᠭᠡ ᠶᠢ ᠲᠤᠰᠬᠠᠶᠢᠯᠠᠨ ᠴᠡᠭᠴᠡᠯᠡᠨ | ᠵᠠᠰᠠᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠲᠠᠯᠪᠢᠵᠤ ᠬᠠᠤᠯᠢ | ᠬᠡᠷᠡᠭᠵᠢᠭᠦᠯᠬᠦ ᠶᠢ ᠴᠢᠩᠭᠠᠳᠬᠠᠨ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ | ᠥᠴᠥᠬᠡᠨ ᠴᠦ ᠠᠭᠤᠴᠢᠯᠠᠬᠤ ᠦᠭᠡᠢ᠂ ᠪᠦᠬᠦᠨ ᠢ ᠬᠠᠮᠤᠷᠬᠤ᠂ ᠬᠤᠷᠢᠭᠠᠲᠤ ᠣᠷᠣᠨ ᠦᠭᠡᠢ ᠥᠨᠳᠥᠷ ᠳᠠᠷᠤᠯᠲᠠᠲᠤ | ᠪᠠᠶᠢᠳᠠᠯ ᠢ ᠢᠮᠠᠭᠲᠠ ᠪᠠᠲᠤᠯᠠᠨ᠎ᠠ᠃ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠤᠨ᠎ᠠ᠃ ᠣᠶ ᠰᠢᠭᠤᠢ ᠶᠢᠨ | ᠳᠠᠷᠤᠭ᠎ᠠ ᠶᠢᠨ ᠳᠦᠷᠢᠮ᠂ ᠠᠭᠤᠯᠠᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠭᠤᠯᠠ ᠤᠰᠤ ᠣᠶ | ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ | ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ | ᠬᠥᠲᠥᠯ ᠤᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠣᠷᠴᠢᠨ | ᠲᠣᠭᠤᠷᠢᠨ ᠢ ᠵᠠᠰᠠᠬᠤ ᠪᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ 4000 ᠮᠦ | ᠰᠢᠨ᠎ᠡ ᠪᠠᠷ ᠨᠡᠮᠡᠵᠦ ᠣᠶᠢᠵᠢᠭᠤᠯᠤᠨ᠂ 9 ᠲᠦᠮᠡᠨ ᠮᠦ ᠣᠶᠢᠲᠤ ᠭᠠᠵᠠᠷ ᠢ ᠠᠷᠠᠴᠢᠯᠠᠨ ᠬᠠᠮᠠᠭᠠᠯᠠᠵᠤ ᠲᠠᠰ | ᠳᠡᠪᠰᠢᠭᠦᠯᠵᠦ᠂ 1000 ᠮᠦ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠶᠢ ᠪᠡᠶᠡᠯᠡᠭᠦᠯᠦᠨ᠎ᠡ᠃ ᠳᠠᠯᠠᠨ ᠬᠠᠷ᠎ᠠ | ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠯᠢ ᠶᠢᠨ ᠵᠠᠭᠠᠭ ᠤᠨ ᠲᠣᠬᠢᠷᠠᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠤᠯᠤᠰ ᠠᠴᠠ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ | ᠲᠥᠷᠥ ᠶᠢᠨ ᠪᠣᠳᠣᠯᠭ᠎ᠠ ᠳᠤ ᠣᠷᠤᠯᠴᠠᠬᠤ ᠶᠢ ᠵᠣᠷᠢᠭᠵᠢᠭᠤᠯᠤᠨ ᠳᠡᠮᠵᠢᠵᠦ᠂ ᠨᠡᠶᠢᠭᠡᠮ ᠤᠨ ᠬᠥᠷᠥᠩᠭᠡ ᠶᠢᠨ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠠᠬᠢᠭᠤᠯᠤᠨ᠂ ᠳᠠᠯᠠᠨ ᠬᠠᠷ᠎ᠠ ᠠᠭᠤᠯᠠ ᠶᠢᠨ | ᠨᠤᠲᠤᠭ ᠤᠨ ᠤᠷᠭᠤᠮᠠᠯ ᠤᠨ ᠬᠦᠷᠢᠶᠡᠯᠡᠩ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠦᠷᠭᠦᠯᠵᠢᠯᠡᠨ | ᠠᠬᠢᠭᠤᠯᠤᠨ᠎ᠠ᠃ ᠳᠠᠯᠠᠨ ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ ᠵᠢᠭᠤᠯᠴᠢᠯᠠᠯ ᠤᠨ ᠶᠡᠷᠦᠩᠬᠡᠢ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠮᠢ ᠠᠬᠤᠢ ᠶᠢᠨ ᠠᠵᠤ ᠠᠬᠤᠶᠢᠯᠠᠯ ᠢ ᠦᠷᠭᠦᠯᠵᠢᠯᠡᠨ ᠬᠥᠭᠵᠢᠭᠦᠯᠬᠦ | ᠵᠠᠮ ᠢᠶᠠᠷ ᠵᠠᠮᠨᠠᠭᠤᠯᠤᠨ᠎ᠠ᠃ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠡᠬᠢ ᠪᠠᠶᠠᠯᠢᠭ ᠢ ᠠᠷᠪᠢᠲᠠᠢ ᠡᠷᠴᠢᠮᠯᠢᠭ ᠣᠷᠴᠢᠯᠳᠤᠭᠤᠯᠤᠨ ᠠᠰᠢᠭᠯᠠᠬᠤ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ᠂ | ᠤᠰᠤᠨ ᠤ ᠡᠬᠢ ᠪᠠᠶᠠᠯᠢᠭ ᠢ ᠬᠤᠷᠣᠭᠳᠠᠭᠤᠯᠬᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠶᠢᠨ | ᠶᠡᠷᠦᠩᠬᠡᠢ ᠬᠡᠮᠵᠢᠶ᠎ᠡ ᠪᠠ ᠬᠦᠴᠦᠯᠡᠴᠡ ᠬᠤᠶᠠᠷ ᠢ ᠬᠢᠵᠠᠭᠠᠷᠯᠠᠬᠤ ᠶᠢ ᠬᠡᠷᠡᠭᠵᠢᠭᠦᠯᠵᠦ᠂ ᠠᠷᠢᠭᠤᠨ ᠴᠡᠪᠡᠷ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠶᠤᠯᠭᠦᠢ ᠪᠥᠭᠡᠳ ᠥᠨᠳᠥᠷ ᠪᠦᠲᠦᠮᠵᠢᠲᠡᠶ ᠡᠨᠧᠷᠭᠢ ᠶᠢᠨ | ᠰᠤᠷᠪᠤᠯᠵᠢ ᠶᠢᠨ ᠰᠢᠰᠲ᠋ᠧᠮ ᠢ ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠢᠯᠭᠠᠷᠠᠭᠤᠯᠤᠯ ᠤᠷᠬᠢᠯ ᠤᠨ ᠬᠡᠮᠵᠢᠶᠡᠨ | ᠳᠤ ᠬᠦᠷᠲᠡᠯ᠎ᠡ ᠨᠡᠮᠡᠭᠳᠡᠬᠦ ᠦᠭᠡᠢ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠪᠠ ︽1+9+N︾ ᠠᠵᠢᠯ ᠤᠨ | ᠲᠥᠰᠥᠯ ᠢ ᠲᠡᠭᠦᠯᠳᠡᠷᠵᠢᠭᠦᠯᠦᠨ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠡᠯ᠎ᠡ | ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠥᠬᠦ | ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠡᠯᠭᠡᠷᠡᠭᠦᠯᠦᠨ ᠬᠡᠷᠡᠭᠯᠡᠬᠦ ᠶᠢ | ᠲᠦᠷᠭᠡᠳᠬᠡᠵᠦ᠂ ᠪᠥᠬᠦ ᠬᠤᠲᠠ ᠶᠢᠨ ᠠᠩᠬᠠᠳᠠᠭᠴᠢ ᠰᠠᠨᠠᠭᠠᠴᠢᠯᠠᠭ᠎ᠠ ᠲᠠᠢ ᠪᠠᠷ ᠡᠨᠧᠷᠬᠢ ᠬᠡᠷᠡᠭᠯᠡᠬᠦ ᠦᠭᠡᠢ ᠣᠷᠣᠨ | ᠰᠠᠭᠤᠴᠠ ᠶᠢᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠲᠠᠰ ᠤᠨ | ᠪᠦᠬᠦᠶᠢᠯᠡ ᠲᠣᠭᠤᠷᠢᠭ ᠤᠨ ᠭᠡᠷ ᠤᠨ ᠣᠷᠣᠢ ᠶᠢᠨ ᠲᠠᠷᠬᠠᠯᠲᠠ ᠶᠢᠨ ᠮᠠᠶ᠋ᠢᠭ ᠤᠨ ᠬᠡᠷᠡᠯ ᠴᠡᠨᠡᠭ ᠢ ᠨᠡᠭᠡᠭᠡᠨ | ᠬᠥᠭᠵᠢᠭᠦᠯᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠨᠢ 145 ᠰᠠᠶ᠎ᠠ ᠸᠠᠲ ᠤᠨ ᠭᠡᠷ ᠤᠨ ᠣᠷᠣᠢ ᠶᠢᠨ ᠬᠡᠷᠡᠯ ᠴᠡᠨᠡᠭ ᠤᠨ ᠵᠢᠱᠢᠶ᠎ᠡ | ᠦᠵᠡᠭᠦᠯᠬᠦ ᠢᠨᠵᠧᠨ᠋ᠷᠢᠩ ᠢ ᠭᠡᠷᠡᠭᠵᠢᠭᠦᠯᠦᠨ᠎ᠡ᠃ ᠬᠤᠭ ᠨᠣᠪᠰᠢ ᠶᠢ ᠲᠦᠷᠦᠯ ᠬᠤᠪᠢᠶᠠᠨ ᠪᠢᠲᠡᠭᠦᠦ ᠴᠠᠭᠠᠷᠢᠭᠲᠦ | ᠬᠠᠮᠢᠶᠠᠷᠤᠯᠲᠠ ᠶᠢ ᠪᠦᠷᠢᠨᠰᠢᠭᠦᠯᠵᠦ᠂ ᠬᠤᠭ ᠨᠣᠪᠰᠢ ᠶᠢ ᠲᠦᠷᠦᠯ ᠬᠤᠪᠢᠶᠠᠨ ᠵᠠᠬ᠎ᠠ ᠳᠡᠯᠭᠡᠭᠦᠷᠴᠢᠯᠡᠨ | ᠠᠵᠢᠯᠯᠠᠭᠤᠯᠬᠤ ᠶᠢ ᠲᠤᠷᠰᠢᠨ ᠠᠬᠢᠭᠤᠯᠵᠤ᠂ ᠬᠠᠶᠠᠭᠳᠠᠮᠠᠯ ᠬᠤᠷᠢᠶᠠᠨ ᠠᠪᠤᠭᠰᠠᠨ ᠪᠣᠳᠠᠰ ᠢ ᠣᠷᠴᠢᠯᠳᠤᠭᠤᠯᠤᠨ | ᠠᠰᠢᠭᠯᠠᠬᠤ ᠰᠢᠰᠲ᠋ᠧᠮ ᠢ ᠪᠠᠶᠢᠭᠤᠯᠤᠨ᠎ᠠ᠃ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠶᠢ ᠥᠷᠨᠢᠭᠦᠯᠵᠦ᠂ ᠺᠠᠳ᠋ᠷ ᠠᠵᠢᠯᠲᠠᠨ | ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠯᠪᠠᠯᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠰᠢᠨ᠎ᠡ ᠴᠠᠭ ᠤᠨ ᠥᠩᠭᠡ ᠪᠣᠯᠭᠠᠨ᠎ᠠ᠃ | ︵ᠳᠥᠷᠪᠡ︶ ᠬᠤᠲᠠ ᠬᠥᠳᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠬᠦᠴᠦ ᠪᠠᠨ ᠲᠥᠪᠯᠡᠷᠡᠭᠦᠯᠦᠨ | ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢ ᠪᠦᠲᠦᠭᠡᠨ ᠪᠠᠶᠢᠭᠤᠯᠬᠤ | ᠲᠠᠯ᠎ᠠ ᠪᠠᠷ ᠰᠢᠪᠲᠤᠯᠤᠯᠲᠠ ᠭᠠᠷᠭᠠᠵᠤ᠂ ᠰᠢᠨ᠎ᠡ ᠪᠠᠶᠢᠳᠠᠯ ᠢ ᠨᠢᠭᠡᠭᠡᠨᠡ | ᠰᠠᠭᠤᠷᠢ ᠲᠥᠬᠦᠭᠡᠷᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ ᠶᠢ | ᠪᠠᠷᠢᠮᠲᠠᠯᠠᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠳᠠ ᠶᠢᠨ ᠪᠠᠶᠢᠷᠢᠰᠢᠯ᠂ ᠴᠢᠳᠠᠮᠵᠢᠲᠤ ᠣᠷᠣᠨ ᠬᠤᠪᠢᠶᠠᠷᠢᠯᠠᠯ᠂ ᠵᠠᠮ | ᠬᠠᠷᠢᠯᠴᠠᠭᠠᠨ ᠤ ᠲᠣᠣᠷ ᠰᠦᠯᠵᠢᠶ᠎ᠡ ᠪᠠ ᠠᠮᠢ ᠠᠬᠤᠢ ᠶᠢᠨ ᠰᠢᠰᠲ᠋ᠧᠮ ᠢ ᠵᠦᠢ ᠵᠣᠬᠢᠰᠲᠠᠢ ᠲᠣᠬᠢᠷᠠᠭᠤᠯᠤᠨ᠎ᠠ᠃110 | ᠤᠯᠤᠰ ᠤᠨ ᠵᠠᠮ ᠳᠠᠭᠠᠤ ᠬᠤᠲᠠ ᠶᠢᠨ ᠲᠣᠭᠤᠷᠢᠭ ᠤᠨ ᠳᠡᠳ᠋ ᠲᠥᠪ ᠢ ᠲᠥᠯᠥᠪᠵᠢᠭᠦᠯᠦᠨ ᠪᠦᠲᠦᠭᠡᠨ | ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠢᠵᠢ ᠪᠦᠷᠢᠳᠦᠭᠦᠯᠬᠦ ᠪᠡᠯᠡᠳᠬᠡᠮᠵᠢ ᠶᠢ ᠦᠷᠭᠦᠯᠵᠢᠯᠡᠨ | ᠲᠡᠭᠦᠯᠳᠡᠷᠵᠢᠭᠦᠯᠦᠨ᠎ᠡ᠃ ᠳᠡᠭᠡᠳᠦ ᠲᠠᠰ ᠤᠨ ᠪᠦᠲᠦᠭᠡᠨ ᠪᠠᠶᠢᠭᠤᠯᠤᠯᠲᠠ ᠶᠢ ᠪᠠᠷᠢᠮᠲᠠᠯᠠᠨ᠂ ᠴᠢᠩᠱᠠᠨ ᠵᠠᠮ᠂ ᠶᠢᠨ ᠬᠠᠢ | ᠵᠠᠮ ᠵᠡᠷᠭᠡ 9 ᠵᠤᠷᠪᠤᠰ ᠵᠠᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 110 ᠤᠯᠤᠰ ᠤᠨ ᠵᠠᠮ ᠤᠨ ᠪᠣᠷᠣᠭᠠᠨ ᠤ | ᠤᠰᠤᠨ ᠤ ᠬᠥᠭᠡᠷᠭᠡ ᠶᠢᠨ ᠥᠷᠲᠡᠭᠡ ᠶᠢ ᠲᠠᠰ ᠳᠡᠪᠰᠢᠭᠦᠯᠵᠦ᠂ ᠬᠠᠷᠢᠶᠠᠲᠤ ᠣᠷᠣᠨ ᠤ ᠪᠣᠷᠣᠭᠠᠨ ᠤ ᠪᠣᠬᠢᠷᠳᠤᠯ ᠤᠨ | ᠬᠤᠭᠤᠯᠠᠢ ᠱᠤᠭᠤᠮ ᠢ ᠬᠤᠯᠢᠯᠳᠤᠭᠤᠯᠤᠨ ᠵᠠᠯᠭᠠᠬᠤ ᠠᠰᠠᠭᠤᠳᠠᠯ ᠢ ᠴᠢᠷᠮᠠᠶᠢᠨ ᠰᠢᠢᠳᠪᠦᠷᠢᠯᠡᠨ᠎ᠡ᠃ ᠠᠶᠤᠯ ᠠᠴᠠ | ᠠᠪᠤᠷᠠᠬᠤ ᠵᠡᠭᠦᠨ ᠵᠠᠮ᠂ ᠪᠧᠢ ᠰᠢᠨ ᠵᠡᠭᠡᠯᠢ ᠵᠡᠷᠭᠡ 20 ᠵᠤᠷᠪᠤᠰ ᠵᠠᠮ ᠤᠨ ᠭᠡᠷᠡᠯᠲᠦᠭᠦᠯᠭᠡ ᠶᠢᠨ ᠢᠨᠵᠧᠨᠧᠷᠢᠩ ᠢ | ᠬᠡᠷᠡᠭᠵᠢᠭᠦᠯᠵᠦ᠂ ᠦᠦᠰᠢᠨ ᠵᠠᠮ᠂ ᠯᠦᠩ ᠵᠢᠶᠠᠩ ᠵᠠᠮ ᠵᠡᠷᠭᠡ 5 ᠵᠤᠷᠪᠤᠰ ᠠᠷᠤ ᠭᠤᠳᠤᠮᠵᠢ ᠶᠢᠨ ᠵᠢᠵᠢᠭ | ᠭᠤᠳᠤᠮᠵᠢ ᠶᠢ ᠴᠡᠭᠴᠡᠯᠡᠨ ᠵᠠᠰᠠᠵᠤ᠂ 15 ᠤᠯᠠᠨ ᠨᠡᠶᠢᠲᠡ ᠶᠢᠨ ᠵᠤᠷᠯᠤᠩ ᠢ ᠰᠢᠨ᠎ᠡ ᠪᠠᠷ ᠥᠭᠡᠷᠡᠴᠢᠯᠡᠨ ᠪᠠᠶᠢᠭᠤᠯᠪᠠ᠃ | ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠺᠠᠩ ᠯᠧ ᠪᠠᠷᠠᠭᠤᠨ ᠵᠡᠭᠡᠯᠢ᠂ ᠪᠢᠨ ᠾᠧ ᠵᠠᠮ ᠵᠡᠷᠭᠡ 5 ᠵᠤᠷᠪᠤᠰ ᠵᠠᠮ ᠤᠨ ᠴᠢᠬᠢ ᠮᠣᠳᠣ ᠶᠢ | ᠰᠢᠨ᠎ᠡ ᠪᠠᠷ ᠲᠠᠷᠢᠵᠤ ᠨᠦᠬᠦᠨ᠂ ᠬᠤᠨ ᠭᠠᠯᠠᠭᠤᠨ ᠤ ᠬᠦᠷᠢᠶᠡᠯᠡᠩ᠂ ᠤᠣ ᠭᠧᠨ ᠴᠡᠴᠡᠷᠯᠢᠭ ᠵᠡᠷᠭᠡ 9 ᠪᠠᠭ᠎ᠠ ᠴᠡᠴᠡᠷᠯᠢᠭ | ᠪᠠ ᠠᠭᠤᠳᠠᠮ ᠲᠠᠯᠠᠪᠠᠢ ᠶᠢ ᠰᠢᠨ᠎ᠡ ᠪᠠᠷ ᠥᠭᠡᠷᠡᠴᠢᠯᠡᠨ ᠪᠠᠶᠢᠭᠤᠯᠤᠨ᠎ᠠ᠃ ᠤᠷᠤᠨ ᠰᠠᠭᠤᠴᠠ ᠶᠢᠨ ᠲᠣᠬᠢᠷᠠᠮᠵᠢᠲᠠᠢ | ᠲᠠᠭᠠᠯᠠᠮᠵᠢᠲᠠᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠦᠢ ᠼᠠᠢ᠂ ᠤᠭᠲᠤᠯᠭ᠎ᠠ ᠵᠡᠷᠭᠡ 30 | ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠪᠠᠶᠠᠨ ᠴᠢᠨᠡᠭᠡᠯᠢᠭ 1#᠂ ᠵᠣᠯ ᠵᠢᠷᠭᠠᠯᠲᠦ | 3# ᠵᠡᠷᠭᠡ 40 ᠲᠦᠮᠡᠨ ᠲᠡᠭᠰᠢ ᠳᠥᠷᠪᠡᠯᠵᠢᠨ ᠮᠧᠲᠷ ᠤᠨ ᠣᠲᠣ ᠶᠢᠨ ᠪᠠᠶᠢᠭ᠎ᠠ ᠣᠷᠣᠨ ᠰᠠᠭᠤᠴᠠ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠬᠤᠲᠠ ᠶᠢᠨ ᠰᠣᠶᠣᠯ ᠤᠯᠠᠮᠵᠢᠯᠠᠯ ᠢ ᠵᠠᠯᠭᠠᠮᠵᠢᠯᠠᠵᠤ᠂ ᠴᠢᠯᠦᠭᠡᠲᠦ | ᠵᠠᠮ ᠤᠨ 2 ᠳ᠋ᠤᠭᠠᠷ ᠨᠣᠮᠧᠷᠲᠤ ᠬᠥᠷᠰᠢ ᠵᠡᠷᠭᠡᠯᠡᠳᠡᠭᠡ ᠶᠢᠨ ︽ᠬᠠᠭᠤᠴᠢᠨ ᠢ ᠬᠡᠪ ᠢᠶᠠᠷ ᠪᠠᠶᠢᠯᠭᠠᠬᠤ ᠵᠠᠰᠠᠯᠲᠠ︾ ᠶᠢᠨ | ᠲᠥᠷᠥᠯ ᠵᠦᠢᠯ ᠢ ᠪᠠᠶᠢᠭᠤᠯᠬᠤ ᠨᠢ ᠴᠡᠷᠢᠭ ᠤᠨ ᠵᠡᠪᠰᠡᠭ ᠤᠨ ᠲᠡᠦᠬᠡ ᠰᠣᠶᠣᠯ ᠤᠨ ᠰᠢᠨ᠎ᠡ ᠪᠡᠯᠭᠡ ᠲᠡᠮᠳᠡᠭ ᠪᠤᠯᠭᠠᠨ᠎ᠠ | | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠤᠨ᠎ᠠ᠃ ᠦᠨᠳᠦᠰᠦᠨ ᠵᠦᠢᠯ ᠢ | ᠪᠠᠲᠤᠯᠠᠬᠤ ᠴᠢᠨᠠᠷᠲᠠᠢ ᠲᠦᠷᠦ ᠶᠢᠨ ᠪᠣᠳᠣᠯᠭ᠎ᠠ᠂ ᠰᠢᠯᠢᠳᠡᠭᠵᠢᠭᠦᠯᠦᠨ ᠬᠥᠭᠵᠢᠭᠦᠯᠬᠦ ᠲᠦᠷᠦᠯ ᠤᠨ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠬᠦᠴᠢᠷᠳᠡᠯ ᠲᠠᠢ ᠡᠷᠦᠬᠡ ᠶᠢᠨ ᠡᠪᠡᠳᠴᠢᠨ ᠤ | ᠰᠢᠯᠲᠠᠭᠠᠨ ᠠᠴᠠ ᠪᠣᠯᠵᠤ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ | ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠡᠵᠡᠩᠨᠡᠯᠲᠡ ᠶᠢ ᠴᠢᠩᠭᠠᠳᠬᠠᠵᠤ᠂ | ᠲᠣᠰᠬᠤᠨ ᠤ ᠠᠷᠠᠳ ᠤᠨᠬᠥ᠋ᠳᠡᠭᠡ ᠲᠣᠰᠬᠤᠨ ᠤ ᠵᠠᠮ ᠤᠨ ᠲᠣᠣᠷ ᠤᠨ ᠪᠦᠲᠦᠴᠡ ᠶᠢ ᠰᠢᠯᠢᠳᠡᠭᠵᠢᠭᠦᠯᠵᠦ᠂ ᠰᠠᠶᠢᠬᠠᠨ | ᠵᠠᠮ ᠤᠨ ᠤᠮᠠᠷᠠᠰᠢ ᠦᠷᠭᠦᠯᠵᠢᠯᠡᠭᠦᠯᠬᠦ ᠪᠠᠷᠢᠯᠭ᠎ᠠ ᠶᠢᠨ ᠠᠵᠢᠯ ᠢ ᠲᠦᠷᠭᠡᠳᠬᠡᠨ ᠠᠬᠢᠭᠤᠯᠵᠤ᠂ 110 ᠤᠯᠤᠰ ᠤᠨ | ᠵᠠᠮ ᠤᠨ ᠤᠮᠠᠷᠠᠲᠦ ᠬᠤᠲᠠᠲ᠋ᠣᠭᠤᠷᠢᠭᠰᠠᠨ ᠵᠠᠰᠠᠮᠠᠯ ᠵᠠᠮ ᠤᠨ ᠪᠠᠷᠢᠯᠭ᠎ᠠ ᠶᠢ ᠲᠠᠲᠠᠪᠤᠷᠢᠯᠠᠨ ᠨᠤᠷᠠᠭᠠᠬᠤ ᠠᠵᠢᠯ ᠢ | ᠪᠡᠶᠡᠯᠡᠭᠦᠯᠵᠦ᠂ ᠴᠢᠩᠱᠠᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ G6 ᠳᠡᠭᠡᠳᠦ ᠬᠤᠷᠳᠤ ᠶᠢᠨ ᠵᠠᠰᠠᠮᠠᠯ | ᠵᠠᠮ ᠤᠨ ᠴᠢᠩᠱᠠᠨ ᠤ ᠭᠠᠷᠬᠤ ᠡᠭᠦᠳᠡ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ︽ᠣᠯᠠᠨ | ᠲᠥᠯᠦᠪᠵᠢᠭᠦᠯᠭᠡ ᠶᠢ ᠨᠡᠶᠢᠯᠡᠭᠦᠯᠦᠨ ᠨᠢᠭᠡ ᠪᠣᠯᠭᠠᠬᠤ︾ ᠬᠡᠷᠡᠭᠯᠡᠭᠡᠨ ᠤ ᠴᠢᠨᠠᠷᠲᠠᠢ ᠠᠶᠢᠯ ᠲᠣᠰᠬᠤᠨ ᠤ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ | ᠥᠷᠨᠢᠭᠦᠯᠦᠨ᠎ᠡ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠠᠬᠤᠢ ᠶᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠣᠷᠯᠣᠩ ᠤᠨ | ᠦᠭᠡᠷᠡᠴᠢᠯᠡᠯᠲᠡ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ 6 ᠲᠣᠰᠬᠤᠨ ᠤ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠥᠨᠳᠥᠷ | ᠪᠠᠷᠢᠮᠵᠢᠶ᠎ᠠ ᠪᠠᠷ ᠬᠡᠷᠡᠭᠵᠢᠭᠦᠯᠵᠦ᠂ ᠭᠤᠶᠤ ᠰᠠᠶᠢᠬᠠᠨ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ | ᠰᠢᠨ᠎ᠡ ᠬᠠᠭᠤᠳᠠᠰᠤ ᠶᠢ ᠵᠢᠷᠤᠭᠯᠠᠨ᠎ᠠ᠃ | ᠬᠤᠳᠠ ᠶᠢᠨ ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠎ᠠ᠃ ᠪᠦᠬᠦ ᠤᠯᠤᠰ ᠤᠨ ᠪᠣᠯᠪᠠᠰᠤᠨ ᠬᠤᠳᠠ ᠪᠠ | ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠶᠢᠩᠭᠤ ᠶᠢᠨ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠨ ᠬᠡᠷᠡᠭᠵᠢᠭᠦᠯᠵᠦ᠂ ︽ᠡᠭᠦᠳᠡᠨ ᠡᠮᠦᠨ᠎ᠡ ᠭᠡᠷ ᠤᠨᠠᠷᠤ ᠭᠤᠷᠪᠠ ᠶᠢ ᠳᠠᠭᠠᠭᠠᠴᠢᠯᠠᠭᠤᠯᠬᠤ︾ | ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠤᠷ ᠤᠨ | ᠬᠤᠷᠠᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ︽ᠬᠤᠸᠠᠷ ᠬᠠᠳᠬᠤᠬᠤ ᠡᠷᠳᠡᠮ︾ ᠢᠶᠠᠷ | ᠬᠤᠳᠠ ᠶᠢᠨ ᠵᠠᠰᠠᠯᠲᠠ ᠶᠢ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ᠂ ᠣᠶᠤᠨᠴᠢᠯᠠᠬᠤ ᠶᠢ ᠠᠬᠢᠭᠤᠯᠵᠤ᠂ | ᠲᠣᠭᠠᠴᠢᠯᠠᠭᠰᠠᠨ ᠬᠤᠳᠠ ᠶᠢᠨ ᠬᠠᠮᠢᠶᠠᠷᠤᠯᠲᠠ ᠶᠢᠨ ᠲᠠᠪᠴᠠᠩ ᠢ ᠲᠡᠰ ᠳᠡᠪᠰᠢᠭᠦᠯᠵᠦ᠂ ᠣᠶᠤᠨᠴᠢᠯᠠᠭᠰᠠᠨ ᠬᠤᠳᠠ ᠶᠢᠨ | ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ 3 ᠣᠶᠤᠨᠴᠢ ᠢᠳᠡᠰᠢᠨ ᠨᠣᠭᠤᠭ᠎ᠠ ᠶᠢᠨ ᠳᠡᠯᠭᠡᠭᠦᠷ ᠢ ᠪᠠᠶᠢᠭᠤᠯᠵᠤ᠂ | ᠸᠠᠩ ᠶᠤᠸᠠᠨ ᠴᠡᠴᠡᠷᠯᠢᠭ ᠤᠨ ᠳᠤᠮᠳᠠ ᠵᠠᠮ ᠤᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠲᠠᠰ | ᠳᠡᠪᠰᠢᠭᠦᠯᠦᠨ ᠥᠭᠡᠷᠡᠴᠢᠯᠡᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢ ᠤᠷᠮᠠᠰᠢᠭᠤᠯᠬᠤ | ᠲᠣᠭᠲᠠᠴᠠ ᠪᠠ ᠰᠢᠯᠢᠳᠡᠭ ᠶᠢ ᠨᠢ ᠰᠢᠯᠢᠵᠦ ᠰᠢᠭᠠᠷᠤ ᠶᠢ ᠨᠢ ᠲᠠᠶᠠᠭᠳᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠲᠤᠭᠤᠷᠢᠭ ᠤᠨ ᠲᠠᠰ ᠤᠨ ᠳᠡᠰᠯᠡᠬᠦ ᠠᠳᠠᠯ ᠠᠬᠤᠢ ᠶᠢᠨ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠬᠡᠷᠡᠭᠵᠢᠭᠦᠯᠵᠦ᠂ | ᠠᠳᠠᠯ ᠠᠬᠤᠢ ᠶᠢᠨ ᠬᠠᠮᠢᠶᠠᠷᠤᠯᠲᠠ ᠶᠢᠨ ᠵᠠᠬ᠎ᠠ ᠳᠡᠯᠭᠡᠭᠦᠷᠴᠢᠯᠡᠬᠦ᠂ ᠵᠢᠷᠤᠮᠵᠢᠭᠤᠯᠬᠤ ᠶᠢ ᠨᠠᠷᠢᠯᠢᠭ ᠣᠨᠣᠴᠠᠲᠠᠢ ᠪᠠᠷ | ᠠᠬᠢᠭᠤᠯᠤᠨ᠂ ᠤᠯᠤᠰ ᠤᠨ ᠥᠮᠴᠢᠯᠡᠯᠲᠦ ᠠᠳᠠᠯ ᠠᠬᠤᠢ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠵᠢᠵᠢᠭ | ᠲᠣᠭᠤᠷᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠠᠳᠠᠯ ᠠᠬᠤᠢ ᠶᠢᠨ ᠶᠢ | ᠦᠨᠡᠨᠬᠦ ᠶᠠᠰᠦ ᠴᠢᠨᠠᠷ ᠪᠠ ᠦᠨ᠎ᠡ ᠦᠷᠳᠡᠭ ᠲᠠᠢ ᠬᠠᠷᠢᠯᠴᠠᠨ ᠨᠡᠶᠢᠴᠡᠭᠦᠯᠦᠨ᠎ᠡ᠃ ᠵᠠᠮ ᠬᠠᠷᠢᠯᠴᠠᠭ᠎ᠠ ᠶᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠴᠢᠩᠭᠠᠳᠬᠠᠵᠤ᠂ ᠲᠡᠷᠭᠡ ᠵᠣᠭᠰᠤᠭᠠᠬᠤ ᠳᠤ ᠬᠦᠴᠢᠷ᠂ ᠵᠠᠮ ᠬᠠᠷᠢᠯᠴᠠᠭ᠎ᠠ ᠲᠦᠭᠵᠢᠷᠡᠬᠦ᠂ ᠵᠠᠮ | ᠡᠵᠡᠯᠡᠨ ᠡᠵᠡᠩᠨᠡᠬᠦ ᠵᠡᠷᠭᠡ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠵᠦ᠂ ᠴᠡᠪᠡᠷ ᠲᠡᠭᠰᠢ ᠡᠮᠬᠢ | ᠳᠢᠭᠯᠢᠮ ᠲᠠᠢ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠠᠷᠠᠳ ᠤᠯᠠᠨ ᠤ ᠬᠤᠳᠠ ᠶᠢᠨ | ᠠᠮᠢᠳᠤᠷᠠᠯ ᠢ ᠨᠡᠩ ᠲᠦᠭᠦᠮ᠂ ᠨᠡᠩ ᠲᠠᠭᠠᠯᠠᠮᠵᠢᠲᠠᠢ ᠪᠣᠯᠭᠠᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠪᠤᠶᠠᠨ ᠭᠡᠰᠢᠭ ᠢ ᠰᠠᠶᠢᠵᠢᠷᠠᠭᠤᠯᠬᠤ ᠳᠤ ᠬᠦᠴᠦᠨ ᠢᠶᠠᠨ | ᠲᠥᠪᠯᠡᠷᠡᠭᠦᠯᠦᠨᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠬᠦᠴᠢᠷ | ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ ᠰᠢᠨ᠎ᠡ ᠪᠠᠶᠢᠳᠠᠯ ᠢ ᠨᠡᠭᠡᠭᠡᠨ᠎ᠡ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ︽ᠴᠢᠩᠱᠠᠨ ᠳᠤ ᠰᠤᠷᠤᠯᠴᠠᠬᠤ | ︾ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠦᠷᠭᠦᠯᠵᠢᠯᠡᠨ ᠶᠡᠬᠡᠰᠬᠡᠵᠦ᠂ ᠬᠠᠳᠠ ᠵᠠᠮ ᠤᠨ ᠪᠠᠭ᠎ᠠ ᠰᠤᠷᠭᠠᠭᠤᠯᠢ᠂ | ᠵᠤᠯ ᠵᠢᠷᠭᠠᠯ ᠵᠠᠮ ᠤᠨ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠬᠤᠯᠪᠤᠭ᠎ᠠ᠂ ᠨᠢᠭᠡᠳᠦᠭᠡᠷ ᠮᠠᠰᠢᠨ | ᠮᠧᠬᠠᠨᠢᠭ ᠤᠨ ᠬᠤᠶᠠᠳᠤᠭᠠᠷ ᠬᠦᠷᠢᠶᠡᠯᠡᠩ ᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ | ᠠᠬᠢᠭᠤᠯᠤᠨ᠎ᠠ᠃ ᠰᠤᠷᠭᠠᠭᠤᠯᠢ ᠶᠢᠨ ᠵᠠᠬᠢᠷᠤᠯ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠲᠣᠭᠲᠠᠴᠠ ᠶᠢ | ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠬᠤᠯᠪᠣᠭ᠎ᠠ ᠪᠠ ᠨᠡᠷᠡᠲᠦ ᠰᠤᠷᠭᠠᠭᠤᠯᠢ ᠠᠴᠠ ᠬᠤᠪᠢᠶᠠᠷᠢ ᠰᠤᠷᠭᠠᠭᠤᠯᠢ | ᠡᠷᠬᠢᠯᠡᠬᠦ ᠵᠡᠷᠭᠡ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ︽ᠬᠤᠶᠠᠷ ᠢ ᠬᠦᠩᠭᠡᠷᠡᠭᠦᠯᠬᠦ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠬᠢᠨᠠᠨ | ᠵᠢᠯᠤᠭᠤᠳᠬᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠰᠢᠯᠢᠳᠡᠭᠵᠢᠭᠦᠯᠦᠨ᠎ᠡ᠃ ᠰᠡᠳᠬᠢᠴᠡ ᠶᠢᠨ ᠡᠷᠡᠭᠦᠯ | ᠮᠡᠨᠳᠦ ᠶᠢᠨ ᠬᠥᠮᠦᠵᠢᠯ ᠢ ᠴᠢᠩᠭᠠᠳᠬᠠᠵᠤ᠂ ︽ᠲᠤᠯᠤᠭᠠᠨ ᠨᠢᠭᠡ︾ ᠪᠠ ︽ᠲᠠᠪᠤᠨ ᠵᠦᠢᠯ ᠤᠨ ᠬᠠᠮᠢᠶᠠᠷᠤᠯᠲᠠ︾ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠪᠠᠷ ᠬᠥᠲᠥᠯᠥᠮᠵᠢ | ᠪᠣᠯᠭᠠᠵᠤ᠂ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ | ᠬᠥᠳᠡᠯᠮᠦᠷᠢ ᠶᠢᠨ ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ︽ᠲᠠᠪᠤᠨ ᠬᠥᠮᠦᠵᠢᠯ︾ | ᠢ ᠵᠡᠷᠭᠡ ᠪᠠᠷ ᠠᠳᠬᠤᠬᠤ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠤᠷᠭᠠᠨ ᠬᠥᠮᠦᠵᠢᠯ ᠤᠨ | ᠰᠢᠰᠲ᠋ᠧᠮ ᠢ ᠪᠠᠶᠢᠭᠤᠯᠤᠨ᠎ᠠ᠃ ᠭᠤᠷᠪᠠᠳᠤᠭᠠᠷ ᠬᠡᠦᠬᠡᠳ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠎ᠠ᠃ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠲᠣᠮᠣ ᠠᠰᠠᠷ ᠢ | ᠪᠠᠶᠢᠭᠤᠯᠵᠤ ᠬᠡᠷᠡᠭᠯᠡᠯᠲᠡ ᠳᠤ ᠤᠷᠤᠭᠤᠯᠦᠨᠠ᠃ ᠡᠷᠡᠭᠦᠯ ᠡᠩᠬᠡ ᠴᠢᠩᠱᠠᠨ ᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠥᠷᠨᠢᠭᠦᠯᠵᠦ᠂ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠤᠭᠤᠲᠦ ᠶᠢᠨ ᠰᠣᠶᠣᠯ ᠤᠷᠠᠯᠢᠭ ᠤᠨ ᠨᠠᠶᠢᠷ᠂ | ᠳ᠋ᠦᠩ ᠳ᠋ᠠ ᠱᠠᠨ ᠤᠷᠠᠯᠢᠭ ᠤᠨ ᠨᠠᠶᠢᠷ ᠵᠡᠷᠭᠡ ᠣᠯᠠᠨ ᠲᠦᠮᠡᠨᠴᠢ ᠴᠢᠨᠠᠷᠲᠠᠢ ᠨᠠᠷᠠᠲᠤ ᠲᠥᠷᠥᠯ ᠲᠡᠮᠳᠡᠭᠲᠦ ᠶᠢᠨ | ᠠᠵᠢᠯᠯᠠᠭ᠎ᠠ ᠶᠢ ᠨᠠᠷᠢᠨ ᠨᠢᠮᠪᠠᠢ ᠪᠡᠯᠡᠳᠬᠡᠨ ᠡᠷᠭᠢᠯᠡᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ | ᠥᠷᠨᠢᠭᠦᠯᠵᠦ᠂ ᠣᠯᠠᠨ ᠲᠦᠮᠡᠨᠴᠢ ᠴᠢᠨᠠᠷᠲᠠᠢ ᠮᠥᠰᠥ ᠴᠠᠰᠤᠨ ᠤ ᠲᠥᠷᠥᠯ ᠵᠦᠢᠯ ᠢ ᠶᠡᠬᠡᠪᠡᠷ ᠳᠡᠯᠭᠡᠷᠡᠭᠦᠯᠦᠨ | ᠲᠦᠭᠡᠮᠡᠯᠵᠢᠭᠦᠯᠵᠦ᠂ ᠪᠡᠶ᠎ᠡ ᠶᠢᠨ ᠲᠠᠮᠢᠷ ᠤᠨ ᠲᠥᠪ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠳᠡᠯᠡᠬᠡᠢ ᠶᠢᠨ ᠡᠷᠡᠭᠲᠡᠢ ᠶᠢᠨ ᠲᠣᠣᠷ | ᠪᠥᠮᠪᠦᠭᠡ ᠶᠢᠨ ᠲᠣᠭᠤᠷᠢᠨ ᠭᠦᠶᠦᠬᠦ ᠤᠷᠤᠯᠳᠤᠭᠠᠨ᠂ ᠪᠥᠬᠦ ᠤᠯᠤᠰ ᠤᠨ ᠡᠷᠡᠭᠲᠡᠢ ᠶᠢᠨ ᠤᠰᠤᠨ ᠪᠥᠮᠪᠦᠭᠡ ᠶᠢᠨ | ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠲᠠᠰ ᠤᠨ | ᠤᠷᠤᠯᠳᠤᠭᠠᠨ ᠡᠷᠭᠢᠯᠡᠬᠦ ᠶᠢ ᠳᠡᠮᠵᠢᠵᠦ᠂ ᠬᠤᠲᠠ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠨ᠎ᠡ᠃ | ᠯᠠᠪᠳᠠᠭᠤᠨ ᠪᠠᠲᠤᠲᠠᠢ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠨᠡᠶᠢᠭᠡᠮ ᠤᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠬᠦᠴᠦᠯᠡᠨ ᠥᠷᠭᠡᠳᠬᠡᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ | ᠲᠥᠯᠥᠪᠯᠡᠭᠡ ᠶᠢ ᠬᠡᠷᠡᠭᠵᠢᠭᠦᠯᠬᠦ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ᠃ᠠᠵᠢᠯ ᠣᠯᠭᠤᠬᠤ | ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢ ᠪᠣᠳᠠᠲᠠᠶᠢᠵᠢᠭᠤᠯᠵᠤ᠂ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ | ᠰᠠᠭᠤᠷᠢᠨ ᠭᠠᠵᠠᠷ ᠤᠨ ᠦᠢᠯᠡᠴᠢᠯᠡᠭᠡᠨ ᠤ ᠴᠢᠳᠠᠪᠤᠷᠢ ᠶᠢ ᠲᠠᠰ ᠳᠡᠪᠰᠢᠭᠦᠯᠦᠨ᠂ ᠠᠳᠠᠯ ᠦᠢᠯᠡᠰ ᠴᠣᠭᠴᠠᠯᠠᠵᠤ | ᠰᠢᠨ᠎ᠡ ᠶᠢ ᠡᠭᠦᠳᠬᠦ ᠵᠡᠭᠡᠯᠢ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂ ᠠᠳᠠᠯ ᠦᠢᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ 7000 ᠲᠦᠮᠡᠨ ᠲᠥᠭᠦᠷᠢᠭ ᠲᠠᠷᠬᠠᠭᠠᠵᠤ᠂ ᠬᠤᠲᠠ ᠪᠠᠯᠭᠠᠰᠤ ᠶᠢᠨ | 10000 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠢ ᠪᠠ ᠠᠵᠢᠯ | ᠠᠯᠳᠠᠭᠰᠠᠳ ᠲᠤ ᠳᠠᠬᠢᠨ 3000 ᠬᠥᠮᠥᠨ ᠳᠤ ᠠᠵᠢᠯ ᠣᠯᠭᠤᠬᠤ ᠶᠢ ᠠᠬᠢᠭᠤᠯᠤᠨ᠂ ︽ᠨᠢᠭᠡ ᠴᠦ ᠠᠵᠢᠯ ᠣᠯᠣᠭᠰᠠᠨ | ᠦᠭᠡᠢ ᠭᠡᠷ ᠪᠦᠯᠢ︾ ᠶᠢ ᠬᠥᠳᠡᠯᠦᠩᠭᠦᠢ ᠪᠠᠷ ᠴᠡᠪᠡᠷᠯᠡᠬᠦ ᠶᠢ ᠪᠠᠲᠤᠯᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠤᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ | ᠡᠯᠧᠺᠲᠷᠣᠨ ᠭᠡᠷᠡᠴᠢ ᠪᠠᠷᠢᠮᠲᠠ ᠶᠢ ᠲᠦᠷᠭᠡᠪᠴᠢᠯᠡᠨ ᠳᠡᠯᠭᠡᠷᠡᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ | ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ | ᠪᠠᠲᠤᠯᠠᠭ᠎ᠠ ᠵᠢᠡᠮᠴᠢᠯᠡᠭᠡ ᠰᠤᠪᠢᠯᠠᠯᠲᠠ ᠡᠷᠡᠭᠦᠯᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠤᠪᠢᠯᠠᠯᠲᠠ ᠶᠢᠨ | ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠨ᠎ᠠ᠃ ᠶᠣᠣ | ᠶᠠᠩ ᠤᠨ ᠨᠠᠰᠤᠵᠢᠯ ᠤᠨ ᠠᠰᠠᠷᠠᠮᠵᠢ᠂ ᠶᠢᠨ ᠰᠢᠨ ᠡᠮᠴᠢᠯᠡᠭᠡ ᠵᠡᠷᠭᠡ ᠡᠷᠡᠭᠦᠯᠵᠢᠯ ᠰᠤᠪᠢᠯᠠᠯᠲᠠ ᠶᠢᠨ ᠲᠥᠷᠥᠯ ᠵᠦᠢᠯ ᠢ | ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ︽ᠨᠡᠶᠢᠭᠡᠮ ᠲᠣᠭᠤᠷᠢᠭ + ᠠᠳᠠᠯ ᠠᠬᠤᠢ + ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ︾ ᠶᠢᠨ ᠵᠠᠭᠪᠤᠷ ᠢ ᠰᠦᠪᠡᠭᠴᠢᠯᠡᠨ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠵᠦ᠂ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠲᠣᠭᠲᠠᠭᠠᠨ᠂ ᠮᠢ ᠳ᠋ᠧᠦ | ᠱᠦ᠋ ᠤᠨ ᠨᠡᠶᠢᠭᠡᠮ ᠲᠣᠭᠤᠷᠢᠭ ᠤᠨ ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡᠨ ᠤ ᠲᠥᠪ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ ᠴᠡᠭ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠥᠮᠴᠢᠯᠡᠯ ᠤᠨ ᠡᠷᠬᠡ ᠶᠢᠨ 5 | ᠦᠯᠡᠳᠡᠭᠳᠡᠯ ᠲᠥᠷᠥᠯ ᠵᠦᠢᠯ ᠢ ᠡᠷᠦᠬᠡ ᠬᠤᠪᠢᠶᠠᠨ ᠥᠮᠴᠢᠯᠡᠯ ᠤᠨ ᠡᠷᠬᠡ ᠶᠢ ᠭᠦᠢᠴᠡᠳᠬᠡᠬᠦ ᠶᠢ ᠲᠦᠷᠭᠡᠳᠬᠡᠨ | ᠠᠬᠢᠭᠤᠯᠵᠤ᠂ ᠪᠥᠬᠦ ᠲᠤᠭᠤᠷᠢᠭ ᠤᠨ ᠥᠮᠴᠢᠯᠡᠯ ᠤᠨ ᠡᠷᠬᠡ ᠶᠢᠨ ᠦᠯᠡᠳᠡᠭᠳᠡᠯ ᠠᠰᠠᠭᠤᠳᠠᠯ ᠢ ᠲᠤᠶᠢᠯᠪᠤᠷᠢᠲᠠᠢ | ᠴᠡᠪᠡᠷᠯᠡᠬᠦ ᠶᠢ ᠪᠡᠶᠡᠯᠡᠭᠦᠯᠦᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠬᠠᠷᠠᠭᠠᠯᠵᠠᠨ ᠲᠥᠪᠬᠢᠨᠡᠭᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︽ᠪᠣᠳᠠᠰ + ᠦᠢᠯᠡᠴᠢᠯᠡᠭᠡ︾ ᠶᠢᠨ ᠳᠠᠪᠬᠤᠷ ᠠᠪᠤᠷᠠᠨ ᠲᠤᠰᠠᠯᠠᠬᠤ ᠵᠠᠭᠪᠤᠷ ᠢ ᠲᠡᠭᠦᠯᠳᠡᠷᠵᠢᠭᠦᠯᠵᠦ᠂ ᠬᠦᠰᠡᠯ | ᠡᠷᠡᠮᠡᠯᠵᠡᠯ ᠲᠠᠢ ᠪᠥᠭᠡᠳ ᠴᠢᠳᠠᠪᠤᠷᠢ ᠲᠠᠢ ᠠᠵᠤ ᠠᠬᠤᠶᠢᠯᠠᠯ ᠪᠠ ᠨᠡᠶᠢᠭᠡᠮ ᠤᠨ ᠬᠠᠮᠲᠤᠯᠢᠭ ᠤᠨ ᠨᠡᠶᠢᠲᠡ ᠶᠢᠨ | ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠶᠢ ᠲᠡᠮᠵᠢᠨ᠎ᠡ᠃ ᠬᠦᠴᠢᠷᠳᠡᠯᠲᠡᠢ | ᠬᠦᠨᠳᠦ ᠵᠡᠮᠳᠡᠭᠴᠦᠳ ᠤᠨ ᠭᠡᠷ ᠪᠦᠯᠢ ᠶᠢᠨ ᠬᠠᠷᠰᠢ ᠰᠠᠭᠠᠳ ᠦᠭᠡᠢ ᠶᠢ ᠥᠭᠡᠷᠡᠴᠢᠯᠡᠬᠦ ᠡᠷᠴᠢᠮ ᠢ ᠴᠢᠩᠭᠠᠷᠠᠭᠤᠯᠵᠤ᠂ | ︽ᠲᠦᠭᠡᠮᠡᠯ ᠬᠠᠶᠢᠷ᠎ᠠ ᠶᠢᠨ ᠭᠡᠷ ᠣᠷᠣᠨ︾ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ | ᠠᠬᠢᠭᠤᠯᠵᠤ᠂ ᠡᠮᠡᠭᠲᠡᠶᠢᠴᠦᠳ ᠬᠡᠦᠬᠡᠳ ᠤᠨ ᠰᠢᠨ᠎ᠡ ︽ᠬᠤᠶᠠᠷ ᠬᠥᠲᠥᠯᠪᠦᠷᠢ︾ ᠶᠢ ᠨᠠᠶᠢᠷᠠᠭᠤᠯᠤᠨ ᠵᠣᠬᠢᠶᠠᠬᠤ ᠠᠵᠢᠯ ᠢ | ᠡᠬᠢᠯᠡᠭᠦᠯᠦᠨ᠎ᠡ᠃ ᠬᠥᠮᠥᠨ ᠪᠠ ᠭᠠᠵᠠᠷ ᠣᠷᠣᠨ ᠢ ᠬᠠᠮᠲᠤ ᠳᠤᠨᠢ ᠰᠡᠷᠭᠡᠶᠢᠯᠡᠬᠦ᠂ ᠬᠡᠪ ᠤᠨ ᠬᠢᠨᠠᠨ ᠬᠡᠮᠵᠢᠯᠲᠡ᠂ ᠠᠶᠤᠯ | ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠣᠯᠠᠨ ᠲᠠᠯ᠎ᠠ ᠳᠤ ᠭᠦᠨᠳᠡᠭᠰᠡᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ | ᠡᠵᠡᠮᠳᠡᠬᠦ ᠲᠣᠭᠲᠠᠴᠠ ᠶᠢ ᠪᠠᠷᠢᠮᠲᠠᠯᠠᠨ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠬᠦ | ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢᠨ ᠠᠵᠢᠯ ᠢ | ᠪᠠᠶᠢᠩᠭᠤᠵᠢᠭᠤᠯᠤᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ | ᠪᠠᠬᠢᠵᠢᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠭᠰᠢᠭᠦᠷᠢ ᠶᠢ ᠱᠠᠲᠤ ᠬᠤᠪᠢᠶᠠᠨ | ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ | ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ | ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ | ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠷᠣᠨ | ᠰᠠᠭᠤᠴᠠ ᠶᠢᠨ ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠬᠡᠷᠡᠭᠯᠡᠭᠴᠢ ᠶᠢᠨ ᠰᠢᠲᠠᠮᠠᠬᠠᠢ ᠬᠡᠢ ᠶᠢᠨ | ᠮᠡᠷᠭᠡᠵᠢᠯ ᠢᠶᠠᠷ ᠰᠡᠷᠭᠡᠶᠢᠯᠡᠬᠦ ᠪᠡᠯᠡᠳᠬᠡᠮᠵᠢ ᠶᠢ ᠤᠭᠰᠠᠷᠠᠭᠤᠯᠤᠨ ᠥᠭᠡᠷᠡᠴᠢᠯᠡᠬᠦ ᠶᠢ ᠪᠥᠬᠦ ᠲᠠᠯ᠎ᠠ ᠪᠠᠷ ᠤᠭᠰᠠᠷᠠᠵᠦ | ᠦᠭᠡᠷᠡᠴᠢᠯᠡᠨ᠎ᠡ᠃ ︽ᠢᠨᠲ᠋ᠧᠷ ᠰᠦᠯᠵᠢᠶ᠎ᠡ + ᠣᠶᠤᠨᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ︾ ᠶᠢ ᠶᠡᠬᠡᠪᠡᠷ | ᠲᠦᠯᠬᠢᠨ ᠠᠬᠢᠭᠤᠯᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ︽ᠢᠯᠡ ᠲᠣᠭᠤᠭ᠎ᠠ︾ ᠪᠦᠷᠬᠦᠴᠡ ᠶᠢᠨ | ᠨᠣᠷᠮ᠎ᠠ ᠶᠢ ᠳᠡᠭᠡᠭᠰᠢᠯᠡᠭᠦᠯᠦᠨ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠴᠢᠳᠠᠮᠵᠢ ᠶᠢ ᠥᠷᠭᠡᠳᠬᠡᠨ᠎ᠡ᠃ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠶᠢᠩᠭᠤᠵᠢᠭᠰᠠᠨ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠵᠦ᠂ ᠠᠶᠤᠯ | ᠲᠦᠭᠰᠢᠭᠦᠷᠢ ᠶᠡᠬᠡᠲᠡᠢ ᠬᠠᠤᠯᠢ ᠶᠢᠨ ᠡᠷᠬᠡᠲᠡᠨ ᠤ ᠪᠠᠩᠬᠢ ᠶᠢᠨ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠬᠤ ᠶᠢ ᠠᠬᠢᠭᠤᠯᠤᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠲᠣᠪᠣᠶᠢᠮ᠎ᠠ | ᠠᠰᠠᠭᠤᠳᠠᠯ ᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠤᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠴᠢᠩᠱᠠᠨ ᠤ ᠬᠤᠷᠢᠭᠤᠯ ᠤᠨ ᠭᠠᠵᠠᠷ ᠢ ᠲᠠᠰ ᠳᠡᠪᠰᠢᠭᠦᠯᠦᠨ ᠥᠭᠡᠷᠡᠴᠢᠯᠡᠵᠦ᠂ 4000 | ᠵᠠᠮ ᠤᠨ ︽ᠡᠭᠦᠯᠡᠨ ᠨᠢᠳᠦᠲᠦ ᠬᠠᠮᠠᠭᠠᠯᠠᠭᠴᠢ︾ ᠶᠢ ᠤᠭᠰᠠᠷᠠᠬᠤ ᠡᠭᠦᠷᠭᠡ ᠶᠢ ᠪᠡᠶᠡᠯᠡᠭᠦᠯᠵᠦ᠂ ᠴᠠᠬᠢᠯᠭᠠᠨ ᠬᠤᠯᠪᠣᠭ᠎ᠠ | ᠲᠣᠣᠷ ᠰᠦᠯᠵᠢᠶ᠎ᠡ ᠪᠠᠷ ᠮᠡᠬᠡᠯᠡᠬᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠤᠯᠤᠰ | ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠤᠨ᠎ᠠ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ | ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠣᠷᠣᠨ ᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠶᠠᠷ ᠢ ᠬᠦᠷᠢᠶᠡᠯᠡᠨ ᠬᠠᠮᠲᠤᠪᠠᠷ | ᠪᠠᠶᠢᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠱᠠᠰᠢᠨ ᠰᠤᠷᠲᠠᠬᠤᠨ᠂ ᠣᠷᠣᠨ ᠨᠤᠲᠤᠭ ᠤᠨ ᠣᠶᠢᠯᠠᠯᠭ᠎ᠠ᠂ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ | ︵ᠵᠢᠷᠭᠤᠭ᠎ᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠳᠤ ᠬᠦᠴᠦᠨ ᠢᠶᠠᠨ | ᠲᠥᠪᠯᠡᠷᠡᠭᠦᠯᠦᠨᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠲᠦᠮᠡᠨ ᠤ ᠰᠡᠳᠬᠢᠯ | ᠬᠠᠨᠤᠮᠵᠢᠲᠠᠢ ᠵᠠᠰᠠᠭ ᠤᠨ ᠣᠷᠳᠣᠨ ᠢ ᠪᠠᠶᠢᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠰᠢᠨ᠎ᠡ ᠪᠠᠶᠢᠳᠠᠯ ᠢ | ᠨᠡᠭᠡᠭᠡᠨ᠎ᠡ | ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠰᠠᠨᠠᠭᠠᠴᠢᠯᠠᠭ᠎ᠠ ᠠᠴᠠ ᠪᠠᠨ | ᠪᠠᠷᠢᠮᠵᠢᠶ᠎ᠠ ᠳᠤ ᠲᠤᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ | ᠪᠠᠷᠢᠮᠲᠠᠯᠠᠨ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ | ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ᠂ ᠵᠠᠷᠯᠢᠭ ᠴᠠᠭᠠᠵᠠ ᠶᠢ | ᠲᠠᠭᠠᠬᠤ ᠶᠢ ᠪᠠᠲᠤᠯᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠣᠳᠠᠲᠠᠢ ᠠᠵᠢᠯᠯᠠᠭ᠎ᠠ ᠳᠡᠭᠡᠷ᠎ᠡ ᠪᠠᠨ | ᠨᠠᠶᠢᠲᠠᠪᠦᠷᠢᠵᠢᠭᠤᠯᠤᠨ᠎ᠠ᠃ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠡᠩᠨᠡᠭᠡ ᠪᠠᠨ ᠵᠡᠪᠰᠡᠭᠯᠡᠵᠦ᠂ | ᠲᠡᠷᠢᠭᠦᠨ ᠤ ᠣᠶᠢᠯᠠᠭᠠᠭᠳᠠᠬᠤᠨ᠂ ᠪᠣᠯᠪᠠᠰᠤᠷᠠᠩᠭᠤᠢ ᠲᠤᠷᠰᠢᠯᠭ᠎ᠠ ᠶᠢ ᠰᠤᠷᠤᠯᠴᠠᠬᠤ ᠶᠢ ᠴᠢᠬᠤᠯᠠᠴᠢᠯᠠᠵᠤ᠂ | ᠠᠰᠠᠭᠤᠳᠠᠯ ᠢ ᠰᠤᠳᠤᠯᠬᠤ᠂ ᠲᠦᠷᠦ ᠶᠢᠨ ᠪᠣᠳᠣᠯᠭ᠎ᠠ ᠶᠢ ᠰᠤᠳᠤᠯᠬᠤ ᠳᠠᠳᠬᠠᠯ ᠲᠠᠢ ᠪᠣᠯᠵᠤ᠂ ᠬᠡᠵᠢᠶᠡᠳᠡ ᠨᠠᠮ ᠤᠨ | ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ ᠠᠷᠠᠳ ᠤᠨ ᠵᠠᠰᠠᠭ ᠤᠨ | ᠣᠷᠳᠣᠨ ᠢ ᠴᠢᠷᠮᠠᠶᠢᠨ ᠪᠠᠶᠢᠭᠤᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠬᠤ ᠶᠢ ᠪᠠᠷᠢᠮᠲᠠᠯᠠᠨ᠎ᠠ᠃ | ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠬᠡᠷᠡᠭ ᠤᠨ ᠡᠮᠦᠨ᠎ᠡ ᠦᠨᠡᠯᠡᠨ ᠵᠢᠱᠢᠬᠦ ᠪᠠ ᠬᠡᠷᠡᠭ ᠤᠨ ᠳᠠᠷᠠᠭ᠎ᠠ | ᠦᠨᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ | ᠲᠥᠷᠥᠯ ᠬᠤᠪᠢᠶᠠᠨ ᠬᠠᠮᠢᠶᠠᠷᠬᠤ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ᠂ ︽ᠬᠤᠶᠠᠷ ᠢ ᠲᠣᠬᠢᠶᠠᠯᠳᠤᠯ ᠢᠶᠠᠷ | ᠬᠢᠬᠦ᠂ ᠨᠢᠭᠡ ᠶᠢ ᠢᠯᠡ ᠪᠣᠯᠭᠠᠬᠤ︾ ᠶᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢ | ᠦᠨᠡᠨᠴᠢ ᠢᠲᠡᠭᠡᠮᠵᠢ ᠲᠠᠢ ᠬᠥᠮᠥᠰ ᠲᠤ ︽ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ︾᠂ ᠬᠠᠤᠯᠢ ᠶᠢ | ᠵᠥᠷᠢᠴᠡᠵᠦ ᠢᠲᠡᠭᠡᠯ ᠠᠯᠳᠠᠭᠰᠠᠳ ᠲᠤ ︽ᠭᠠᠵᠠᠷ ᠪᠣᠯᠭᠠᠨ ᠳᠤ ᠪᠠᠶᠢᠯᠭᠠᠬᠤ︾ ᠪᠣᠯᠭᠠᠨ᠎ᠠ᠃ ᠨᠠᠢᠮᠠᠳᠤᠭᠠᠷ ᠲᠠᠪᠤᠨ | ᠵᠢᠯ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ᠃ ᠵᠠᠰᠠᠭ ᠵᠠᠬᠢᠷᠭᠠᠨ ᠤ | ᠲᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠴᠢᠩᠭᠠᠳᠬᠠᠵᠤ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠠᠷᠠᠳᠴᠢᠯᠠᠯ ᠲᠥᠪᠯᠡᠷᠡᠯ ᠤᠨ | ᠶᠣᠰᠣ ᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠬᠢᠨᠠᠯᠲᠠ ᠲᠠᠯᠪᠢᠬᠤ ᠵᠢᠷᠤᠮ ᠢ | ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠰᠠᠨᠠᠭᠤᠯᠭ᠎ᠠ᠂ ᠰᠠᠨᠠᠯ ᠵᠥᠪᠯᠡᠯᠭᠡ ᠶᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠵᠦ᠂ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠶᠡᠭᠡ ᠪᠠᠷ ᠲᠦᠯᠬᠢᠨ ᠠᠬᠢᠭᠤᠯᠵᠤ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠡᠷᠬᠡ ᠶᠢ ᠬᠠᠤᠯᠢ ᠪᠠᠷ ᠵᠠᠰᠠᠬᠤ ᠵᠠᠮ ᠢᠶᠠᠷ ᠲᠣᠭᠲᠠᠭᠤᠨ ᠢᠶᠠᠷ ᠶᠠᠪᠤᠭᠳᠠᠭᠤᠯᠤᠨ᠎ᠠ᠃ | ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠎ᠠ᠃ ᠰᠢᠨ᠎ᠡ ᠪᠠᠶᠢᠳᠠᠯ ᠰᠢᠨ᠎ᠡ | ᠬᠤᠪᠢᠷᠠᠯᠲᠠ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠳᠠᠪᠤᠷᠢ ᠶᠢᠨ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠵᠢᠯ ᠤᠨ ᠪᠠᠷᠢᠮᠵᠢᠶ᠎ᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠶᠡᠭᠡ ᠶᠠᠪᠤᠳᠠᠯ ᠢ ᠮᠡᠳᠡᠳᠡᠭ᠂ ᠠᠵᠢᠯ ᠬᠢᠬᠦ ᠶᠢ | ᠬᠦᠰᠡᠳᠡᠭ᠂ ᠠᠵᠢᠯ ᠬᠢᠵᠦ ᠴᠢᠳᠠᠳᠠᠭ᠂ ᠠᠵᠢᠯ ᠬᠢᠵᠦ ᠪᠦᠲᠦᠭᠡᠳᠡᠭ᠂ ᠤᠴᠢᠷ ᠶᠠᠪᠤᠳᠠᠯ ᠭᠠᠷᠬᠤ ᠦᠭᠡᠢ᠂ ᠬᠠᠮᠲᠤ | ᠠᠵᠢᠯᠯᠠᠬᠤ ᠳᠤ ᠠᠮᠠᠷᠬᠠᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ᠠᠷᠠᠳ ᠲᠦᠮᠡᠨ ᠢ ᠳᠡᠭᠡᠳᠦᠯᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ 10 ᠵᠦᠢᠯ ᠤᠨ ᠪᠣᠳᠠᠲᠤ ᠶᠠᠪᠤᠳᠠᠯ ᠢ ᠴᠢᠨᠠᠷ | ᠰᠠᠶᠢᠲᠠᠢ ᠬᠡᠷᠡᠭᠵᠢᠭᠦᠯᠵᠦ᠂ ᠠᠷᠠᠳ ᠲᠦᠮᠡᠨ ᠳᠤ ᠲᠠᠰᠤᠷᠠᠯᠲᠠ ᠦᠭᠡᠢ ᠠᠰᠢᠭ ᠣᠯᠭᠤᠵᠤ᠂ ᠠᠷᠠᠳ ᠲᠦᠮᠡᠨ ᠤ ᠬᠦᠴᠢᠷ | ᠵᠣᠪᠠᠭᠤᠷᠢ ᠶᠢ ᠲᠠᠶᠢᠯᠵᠤ᠂ ᠠᠷᠠᠳ ᠲᠦᠮᠡᠨ ᠤ ᠲᠥᠯᠥᠭᠡ ᠤᠴᠢᠷ ᠶᠠᠪᠤᠳᠠᠯ ᠪᠦᠲᠦᠭᠡᠨ᠎ᠡ᠃ ᠦᠨᠡᠨ ᠢ ᠪᠠᠷᠢᠮᠲᠠᠯᠠᠨ | ᠪᠣᠳᠠᠲᠠᠢ ᠶᠢ ᠡᠷᠬᠢᠮᠯᠡᠬᠦ ᠠᠵᠢᠯ ᠤᠨ ᠣᠶᠢᠯᠠᠭᠠᠭᠳᠠᠬᠤᠨ ᠢ ᠡᠷᠡᠰ ᠪᠠᠲᠤ ᠪᠣᠶ ᠪᠣᠯᠭᠠᠵᠤ᠂ ᠭᠦᠶᠦᠯᠲᠡ ᠶᠢᠨ ᠪᠠᠶᠢᠳᠠᠯ᠂ | ᠲᠡᠮᠡᠴᠡᠯ ᠤᠨ ᠣᠪᠣᠷ ᠪᠠᠶᠢᠳᠠᠯ ᠢᠶᠠᠨ ᠪᠠᠷᠢᠮᠲᠠᠯᠠᠨ᠂ ︽ᠯᠠᠪᠳᠠᠭᠤᠨ ᠪᠠᠲᠤᠲᠠᠢ᠂ ᠪᠣᠳᠠᠲᠠᠢ ᠶᠢ ᠡᠷᠬᠢᠮᠯᠡᠬᠦ︾ ᠰᠠᠶᠢᠨ | ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠣᠲᠣᠭᠠᠳᠤ ᠶᠢᠨ ᠠᠵᠢᠯ ᠢ ᠰᠠᠶᠢᠲᠤᠷ ᠬᠢᠵᠦ᠂ ᠤᠷᠤᠭᠰᠢ | ᠴᠢᠷᠮᠠᠶᠢᠨ᠎ᠠ᠃ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠬᠢᠨᠠᠨ ᠰᠢᠯᠭᠠᠵᠤ ᠦᠨᠡᠯᠡᠬᠦ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠢᠯᠡᠰ ᠪᠦᠲᠦᠭᠡᠬᠦ ᠶᠢ ᠨᠢ ᠣᠷᠣᠨ ᠪᠠᠶᠢᠷᠢ ᠲᠠᠢ ᠪᠣᠯᠭᠠᠵᠤ᠂ | ᠦᠢᠯᠡᠰ ᠪᠦᠲᠦᠭᠡᠬᠦ ᠦᠭᠡᠢ ᠬᠥᠮᠥᠰ ᠢ ᠣᠷᠣᠨ ᠪᠠᠶᠢᠷᠢ ᠠᠴᠠ ᠨᠢ ᠲᠠᠶᠠᠭᠳᠠᠨ᠎ᠠ᠃ ᠠᠯᠳᠠᠭ᠎ᠠ ᠪᠤᠷᠤᠭᠤ ᠶᠢ ᠠᠭᠤᠴᠢᠯᠠᠨ | ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ︽ᠭᠤᠷᠪᠠ ᠶᠢ ᠢᠯᠭᠠᠬᠤ︾ ᠶᠢ | ᠨᠡᠩ ᠣᠨᠣᠪᠴᠢᠲᠠᠢ ᠡᠵᠡᠮᠰᠢᠵᠦ᠂ ᠡᠭᠦᠷᠭᠡᠯᠡᠭᠴᠢ ᠶᠢᠨ ᠡᠮᠦᠨ᠎ᠡ ᠠᠴᠠ ᠬᠠᠷᠢᠭᠤᠴᠠᠯᠭ᠎ᠠ ᠡᠭᠦᠷᠭᠡᠯᠡᠵᠦ᠂ ᠠᠵᠢᠯ | ᠬᠢᠭᠰᠡᠳ ᠲᠤ ᠲᠦᠰᠢᠭ ᠪᠣᠯᠵᠤ᠂ ᠪᠣᠳᠠᠲᠠᠢ ᠠᠵᠢᠯᠯᠠᠭᠰᠠᠳ ᠲᠤ ᠪᠣᠳᠠᠲᠠᠢ ᠠᠰᠢᠭ ᠬᠦᠷᠲᠡᠭᠡᠨ᠎ᠡ᠃ ︽ᠦᠬᠡᠨᠴᠡ ᠲᠤᠷᠤᠢ | ᠠᠯᠵᠠᠭᠤ ᠬᠤᠶᠢᠷᠭᠤ ᠰᠤᠯᠠ ᠵᠠᠳᠠᠭᠠᠢ᠂ ᠵᠠᠶᠢᠯᠠᠭᠤᠯᠬᠤ︾ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠠᠷᠠᠳ ᠤᠯᠠᠨ ᠳᠤ ᠨᠢᠳᠦᠨ ᠳᠤ ᠦᠵᠡᠭᠳᠡᠬᠦ᠂ ᠭᠠᠷ ᠲᠤ ᠪᠠᠷᠢᠭᠳᠠᠬᠤ᠂ | ᠲᠥᠷᠥᠭᠳᠡᠯ ᠲᠠᠢ ᠪᠣᠯᠭᠠᠬᠤ ᠬᠤᠪᠢᠷᠠᠯᠲᠠ ᠶᠢ ᠦᠭᠭᠦᠨ᠎ᠡ᠃ | ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ | ᠴᠣᠭᠴᠠ ᠶᠢᠨ ᠬᠠᠷᠢᠭᠤᠴᠠᠯᠭ᠎ᠠ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠴᠢᠩᠭ᠎ᠠ | ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠡᠷᠡᠰ | ᠭᠦᠢᠴᠡᠳᠬᠡᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ | ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠪᠡᠯᠡ ᠮᠥᠩᠭᠦ ᠶᠢ ︽ᠵᠠᠩᠭᠢᠯᠠᠭ᠎ᠠ ᠶᠢᠨ ᠭᠠᠵᠠᠷ︾ ᠪᠠ ᠴᠢᠬᠤᠯᠠ ᠭᠠᠵᠠᠷ ᠲᠤ | ᠬᠡᠷᠡᠭᠯᠡᠬᠦ ᠶᠢ ᠦᠨᠡᠨ ᠬᠦ ᠪᠠᠲᠤᠯᠠᠵᠤ᠂ ᠵᠠᠰᠠᠭ ᠤᠨ ᠣᠷᠳᠣᠨ ᠤ ︽ᠭᠠᠮᠲᠠᠢ ᠠᠮᠢᠳᠤᠷᠠᠯ︾ ᠢᠶᠠᠷ ᠪᠦᠬᠦ ᠲᠤᠭᠤᠷᠢᠭ ᠤᠨ | ᠠᠷᠠᠳ ᠲᠦᠮᠡᠨ ᠤ ︽ᠰᠠᠶᠢᠨ ᠠᠮᠢᠳᠤᠷᠠᠯ︾ ᠢ ᠰᠣᠯᠢᠵᠤ ᠠᠪᠴᠢᠷᠠᠨ᠎ᠠ᠃ ᠲᠥᠪ ᠤᠨ ᠨᠠᠢᠮᠠᠨ ᠵᠦᠢᠯ ᠤᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠥᠨᠳᠥᠷ ᠪᠠᠷᠢᠮᠵᠢᠶ᠎ᠠ ᠪᠠᠷ ᠲᠤᠤᠱᠯᠠᠭᠤᠯᠵᠤ᠂ | ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ | ᠠᠷᠬᠠᠭ ᠭᠡᠮ ᠢ ᠡᠷᠡᠰ ᠴᠡᠭᠴᠡᠯᠡᠨ ᠵᠠᠰᠠᠵᠤ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠠᠵᠢᠯ ᠤᠨ | ᠪᠠᠶᠢᠷᠢ ᠶᠢᠨ ᠬᠢᠨᠠᠯᠲᠠ ᠶᠢ ᠴᠢᠩᠭᠠᠳᠬᠠᠵᠤ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ | ᠪᠣᠳᠣᠯᠲᠠ ᠶᠢ ᠴᠢᠩᠭ᠎ᠠ ᠬᠡᠷᠡᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠡᠪᠳᠡᠭᠰᠡᠨ ᠵᠡᠷᠭᠡ ᠡᠯ᠎ᠡ | ᠲᠦᠷᠦᠯ ᠤᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠲᠥᠪ ᠰᠤᠷᠲᠠᠯ ᠢ ᠡᠭᠦᠷᠢᠳᠡ ᠪᠠᠲᠤᠳᠬᠠᠵᠤ᠂ ᠠᠷᠢᠭᠤᠨ | ᠴᠢᠬᠡᠴᠢ ᠰᠤᠷᠲᠠᠯ ᠢ ᠡᠭᠦᠷᠢᠳᠡ ᠬᠡᠪ ᠢᠶᠠᠷ ᠪᠠᠶᠢᠯᠭᠠᠬᠤ ᠪᠠᠷ ᠴᠢᠷᠮᠠᠶᠢᠨ᠎ᠠ᠃ | ᠲᠥᠯᠥᠭᠡᠯᠡᠭᠴᠢᠳ ᠠ᠋︕ ᠲᠦᠮᠡᠨ ᠭᠠᠵᠠᠷ ᠤᠨ ᠠᠶᠠᠨ ᠵᠠᠮ ᠳᠤ ᠡᠷᠴᠢ ᠵᠣᠷᠢᠭ ᠢᠶᠠᠨ ᠬᠥᠪᠴᠢᠯᠡᠵᠦ᠂ ᠬᠦᠨᠳᠦ | ᠡᠭᠦᠷᠭᠡ ᠶᠢ ᠳᠠᠬᠢᠨᠲᠠ ᠡᠭᠦᠷᠭᠡᠯᠡᠭᠦᠯᠬᠦ ᠶᠢ ᠬᠦᠰᠡᠵᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢ ᠦᠷᠡᠭᠳᠡᠪᠡᠯ ᠬᠡᠨ ᠪᠣᠯᠬᠤ ᠪᠤᠢ ᠭᠡᠬᠦ | ᠰᠢᠯᠭᠠᠯᠲᠠ ᠳᠤ ᠣᠷᠤᠯᠴᠠᠬᠤ ᠪᠤᠳᠤᠯ ᠰᠡᠳᠬᠢᠯᠭᠡ᠂ ᠡᠭᠦᠷᠢᠳᠡ ᠬᠤᠶᠢᠷᠭᠤᠰᠢᠬᠤ ᠦᠭᠡᠢ ᠤᠶᠤᠨ ᠰᠠᠨᠠᠭᠠᠨ ᠤ ᠳᠦᠷᠰᠦ | ᠪᠠᠶᠢᠳᠠᠯ ᠢᠶᠠᠷ᠂ ᠵᠣᠷᠢᠭᠲᠠᠢ ᠪᠠᠷ ᠡᠮᠦᠨ᠎ᠡ ᠡᠩᠨᠡᠭᠡᠨ ᠳᠤ ᠣᠷᠣᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ | ᠰᠡᠳᠬᠢᠯ ᠲᠠᠯᠪᠢᠨ ᠠᠵᠢᠯᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠠᠶᠠᠨ ᠵᠠᠮ ᠳᠤ ᠴᠢᠩᠱᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠶ᠎ᠠ︕ | |