ᠲᠦᠷᠦᠯ ᠵᠦᠢᠯ ᠢ ᠰᠦᠪᠡᠭᠴᠢᠯᠡᠵᠦ ᠪᠡᠯᠡ ᠮᠥᠩᠭᠦ ᠤᠷᠤᠭᠤᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ    ᠤᠯᠠᠨ ᠲᠦᠮᠡᠨ ᠤ ᠵᠣᠯ ᠵᠢᠷᠭᠠᠯᠲᠦ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠴᠢᠷᠮᠠᠶᠢᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2022/3/30
   
     ᠰᠤᠷᠪᠤᠯᠵᠢᠯᠠᠭᠰᠠᠨ ᠭᠤᠣᠯ ᠰᠡᠳᠦᠪ᠄ ᠲᠦᠷᠦᠯ ᠵᠦᠢᠯ ᠢ ᠰᠦᠪᠡᠭᠴᠢᠯᠡᠵᠦ ᠪᠡᠯᠡ ᠮᠥᠩᠭᠦ ᠤᠷᠤᠭᠤᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ    ᠤᠯᠠᠨ ᠲᠦᠮᠡᠨ ᠤ ᠵᠣᠯ ᠵᠢᠷᠭᠠᠯᠲᠦ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠴᠢᠷᠮᠠᠶᠢᠨ ᠳᠡᠭᠡᠭᠰᠢᠯᠡᠭᠦᠯᠦᠨ᠎ᠡ      ᠰᠤᠷᠪᠤᠯᠵᠢᠯᠠᠭᠰᠠᠨ ᠴᠠᠭ᠄ 2022 ᠣᠨ ᠤ 3 ᠰᠠᠷ᠎ᠠ ᠶᠢᠨ 24 ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠰᠢᠶᠠᠩ ᠶᠠᠩ      ᠰᠤᠷᠪᠤᠯᠵᠢᠯᠠᠭᠰᠠᠨ ᠠᠬᠤᠢ ᠪᠠᠶᠢᠳᠠᠯ᠄ ᠴᠢᠩᠱᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ᠂ ᠢᠳᠡᠪᠬᠢᠲᠡᠢ ᠪᠠᠷ ᠲᠥᠷᠥᠯ ᠵᠦᠢᠯ ᠢ ᠲᠥᠯᠥᠪᠯᠡᠵᠦ᠂ ᠪᠡᠯᠡ ᠮᠥᠩᠭᠦ ᠶᠢ ᠤᠷᠤᠭᠤᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠪᠣᠯᠣᠨ ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠶᠠᠯᠳᠤᠯ ᠤᠨ ᠴᠡᠭ ᠢ ᠨᠠᠷᠢᠨ ᠰᠤᠳᠤᠯᠵᠤ᠂ ᠲᠥᠷᠥᠯ ᠵᠦᠢᠯ ᠤᠨ ᠪᠡᠯᠡ ᠮᠥᠩᠭᠦ ᠪᠠ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠮᠡᠳᠡᠭᠦᠯᠬᠦ ᠶᠢᠨ ᠬᠦᠴᠦᠯᠡᠬᠦ ᠴᠡᠭ ᠢ ᠭᠦᠨᠵᠡᠭᠡᠢ ᠠᠭᠤᠳᠠᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠠᠭᠤᠴᠢᠨ ᠲᠣᠭᠤᠷᠢᠭ ᠤᠨ ᠥᠭᠡᠷᠡᠴᠢᠯᠡᠯᠲᠡ᠂ ᠲᠥᠷᠥᠯ ᠵᠦᠢᠯ ᠤᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠴᠢᠷᠮᠠᠶᠢᠨ ᠣᠯᠬᠤ ᠶᠢ ᠠᠵᠢᠯ ᠤᠨ ᠢᠶᠠᠨ ᠭᠤᠣᠯᠳᠠᠯᠭ᠎ᠠ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠡᠯᠡ ᠮᠥᠩᠭᠦ ᠲᠡᠮᠡᠴᠡᠨ ᠣᠯᠬᠤ ᠠᠵᠢᠯ ᠢ ᠲᠦᠯᠬᠢᠨ ᠠᠬᠢᠭᠤᠯᠵᠤ᠂ ᠣᠯᠠᠨ ᠲᠦᠮᠡᠨ ᠤ ᠵᠣᠯ ᠵᠢᠷᠭᠠᠯᠲᠦ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ᠃      【ᠬᠥᠲᠥᠯᠥᠭᠴᠢ】      ᠴᠢᠩᠱᠠᠨ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠵᠦ ᠦᠭᠭᠦᠨ᠎ᠡ ᠦᠦ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠱᠢ ᠰᠢᠶᠠᠩ ᠶᠠᠩ】      ᠴᠢᠩᠱᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠭᠤᠣᠯᠳᠠᠭᠤ ︽ᠲᠣᠭᠲᠠᠭᠤᠨ︾ ᠪᠠᠶᠢᠬᠤ ᠶᠢ ᠳᠣᠪᠤᠶᠢᠯᠭᠠᠵᠤ᠂ ᠲᠥᠷᠥᠯ ᠵᠦᠢᠯ ᠨᠢᠭᠡᠪᠦᠷᠢ ᠳᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠲᠥᠯᠥᠪᠯᠡᠭᠡ ᠶᠢᠨ ᠲᠣᠬᠢᠷᠠᠭᠤᠯᠤᠯᠲᠠ ᠶᠢᠨ ᠬᠦᠰᠦᠨᠦᠭᠲᠦ ᠲᠣᠭᠲᠠᠭᠠᠵᠤ᠂ ᠬᠠᠷᠢᠭᠤᠴᠠᠯᠭᠠᠲᠤ ᠨᠢᠭᠡᠴᠡ ᠶᠢᠨ ᠳᠡᠭᠡᠭᠰᠢ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ ᠭᠤᠣᠯᠳᠠᠯᠭ᠎ᠠ ᠲᠠᠢ ᠲᠥᠷᠥᠯ ᠵᠦᠢᠯ ᠤᠨ ᠶᠡᠷᠦᠩᠬᠡᠢ ᠬᠦᠰᠦᠨᠦᠭᠲᠦ ᠪᠣᠯᠭᠠᠨ ᠬᠤᠷᠢᠶᠠᠩᠭᠤᠶᠢᠯᠠᠬᠤ ᠶᠢᠨ ᠬᠠᠮᠲᠤ ᠲᠥᠷᠥᠯ ᠵᠦᠢᠯ ᠨᠢᠭᠡᠪᠦᠷᠢ ᠳᠤ ᠭᠠᠷᠳᠠᠮ ᠢ ᠭᠦᠢᠴᠡᠳᠬᠡᠵᠦ ᠳᠠᠭᠤᠰᠬᠠᠬᠤ ᠲᠥᠯᠥᠪᠯᠡᠭᠡ ᠶᠢᠨ ᠬᠦᠰᠦᠨᠦᠭᠲᠦ ᠲᠣᠭᠲᠠᠭᠠᠵᠤ᠂ ᠲᠥᠷᠥᠯ ᠵᠦᠢᠯ ᠤᠨ ᠠᠬᠢᠴᠠ ᠶᠢ ᠴᠠᠭ ᠲᠤᠬᠠᠢ ᠳᠤᠨᠢ ᠳᠠᠭᠠᠵᠤ ᠱᠠᠯᠠᠪᠳᠠᠭᠤᠯᠤᠨ᠎ᠠ᠃ ᠡᠭᠦᠨ ᠤ ᠵᠡᠷᠭᠡ ᠳᠤ ᠲᠥᠷᠥᠯ ᠵᠦᠢᠯ ᠤᠨ ᠱᠠᠲᠤᠯᠢᠭ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠠᠵᠢᠯ ᠡᠬᠢᠯᠡᠭᠦᠯᠵᠦ ᠪᠣᠯᠬᠤ ᠲᠥᠷᠥᠯ ᠵᠦᠢᠯ ᠨᠢ ᠲᠥᠷᠥᠯ ᠵᠦᠢᠯ ᠢ ᠬᠡᠷᠡᠭᠵᠢᠭᠦᠯᠬᠦ ᠳᠤᠮᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠣᠲᠣ ᠪᠣᠯᠲᠠᠯ᠎ᠠ᠂ 2022 ᠣᠨ ᠳᠤ ᠬᠡᠷᠡᠭᠵᠢᠭᠦᠯᠦᠭᠰᠡᠨ 118 ᠭᠤᠣᠯᠳᠠᠯᠭ᠎ᠠ ᠲᠠᠢ ᠲᠥᠷᠥᠯ ᠵᠦᠢᠯ ᠤᠨ ᠬᠡᠪ ᠢᠶᠠᠨ ᠰᠠᠬᠢᠬᠤ ᠵᠦᠢᠯᠡᠰ ᠢ ᠨᠢᠭᠡᠨᠲᠡ 115 ᠭᠦᠢᠴᠡᠳᠬᠡᠵᠦ᠂ 3 ᠭᠦᠢᠴᠡᠳᠬᠡᠭᠰᠡᠨ ᠦᠭᠡᠢ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 97.5% ᠳᠤ ᠬᠦᠷᠪᠡ︔ ᠣᠷᠴᠢᠨ ᠲᠤᠭᠤᠷᠢᠨ ᠤ ᠦᠨᠡᠯᠡᠯᠲᠡ ᠶᠢᠨ ᠭᠠᠷᠳᠠᠮ ᠢ ᠨᠢᠭᠡᠨᠲᠡ 115 ᠭᠦᠢᠴᠡᠳᠬᠡᠵᠦ᠂ 3 ᠭᠦᠢᠴᠡᠳᠬᠡᠭᠰᠡᠨ ᠦᠭᠡᠢ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 97.5% ᠳᠤ ᠬᠦᠷᠪᠡ︔ ᠡᠨᠧᠷᠬᠢ ᠶᠢᠨ ᠰᠤᠷᠪᠤᠯᠵᠢ ᠶᠢᠨ ᠦᠨᠡᠯᠡᠯᠲᠡ ᠭᠠᠷᠳᠠᠮ ᠢ ᠨᠢᠭᠡᠨᠲᠡ 116 ᠭᠦᠢᠴᠡᠳᠬᠡᠵᠦ᠂ 2 ᠭᠦᠢᠴᠡᠳᠬᠡᠭᠰᠡᠨ ᠦᠭᠡᠢ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 98.3% ᠳᠤ ᠬᠥᠷᠪᠡ︔ ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ᠂ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠳᠥᠷᠪᠡᠨ ᠵᠦᠢᠯ ᠤᠨ ᠭᠠᠷᠳᠠᠮ ᠢ ᠴᠥᠮ 118 ᠭᠦᠢᠴᠡᠳᠬᠡᠵᠦ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ 100% ᠳᠤ ᠬᠥᠷᠪᠡ︔ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠢ ᠨᠢᠭᠡᠨᠲᠡ 117 ᠭᠦᠢᠴᠡᠳᠬᠡᠵᠦ᠂ 1 ᠭᠦᠢᠴᠡᠳᠬᠡᠭᠰᠡᠨ ᠦᠭᠡᠢ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 99.2% ᠲᠤ ᠬᠥᠷᠪᠡ᠃ ᠬᠤᠲᠠ ᠶᠢᠨ ᠬᠢᠨᠠᠨ ᠰᠢᠯᠭᠠᠯᠲᠠ ᠶᠢᠨ ᠨᠠᠢᠮᠠᠨ ᠵᠦᠢᠯ ᠤᠨ ᠭᠠᠷ ᠭᠦᠢᠴᠡᠳᠬᠡᠯ ᠢ ᠴᠥᠮ 111 ᠵᠦᠢᠯ ᠭᠦᠢᠴᠡᠳᠬᠡᠵᠦ ᠳᠠᠭᠤᠰᠬᠠᠭᠠᠳ᠂ ᠬᠠᠷᠢᠴᠠᠯ ᠨᠢ 94.1% ᠶᠢ ᠡᠵᠡᠯᠡᠪᠡ︔ ᠨᠠᠢᠮᠠᠨ ᠵᠦᠢᠯ ᠤᠨ ᠭᠠᠷ ᠭᠦᠢᠴᠡᠳᠬᠡᠯ ᠨᠡᠶᠢᠲᠡ 944 ᠪᠠᠶᠢᠵᠤ᠂ ᠨᠢᠭᠡᠨᠲᠡ 935 ᠭᠠᠷ ᠭᠦᠢᠴᠡᠳᠬᠡᠯ ᠬᠢᠵᠦ᠂ 9 ᠭᠠᠷ ᠭᠦᠢᠴᠡᠳᠬᠡᠯ ᠬᠢᠭᠰᠡᠨ ᠦᠭᠡᠢ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 99% ᠳᠤ ᠬᠥᠷᠪᠡ᠃ ᠵᠢᠱᠢᠯᠲᠡ ᠪᠠᠷ 3 ᠰᠠᠷ᠎ᠠ ᠶᠢᠨ ᠰᠡᠭᠦᠯᠴᠢ ᠪᠠᠷ᠂ ᠮᠠᠨ ᠤ ᠲᠤᠭᠤᠷᠢᠭ  ᠤᠨ ᠨᠠᠢᠮᠠᠨ ᠵᠦᠢᠯ ᠤᠨ ᠭᠠᠷᠳᠠᠮ ᠢ ᠭᠦᠢᠴᠡᠳᠬᠡᠵᠦ ᠳᠠᠭᠤᠰᠬᠠᠭᠰᠠᠨ ᠨᠣᠷᠮ᠎ᠠ ᠶᠢ 100% ᠳᠤ ᠬᠦᠷᠦᠨ᠎ᠡ᠃      【ᠬᠥᠲᠥᠯᠥᠭᠴᠢ】      ᠲᠥᠷᠥᠯ ᠵᠦᠢᠯ ᠢ ᠲᠥᠯᠥᠪᠯᠡᠬᠦ ᠪᠠ ᠭᠠᠷᠳᠠᠮ ᠢ ᠭᠦᠢᠴᠡᠳᠬᠡᠬᠦ ᠲᠠᠯ᠎ᠠ ᠪᠠᠷ ᠶᠠᠮᠠᠷ ᠲᠠᠯ᠎ᠠ ᠶᠢᠨ ᠳᠡᠭᠡᠭᠰᠢᠯᠡᠭᠦᠯᠦᠯᠲᠡ ᠪᠠᠶᠢᠬᠤ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠱᠢ ᠰᠢᠶᠠᠩ ᠶᠠᠩ】      ᠡᠩ ᠲᠡᠷᠢᠭᠦᠨ ᠳᠤ ᠲᠦᠷᠦᠯ ᠵᠦᠢᠯ ᠢ ᠲᠥᠯᠥᠪᠵᠢᠭᠦᠯᠬᠦ ᠲᠠᠯ᠎ᠠ ᠪᠠᠷ ︽ᠰᠢᠯᠢᠳᠡᠭ︾ ᠪᠣᠯᠭᠠᠬᠤ ᠬᠡᠷᠡᠭᠲᠡᠢ᠃ ᠲᠦᠷᠦᠯ ᠵᠦᠢᠯ ᠢ ᠬᠡᠷᠡᠭᠵᠢᠭᠦᠯᠬᠦ ᠳᠤ ᠨᠠᠷᠢᠯᠢᠭ ᠤᠨᠤᠪᠴᠢᠲᠠᠢ ᠪᠠᠶᠢᠬᠤ ᠬᠡᠷᠡᠭᠲᠡᠢ᠃ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢ ᠭᠤᠶᠤᠴᠢᠯᠠᠬᠤ ᠲᠠᠯ᠎ᠠ ᠪᠠᠷ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠤᠯᠪᠤᠭᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠨᠳᠦ ᠬᠥᠩᠭᠡᠨ ᠠᠯᠭᠤᠷ ᠪᠠᠴᠢᠮ ᠤᠨ ᠵᠠᠷᠴᠢᠮ ᠶᠣᠰᠣᠭᠠᠷ᠂ 2022 ᠣᠨ ᠤ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠳᠣᠲᠣᠷ᠎ᠠ ᠠᠴᠠ ᠨᠠᠷᠢᠨ ᠬᠢᠨᠠᠮᠠᠭᠠᠢ ᠰᠢᠯᠢᠨ ᠰᠣᠩᠭᠤᠵᠤ᠂ ᠵᠢᠭᠰᠠᠭᠠᠵᠤ᠂ ᠪᠦᠯᠦᠭ ᠤᠳᠠᠭ᠎ᠠ ᠬᠤᠪᠢᠶᠠᠨ ᠲᠤᠭᠲᠠᠭᠠᠨ᠎ᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠬᠤ ᠲᠠᠯ᠎ᠠ ᠪᠠᠷ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠪᠡᠯᠡ ᠣᠷᠣᠭᠤᠯᠤᠯᠲᠠ ᠶᠢᠨ 9 ᠶᠡᠭᠡ ᠣᠷᠣᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠥᠷᠥᠯ ᠵᠦᠢᠯ ᠴᠤᠭᠯᠠᠭᠤᠯᠬᠤ ᠶᠢᠨ ᠬᠠᠮᠲᠤ ᠴᠤᠭᠯᠠᠭᠤᠯᠤᠭᠰᠠᠨ ᠲᠥᠷᠥᠯ ᠵᠦᠢᠯ ᠢ ᠴᠢᠩᠭ᠎ᠠ ᠬᠢᠨᠠᠨ ᠬᠠᠷᠭᠤᠭᠤᠯᠤᠨ᠎ᠠ᠃ ᠣᠳᠣᠬᠠᠨ ᠳᠤ ᠴᠢᠩᠱᠠᠨ ᠲᠣᠭᠤᠷᠢᠭ ᠤᠨ 2022 ᠣᠨ ᠤ ᠲᠦᠷᠦᠯ ᠵᠦᠢᠯ ᠤᠨ ᠬᠠᠳᠠᠭᠠᠯᠠᠮᠵᠢ ᠶᠢᠨ ᠬᠥᠮᠥᠷᠭᠡ ᠳᠤ ᠵᠢᠭᠰᠠᠭᠠᠭᠳᠠᠭᠰᠠᠨ ᠲᠦᠷᠦᠯ ᠵᠦᠢᠯ 40 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 61 ᠳ᠋ᠦᠩᠰᠢᠭᠤᠷ ᠲᠥᠭᠦᠷᠢᠭ ᠲᠤ ᠬᠦᠷᠦᠨ᠎ᠡ᠃ ᠲᠤᠭᠤᠷᠢᠭ  ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠬᠥᠮᠥᠷᠭᠡ ᠳᠤ ᠣᠷᠣᠭᠤᠯᠬᠤ ᠲᠥᠷᠥᠯ ᠵᠦᠢᠯ ᠢ ᠨᠠᠷᠢᠨ ᠬᠢᠨᠠᠮᠠᠭᠠᠢ ᠵᠠᠳᠠᠯᠤᠨ ᠰᠢᠨᠵᠢᠯᠡᠵᠦ᠂ ᠰᠢᠯᠢᠨ ᠰᠣᠩᠭᠤᠵᠤ᠂ ᠣᠳᠣᠬᠠᠨ ᠳᠤ 14 ᠲᠥᠷᠥᠯ ᠵᠦᠢᠯ ᠢ ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠬᠥᠮᠥᠷᠭᠡ ᠳᠤ ᠵᠢᠭᠰᠠᠭᠠᠨ ᠣᠷᠣᠭᠤᠯᠵᠤ᠂ ᠡᠭᠦᠨ ᠳᠤ 11 ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠬᠢᠨᠠᠨ ᠬᠠᠷᠭᠤᠭᠤᠯᠬᠤ ᠪᠠᠷ ᠪᠠᠶᠢᠨ᠎ᠠ᠃ ᠳᠠᠷᠠᠭ᠎ᠠ ᠳᠤᠨᠢ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠲᠠᠯ᠎ᠠ ᠪᠠᠷ ︽ᠲᠦᠷᠭᠡᠨ︾ ᠪᠠᠶᠢᠬᠤ ᠶᠢ ᠦᠨᠡᠨ ᠬᠦ ᠪᠠᠲᠤᠯᠠᠨ᠎ᠠ᠃ ᠲᠥᠷᠥᠯ ᠵᠦᠢᠯ ᠢ ᠭᠤᠶᠤᠴᠢᠯᠠᠨ ᠮᠡᠳᠡᠭᠦᠯᠦᠭᠰᠡᠨ ᠴᠠᠭ ᠨᠢ ᠣᠬᠤᠷ᠂ ᠭᠠᠷᠳᠠᠮ ᠨᠢ ᠣᠯᠠᠨ ᠤᠴᠢᠷ ᠠᠴᠠ ᠪᠤᠯᠤᠮᠵᠢᠲᠦ ᠰᠤᠳᠤᠯᠤᠯᠲᠦ ᠪᠣᠯᠬᠤ ᠴᠣᠬᠤᠯᠠᠪᠤᠷᠢ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠴᠣᠬᠤᠯᠠᠪᠤᠷᠢ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠵᠢᠴᠢ ᠵᠠᠰᠠᠭ ᠤᠨ ᠣᠷᠳᠣᠨ ᠠᠴᠠ ᠭᠠᠷᠭᠠᠭᠰᠠᠨ ᠬᠠᠮᠢᠶ᠎ᠠ ᠪᠦᠬᠦᠢ ᠲᠤᠯᠭᠠᠭᠤᠷᠢᠯᠠᠬᠤ ᠴᠢᠨᠠᠷᠲᠠᠢ ᠪᠢᠴᠢᠭ ᠮᠠᠲ᠋ᠧᠷᠢᠶᠠᠯ ᠢ ᠪᠦᠷᠢᠯᠳᠦᠭᠦᠯᠬᠦ ᠴᠢᠬᠤᠯᠠᠲᠠᠢ᠃ ᠡᠶᠢᠮᠦ ᠠᠴᠠ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠮᠡᠳᠡᠭᠦᠯᠬᠦ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠠᠵᠢᠯ ᠢ ᠬᠡᠳᠦᠨ ᠬᠡᠰᠡᠭ ᠬᠤᠪᠢᠶᠠᠨ ᠪᠡᠶᠡᠯᠡᠭᠦᠯᠵᠦ᠂ ᠬᠠᠮᠢᠶ᠎ᠠ ᠪᠦᠬᠦᠢ ᠠᠵᠢᠯᠲᠠᠳ ᠣᠶᠤᠨ ᠴᠢᠳᠠᠯ ᠢᠶᠠᠨ ᠲᠥᠪᠯᠡᠷᠡᠭᠦᠯᠦᠨ᠂ ᠴᠠᠭ ᠨᠡᠮᠡᠵᠦ ᠠᠵᠢᠯᠯᠠᠨ᠂ ᠶᠠᠰᠤ ᠴᠢᠨᠠᠷ ᠢ ᠪᠠᠲᠤᠯᠠᠵᠦ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠲᠥᠷᠥᠯ ᠵᠦᠢᠯ ᠤᠨ ᠮᠡᠳᠡᠭᠦᠯᠬᠦ ᠮᠠᠲ᠋ᠧᠷᠢᠶᠠᠯ ᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠢᠯᠠᠩᠭᠤᠶ᠎ᠠ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠤᠨ ᠪᠠᠶᠢᠳᠠᠯ ᠬᠦᠨᠳᠦ ᠨᠣᠴᠢᠲᠠᠢ ᠪᠠᠶᠢᠬᠤ ᠠᠴᠠ ᠪᠣᠯᠵᠤ᠂ ᠲᠥᠷᠥᠯ ᠵᠦᠢᠯ ᠤᠨ ᠰᠤᠳᠤᠯᠭᠠᠨ ᠤ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠥᠰᠥᠯ ᠳᠤ ᠰᠦᠯᠵᠢᠶᠡᠨ ᠳᠡᠭᠡᠷ᠎ᠡ ᠬᠢᠨᠠᠨ ᠲᠣᠭᠲᠠᠭᠠᠬᠤ ᠠᠷᠭ᠎ᠠ ᠮᠠᠶ᠋ᠢᠭ ᠢ ᠠᠪᠴᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠢᠨᠠᠨ ᠲᠣᠭᠲᠠᠭᠠᠬᠤ ᠲᠠᠰ ᠳᠠᠷᠠᠭᠠᠯᠠᠯ ᠲᠠᠢ ᠠᠳᠠᠯᠢ ᠪᠠᠶᠢᠬᠤ ᠶᠢ ᠦᠨᠡᠨ ᠬᠦ ᠪᠠᠲᠤᠯᠠᠵᠤ᠂ ᠬᠢᠨᠠᠨ ᠲᠣᠭᠲᠠᠭᠠᠭᠰᠠᠨ ᠦᠷ᠎ᠡ ᠪᠦᠲᠦᠮᠵᠢ ᠶᠢ ᠬᠤᠪᠢᠷᠠᠭᠤᠯᠬᠤ ᠦᠭᠡᠢ᠂ ᠬᠢᠵᠢᠭ ᠤᠨ ᠪᠠᠶᠢᠳᠠᠯ ᠠᠴᠠ ᠪᠣᠯᠵᠤ ᠭᠠᠷ ᠭᠦᠢᠴᠡᠳᠬᠡᠯ ᠢ ᠭᠦᠢᠴᠡᠳᠬᠡᠬᠦ ᠶᠢ ᠨᠥᠯᠥᠭᠡᠯᠡᠬᠦ ᠦᠭᠡᠢ ᠪᠠᠶᠢᠬᠤ ᠬᠡᠷᠡᠭᠲᠡᠢ᠃      【ᠬᠥᠲᠥᠯᠥᠭᠴᠢ】      ᠪᠡᠯᠡ ᠮᠥᠩᠭᠦ ᠶᠢ ᠲᠡᠮᠡᠴᠡᠨ ᠤᠷᠤᠭᠤᠯᠬᠤ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠱᠢ ᠰᠢᠶᠠᠩ ᠶᠠᠩ】      ᠪᠡᠯᠡ ᠮᠥᠩᠭᠦ ᠤᠷᠤᠭᠤᠯᠬᠤ ᠲᠠᠯ᠎ᠠ ᠪᠠᠷ ︽ᠠᠷᠪᠢᠨ︾ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠳᠡᠭᠡᠭᠰᠢ ᠮᠡᠳᠡᠭᠦᠯᠦᠭᠰᠡᠨ ᠲᠦᠷᠦᠯ ᠵᠦᠢᠯ ᠢ ᠬᠠᠮᠢᠶᠠᠷᠬᠤ ᠦᠭᠡᠢ ᠪᠠᠶᠢᠵᠤ ᠪᠣᠯᠬᠤ ᠦᠭᠡᠢ᠂ ᠵᠠᠯᠭᠠᠭᠠᠳ ᠪᠠᠰᠠ ᠰᠠᠶᠢᠲᠤᠷ ᠠᠩᠬᠠᠷᠴᠤ᠂ ᠴᠢᠩᠭ᠎ᠠ ᠠᠩᠬᠠᠷᠬᠤ ᠬᠡᠷᠡᠭᠲᠡᠢ᠃ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠤᠳᠤᠷᠢᠳᠬᠤ ᠪᠠᠭ ᠨᠢ ᠣᠯᠠᠨ ᠤᠳᠠᠭ᠎ᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠴᠢᠩᠱᠠᠨ ᠲᠣᠭᠤᠷᠢᠭ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠦᠭᠰᠡᠨ ᠪᠠᠶᠢᠳᠠᠯ᠂ ᠲᠥᠷᠥᠯ ᠵᠦᠢᠯ ᠢ ᠬᠡᠷᠡᠭᠵᠢᠭᠦᠯᠬᠦ ᠶᠢᠨ ᠲᠤᠯᠭᠠᠮ᠎ᠠ ᠴᠢᠨᠠᠷ ᠪᠠ ᠴᠢᠬᠤᠯᠠ ᠴᠢᠨᠠᠷ ᠢ ᠵᠣᠯᠭᠠᠭᠤᠯᠤᠨ ᠵᠣᠬᠢᠴᠠᠭᠤᠯᠵᠤ᠂ ᠬᠠᠷᠢᠭᠤ ᠮᠡᠳᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠣᠶᠢᠯᠠᠭᠠᠯᠲᠠ ᠪᠠ ᠳᠡᠮᠵᠢᠯᠭᠡ ᠶᠢ ᠣᠯᠬᠤ ᠪᠠᠷ ᠴᠢᠷᠮᠠᠶᠢᠪᠠ᠃ ᠤᠯᠠᠨ ᠤᠳᠠᠭ᠎ᠠ ᠳ᠋ᠢᠶᠠᠩᠬᠤᠸᠠ ᠶᠢᠨ ᠬᠡᠯᠪᠡᠷᠢ ᠪᠠᠷ ᠲᠦᠷᠦᠯ ᠵᠦᠢᠯ ᠢ ᠬᠢᠨᠠᠨ ᠬᠠᠷᠭᠤᠭᠤᠯᠤᠭᠰᠠᠨ ᠪᠠᠶᠢᠳᠠᠯ ᠢ ᠣᠶᠢᠯᠠᠭᠠᠵᠤ᠂ ᠴᠢᠩᠱᠠᠨ ᠲᠣᠭᠤᠷᠢᠭ ᠤᠨ ᠨᠡᠩ ᠤᠯᠠᠨ ᠲᠦᠷᠦᠯ ᠵᠦᠢᠯ ᠢ ᠵᠥᠪᠰᠢᠶᠡᠷᠡᠭᠦᠯᠬᠦ ᠪᠠᠷ ᠴᠢᠷᠮᠠᠶᠢᠵᠤ᠂ ᠨᠡᠩ ᠤᠯᠠᠨ ᠪᠡᠯᠡ ᠮᠥᠩᠭᠦ ᠣᠯᠬᠤ ᠪᠠᠷ ᠴᠢᠷᠮᠠᠶᠢᠪᠠ᠃ ᠣᠲᠣ ᠪᠣᠯᠲᠠᠯ᠎ᠠ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 2022 ᠣᠨ ᠤ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠶᠢᠨ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠨᠡᠶᠢᠲᠡ ᠬᠤᠶᠠᠷ ᠪᠦᠯᠦᠭ ᠤᠳᠠᠭ᠎ᠠ ᠳᠡᠭᠡᠭᠰᠢ ᠮᠡᠳᠡᠭᠦᠯᠵᠦ᠂ 1.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ  ᠭᠤᠶᠤᠴᠢᠯᠠᠵᠦ᠂ ᠡᠭᠦᠨ ᠳᠤ ᠬᠤᠶᠠᠳᠤᠭᠠᠷ ᠪᠦᠯᠦᠭ ᠤᠨ 6 ᠲᠥᠷᠥᠯ ᠵᠦᠢᠯ᠂ 9900 ᠲᠦᠮᠡᠨ ᠲᠥᠭᠦᠷᠢᠭ ᠤᠨ ᠪᠡᠯᠡ ᠮᠥᠩᠭᠦ ᠭᠤᠶᠤᠴᠢᠯᠠᠭᠠᠳ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠢᠨᠠᠨ ᠬᠠᠷᠭᠤᠭᠤᠯᠤᠯᠲᠠ ᠶᠢ  ᠦᠩᠭᠡᠷᠡᠵᠦ᠂ ᠤᠯᠤᠰ ᠲᠤ ᠮᠡᠳᠡᠭᠦᠯᠦᠨ ᠵᠥᠪᠰᠢᠶᠡᠷᠡᠭᠦᠯᠬᠦ ᠪᠠᠷ ᠪᠠᠶᠢᠨ᠎ᠠ᠃ 3 ᠰᠠᠷ᠎ᠠ ᠶᠢᠨ 11 ᠤ ᠡᠳᠦᠷ ᠠᠴᠠ ᠡᠮᠦᠨ᠎ᠡ᠂ ᠭᠤᠷᠪᠠᠳᠤᠭᠠᠷ ᠪᠦᠯᠦᠭ ᠤᠨ ᠬᠠᠭᠤᠴᠢᠨ ᠲᠣᠭᠤᠷᠢᠭ ᠢ ᠥᠭᠡᠷᠡᠴᠢᠯᠡᠬᠦ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠵᠦᠢᠯᠡᠰ ᠢ ᠳᠡᠭᠡᠭᠰᠢ ᠮᠡᠳᠡᠭᠦᠯᠵᠦ᠂ 8800 ᠲᠦᠮᠡᠨ ᠲᠥᠭᠦᠷᠢᠭ ᠤᠨ ᠪᠡᠯᠡ ᠮᠥᠩᠭᠦ ᠭᠤᠶᠤᠴᠢᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 16 ᠳ᠋ᠦᠩᠰᠢᠭᠤᠷ ᠲᠥᠭᠦᠷᠢᠭ ᠣᠯᠬᠤ ᠪᠠᠷ ᠳᠡᠭᠡᠭᠰᠢ ᠮᠡᠳᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号