ᠲᠣᠭᠤᠷᠢᠭ ᠤᠨ ᠳᠡᠳ᠋ ᠳᠠᠷᠤᠭ᠎ᠠ | ᠲᠣᠭᠤᠷᠢᠭ ᠤᠨ ᠳᠠᠷᠤᠭ᠎ᠠ ᠶᠢ ᠬᠠᠪᠰᠤᠷᠤᠨ ᠠᠷᠠᠳ ᠤᠨ ᠶᠠᠪᠤᠳᠠᠯ᠂ ᠬᠠᠤᠯᠢ ᠶᠣᠰᠣᠭᠠᠷ ᠵᠠᠰᠠᠭ ᠶᠠᠪᠤᠭᠤᠯᠬᠤ᠂ | ᠬᠠᠤᠯᠢ ᠴᠠᠭᠠᠵᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠡᠮ ᠡᠮᠨᠡᠯᠭᠡ ᠶᠢᠨ ᠪᠠᠲᠤᠯᠠᠭ᠎ᠠ ᠪᠠ ᠵᠡᠭᠡᠯᠢ ᠭᠤᠳᠤᠮᠵᠢ ᠵᠡᠷᠭᠡ | ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠲᠣᠭᠤᠷᠢᠭ ᠤᠨ | ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ︶᠂ ᠲᠣᠭᠤᠷᠢᠭ ᠤᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ | ᠬᠠᠷᠢᠯᠴᠠᠬᠤ ᠨᠢ᠄ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠴᠢᠩᠱᠠᠨ ᠲᠣᠭᠤᠷᠢᠭ ᠤᠨ ᠵᠥᠪᠯᠡᠯ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ | ᠵᠡᠮᠳᠡᠭᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠃ | ᠲᠣᠪᠴᠢ ᠨᠠᠮᠲᠠᠷ᠄ ᠡᠮᠡᠭᠲᠡᠶ᠂ ᠬᠢᠲᠠᠳ ᠦᠨᠳᠦᠰᠦᠲᠡᠨ᠂ 1983 ᠣᠨ ᠤ 3 ᠰᠠᠷ᠎ᠠ ᠳᠤ ᠲᠦᠷᠦᠵᠦ᠂ ᠥᠪᠥᠷ | ᠮᠣᠩᠭᠤᠯ ᠤᠨ ᠲᠦᠮᠡᠳ ᠪᠠᠷᠠᠭᠤᠨ ᠬᠤᠰᠢᠭᠤᠨ ᠤ ᠬᠥᠮᠦᠨ᠃ 2004 ᠣᠨ ᠤ 6 ᠰᠠᠷ᠎ᠠ ᠳᠤ ᠳᠤᠮᠳᠠᠳᠤ ᠤᠯᠤᠰ ᠤᠨ | ᠡᠪ ᠬᠠᠮᠲᠤ ᠨᠠᠮ ᠳᠤ ᠣᠷᠣᠵᠤ᠂ 2006 ᠣᠨ ᠤ 7 ᠰᠠᠷ᠎ᠠ ᠳᠤ ᠠᠵᠢᠯ ᠳᠤ ᠤᠷᠤᠯᠴᠠᠵᠦ᠂ ᠪᠤᠭᠤᠲᠤ ᠬᠤᠳᠠ ᠶᠢᠨ | ᠪᠠᠭᠰᠢ ᠶᠢᠨ ᠳᠡᠭᠡᠳᠦ ᠰᠤᠷᠭᠠᠭᠤᠯᠢ ᠶᠢᠨ ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠠᠴᠠ ᠲᠡᠭᠦᠰᠴᠦ᠂ | ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠤᠯᠠᠨ ᠨᠡᠶᠢᠲᠡ ᠶᠢᠨ | ᠬᠠᠮᠢᠶᠠᠷᠤᠯᠲᠠ ᠶᠢᠨ ᠮᠠᠰᠲ᠋ᠧᠷ᠃ ᠤᠳᠤ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠃ | 2001᠂ 09 — 2006᠂ 07 ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ | ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠳᠤ ᠰᠤᠷᠤᠯᠴᠠᠪᠠ | 2006᠂ 07 — 2008᠂ 05 ᠲᠦᠮᠡᠳ ᠪᠠᠷᠠᠭᠤᠨ ᠬᠤᠰᠢᠭᠤᠨ ᠤ ᠮᠢᠩ ᠱᠠ ᠨᠠᠭᠤᠷ | ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠳ᠋ ᠳᠠᠷᠤᠭ᠎ᠠ | ︵ᠡᠨᠡ ᠬᠤᠭᠤᠴᠠᠭᠠᠨ ᠳᠤ᠄ 2006᠂ 07 — 2006᠂ 08 ᠥᠪᠥᠷ ᠮᠣᠩᠭᠤᠯ ᠤᠨ ᠨᠠᠮ ᠤᠨ | ᠰᠤᠷᠭᠠᠭᠤᠯᠢ ᠶᠢᠨ ᠰᠣᠩᠭᠤᠨ ᠰᠢᠯᠵᠢᠭᠦᠯᠬᠦ ᠰᠣᠷᠣᠭᠴᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠣᠯᠪᠠᠰᠤᠷᠠᠭᠤᠯᠤᠯ ᠳᠤ ᠤᠷᠤᠯᠴᠠᠪᠠ︔ | 2007᠂ 09 — 2007᠂ 10 ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠳᠥᠷᠪᠡᠳᠦᠭᠡᠷ ᠬᠤᠭᠤᠴᠠᠭᠠᠨ ᠤ ᠰᠣᠩᠭᠤᠨ ᠰᠢᠯᠵᠢᠭᠦᠯᠬᠦ ᠰᠤᠷᠤᠭᠴᠢ ᠶᠢᠨ ᠪᠣᠯᠪᠠᠰᠤᠷᠠᠯ ᠤᠨ ᠠᠩᠭᠢ ᠳᠤ | ᠰᠤᠷᠤᠯᠴᠠᠪᠠ︶ | 2008᠂ 05 — 2009᠂ 09 ᠲᠦᠮᠡᠳ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠥᠯᠥᠪᠵᠢᠭᠦᠯᠭᠡ | ᠪᠦᠲᠦᠭᠡᠨ ᠪᠠᠶᠢᠭᠤᠯᠤᠯᠲᠠ ᠶᠢᠨ ᠬᠡᠯᠲᠡᠰ ᠤᠨ ᠳᠡᠳ᠋ ᠳᠠᠷᠤᠭ᠎ᠠ | 2009᠂ 09 — 2013᠂ 08 ᠲᠦᠮᠡᠳ ᠪᠠᠷᠠᠭᠤᠨ ᠬᠤᠰᠢᠭᠤᠨ ᠤ ᠡᠪᠯᠡᠯ ᠤᠨ ᠬᠤᠷᠢᠶᠠᠨ ᠤ | ᠱᠦᠵᠢ | 2013᠂ 08 — 2020᠂ 11 ᠲᠦᠮᠡᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠤᠨ | ᠡᠷᠬᠢᠯᠡᠭᠴᠢ ︵ᠵᠢᠩᠬᠢᠨᠢ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠤᠯᠭᠤᠮᠵᠢ ᠲᠠᠢ︶ | ︵2013᠂ 04 — 2015᠂ 06 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠯᠠᠨ | ᠨᠡᠶᠢᠲᠡ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠳᠤ ᠰᠤᠷᠤᠯᠴᠠᠪᠠ︔ | 2013᠂ 04 — 2013᠂ 10 ᠪᠤᠭᠤᠲᠤ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ | ᠲᠣᠪᠴᠢᠶ᠎ᠠ ᠶᠢᠨ ᠱᠠᠯᠠᠪᠳᠠᠭᠤᠯᠤᠨ ᠪᠠᠶᠢᠴᠠᠭᠠᠬᠤ ᠨᠢᠭᠡᠳᠦᠭᠡᠷ ᠰᠠᠯᠠᠭᠠᠨ ᠳᠤ ᠲᠦᠷ ᠴᠠᠭ ᠲᠤᠰᠢᠶᠠᠯ ᠡᠭᠦᠷᠭᠡᠯᠡᠵᠦ | ᠰᠠᠯᠠᠭᠠᠨ ᠳᠠᠷᠤᠭ᠎ᠠ ᠶᠢᠨ ᠲᠤᠰᠠᠯᠠᠭᠴᠢ︶ | 2020᠂ 11 — 2021᠂ 05 ᠲᠦᠮᠡᠳ ᠪᠠᠷᠠᠭᠤᠨ ᠬᠤᠰᠢᠭᠤᠨ ᠤ ᠭᠧᠤ ᠮᠧᠨ ᠪᠠᠯᠭᠠᠰᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ | ︵ᠡᠨᠡ ᠬᠤᠭᠤᠴᠠᠭᠠᠨ ᠳᠤ᠄ 2021᠂ 04 — 2021᠂ 05 ᠬᠤᠲᠠ ᠶᠢᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ 36 ᠳ᠋ᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷᠴᠤᠳ ᠤᠨ | ᠪᠣᠯᠪᠠᠰᠤᠷᠠᠯ ᠤᠨ ᠠᠩᠭᠢ ᠳᠤ ᠰᠤᠷᠤᠯᠴᠠᠪᠠ︶ | 2021᠂ 05 — 2021᠂ 06 ᠲᠦᠮᠡᠳ ᠪᠠᠷᠠᠭᠤᠨ ᠬᠤᠰᠢᠭᠤᠨ ᠤ ᠭᠧᠤ ᠮᠧᠨ ᠪᠠᠯᠭᠠᠰᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ | 2021᠂ 06 — ᠤᠳᠤ ᠪᠤᠯᠲᠠᠯ᠎ᠠ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ |