ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠴᠢᠩᠱᠠᠨ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠵᠢᠭᠦᠯᠬᠦ ᠲᠥᠯᠥᠪᠯᠡᠭᠡ ︵2021—2025 ᠣᠨ︶᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/4/26
     ᠴᠢᠩᠱᠠᠨ ᠵᠠᠰᠠᠭ ᠠᠯᠪᠠᠨ ᠲᠠᠷᠬᠠᠭᠠᠭᠰᠠᠨ〔2022〕4 ᠳ᠋ᠤᠭᠡᠷ ᠲᠣᠭᠠᠲᠤ      ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠴᠢᠩᠱᠠᠨ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠵᠢᠭᠦᠯᠬᠦ ᠲᠥᠯᠥᠪᠯᠡᠭᠡ ︵2021—2025 ᠣᠨ︶᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ      ᠲᠤᠭᠤᠷᠢᠭ ᠤᠨ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠵᠡᠭᠡᠯᠢ ᠪᠠᠯᠭᠠᠰᠤ᠄      ︽ᠴᠢᠩᠱᠠᠨ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠵᠢᠭᠦᠯᠬᠦ ᠲᠥᠯᠥᠪᠯᠡᠭᠡ ︵2021 ︱ 2025 ᠣᠨ︶︾᠎ ᠶᠢ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃      ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ      2022 ᠣᠨ ᠤ 3 ᠰᠠᠷ᠎ᠠ ᠶᠢᠨ 23᠎ ᠤ ᠡᠳᠦᠷ      ᠴᠢᠩᠱᠠᠨ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠵᠢᠭᠦᠯᠬᠦ ᠲᠥᠯᠥᠪᠯᠡᠭᠡ ︵2021 ︱ 2025 ᠣᠨ︶      ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠣᠯ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠤᠨ ᠴᠢᠬᠤᠯᠠ ᠠᠭᠤᠯᠭ᠎ᠠ ᠮᠥᠨ᠂ ᠬᠤᠳᠠ ᠶᠢᠨ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ᠂ ᠡᠷᠡᠭᠦᠯ ᠴᠢᠭᠢᠷᠠᠭ ᠢᠶᠠᠨ ᠰᠠᠶᠢᠵᠢᠷᠠᠭᠤᠯᠬᠤ ᠴᠢᠬᠤᠯᠠ ᠠᠷᠭ᠎ᠠ ᠵᠠᠮ ᠮᠥᠨ᠃ ︽13 · 5︾᠎ ᠶᠢᠨ ᠬᠤᠭᠤᠴᠠᠭᠠᠨ ᠳᠤ᠂ ᠴᠢᠩᠱᠠᠨ ᠲᠣᠭᠤᠷᠢᠭ ᠤᠨ ᠬᠤᠲᠠ ᠶᠢᠨ ᠠᠷᠠᠳ ᠤᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠬᠡᠪ ᠪᠣᠯᠪᠠᠰᠤᠷᠠᠯ ᠲᠠᠰᠤᠷᠠᠯᠲᠠ ᠦᠭᠡᠢ ᠳᠡᠭᠡᠭᠰᠢᠯᠡᠵᠦ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠯᠪᠡᠭ ᠪᠠᠶᠠᠯᠢᠭ ᠣᠯᠠᠨ ᠡᠰᠢᠵᠢᠵᠦ᠂ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠦᠨᠳᠦᠰᠦᠨ ᠳᠡᠭᠡᠨ ᠪᠦᠷᠢᠯᠳᠦᠪᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭ᠎ᠠ ᠪᠣᠯ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ᠂ ᠬᠤᠲᠠ ᠶᠢᠨ ᠠᠷᠠᠳ ᠤᠨ ᠴᠢᠨᠠᠷ ᠰᠠᠶᠢᠲᠠᠢ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠠᠭ ᠬᠤᠭᠤᠴᠠᠭ᠎ᠠ ᠪᠣᠯᠣᠨ᠎ᠠ᠃ ᠡᠷᠡᠭᠦᠯ ᠡᠩᠬᠡ ᠳᠤᠮᠳᠠᠳᠤ ᠤᠯᠤᠰ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ︾ ︽︿ᠡᠷᠡᠭᠦᠯ ᠡᠩᠬᠡ ᠳᠤᠮᠳᠠᠳᠤ ᠤᠯᠤᠰ 2030﹀᠎ ᠶᠢᠨ ᠲᠥᠯᠦᠪᠵᠢᠭᠦᠯᠭᠡ ᠶᠢᠨ ᠬᠥᠲᠥᠯᠪᠦᠷᠢ︾ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021 ︱ 2025 ᠣᠨ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠵᠢᠭᠦᠯᠬᠦ ᠲᠥᠯᠥᠪᠯᠡᠭᠡ ︵2021 ︱ 2025 ᠣᠨ︶︾ ᠪᠠ ︽ᠪᠤᠭᠤᠲᠤ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠵᠢᠭᠦᠯᠬᠦ ᠲᠥᠯᠥᠪᠯᠡᠭᠡ ︵2021 ︱ 2025 ᠣᠨ︶︾᠎ ᠶᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠤᠳᠠᠭ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠣᠭᠤᠷᠢᠭ ᠤᠨ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠲᠠᠪᠦᠷᠢᠵᠢᠭᠤᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠳᠤ ᠦᠢᠯᠡᠴᠢᠯᠡᠬᠦ᠂ ᠠᠮᠢᠳᠤᠷᠠᠯ ᠳᠤ ᠣᠶᠢᠷᠠᠳᠬᠤ᠂ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠪᠣᠳᠠᠲᠤ ᠶᠠᠪᠤᠳᠠᠯ ᠢ ᠢᠯᠡᠭᠦᠬᠡᠨ ᠬᠢᠬᠦ ᠵᠠᠷᠴᠢᠮ ᠶᠣᠰᠣᠭᠠᠷ᠂ ᠪᠡᠶ᠎ᠡ ᠲᠠᠮᠢᠷ ᠤᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠣᠯᠠᠨ ᠲᠦᠮᠡᠨ ᠤ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ︵ᠬᠤᠶᠠᠷ︶ ᠶᠡᠷᠦᠩᠬᠡᠢ ᠬᠠᠷᠠᠯᠲᠠ      2025 ᠣᠨ ᠪᠣᠯᠬᠤ ᠳᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮᠵᠢ ᠶᠢ ᠨᠠᠩ ᠲᠡᠭᠦᠯᠳᠡᠷᠵᠢᠭᠦᠯᠵᠦ᠂ ᠠᠷᠠᠳ ᠣᠯᠠᠨ ᠤ ᠪᠡᠶ᠎ᠡ ᠴᠢᠭᠢᠷᠠᠭᠵᠢᠭᠤᠯᠬᠤ ᠦᠵᠡᠯ ᠤᠬᠠᠮᠰᠠᠷ ᠢ ᠢᠯᠡᠳᠲᠡ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠪᠡᠯᠡᠳᠬᠡᠮᠵᠢ ᠶᠢ ᠨᠠᠩ ᠪᠦᠷᠢᠨ ᠲᠡᠭᠦᠯᠳᠡᠷ ᠪᠣᠯᠭᠠᠵᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠰᠦᠢᠳᠬᠡᠯ ᠬᠤᠷᠢᠶᠠᠬᠤ ᠦᠭᠡᠢ ᠪᠤᠶᠤ ᠰᠦᠢᠳᠬᠡᠯ ᠪᠠᠭ᠎ᠠ ᠬᠤᠷᠢᠶᠠᠵᠤ ᠴᠢᠯᠦᠭᠡᠲᠡᠢ ᠪᠣᠯᠭᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠠᠨᠳᠤᠰᠢ ᠲᠠᠢ ᠪᠣᠯᠭᠠᠵᠤ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠦᠭᠦᠭᠡᠷᠦᠮᠵᠢ ᠶᠢ ᠨᠡᠩ ᠴᠢᠯᠦᠭᠡᠲᠡᠢ ᠪᠤᠯᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠨᠠᠩ ᠥᠷᠭᠡᠨ ᠳᠡᠯᠭᠡᠷ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠣᠶᠤᠨᠴᠢ ᠪᠠᠷ ᠦᠷᠭᠦᠯᠵᠢᠯᠡᠨ ᠬᠥᠭᠵᠢᠭᠦᠯᠵᠦ᠂ ᠣᠯᠠᠨ ᠲᠦᠮᠡᠨ ᠤ ᠪᠡᠶ᠎ᠡ ᠮᠠᠬᠠᠪᠤᠳ ᠤᠨ ᠬᠡᠪ ᠪᠣᠯᠪᠠᠰᠤᠷᠠᠯ ᠪᠠ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠡᠷᠡᠭᠦᠯ ᠡᠩᠬᠡ ᠴᠢᠩᠱᠠᠨ ᠶᠢ ᠴᠢᠷᠮᠠᠶᠢᠨ ᠴᠤᠭᠴᠠᠯᠠᠨ᠎ᠠ᠃      1᠂ ᠪᠡᠶ᠎ᠡ ᠶᠢᠨ ᠲᠠᠮᠢᠷ ᠤᠨ ᠬᠥᠮᠥᠨ ᠠᠮᠠ ᠶᠢ ᠲᠠᠰᠤᠷᠠᠯᠳᠠ ᠦᠭᠡᠢ ᠥᠷᠭᠡᠳᠬᠡᠨ᠎ᠡ᠃ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ ᠲᠤᠭ᠎ᠠ ᠶᠢᠨ ᠬᠠᠷᠢᠴᠠᠯ ᠢ 45% ᠣᠷᠴᠢᠮ ᠪᠠᠶᠢᠯᠭᠠᠨ᠎ᠠ᠃ ᠭᠠᠷᠠᠭ ᠪᠦᠷᠢ 1 ᠤᠳᠠᠭ᠎ᠠ ᠵᠢᠴᠢ ᠲᠡᠭᠦᠨ ᠠᠴᠠ ᠳᠡᠭᠡᠭᠰᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠤᠯᠴᠠᠬᠤ ᠬᠥᠮᠥᠨ ᠤ ᠲᠤᠭ᠎ᠠ ᠶᠢᠨ ᠬᠠᠷᠢᠴᠠᠯ ᠢ 55%᠎ ᠠᠴᠠ ᠳᠡᠭᠡᠭᠰᠢ ᠳᠤ ᠬᠦᠷᠦᠭᠦᠯᠦᠨ᠎ᠡ᠃      2᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠪᠡᠶ᠎ᠡ ᠮᠠᠬᠠᠪᠤᠳ ᠨᠡᠶᠢᠳᠡᠮ ᠳᠡᠭᠡᠨ ᠴᠢᠩᠭᠠᠷᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ︽ᠤᠯᠤᠰ ᠠᠷᠠᠳ ᠤᠨ ᠪᠡᠶ᠎ᠡ ᠮᠠᠬᠠᠪᠤᠳ ᠢ ᠬᠡᠮᠵᠢᠨ ᠲᠣᠭᠲᠠᠭᠠᠬᠤ ᠪᠠᠷᠢᠮᠵᠢᠶ᠎ᠠ︾᠎ ᠶᠢᠨ ᠬᠢᠷᠢ ᠲᠡᠩᠴᠡᠭᠰᠡᠨ ᠠᠴᠠ ᠳᠡᠭᠡᠭᠰᠢᠬᠢ ᠬᠥᠮᠥᠨ ᠤ ᠲᠤᠭ᠎ᠠ ᠶᠢᠨ ᠬᠠᠷᠢᠴᠠᠯ ᠢ 91%᠎ ᠠᠴᠠ ᠳᠡᠭᠡᠭᠰᠢ ᠳᠤ ᠬᠦᠷᠦᠭᠦᠯᠵᠦ᠂ ᠪᠥᠬᠦ ᠲᠤᠭᠤᠷᠢᠭ ᠤᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ︽ᠰᠣᠷᠣᠭᠴᠢ ᠶᠢᠨ ᠪᠡᠶ᠎ᠡ ᠮᠠᠬᠠᠪᠤᠳ ᠤᠨ ᠤᠯᠤᠰ ᠤᠨ ᠡᠷᠡᠭᠦᠯ ᠮᠡᠨᠳᠦ ᠶᠢᠨ ᠪᠠᠷᠢᠮᠵᠢᠶ᠎ᠠ︾᠎ ᠳᠤ ᠨᠡᠶᠢᠳᠡᠮ ᠳᠡᠭᠡᠨ ᠬᠢᠷᠢ ᠲᠡᠩᠴᠡᠭᠦᠯᠦᠨ᠎ᠡ᠃      3᠂ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠬᠥᠮᠥᠨ ᠤ ᠲᠤᠭ᠎ᠠ ᠶᠢ ᠢᠯᠡᠳᠲᠡ ᠨᠡᠮᠡᠭᠳᠡᠭᠦᠯᠦᠨ᠎ᠡ᠃ 2025 ᠣᠨ ᠪᠣᠯᠬᠤ ᠳᠤ᠂ ᠪᠥᠬᠦ ᠲᠤᠭᠤᠷᠢᠭ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠬᠥᠮᠥᠨ ᠤ ᠲᠤᠭ᠎ᠠ ᠶᠢ 2000 ᠬᠥᠮᠥᠨ ᠳᠤ ᠬᠦᠷᠦᠭᠦᠯᠵᠦ᠂ ᠮᠢᠩᠭᠠᠨ ᠬᠥᠮᠥᠨ ᠪᠦᠷᠢ ᠳᠤ 3.8 ᠬᠥᠮᠥᠨ ᠣᠷᠴᠢᠮ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠲᠠᠢ ᠪᠣᠯᠭᠠᠨ᠎ᠠ᠃      4᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠭᠦᠭᠡᠷᠦᠮᠵᠢ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠬᠤᠲᠠ ᠶᠢᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠬᠥᠮᠥᠨ ᠪᠦᠷᠢ ᠶᠢᠨ ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠤᠷ ᠤᠨ ᠲᠠᠯᠠᠪᠠᠶ ᠶᠢ 2.1 ᠲᠡᠭᠰᠢ ᠳᠥᠷᠪᠡᠯᠵᠢᠨ ᠮᠧᠲᠷ ᠠᠴᠠ ᠳᠤᠷᠤᠭᠰᠢ ᠪᠠᠶᠢᠯᠭᠠᠬᠤ ᠪᠤᠯᠬᠤ ᠦᠭᠡᠢ᠃      5᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠢᠶᠠᠷ ᠦᠷᠨᠢᠭᠦᠯᠦᠨ᠎ᠡ᠃ ᠵᠢᠯ ᠪᠦᠷᠢ 15 ᠵᠦᠢᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠪᠠ ᠪᠡᠶ᠎ᠡ ᠴᠢᠭᠢᠷᠠᠭᠵᠢᠭᠤᠯᠬᠤ ᠠᠷᠭ᠎ᠠ ᠶᠢ ᠨᠠᠩ ᠲᠦᠭᠡᠮᠡᠯᠵᠢᠭᠦᠯᠵᠦ᠂ ᠨᠡᠷᠡᠬᠦᠢ ᠨᠢᠳᠤᠷᠭ᠎ᠠ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠵᠡᠷᠭᠡ ᠦᠨᠳᠦᠰᠦᠲᠡᠨ ᠤ ᠠᠷᠠᠳ ᠤᠨ ᠵᠠᠩ ᠦᠶᠯᠡ ᠠᠷᠠᠳ ᠤᠨ ᠤᠯᠠᠮᠵᠢᠯᠠᠯᠲᠤ ᠬᠥᠳᠡᠯᠭᠡᠭᠡᠨ ᠤ ᠲᠥᠷᠥᠯ ᠵᠦᠢᠯ ᠢ ᠦᠷᠭᠦᠯᠵᠢᠯᠡᠨ ᠳᠡᠯᠭᠡᠷᠡᠭᠦᠯᠵᠦ᠂ ᠨᠠᠷᠠᠲᠤ ᠲᠡᠮᠳᠡᠭᠲᠦ ᠤᠷᠤᠯᠳᠤᠭᠠᠨ ᠤ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      6᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠡᠯ᠎ᠡ ᠲᠥᠷᠥᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠥᠷᠭᠡᠳᠬᠡᠵᠦ᠂ ᠵᠡᠭᠡᠯᠢ ᠪᠠᠯᠭᠠᠰᠤᠨ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠂ ᠨᠡᠶᠢᠭᠡᠮ ᠲᠣᠭᠤᠷᠢᠭ ᠲᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠺᠯᠦ᠋ᠪ ᠢ ᠪᠠᠶᠢᠭᠤᠯᠵᠤ᠂ 95%᠎ ᠠᠴᠠ ᠳᠡᠭᠡᠭᠰᠢᠬᠢ ᠬᠥᠳᠡᠭᠡ ᠲᠣᠰᠬᠤᠨ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠥᠷᠲᠡᠭᠡ ︵ᠴᠡᠭ︶᠎ ᠶᠢ  ᠪᠠᠶᠢᠭᠤᠯᠤᠨ᠎ᠠ᠃      ᠬᠤᠶᠠᠷ᠂ ᠭᠤᠣᠯ ᠡᠭᠦᠷᠭᠡ      ︵ᠨᠢᠭᠡ︶ ᠤᠯᠠᠨ ᠨᠡᠶᠢᠳᠡ ᠶᠢᠨ ᠪᠡᠶ᠎ᠡ ᠲᠠᠮᠢᠷ ᠤᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ  ᠲᠡᠭᠦᠯᠳᠡᠷᠵᠢᠭᠦᠯᠦᠨ᠎ᠡ      ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠥᠪ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠬᠥᠯ ᠪᠥᠮᠪᠦᠭᠡ ᠶᠢᠨ ᠲᠠᠯᠠᠪᠤᠷ ᠵᠡᠷᠭᠡ ᠪᠡᠶ᠎ᠡ ᠶᠢᠨ ᠲᠠᠮᠢᠷ ᠤᠨ ᠲᠠᠯᠠᠪᠤᠷ ‍ᠤᠨ‌‍ᠲ᠋ᠦ᠋ᠭᠦᠭᠡᠷᠦᠮᠵᠢ ᠶᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠵᠤ᠂ ᠬᠤᠲᠠ ᠶᠢᠨ ᠨᠡᠶᠢᠭᠡᠮ ᠲᠣᠭᠤᠷᠢᠭ ᠤᠨ ︽ᠠᠷᠪᠠᠨ ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾᠎ ᠢ ᠪᠠᠶᠢᠭᠤᠯᠤᠨ᠎ᠠ᠃ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠦᠭᠦᠭᠡᠷᠦᠮᠵᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠣᠷᠣᠨ ᠵᠠᠢ ᠶᠢ ᠥᠷᠭᠡᠳᠬᠡᠵᠦ᠂ ᠬᠤᠲᠠ ᠶᠢᠨ ᠨᠣᠭᠤᠭᠠᠨ ᠵᠠᠮ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠳᠤᠭᠤᠢ ᠲᠡᠷᠭᠡᠨ ᠤ ᠵᠠᠮ᠂ ᠨᠡᠶᠢᠭᠡᠮ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠠᠯᠠᠪᠠᠶ ᠵᠡᠷᠭᠡ ᠲᠠᠯᠠᠪᠤᠷ ᠤᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠴᠡᠴᠡᠷᠯᠢᠭ᠂ ᠲᠠᠯᠠᠪᠠᠶ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠦᠭᠦᠭᠡᠷᠦᠮᠵᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠬᠡᠷᠡᠭᠯᠡᠬᠦ ᠵᠢᠯ ᠬᠤᠭᠤᠴᠠᠭ᠎ᠠ ᠳᠤ ᠬᠦᠷᠦᠭᠰᠡᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠵᠢᠯ ᠳᠠᠷᠠᠭᠠᠯᠠᠨ ᠰᠢᠨᠡᠳᠬᠡᠨ ᠨᠥᠬᠦᠪᠦᠷᠢᠯᠡᠵᠦ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠦᠭᠦᠭᠡᠷᠦᠮᠵᠢ ᠶᠢᠨ ᠲᠠᠰ ᠳᠡᠪᠰᠢᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠬᠤᠳᠠᠯᠳᠤᠨ ᠠᠪᠬᠤ᠂ ᠲᠥᠷᠥ ᠶᠢᠨ ᠪᠣᠳᠣᠯᠭ᠎ᠠ ᠪᠠᠷ ᠲᠡᠳᠬᠦᠬᠦ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠳᠤ ᠰᠠᠭᠤᠷᠢ ᠪᠠᠲᠤᠯᠠᠭ᠎ᠠ ᠬᠠᠩᠭᠠᠨ᠎ᠠ᠃ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠨᠡᠶᠢᠭᠡᠮ ᠤᠨ ᠬᠦᠴᠦᠨ ᠢ ᠵᠤᠷᠢᠭᠵᠢᠭᠤᠯᠤᠨ ᠵᠢᠵᠢᠭ ᠬᠡᠯᠪᠡᠷᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢ ᠪᠦᠲᠦᠭᠡᠨ ᠪᠠᠶᠢᠭᠤᠯᠤᠨ᠎ᠠ᠃      ︵ᠬᠤᠶᠠᠷ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠶᠢ ᠠᠬᠢᠭᠤᠯᠤᠨ᠎ᠠ      ᠤᠯᠤᠰ ᠤᠨ ᠲᠠᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ︽ᠨᠢᠭᠡ ᠲᠣᠭᠤᠷᠢᠭ ᠰᠢᠶᠠᠨ ᠨᠢᠭᠡ ᠪᠡᠶ᠎ᠡ ᠶᠢᠨ ᠲᠠᠮᠢᠷ ᠤᠨ ᠨᠠᠷᠠᠲᠤ ᠲᠡᠮᠳᠡᠭᠲᠦ︾᠎ ᠶᠢᠨ ᠲᠥᠷᠥᠯ ᠵᠦᠢᠯ ᠢ ᠦᠷᠭᠦᠯᠵᠢᠯᠡᠨ ᠰᠠᠶᠢᠲᠤᠷ ᠬᠢᠵᠦ᠂ ᠪᠥᠬᠦ ᠲᠤᠭᠤᠷᠢᠭ ᠤᠨ ᠳᠡᠭᠡᠳᠦ ᠳᠣᠣᠷᠠᠳᠤ ᠱᠠᠲᠤᠨ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠥᠷᠨᠢᠯᠲᠡ ᠶᠢ ᠪᠣᠶ ᠪᠣᠯᠭᠠᠨ᠎ᠠ᠃ ᠣᠯᠠᠨ ᠲᠦᠮᠡᠨᠴᠢ ᠴᠢᠨᠠᠷᠲᠠᠢ ᠦᠨᠳᠦᠰᠦᠨ ᠱᠠᠲᠤᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠠᠷ ᠭᠤᠣᠯᠳᠠᠯᠭ᠎ᠠ ᠪᠣᠯᠭᠠᠵᠤ᠂ ᠬᠤᠲᠠ ᠬᠥᠳᠡᠭᠡ ᠶᠢᠨ ᠪᠡᠶ᠎ᠡ ᠶᠢᠨ ᠲᠠᠮᠢᠷ ᠢ ᠲᠡᠩᠴᠡᠭᠦᠷᠢᠲᠡᠢ ᠬᠥᠭᠵᠢᠭᠦᠯᠬᠦ ᠵᠣᠷᠢᠯᠲᠠ ᠶᠢ ᠪᠠᠷᠢᠮᠲᠠᠯᠠᠨ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ︽ᠢᠳᠡᠷᠡᠭᠦᠨ ᠠᠯᠬᠤᠭ᠎ᠠ ᠴᠢᠩᠱᠠᠨ︾ ᠰᠢᠷᠢᠰ ᠠᠵᠢᠯᠯᠠᠭ᠎ᠠ ᠶᠢ ᠥᠷᠨᠢᠭᠦᠯᠵᠦ᠂ ᠬᠡᠯᠪᠡᠷᠢ ᠮᠠᠶ᠋ᠢᠭ ᠢᠶᠠᠷ ᠣᠯᠠᠨ ᠶᠠᠩᠵᠤ᠂ ᠣᠯᠠᠨ ᠲᠦᠮᠡᠨ ᠤ ᠣᠷᠤᠯᠴᠠᠬᠤ ᠳᠤ ᠲᠥᠬᠦᠮ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠡᠷᠭᠢᠯᠡᠨ᠂ ᠪᠥᠬᠦ ᠲᠤᠭᠤᠷᠢᠭ ᠤᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢ ᠠᠬᠢᠭᠤᠯᠤᠨ᠎ᠠ᠃ ᠭᠦᠶᠦᠬᠦ᠂ ᠶᠠᠪᠠᠭᠠᠨ ᠶᠠᠪᠤᠬᠤ᠂ ᠳᠤᠭᠤᠢ ᠲᠡᠷᠭᠡ᠂ ᠤᠮᠪᠠᠯᠲᠠ ᠵᠡᠷᠭᠡ ᠣᠯᠠᠨ ᠨᠡᠶᠢᠲᠡ ᠶᠢᠨ ᠲᠥᠷᠥᠯ ᠵᠦᠢᠯ ᠢ ᠶᠡᠬᠡᠪᠡᠷ ᠠᠬᠢᠭᠤᠯᠵᠤ᠂ ᠰᠠᠭᠤᠷᠢ ᠪᠣᠯᠪᠠᠰᠤᠷᠠᠭᠤᠯᠤᠯ ᠢ ᠴᠢᠩᠭᠠᠳᠬᠠᠬᠤ ᠶᠢᠨ ᠬᠠᠮᠲᠤ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠣᠨᠴᠠᠯᠢᠭ ᠢ ᠲᠣᠪᠤᠶᠢᠯᠭᠠᠨ᠂ ᠰᠤᠷᠭᠠᠭᠤᠯᠢ᠂ ᠨᠡᠶᠢᠭᠡᠮ ᠲᠣᠭᠤᠷᠢᠭ᠂ ᠠᠵᠤ ᠠᠬᠤᠶᠢᠯᠠᠯ ᠵᠡᠷᠭᠡ ᠣᠨᠴᠠᠯᠢᠭ ᠲᠠᠢ ᠬᠠᠮᠲᠤᠯᠢᠭ ᠤᠨ ᠤᠷᠤᠯᠳᠤᠭᠠᠨ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠵᠦ᠂ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ᠂ ᠬᠥᠳᠡᠭᠡ ᠲᠣᠰᠬᠤᠨ ᠤ ᠪᠡᠶ᠎ᠡ ᠶᠢᠨ ᠲᠠᠮᠢᠷ ᠪᠠ ᠨᠠᠰᠤᠲᠠᠶᠢᠴᠤᠳ ᠤᠨ ᠪᠡᠶ᠎ᠡ ᠶᠢᠨ ᠲᠠᠮᠢᠷ ᠢ ᠭᠤᠤᠯᠳᠠᠯᠭ᠎ᠠ ᠲᠠᠢ ᠬᠦᠭᠵᠢᠭᠦᠯᠦᠨ᠎ᠡ᠃ ᠠᠷᠠᠳ ᠤᠨ ᠵᠠᠩ ᠦᠶᠯᠡ ᠠᠷᠠᠳ ᠤᠨ ᠪᠡᠶ᠎ᠡ ᠶᠢᠨ ᠲᠠᠮᠢᠷ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠭᠠᠷᠴᠠᠭ ᠢ ᠪᠠᠶᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠮᠥᠷᠲᠡᠭᠡᠨ ᠣᠲᠣ ᠦᠶ᠎ᠡ ᠶᠢᠨ ᠪᠡᠶ᠎ᠡ ᠶᠢᠨ ᠲᠠᠮᠢᠷ ᠤᠨ ᠣᠨᠴᠠᠯᠢᠭ ᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠰᠣᠳᠣᠨ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠮᠣᠷᠢᠨ ᠮᠡᠷᠭᠡᠵᠢᠯ᠂ ᠬᠠᠳᠠ ᠠᠪᠠᠷᠢᠬᠤ᠂ ᠰᠤᠷ ᠬᠠᠷᠪᠤᠬᠤ ᠵᠡᠷᠭᠡ ᠣᠨᠴᠠᠯᠢᠭ ᠲᠠᠢ ᠲᠥᠷᠥᠯ ᠵᠦᠢᠯ ᠢ ᠢᠳᠡᠪᠬᠢᠲᠡᠢ ᠪᠠᠷ ᠪᠣᠶᠢᠵᠢᠭᠤᠯᠤᠨ᠂ ᠪᠡᠶ᠎ᠡ ᠶᠢᠨ ᠲᠠᠮᠢᠷ ᠤᠨ ᠬᠦᠴᠦᠷᠬᠡᠭ ᠣᠷᠣᠨ ᠤ ᠨᠥᠯᠥᠭᠡᠯᠡᠬᠦ ᠬᠦᠴᠦᠨ ᠢ ᠥᠷᠭᠡᠳᠬᠡᠨ᠎ᠡ᠃      ︵ᠭᠤᠷᠪᠠ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠬᠠᠭᠤᠯᠭ᠎ᠠ ᠵᠢᠯᠣᠭᠤᠳᠤᠯᠭ᠎ᠠ ᠶᠢ ᠴᠢᠩᠭᠠᠷᠠᠭᠤᠯᠤᠨ᠎ᠠ      ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠣᠨᠴᠠᠯᠢᠭᠲᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠡᠷᠡᠭᠦᠯ ᠮᠡᠨᠳᠦ ᠶᠢ ᠠᠬᠢᠭᠤᠯᠬᠤ ᠣᠨᠣᠯᠵᠢᠬᠤᠨ ᠢ ᠤᠬᠠᠭᠤᠯᠤᠨ ᠪᠠᠳᠠᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠥᠯᠢᠭᠡᠷ ᠢ ᠰᠠᠶᠢᠲᠤᠷ ᠶᠠᠷᠢᠵᠤ᠂ ᠬᠥᠮᠥᠨ ᠪᠦᠬᠦᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ᠂ ᠡᠷᠡᠭᠦᠯ ᠮᠡᠨᠳᠦ ᠠᠮᠢᠳᠤᠷᠠᠯ ᠢ ᠡᠷᠬᠢᠮᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠨ᠎ᠠ᠃ ︽ᠦᠵᠡᠰᠬᠦᠯᠡᠩᠲᠦ ᠰᠠᠶᠢᠬᠠᠨ ᠴᠢᠩᠱᠠᠨ ᠤ ᠡᠷᠡᠭᠦᠯ ᠮᠡᠨᠳᠦ ᠶᠢᠨ ᠠᠶᠠᠯᠠᠯ︾ ᠭᠤᠣᠯ ᠰᠡᠳᠦᠪᠲᠦ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠵᠠᠭᠤᠴᠢᠯᠠᠭᠤᠷ ᠢ ᠬᠥᠲᠥᠯᠥᠨ ᠵᠢᠯᠤᠭᠤᠳᠴᠤ ᠪᠠᠶᠢᠭᠠᠳ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠮᠠᠶ᠋ᠢᠭ ᠢᠶᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠵᠦ᠂ ᠣᠯᠠᠨ ᠨᠡᠶᠢᠲᠡ ᠶᠢᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠣᠶᠢᠯᠠᠭᠠᠬᠤ ᠨᠣᠷᠮ᠎ᠠ᠂ ᠣᠷᠤᠯᠴᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠯᠤᠭᠤᠳᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠬᠤᠲᠠ ᠪᠠᠯᠭᠠᠰᠤ ᠬᠥᠳᠡᠭᠡ ᠲᠣᠰᠬᠤᠨ ᠢ ᠬᠠᠮᠤᠷᠤᠭᠰᠠᠨ ᠪᠡᠶ᠎ᠡ ᠮᠠᠬᠠᠪᠤᠳ ᠤᠨ ᠰᠢᠯᠭᠠᠯᠲᠠ ᠶᠢᠨ ᠲᠠᠪᠴᠠᠩ ᠵᠢᠴᠢ ᠠᠷᠠᠳ ᠢᠷᠭᠡᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ ᠪᠠ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠯᠤᠭᠤᠳᠬᠤ ᠦᠢᠯᠡᠴᠢᠯᠡᠭᠡᠨ ᠤ ᠥᠷᠲᠡᠭᠡ  ᠴᠡᠭ ᠢ ᠪᠣᠶ ᠪᠣᠯᠭᠠᠵᠤ᠂ ᠠᠷᠠᠳ ᠢᠷᠭᠡᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠳᠠᠯ ᠢ ᠪᠠᠶᠢᠩᠭᠤᠵᠢᠭᠤᠯᠤᠨ ᠪᠠᠶᠢᠴᠠᠭᠠᠵᠤ᠂ ᠣᠯᠠᠨ ᠲᠦᠮᠡᠨ ᠳᠤ ᠣᠯᠠᠨ ᠶᠠᠩᠵᠤ ᠶᠢᠨ᠂ ᠨᠠᠷᠢᠯᠢᠭᠵᠢᠭᠤᠯᠤᠭᠰᠠᠨ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠤᠭᠤᠳᠬᠤ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠤᠨ᠎ᠠ᠃ ᠨᠥᠬᠦᠴᠡᠯ ᠲᠠᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠠᠴᠠ ᠪᠡᠶ᠎ᠡ ᠮᠠᠬᠠᠪᠤᠳ ᠢ ᠬᠡᠮᠵᠢᠨ ᠲᠣᠭᠲᠠᠭᠠᠬᠤ᠂ ᠬᠥᠳᠡᠯᠭᠡᠭᠡᠨ ᠬᠢᠵᠦ ᠡᠷᠡᠭᠦᠯᠵᠢᠭᠦᠯᠬᠦ ᠵᠡᠷᠭᠡ ᠡᠵᠡᠩᠨᠡᠯᠲᠡ ᠶᠢᠨ ᠪᠣᠳᠠᠲᠤ ᠴᠣᠭᠴᠠ ᠡᠷᠭᠢᠯᠡᠬᠦ ᠶᠢ ᠵᠣᠷᠢᠭᠵᠢᠭᠤᠯᠵᠤ᠂ ᠠᠷᠠᠳ ᠢᠷᠭᠡᠳ ᠤᠨ ᠪᠡᠶ᠎ᠡ ᠮᠠᠬᠠᠪᠤᠳ ᠢ ᠰᠢᠯᠭᠠᠨ ᠪᠠᠶᠢᠴᠠᠭᠠᠬᠤ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠯᠠᠪᠯᠠᠭ᠎ᠠ ᠵᠡᠷᠭᠡ ᠦᠢᠯᠡᠴᠢᠯᠡᠭᠡ ᠶᠢ ᠬᠠᠩᠭᠠᠨ᠎ᠠ᠃      ︵ᠳᠥᠷᠪᠡ︶ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠦᠨᠳᠦᠰᠦᠨ ᠱᠠᠲᠤᠨ ᠤ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠦᠢᠯᠡᠴᠢᠯᠡᠭᠡ ᠪᠠ ᠬᠢᠨᠠᠯᠲᠠ ᠶᠢ ᠵᠢᠷᠤᠮᠵᠢᠭᠤᠯᠤᠨ ᠴᠢᠩᠭᠠᠳᠬᠠᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠭᠤᠯᠤᠯ ᠪᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠭᠤᠯᠤᠯ ᠤᠨ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠵᠢᠯ ᠪᠦᠷᠢ 100 ᠬᠥᠮᠥᠨ ᠤᠳᠠᠭ᠎ᠠ  ᠎ ᠠᠴᠠ ᠳᠤᠲᠠᠭᠤ ᠦᠭᠡᠢ ᠪᠠᠶᠢᠯᠭᠠᠨ᠎ᠠ᠃ ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ᠂ ᠪᠡᠶ᠎ᠡ ᠴᠢᠭᠢᠷᠠᠭᠵᠢᠭᠤᠯᠤᠯᠲᠠ ᠶᠢᠨ ᠵᠢᠯᠣᠭᠤᠳᠤᠯᠭ᠎ᠠ᠂ ᠤᠷᠤᠯᠳᠤᠭᠠᠨ ᠤ ᠲᠣᠭᠯᠠᠯᠲᠠ ᠵᠡᠷᠭᠡ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠡᠶᠢᠭᠡᠮ ᠳᠤ ᠨᠡᠩ ᠤᠯᠠᠨ ᠰᠢᠯᠢᠳᠡᠭ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠪᠦᠲᠦᠴᠡ ᠨᠢ ᠵᠦᠢ ᠵᠣᠬᠢᠰᠲᠠᠢ᠂ ᠬᠤᠲᠠ ᠬᠥᠳᠡᠭᠡ ᠶᠢ ᠬᠠᠮᠤᠷᠤᠭᠰᠠᠨ᠂ ᠦᠢᠯᠡᠴᠢᠯᠡᠭᠡ ᠨᠢ ᠪᠣᠳᠠᠲᠠᠶᠢᠵᠢᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠣᠶ ᠪᠣᠯᠭᠠᠵᠤ᠂ 2025 ᠣᠨ ᠪᠣᠯᠬᠤ ᠳᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ 100᠎ ᠳᠤ ᠬᠦᠷᠦᠭᠦᠯᠦᠨ᠎ᠡ᠃      ︵ᠲᠠᠪᠤ︶ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠦᠢᠯᠡᠰ ᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ      ᠨᠡᠷᠡᠨ ᠬᠡᠷᠡᠯᠳᠦ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠪᠣᠯᠪᠠᠰᠤᠷᠠᠬᠤ ᠤᠷᠮ᠎ᠠ ᠪᠠᠬ᠎ᠠ ᠶᠢ ᠬᠥᠮᠥᠵᠢᠭᠦᠯᠦᠨ᠂ ᠬᠥᠳᠡᠯᠭᠡᠭᠡᠨ ᠤ ᠤᠷ᠎ᠠ ᠴᠢᠳᠠᠪᠤᠷᠢ ᠶᠢ ᠰᠤᠷᠤᠯᠴᠠᠨ ᠡᠵᠡᠮᠰᠢᠵᠦ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠤᠨ ᠤᠷ᠎ᠠ ᠴᠢᠳᠠᠪᠦᠷᠢ ᠶᠢ ᠳᠡᠭᠡᠭᠰᠢᠯᠡᠭᠦᠯᠦᠨ᠎ᠡ᠃ ᠵᠠᠯᠠᠭᠤᠴᠤᠳ ᠪᠠᠭᠠᠴᠤᠳ ᠤᠨ ᠰᠣᠶᠣᠯ ᠤᠨ ᠰᠤᠷᠤᠯᠴᠠᠯᠭ᠎ᠠ ᠪᠠ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠵᠣᠬᠢᠴᠠᠩᠭᠤᠢ ᠬᠥᠭᠵᠢᠯᠲᠡ ᠶᠢ ᠲᠦᠯᠬᠢᠨ ᠠᠬᠢᠭᠤᠯᠵᠤ᠂ ᠪᠡᠶ᠎ᠡ ᠶᠢᠨ ᠲᠠᠮᠢᠷ ᠤᠨ ᠬᠢᠴᠢᠶᠡᠯ ᠤᠨ ᠴᠠᠭ ᠢ ᠦᠨᠡᠨ ᠬᠦ ᠪᠠᠲᠤᠯᠠᠵᠤ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ᠡᠳᠦᠷ ᠪᠦᠷᠢ ᠰᠤᠷᠭᠠᠭᠤᠯᠢ ᠶᠢᠨ ᠳᠣᠲᠣᠷ᠎ᠠ᠂ ᠰᠤᠷᠭᠠᠭᠤᠯᠢ ᠶᠢᠨ ᠭᠠᠳᠠᠨ᠎ᠠ ᠲᠣᠰᠪᠣᠷᠢ ᠨᠢᠭᠡ ᠴᠠᠭ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠴᠠᠭ ᠲᠠᠢ ᠪᠠᠶᠢᠵᠦ᠂ ᠰᠤᠷᠤᠭᠴᠢᠳ ᠢ ᠨᠠᠰᠤᠨ ᠲᠤᠷᠰᠢᠲᠠ ᠪᠣᠯᠪᠠᠰᠤᠷᠠᠬᠤ ᠳᠠᠳᠬᠠᠯ ᠲᠠᠢ ᠪᠣᠯᠭᠠᠨ ᠬᠥᠮᠥᠵᠢᠭᠦᠯᠦᠨ᠎ᠡ᠃ ᠨᠡᠷᠡᠨ ᠬᠡᠷᠡᠯᠳᠦ ᠪᠡᠶ᠎ᠡ ᠶᠢᠨ ᠲᠠᠮᠢᠷ ᠤᠨ ᠢᠨᠵᠧᠨᠧᠷᠢᠩ ᠢ ᠬᠡᠷᠡᠭᠵᠢᠭᠦᠯᠵᠦ᠂ ᠰᠤᠷᠤᠭᠴᠢᠳ ᠢ ᠵᠢᠯᠣᠭᠤᠳᠤᠨ ᠭᠦᠶᠦᠬᠦ᠂ ᠦᠰᠦᠷᠬᠦ᠂ ᠰᠠᠭᠰᠤᠯᠠᠬᠤ ᠵᠡᠷᠭᠡ ᠦᠨᠳᠦᠰᠦᠨ ᠪᠡᠶ᠎ᠡ ᠶᠢᠨ ᠲᠠᠮᠢᠷ ᠤᠨ ᠮᠡᠷᠭᠡᠵᠢᠯ ᠴᠢᠳᠠᠪᠤᠷᠢ ᠪᠠ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠬᠦᠨᠳᠦ ᠬᠥᠩᠭᠡᠨ ᠲᠠᠮᠢᠷ ᠤᠨ ᠤᠷᠤᠯᠳᠤᠭᠠᠨ᠂ ᠤᠮᠪᠠᠯᠲᠠ᠂ ᠪᠡᠶ᠎ᠡ ᠶᠢᠨ ᠲᠠᠮᠢᠷ᠂ ᠵᠡᠪᠰᠡᠭ ᠤᠨ ᠡᠷᠳᠡᠮ᠂ ᠮᠥᠰᠥ ᠴᠠᠰᠤᠨ ᠤ ᠪᠡᠶ᠎ᠡ ᠶᠢᠨ ᠲᠠᠮᠢᠷ ᠵᠡᠷᠭᠡ ᠲᠤᠰᠬᠠᠢ ᠵᠦᠢᠯ ᠤᠨ ᠪᠡᠶ᠎ᠡ ᠶᠢᠨ ᠲᠠᠮᠢᠷ ᠤᠨ ᠮᠡᠷᠭᠡᠵᠢᠯ ᠴᠢᠳᠠᠪᠤᠷᠢ ᠶᠢ ᠡᠵᠡᠮᠰᠢᠭᠦᠯᠦᠨ᠎ᠡ᠃ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠪᠠ ᠵᠠᠯᠠᠭᠤᠴᠤᠳ ᠪᠠᠭᠠᠴᠤᠳ ᠤᠨ ᠭᠡᠷ ᠤᠨ ᠭᠠᠳᠠᠨᠠᠬᠢ ᠬᠥᠳᠡᠯᠭᠡᠭᠡᠨ ᠤ ᠬᠤᠸᠠᠷᠠᠨ ᠢ ᠡᠭᠦᠳᠦᠨ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠣᠯᠠᠨ ᠡᠰᠢᠵᠢᠭᠰᠡᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠨ᠎ᠠ᠃      ︵ᠵᠢᠷᠭᠤᠭ᠎ᠠ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠣᠶᠤᠨᠴᠢᠯᠠᠭᠰᠠᠨ ᠬᠥᠭᠵᠢᠯᠲᠡ ᠶᠢ ᠠᠬᠢᠭᠤᠯᠤᠨ᠎ᠠ      ᠢᠨᠲ᠋ᠧᠷ ᠰᠦᠯᠵᠢᠶ᠎ᠡ᠂ ᠡᠭᠦᠯᠡᠨ ᠪᠣᠳᠣᠯᠲᠠ ᠵᠡᠷᠭᠡ ᠰᠢᠨ᠎ᠡ ᠮᠡᠷᠭᠡᠵᠢᠯ ᠢ ᠬᠡᠷᠡᠭᠯᠡᠨ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠠᠵᠢᠯᠯᠠᠭ᠎ᠠ ᠶᠢ ᠤᠷᠢᠳᠴᠢᠯᠠᠨ ᠵᠠᠬᠢᠶᠠᠯᠠᠬᠤ᠂ ᠤᠷᠤᠯᠳᠤᠭᠠᠨ ᠤ ᠮᠡᠳᠡᠭᠡ ᠵᠠᠩᠭᠢ ᠨᠡᠶᠢᠲᠡᠯᠡᠬᠦ᠂ ᠡᠵᠡᠩᠨᠡᠯᠲᠡ ᠦᠢᠯᠡᠴᠢᠯᠡᠭᠡ ᠶᠢ ᠪᠦᠷᠢᠳᠬᠡᠬᠦ ᠵᠡᠷᠭᠡ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ ᠶᠢ ᠠᠬᠢᠭᠤᠯᠵᠤ᠂ ᠣᠶᠤᠨᠴᠢ ᠪᠡᠶ᠎ᠡ ᠴᠢᠭᠢᠷᠠᠭᠵᠢᠭᠤᠯᠬᠤ ᠲᠦᠭᠦᠭᠡᠷᠦᠮᠵᠢ᠂ ᠣᠶᠤᠨᠴᠢ ᠪᠡᠶ᠎ᠡ ᠴᠢᠭᠢᠷᠠᠭᠵᠢᠭᠤᠯᠬᠤ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠡᠶᠢᠭᠡᠮ ᠤᠨ ᠬᠦᠴᠦᠨ ᠤ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠬᠤᠳᠠᠯᠳᠤᠭᠠᠨ ᠤ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠲᠠᠷᠬᠠᠵᠤ ᠪᠠᠶᠢᠭ᠎ᠠ ᠣᠶᠤᠨᠴᠢ ᠪᠡᠶ᠎ᠡ ᠴᠢᠭᠢᠷᠠᠭᠵᠢᠭᠤᠯᠬᠤ ᠲᠥᠪ᠂ ᠣᠶᠤᠨᠴᠢ ᠪᠡᠶ᠎ᠡ ᠴᠢᠭᠢᠷᠠᠭᠵᠢᠭᠤᠯᠬᠤ ᠣᠷᠳᠣᠨ ᠪᠠᠶᠢᠭᠤᠯᠬᠤ ᠶᠢ ᠵᠣᠷᠢᠭᠵᠢᠭᠤᠯᠤᠨ᠎ᠠ᠃      ︵ᠲᠤᠯᠤᠭ᠎ᠠ︶ ᠪᠡᠶ᠎ᠡ ᠶᠢᠨ ᠲᠠᠮᠢᠷ  ᠎ ᠤᠨ ᠲᠦᠷᠦᠯ  ᠲᠡᠮᠲᠡᠭᠲᠦ ᠤᠷᠤᠯᠳᠤᠭᠠᠨ ᠢ ᠡᠷᠬᠢᠯᠡᠨ᠎ᠡ      ᠣᠲᠣ ᠶᠢᠨ ᠪᠠᠶᠢᠭ᠎ᠠ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠢ ᠪᠠᠷ ᠵᠠᠯᠭᠠᠨ ᠠᠪᠴᠤ᠂ ᠤᠯᠤᠰ ᠤᠨ ᠲᠠᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ᠂ ᠣᠯᠠᠨ ᠤᠯᠤᠰ ᠤᠨ ᠬᠡᠪ ᠪᠠᠷᠢᠮᠵᠢᠶᠠᠲᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠬᠦᠴᠦᠯᠡᠨ ᠳᠠᠭᠠᠭᠠᠴᠢᠯᠠᠨ ᠡᠷᠬᠢᠯᠡᠨ᠎ᠡ᠃ ᠤᠯᠠᠨ ᠤᠯᠤᠰ ᠤᠨ ᠡᠮᠡᠭᠲᠡᠢ ᠶᠢᠨ ᠲᠣᠣᠷ ᠪᠥᠮᠪᠦᠭᠡ ᠶᠢᠨ ᠲᠣᠭᠤᠷᠢᠨ ᠦᠵᠡᠬᠦ ᠤᠷᠤᠯᠳᠤᠭᠠᠨ᠂ ᠹᠷᠠᠨᠼᠢ ᠶᠢᠨ ᠲᠣᠣᠷ ᠪᠥᠮᠪᠦᠭᠡ ᠶᠢᠨ ᠳᠤᠮᠳᠠᠳᠤ ᠤᠯᠤᠰ ᠤᠨ ᠰᠣᠳᠣᠨ ᠤᠷᠤᠯᠳᠤᠭᠠᠨ᠂ ᠪᠦᠬᠦ ᠤᠯᠤᠰ ᠤᠨ ᠡᠷᠡᠭᠲᠡᠢ ᠶᠢᠨ ᠤᠰᠤᠨ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠬᠤᠯᠪᠣᠭᠠᠲᠤ ᠤᠷᠤᠯᠳᠤᠭᠠᠨ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠲᠠᠶᠠᠺᠤᠨᠲᠦ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠤᠷᠤᠯᠳᠤᠭᠠᠨ ᠤ ᠠᠵᠢᠯᠯᠠᠭ᠎ᠠ ᠶᠢ ᠦᠷᠭᠦᠯᠵᠢᠯᠡᠨ ᠭᠥᠯᠢᠶᠡᠨ ᠠᠪᠤᠨ᠎ᠠ᠃ ᠮᠠᠨ ᠤ ᠲᠤᠭᠤᠷᠢᠭ ᠤᠨ ᠣᠨᠴᠠᠯᠢᠭ ᠲᠠᠢ ᠵᠠᠯᠠᠭᠤᠴᠤᠳ ᠪᠠᠭᠠᠴᠤᠳ ᠤᠨ ᠬᠥᠯ ᠪᠥᠮᠪᠦᠭᠡ᠂ ᠲᠣᠣᠷ ᠪᠥᠮᠪᠦᠭᠡ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠦᠷᠨᠢᠭᠦᠯᠵᠦ᠂ ᠴᠢᠩᠱᠠᠨ ᠲᠣᠭᠤᠷᠢᠭ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠨᠠᠷᠠᠲᠤ ᠲᠥᠷᠥᠯ ᠢ ᠴᠤᠭᠴᠠᠯᠠᠨ᠎ᠠ᠃ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠠᠪᠴᠠᠩ ᠢ ᠠᠰᠢᠭᠯᠠᠨ᠂ ᠨᠥᠬᠦᠷᠰᠡᠭ ᠬᠤᠲᠠ᠂ ︽ᠨᠢᠭᠡ ᠪᠦᠰᠡ ᠨᠢᠭᠡ ᠵᠠᠮ︾ ᠳᠠᠭᠠᠤ ᠶᠢᠨ ᠬᠤᠲᠠ ᠯᠤᠭ᠎ᠠ ᠶᠢᠨ ᠪᠡᠶ᠎ᠡ ᠶᠢᠨ ᠲᠠᠮᠢᠷ ᠤᠨ ᠰᠣᠯᠢᠯᠴᠠᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠎ᠠ᠃      ︵ᠨᠠᠢᠮᠠ︶ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ      ᠮᠠᠨ ᠤ  ᠲᠤᠭᠤᠷᠢᠭ ᠤᠨ ᠪᠡᠶ᠎ᠡ ᠶᠢᠨ ᠲᠠᠮᠢᠷ ᠤᠨ ᠡᠬᠢ ᠪᠠᠶᠠᠯᠢᠭ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ᠂ ᠨᠡᠭᠡᠭᠡᠨ ᠬᠥᠭᠵᠢᠭᠦᠯᠬᠦ ᠦᠨ᠎ᠡ ᠥᠷᠲᠡᠭ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠪᠠᠶᠢᠳᠠᠯ ᠢ ᠰᠢᠰᠲ᠋ᠧᠮ ᠲᠠᠢ ᠡᠵᠡᠮᠰᠢᠵᠦ᠂ ᠪᠡᠶ᠎ᠡ ᠶᠢᠨ ᠲᠠᠮᠢᠷ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ᠮᠠᠨ ᠤ ᠲᠤᠭᠤᠷᠢᠭ ᠤᠨ ᠪᠡᠶ᠎ᠡ ᠲᠠᠮᠢᠷ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢᠶᠠᠷ ᠠᠴᠢᠶᠠᠯᠠᠪᠤᠷᠢ ᠪᠣᠯᠭᠠᠨ᠂ ᠪᠡᠶ᠎ᠡ ᠶᠢᠨ ᠲᠠᠮᠢᠷ ᠤᠨ ᠤᠷᠤᠯᠳᠤᠭᠠᠨ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠭᠡᠷ ᠤᠨ ᠭᠠᠳᠠᠨ᠎ᠠ ᠥᠷᠭᠡᠳᠬᠡᠬᠦ ᠪᠤᠯᠪᠠᠰᠤᠷᠠᠯ᠂ ᠤᠰᠤᠨ ᠳᠡᠭᠡᠷᠡᠬᠢ ᠪᠡᠶ᠎ᠡ ᠶᠢᠨ ᠲᠠᠮᠢᠷ᠂ ᠶᠠᠪᠠᠭᠠᠨ ᠭᠦᠶᠦᠬᠦ ᠵᠡᠷᠭᠡ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠬᠦ ᠶᠢᠨ ᠬᠠᠮᠲᠤ ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠲᠥᠷᠥᠯ ᠤᠨ ᠪᠥᠬᠦ ᠲᠠᠯ᠎ᠠ ᠶᠢᠨ ᠬᠥᠭᠵᠢᠯᠲᠡ ᠶᠢ ᠬᠥᠲᠥᠯᠥᠨ ᠵᠢᠯᠤᠭᠤᠳᠴᠤ᠂ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠂ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢ ᠡᠭᠦᠳᠦᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ ᠤᠨ ᠡᠯ᠎ᠡ ᠲᠥᠷᠥᠯ ᠤᠨ ᠤᠷᠤᠯᠳᠤᠭᠠᠨ ᠢ ᠳᠠᠭᠠᠭᠠᠨ ᠠᠪᠴᠤ᠂ ᠤᠯᠤᠰ ᠤᠨ ᠲᠠᠰ᠂ ᠣᠯᠠᠨ ᠤᠯᠤᠰ ᠤᠨ ᠲᠠᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠳᠠᠭᠠᠭᠠᠨ ᠡᠷᠭᠢᠯᠡᠬᠦ ᠪᠠᠷ ᠴᠢᠷᠮᠠᠶᠢᠵᠤ᠂ ᠬᠠᠮᠢᠶ᠎ᠠ ᠪᠦᠬᠦᠢ ᠬᠦᠴᠦᠨ ᠵᠦᠢᠯ ᠢ ᠢᠵᠢ ᠪᠦᠷᠢᠳᠦᠭᠦᠯᠦᠨ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠶᠡᠷᠦᠩᠬᠡᠶᠢᠯᠡᠭᠰᠡᠨ ᠳᠠᠶᠢᠴᠢᠯᠠᠬᠤ ᠦᠢᠯᠡᠳᠦᠯ ᠢᠶᠠᠷ ᠳᠠᠮᠵᠢᠭᠤᠯᠤᠨ᠂ ᠮᠠᠨ ᠤ ᠲᠤᠭᠤᠷᠢᠭ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠵᠤ ᠦᠢᠯᠡᠰ ᠤᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠮᠠᠨ ᠤ ᠲᠤᠭᠤᠷᠢᠭ ᠤᠨ ᠰᠣᠶᠣᠯ ᠤᠨ ᠣᠨᠴᠠᠯᠢᠭ ᠪᠠ ᠡᠬᠢ ᠪᠠᠶᠠᠯᠢᠭ ᠤᠨ ᠣᠨᠴᠠᠯᠢᠭ ᠢ ᠳᠣᠪᠤᠶᠢᠯᠭᠠᠵᠤ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠳᠦᠷᠢᠮ ᠤᠨ ᠬᠡᠯᠪᠡᠷᠢ᠂ ᠵᠣᠬᠢᠶᠠᠨ ᠪᠠᠶᠢᠭᠤᠯᠬᠤ ᠠᠷᠭ᠎ᠠ ᠮᠠᠶ᠋ᠢᠭ᠂ ᠣᠷᠤᠯᠴᠠᠬᠤ ᠳᠦᠷᠢᠮ ᠵᠡᠷᠭᠡ ᠳᠤ ᠲᠣᠬᠢᠷᠠᠭᠤᠯᠤᠯᠲᠠ ᠬᠢᠵᠦ᠂ ᠦᠨᠳᠦᠰᠦᠲᠡᠨ ᠤ ᠪᠡᠶ᠎ᠡ ᠶᠢᠨ ᠲᠠᠮᠢᠷ ᠤᠨ ᠡᠬᠢ ᠪᠠᠶᠠᠯᠢᠭ ᠬᠢᠭᠡᠳ ᠪᠠᠶᠠᠷ ᠳᠤᠷᠠᠰᠬᠠᠯ ᠤᠨ ᠠᠵᠢᠯᠯᠠᠭ᠎ᠠ᠂ ᠵᠢᠭᠤᠯᠴᠢᠯᠠᠯ ᠤᠨ ᠡᠬᠢ ᠪᠠᠶᠠᠯᠢᠭ ᠢ ᠣᠷᠭᠠᠨᠢᠭ ᠢᠶᠠᠷ ᠨᠢᠭᠡᠳᠬᠡᠬᠦ ᠶᠢ ᠠᠬᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠴᠡᠭ ᠵᠡᠷᠭᠡ ᠨᠢ ᠲᠣᠰ ᠪᠡᠶ᠎ᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ᠬᠡᠭᠡᠷ᠎ᠡ ᠠᠶᠠᠯᠠᠬᠤ᠂ ᠮᠣᠷᠢ ᠤᠨᠤᠬᠤ᠂ ᠶᠠᠪᠠᠭᠠᠨ ᠶᠠᠪᠤᠬᠤ ᠵᠡᠷᠭᠡ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠲᠥᠷᠥᠯ ᠵᠦᠢᠯ ᠢ ᠥᠷᠭᠡᠳᠬᠡᠨ ᠨᠡᠭᠡᠭᠡᠨ ᠬᠥᠭᠵᠢᠭᠦᠯᠬᠦ ᠶᠢ ᠢᠳᠡᠪᠬᠢᠲᠡᠢ ᠪᠠᠷ ᠵᠣᠷᠢᠭᠵᠢᠭᠤᠯᠵᠤ᠂ ᠦᠵᠡᠮᠵᠢ ᠶᠢᠨ ᠣᠷᠣᠨ ᠤ ᠡᠬᠢ ᠪᠠᠶᠠᠯᠢᠭ ᠤᠨ ᠣᠨᠴᠠᠯᠢᠭ ᠲᠤ ᠲᠣᠬᠢᠷᠠᠬᠤ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ ᠠᠭᠤᠰᠤᠯᠴᠠᠬᠤ ᠠᠬᠢᠴᠠ ᠶᠢ ᠲᠦᠷᠭᠡᠳᠬᠡᠨ᠎ᠡ᠃ ᠰᠡᠯᠡᠭᠦᠴᠡᠯ ᠤᠨ ᠨᠣᠭᠤᠭᠠᠨ ᠵᠠᠮ᠂ ᠳᠤᠭᠤᠢ ᠲᠡᠷᠭᠡᠨ ᠤ ᠵᠠᠮ᠂ ᠠᠭᠤᠯᠠ ᠠᠪᠠᠷᠢᠬᠤ ᠶᠠᠪᠠᠭᠠᠨ ᠵᠠᠮ ᠵᠡᠷᠭᠡ ᠨᠢᠭᠡ ᠪᠦᠯᠦᠭ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠣᠯᠠᠨ ᠨᠡᠶᠢᠲᠡ ᠶᠢᠨ ᠪᠡᠯᠡᠳᠬᠡᠮᠵᠢ ᠶᠢ ᠪᠦᠲᠦᠭᠡᠨ ᠪᠠᠶᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠰᠠᠨᠠᠭᠠᠴᠢᠯᠠᠭ᠎ᠠ  ᠎ ᠠᠴᠠ ᠪᠠᠨ ᠵᠣᠯᠭᠠᠭᠤᠯᠬᠤ᠂ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠪᠡᠶ᠎ᠡ ᠶᠢᠨ ᠲᠠᠮᠢᠷ ᠤᠨ ᠵᠢᠭᠤᠯᠴᠢᠯᠠᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠪᠡᠶ᠎ᠡ ᠶᠢᠨ ᠲᠠᠮᠢᠷ ᠤᠨ ᠦᠶᠯᠡᠳᠬᠦ ᠦᠢᠯᠡᠰ ᠵᠡᠷᠭᠡ ︽ᠪᠡᠶ᠎ᠡ ᠶᠢᠨ ᠲᠠᠮᠢᠷ +︾ ᠠᠵᠤ ᠠᠬᠤᠶᠢᠯᠠᠯ ᠪᠠ ᠲᠥᠷᠥᠯ ᠵᠦᠢᠯ ᠢ ᠣᠷᠣᠭᠤᠯᠤᠨ ᠠᠪᠴᠢᠷᠠᠵᠤ ᠴᠢᠩᠱᠠᠨ ᠲᠣᠭᠤᠷᠢᠭ ᠲᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠨᠡᠶᠢᠭᠡᠮ ᠢᠶᠠᠷ ᠢᠶᠠᠨ ᠬᠠᠮᠵᠢᠯᠴᠠᠭᠰᠠᠨ᠂ ᠣᠯᠠᠨ ᠨᠡᠶᠢᠲᠡ ᠪᠠᠷ ᠢᠶᠠᠨ ᠣᠷᠣᠯᠴᠠᠭᠰᠠᠨ᠂ ᠬᠠᠤᠯᠢ ᠪᠠᠷ ᠵᠠᠰᠠᠬᠤ ᠪᠠᠷ ᠪᠠᠲᠤᠯᠠᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠵᠢᠴᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠭᠠᠵᠠᠷ ᠬᠡᠷᠡᠭᠯᠡᠬᠦ ᠶᠢ ᠬᠤᠲᠠ ᠬᠥᠳᠡᠭᠡ ᠶᠢᠨ ᠲᠥᠯᠦᠪᠵᠢᠭᠦᠯᠭᠡ᠂ ᠭᠠᠵᠠᠷ ᠰᠢᠷᠣᠢ ᠠᠰᠢᠭᠯᠠᠬᠤ ᠶᠡᠷᠦᠩᠬᠡᠢ ᠲᠥᠯᠦᠪᠵᠢᠭᠦᠯᠭᠡ ᠪᠠ ᠣᠨ ᠤ ᠭᠠᠵᠠᠷ ᠬᠡᠷᠡᠭᠯᠡᠬᠦ ᠲᠥᠯᠥᠪᠯᠡᠭᠡ ᠳᠤ ᠣᠷᠣᠭᠤᠯᠵᠤ᠂ ᠰᠠᠯᠠᠭ᠎ᠠ ᠮᠥᠴᠢᠷ ᠤᠳ ᠬᠠᠮᠵᠢᠯᠴᠠᠨ ᠠᠬᠢᠭᠤᠯᠤᠭᠰᠠᠨ᠂ ᠨᠡᠶᠢᠭᠡᠮ ᠤᠨ ᠳᠠᠶᠢᠴᠢᠯᠠᠯᠲᠠ ᠬᠦᠴᠦᠲᠡᠢ᠂ ᠣᠯᠠᠨ ᠲᠦᠮᠡᠨ ᠥᠷᠭᠡᠨ ᠢᠶᠠᠷ ᠣᠷᠣᠯᠴᠠᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠡᠯ᠎ᠡ ᠰᠠᠯᠠᠭ᠎ᠠ ᠮᠥᠴᠢᠷ ᠤᠳ ᠲᠠᠨᠢᠯᠲᠠ ᠪᠠᠨ ᠳᠡᠭᠡᠭᠰᠢᠯᠡᠭᠦᠯᠦᠨ᠂ ᠬᠠᠮᠵᠢᠯᠴᠠᠭ᠎ᠠ ᠪᠠᠨ ᠴᠢᠩᠭᠠᠳᠬᠠᠨ᠂ ᠬᠠᠷᠠᠯᠲᠠ ᠶᠢᠨ ᠡᠭᠦᠷᠭᠡ ᠪᠠᠨ ᠬᠢᠨᠠᠮᠠᠭᠠᠢ ᠬᠠᠷᠢᠴᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃      ︵ᠬᠤᠶᠠᠷ︶ ᠪᠡᠯᠡ ᠮᠥᠩᠭᠦ ᠶᠢᠨ ᠣᠷᠣᠭᠤᠯᠤᠯᠲᠠ ᠪᠠ ᠬᠠᠮᠢᠶᠠᠷᠤᠯᠲᠠ ᠶᠢ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠶ᠎ᠡ ᠶᠢᠨ ᠲᠠᠮᠢᠷ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠮᠠᠨ ᠤ ᠲᠤᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠪᠠ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠬᠠᠮᠢᠶ᠎ᠠ ᠪᠦᠬᠦᠢ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠷᠤᠳᠠᠯ ᠤᠨ ᠵᠠᠷᠤᠯᠭ᠎ᠠ ᠶᠢ ᠨᠡᠮᠡᠭᠳᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠥᠷᠨᠢᠭᠦᠯᠬᠦ ᠪᠠ ᠦᠢᠯᠡᠴᠢᠯᠡᠭᠡᠨ ᠤ ᠵᠠᠷᠤᠳᠠᠯ ᠤᠨ ᠵᠠᠷᠤᠯᠭ᠎ᠠ ᠶᠢ ᠪᠠᠲᠤᠯᠠᠨ᠎ᠠ᠃ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠨᠡᠶᠢᠭᠡᠮ ᠤᠨ ᠬᠥᠷᠥᠩᠭᠡ ᠬᠠᠮᠲᠤ ᠪᠠᠷ ᠣᠷᠤᠯᠴᠠᠬᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠨᠡᠶᠢᠭᠡᠮ ᠤᠨ ᠬᠥᠷᠥᠩᠭᠡ ᠶᠢ ᠲᠡᠳᠡᠨ ᠠᠪᠴᠢᠷᠠᠵᠤ ᠪᠡᠶ᠎ᠡ ᠶᠢᠨ ᠲᠠᠮᠢᠷ ᠤᠨ ᠲᠠᠯᠠᠪᠤᠷ ᠤᠨ ᠲᠦᠭᠦᠭᠡᠷᠦᠮᠵᠢ ᠶᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠪᠡᠯᠡ ᠣᠷᠣᠭᠤᠯᠬᠤ᠂ ᠳᠡᠮᠵᠢᠬᠦ᠂ ᠬᠠᠨᠳᠢᠪᠯᠡᠬᠤ ᠵᠡᠷᠭᠡ ᠬᠡᠯᠪᠡᠷᠢ ᠪᠠᠷ ᠪᠡᠶ᠎ᠡ ᠶᠢᠨ ᠲᠠᠮᠢᠷ ᠡᠷᠭᠢᠯᠡᠬᠦ ᠳᠤ ᠣᠷᠤᠯᠴᠠᠬᠤ ᠶᠢ ᠵᠣᠷᠢᠭᠵᠢᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠪᠠ ᠦᠷ᠎ᠡ ᠪᠦᠲᠦᠭᠡᠯ ᠢ ᠳᠡᠯᠭᠡᠷᠡᠭᠦᠯᠬᠦ ᠶᠢ ᠳᠡᠮᠵᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠨᠡᠶᠢᠭᠡᠮᠴᠢᠯᠡᠯᠲᠡ᠂ ᠵᠠᠬ᠎ᠠ ᠳᠡᠯᠭᠡᠭᠦᠷᠴᠢᠯᠡᠯᠲᠡ ᠶᠢ ᠪᠡᠶᠡᠯᠡᠭᠦᠯᠦᠨ᠎ᠡ᠃      ︵ᠭᠤᠷᠪᠠ︶ ᠲᠥᠷᠥ ᠶᠢᠨ ᠪᠣᠳᠣᠯᠭ᠎ᠠ ᠪᠠ ᠬᠠᠤᠯᠢ ᠳᠦᠷᠢᠮ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠪᠡᠶ᠎ᠡ ᠶᠢᠨ ᠲᠠᠮᠢᠷ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠷᠠᠳ ᠢᠷᠭᠡᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠶᠢᠨ ᠡᠷᠬᠡ ᠪᠠ ᠪᠡᠶ᠎ᠡ ᠴᠢᠭᠢᠷᠠᠭᠵᠢᠭᠤᠯᠬᠤ ᠶᠢᠨ ᠠᠮᠦᠷ ᠲᠦᠪᠰᠢᠨ ᠢ ᠬᠠᠤᠯᠢ ᠶᠤᠰᠤᠭᠠᠷ ᠪᠠᠲᠤᠯᠠᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠠᠤᠯᠢ ᠬᠡᠷᠡᠭᠵᠢᠭᠦᠯᠬᠦ ᠲᠣᠭᠲᠠᠴᠠ ᠪᠠ ᠬᠠᠤᠯᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠡᠬᠢ ᠪᠠᠶᠠᠯᠢᠭ ᠢ ᠠᠰᠢᠭᠯᠠᠨ ᠤᠯᠠᠨ ᠶᠠᠩᠵᠤ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠥᠯᠥᠪᠯᠡᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠵᠦ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭᠠᠷᠠᠭᠤᠯᠵᠤ᠂ ᠬᠡᠷᠡᠭᠵᠢᠭᠦᠯᠬᠦ ᠲᠥᠯᠥᠪᠯᠡᠭᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ︵ᠳᠥᠷᠪᠡ︶ ᠬᠢᠨᠠᠯᠲᠠ ᠬᠠᠮᠢᠶᠠᠷᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠴᠢᠩᠳᠠᠯᠠᠨ᠎ᠠ᠃ ᠣᠨ ᠤ ᠠᠵᠢᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠬᠢᠭᠤᠯᠬᠤ ᠠᠯᠬᠤᠮ ᠳᠠᠷᠠᠭ᠎ᠠ ᠶᠢ ᠲᠣᠳᠣᠷᠬᠠᠶᠢᠯᠠᠨ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠲᠥᠯᠦᠪᠵᠢᠭᠦᠯᠭᠡ ᠳᠤ ᠣᠷᠣᠭᠤᠯᠬᠤ᠂ ᠵᠠᠷᠤᠳᠠᠯ ᠢ ᠵᠢᠭᠰᠠᠭᠠᠬᠤ᠂ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠡᠳᠬᠦᠨ ᠬᠥᠲᠥᠯᠥᠨ ᠵᠢᠯᠤᠭᠤᠳᠬᠤ ᠪᠠ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠲᠠᠯ᠎ᠠ ᠶᠢᠨ ᠠᠵᠢᠯ ᠳᠤ ᠴᠢᠭᠯᠡᠭᠦᠯᠦᠨ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号