ᠰᠢᠨ᠎ᠡ ᠶᠢ ᠡᠭᠦᠳᠬᠦ ᠪᠠᠷ ᠬᠥᠳᠡᠯᠭᠡᠭᠦᠷ  ᠪᠤᠯᠭᠠᠭᠰᠠᠨ ᠬᠥᠭᠵᠢᠯᠲᠡ ᠶᠢ ᠲᠦᠷᠭᠡᠳᠬᠡᠵᠦ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠣᠶᠢᠵᠢᠭᠤᠯᠤᠨ᠎ᠠ
ᠨᠡᠶᠢᠲᠡᠯᠡᠭᠰᠡᠨ ᠴᠠᠭ᠄
2022/4/27
   
     ᠰᠤᠷᠪᠤᠯᠵᠢᠯᠠᠭᠰᠠᠨ ᠭᠤᠣᠯ ᠰᠡᠳᠦᠪ᠄ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠭᠰᠠᠨ ᠬᠥᠭᠵᠢᠯᠲᠡ ᠶᠢ ᠲᠦᠷᠭᠡᠳᠬᠡᠵᠦ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠣᠶᠢᠵᠢᠭᠤᠯᠤᠨ᠎ᠠ      ᠰᠤᠷᠪᠤᠯᠵᠢᠯᠠᠭᠰᠠᠨ ᠴᠠᠭ᠄ 2022 ᠣᠨ ᠤ 4 ᠰᠠᠷ᠎ᠠ ᠶᠢᠨ 19 ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠬᠠᠨ ᠰᠢᠶᠣᠣ ᠫᠢᠩ      ᠰᠤᠷᠪᠤᠯᠵᠢᠯᠠᠭᠰᠠᠨ ᠠᠬᠤᠢ ᠪᠠᠶᠢᠳᠠᠯ᠄ ᠰᠢᠨ᠎ᠡ ᠪᠠᠶᠢᠳᠠᠯ ᠤᠨ ᠳᠣᠣᠷ᠎ᠠ᠂ ᠨᠡᠮᠡᠭᠳᠡᠯ ᠢ ᠪᠠᠲᠤᠯᠠᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠣᠯᠠᠨ ᠵᠦᠢᠯ ᠤᠨ ᠠᠷᠭ᠎ᠠ ᠬᠡᠯᠪᠡᠷᠢ ᠠᠪᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ ᠵᠦᠢᠯᠡᠰ ᠢ ᠭᠦᠨᠵᠡᠭᠡᠢ ᠠᠭᠤᠳᠠᠯᠵᠤ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠲᠦᠷᠭᠡᠨ ᠴᠤᠭᠯᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠂ ᠦᠢᠯᠡᠴᠢᠯᠡᠭᠡᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠢᠵᠢᠭ ᠤᠨ ᠪᠠᠶᠢᠳᠠᠯ ᠠᠴᠠ ᠪᠣᠯᠤᠭᠰᠠᠨ ᠰᠢᠨ᠎ᠡ ᠬᠤᠪᠢᠷᠠᠯᠲᠠ᠂ ᠰᠢᠨ᠎ᠡ ᠠᠵᠠ ᠲᠣᠬᠢᠶᠠᠯ ᠢ ᠣᠨᠣᠪᠴᠢᠲᠠᠶ ᠡᠵᠡᠮᠰᠢᠭᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠣᠶᠢᠵᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ  ᠴᠢᠩᠭᠠᠷᠠᠭᠤᠯᠤᠨ᠎ᠠ᠃      【ᠬᠥᠲᠥᠯᠥᠭᠴᠢ】      ᠠᠵᠤ ᠠᠬᠤᠶᠢᠯᠠᠯ ᠤᠨ ᠰᠢᠨ᠎ᠡ ᠶᠢ ᠡᠭᠦᠳᠬᠦ ᠨᠡᠮᠡᠭᠳᠡᠯ ᠤᠨ ᠴᠡᠭ ᠢ ᠪᠣᠶᠢᠵᠢᠭᠤᠯᠬᠤ ᠶᠢ ᠵᠢᠯᠤᠭᠤᠳᠬᠤ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠬᠠᠨ ᠰᠢᠶᠣᠣ ᠫᠢᠩ】      ᠨᠢᠭᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠬᠥᠭᠵᠢᠯᠲᠡ ᠶᠢ ᠪᠤᠵᠠᠭᠠᠶᠢᠷᠠᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠠᠬᠢᠭᠤᠯᠬᠤ ᠡᠷᠴᠢᠮ ᠪᠠ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠪᠠᠭ᠎ᠠ ᠠᠵᠤ ᠠᠬᠤᠶᠢᠯᠠᠯ ᠢ ᠲᠡᠳᠬᠦᠨ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ 2021 ᠣᠨ ᠠᠴᠠ ᠣᠲᠣ ᠪᠣᠯᠲᠠᠯ᠎ᠠ᠂ ᠮᠠᠨ ᠤ ᠲᠤᠭᠤᠷᠢᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ 29 ᠮᠠᠭᠠᠳᠯᠠᠨ ᠲᠣᠭᠲᠠᠭᠠᠵᠤ᠂ ᠤᠯᠤᠰ ᠤᠨ ᠲᠠᠰ ᠤᠨ ︽ᠲᠤᠰᠬᠠᠢ ᠨᠠᠷᠢᠯᠢᠭ ᠣᠨᠴᠠ ᠰᠢᠨ᠎ᠡ ᠵᠢᠵᠢᠭ ᠠᠪᠤᠷᠭᠤ︾ ᠠᠵᠤ ᠠᠬᠤᠶᠢᠯᠠᠯ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ 2 ᠨᠡᠮᠡᠭᠳᠡᠪᠡ᠃ ︽ᠬᠤᠤᠰ ᠡᠭᠦᠳᠦᠯᠲᠡ︾ ᠠᠴᠢᠶᠠᠯᠠᠪᠤᠷᠢ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠳᠡᠮᠵᠢᠵᠦ᠂ ᠯᠤ᠋ ᠺᠧ ᠡᠯᠧᠺᠲᠷᠣᠨ ᠬᠤᠳᠠᠯᠳᠤᠭ᠎ᠠ ᠪᠠ ᠪᠡᠭᠡᠵᠢᠩ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠲᠠᠰ ᠤᠨ ᠵᠦᠩ ᠴᠤᠸᠠᠩ ᠣᠷᠣᠨ ᠵᠠᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠬᠦ ᠪᠠᠭᠠᠵᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠰᠢᠯᠢᠳᠡᠭ ᠢᠶᠠᠷ ᠦᠨᠡᠯᠡᠭᠳᠡᠵᠦ᠂ ᠬᠠᠮᠢᠶᠠᠷᠤᠯᠲᠠ ᠪᠠ ᠨᠡᠪᠴᠢᠭᠦᠯᠬᠦ ᠰᠠᠶᠢᠨ ᠬᠢᠷᠢ ᠲᠦᠪᠰᠢᠨ ᠢ ᠢᠯᠡᠷᠡᠭᠦᠯᠪᠡ᠃ ᠰᠢᠯᠢᠳᠡᠭ ᠲᠦᠷᠦᠯ ᠵᠦᠢᠯ ᠢ ᠤᠯᠤᠰ ᠤᠨ ᠪᠠ ᠭᠠᠵᠠᠷ ᠣᠷᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠳᠤ ᠣᠷᠣᠯᠴᠠᠭᠤᠯᠬᠤ ᠪᠠᠷ ᠲᠠᠨᠢᠯᠴᠠᠭᠤᠯᠵᠤ᠂ 2021 ᠣᠨ ᠠᠴᠠ ᠨᠠᠰᠢ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ ᠠᠴᠠ 37 ᠠᠵᠤ ᠠᠬᠤᠶᠢᠯᠠᠯ ᠳᠤ 2756.4 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠣᠯᠭᠤᠵᠤ᠂ ᠳᠤᠮᠳᠠᠳᠤ ᠤᠯᠤᠰ ᠤᠨ ᠴᠥᠮ᠎ᠡ ᠶᠢᠨ ᠤᠮᠠᠷᠠᠲᠤ ᠶᠢᠨ ᠴᠦᠮ᠎ᠡ ᠶᠢᠨ ᠵᠢᠴᠢ ᠬᠤᠩ ᠶᠤᠸᠠᠨ ᠰᠢᠨ᠎ᠡ ᠮᠠᠲ᠋ᠧᠷᠢᠶᠠᠯ ᠤᠨ ᠬᠤᠶᠠᠷ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠤᠨ ᠮᠡᠷᠭᠡᠵᠢᠯ ᠤᠨ ᠪᠣᠭᠤᠮᠲᠠ ᠰᠢᠪᠲᠤᠯᠬᠤ ᠲᠦᠷᠦᠯ ᠤᠨ ︽ᠮᠠᠩᠯᠠᠶᠢᠯᠠᠭᠤᠯᠬᠤ︾ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠵᠠᠢ᠃ ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠪᠣᠯᠪᠠᠰᠤᠷᠠᠭᠤᠯᠤᠯ ᠢ ᠦᠷᠨᠢᠭᠦᠯᠪᠡ᠃ ᠴᠢᠩᠱᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠪᠣᠯᠪᠠᠰᠤᠷᠠᠭᠤᠯᠤᠯ ᠤᠨ ᠬᠤᠷᠠᠯ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠪᠦᠷᠢᠳᠬᠡᠯ ᠵᠢᠴᠢ ᠲᠠᠪᠴᠠᠩ ᠤᠨ ᠪᠣᠯᠪᠠᠰᠤᠷᠠᠭᠤᠯᠤᠯ ᠤᠨ ᠬᠤᠷᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠵᠦ ᠵᠣᠯᠭᠠᠭᠤᠯᠬᠤ ᠬᠤᠷᠠᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠬᠤ ᠡᠷᠴᠢᠮ ᠢ ᠴᠢᠩᠭᠠᠷᠠᠭᠤᠯᠵᠤ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠬᠢᠭᠡᠳ ᠭᠤᠣᠯᠳᠠᠯᠭ᠎ᠠ ᠲᠠᠢ ᠠᠵᠤ ᠠᠬᠤᠶᠢᠯᠠᠯ ᠤᠨ ᠰᠣᠯᠢᠯᠴᠠᠭᠠᠨ ᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ 19 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠣᠯᠣᠭᠰᠠᠨ ᠤ ᠳᠠᠷᠠᠭᠠᠬᠢ ᠡᠳ᠋ ᠤᠨ ᠵᠠᠰᠠᠭ ᠤᠨ ᠨᠥᠬᠦᠪᠦᠷᠢ 529.6 ᠲᠦᠮᠡᠨ ᠲᠥᠭᠦᠷᠢᠭ ᠲᠤ ᠬᠥᠷᠪᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠬᠤᠷᠠᠯ ᠢ ᠳᠠᠭᠠᠭᠠᠴᠢᠯᠠᠨ ᠡᠷᠬᠢᠯᠡᠵᠦ᠂ ᠬᠤᠳᠠ ᠶᠢᠨ ᠲᠠᠪᠤᠨ ᠲᠣᠭᠤᠷᠢᠭ ᠤᠨ 82 ᠰᠢᠨ᠎ᠡ ᠶᠢ ᠡᠭᠦᠳᠬᠦ ᠠᠵᠤ ᠠᠬᠤᠶᠢᠯᠠᠯ ᠤᠨ ᠵᠠᠭᠤ ᠭᠠᠷᠤᠢ ᠲᠥᠯᠥᠭᠡᠯᠡᠭᠴᠢ ᠪᠣᠯᠪᠠᠰᠤᠷᠠᠯ ᠳᠤ ᠣᠷᠣᠯᠴᠠᠵᠤ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠢ ᠰᠢᠨ᠎ᠡ ᠶᠢ ᠡᠭᠦᠳᠬᠦ ᠠᠷᠭ᠎ᠠ ᠶᠢ ᠳᠡᠯᠭᠡᠷᠡᠭᠦᠯᠦᠨ ᠬᠡᠷᠡᠭᠯᠡᠬᠦ ᠪᠠ ᠭᠦᠨᠵᠡᠭᠡᠢ ᠦᠢᠯᠡᠳᠦᠯᠭᠡ ᠳᠤ ᠣᠷᠣᠯᠴᠠᠭᠤᠯᠪᠠ᠃ ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠲᠥᠪᠯᠡᠷᠡᠭᠦᠯᠦᠨ ᠬᠦᠮᠦᠵᠢᠭᠦᠯᠦᠨ᠎ᠡ᠃ ᠠᠷᠪᠠᠨ ᠨᠢᠭᠡᠳᠦᠭᠡᠷ ᠪᠦᠯᠦᠭ ᠠᠵᠤ ᠦᠢᠯᠡᠰ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠴᠢᠳᠠᠪᠤᠷᠢᠲᠠᠨ ᠤ ᠪᠦᠯᠬᠦᠮ ᠨᠡᠶᠢᠲᠡ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠠᠭᠤᠷᠢᠨ ᠭᠠᠵᠠᠷ᠂ ︽ᠲᠠᠯ᠎ᠠ ᠨᠤᠲᠤᠭ ᠤᠨ ᠴᠢᠳᠠᠪᠤᠷᠢᠲᠠᠨ︾ ᠢ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ  ᠲᠤᠭᠤᠷᠢᠭ ᠤᠨ ᠠᠵᠤ ᠠᠬᠤᠶᠢᠯᠠᠯ ︽ᠲᠤᠰᠬᠠᠢ ᠲᠥᠷᠥᠯ ᠢᠶᠠᠷ ᠰᠣᠩᠭᠤᠨ ᠭᠠᠷᠭᠠᠭᠰᠠᠨ ᠬᠤᠪᠢ ᠬᠥᠮᠥᠨ︾ ᠪᠠ ︽ᠳᠠᠭᠠᠭᠤᠯᠤᠭᠴᠢ ᠴᠢᠳᠠᠪᠤᠷᠢᠲᠠᠨ︾ ᠢᠶᠠᠷ ᠲᠣᠰ ᠪᠦᠷᠢ 1 ᠬᠥᠮᠥᠨ᠂ 10 ᠬᠥᠮᠥᠨ ︽ᠲᠠᠯ᠎ᠠ ᠨᠤᠲᠤᠭ ᠤᠨ ᠴᠢᠳᠠᠪᠤᠷᠢᠲᠠᠨ︾ ᠦᠨᠡᠯᠡᠭᠳᠡᠪᠡ᠃ ᠡᠭᠦᠨ ᠤ ᠬᠠᠮᠲᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠠᠷᠪᠠᠨ ᠵᠤᠷᠪᠤᠰ︾ ᠪᠠ ︽ᠴᠢᠳᠠᠪᠤᠷᠢᠲᠠᠨ ᠤ ᠠᠷᠪᠠᠨ ᠵᠤᠷᠪᠤᠰ︾ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠪᠠ ᠤᠷ᠎ᠠ ᠮᠡᠷᠭᠡᠵᠢᠯ ᠤᠨ ᠴᠢᠳᠠᠪᠤᠷᠢᠲᠠᠨ ᠤ ᠬᠤᠣᠰ ᠴᠢᠭᠯᠡᠯ ᠢᠶᠠᠷ ᠲᠤᠰᠢᠶᠠᠯ ᠬᠠᠪᠰᠤᠷᠭᠠᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠤᠶᠠᠨ ᠬᠠᠲᠠᠨ ᠴᠢᠨᠠᠷᠲᠠᠢ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠪᠠ᠃ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠤᠷᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠰᠢᠶᠣᠣ ᠺᠧ ᠶᠠᠨ ᠬᠠᠮᠲᠤᠷᠠᠨ ᠠᠺᠠᠳᠧᠮᠢᠴᠢ ᠶᠢᠨ ᠠᠵᠢᠯ ᠤᠨ ᠦᠷᠳᠡᠭᠡ ᠶᠢ ᠬᠠᠮᠲᠤᠪᠠᠷ ᠪᠠᠶᠢᠭᠤᠯᠬᠤ ᠶᠢ ᠠᠬᠢᠭᠤᠯᠵᠤ᠂ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠪᠣᠯᠣᠨ ᠵᠧᠵᠢᠶᠠᠩ ᠶᠡᠭᠡ ᠰᠤᠷᠭᠠᠭᠤᠯᠢ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠵᠧᠵᠢᠶᠠᠩ ᠶᠡᠭᠡ ᠰᠤᠷᠭᠠᠭᠤᠯᠢ ᠶᠢᠨ ᠴᠠᠬᠢᠭᠤᠷ ᠮᠠᠲ᠋ᠧᠷᠢᠶᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠣᠯᠣᠨ ᠱᠠᠩ ᠵᠢᠢ ᠲᠤᠭᠠᠨ ᠤ ᠡᠵᠡᠮᠰᠢᠯᠲᠦ ᠬᠤᠩ ᠶᠤᠸᠠᠨ ᠰᠢᠨ᠎ᠡ ᠮᠠᠲ᠋ᠧᠷᠢᠶᠠᠯ ᠤᠨ ᠲᠠᠯᠠᠰᠲᠤ ᠶᠢᠨ ᠥᠰᠦᠯᠲᠡ ᠶᠢᠨ ᠰᠢᠨ᠎ᠡ ᠶᠢ ᠡᠭᠦᠳᠬᠦ ᠬᠠᠮᠲᠤᠷᠠᠭᠰᠠᠨ ᠲᠥᠪ ᠢ ᠪᠠᠶᠢᠭᠤᠯᠬᠤ ᠶᠢᠨ ᠬᠠᠮᠲᠤ ᠠᠵᠤ ᠠᠬᠤᠶᠢᠯᠠᠯ ᠤᠨ ᠫᠤᠰᠲ ᠳ᠋ᠣᠺᠲ᠋ᠣᠷ ᠤᠨ ᠨᠡᠭᠦᠳᠡᠯ ᠦᠷᠳᠡᠭᠡ ᠶᠢ ᠪᠠᠶᠢᠭᠤᠯᠪᠠ᠃      【ᠬᠥᠲᠥᠯᠥᠭᠴᠢ】      ᠮᠠᠨ ᠤ ᠲᠤᠭᠤᠷᠢᠭ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠠᠪᠴᠠᠩ ᠤᠨ ᠠᠬᠢᠭᠤᠯᠤᠯᠲᠠ ᠶᠢᠨ ᠪᠠᠶᠢᠳᠠᠯ ᠶᠠᠮᠠᠷ ᠵᠡᠷᠭᠡ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠤᠤ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠬᠠᠨ ᠰᠢᠶᠣᠣ ᠫᠢᠩ】      ᠨᠢᠭᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯᠯᠠᠭᠴᠢ ᠣᠷᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠲᠤ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠡᠭᠦᠳᠦᠨ ᠪᠠᠶᠢᠭᠤᠯᠬᠤ ᠠᠵᠢᠯ ᠥᠷᠨᠢᠭᠦᠯᠬᠦ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠶᠢᠨ ᠲᠥᠯᠦᠪᠵᠢᠭᠦᠯᠭᠡ ᠪᠠ ᠬᠡᠷᠡᠭᠵᠢᠭᠦᠯᠬᠦ ᠲᠥᠰᠥᠯ ᠢ ᠨᠢᠭᠡᠨᠲᠡ ᠲᠣᠭᠲᠠᠭᠠᠪᠠ᠃ ᠪᠥᠬᠦ ᠬᠤᠲᠠ ᠶᠢᠨ ᠶᠡᠷᠦᠩᠬᠡᠢ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ᠪᠡᠭᠡᠵᠢᠩ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠠ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠬᠡᠷᠡᠯ ᠤᠨ ᠬᠥᠨᠳᠡᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠳᠠᠪᠠᠭᠤᠯᠢᠭ ᠢ ᠪᠠᠳᠠᠷᠠᠭᠤᠯᠵᠤ᠂ ᠪᠤᠭᠤᠲᠤ· ᠪᠡᠭᠡᠵᠢᠩ ᠤᠨ ᠬᠠᠢ ᠳ᠋ᠢᠶᠠᠨ ᠤ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢᠰᠦᠭᠡ ᠭᠠᠵᠠᠷ︾ ᠤᠨ ᠪᠣᠳᠠᠲᠠᠶᠢᠵᠢᠭᠰᠠᠨ ᠠᠴᠢᠶᠠᠯᠠᠪᠤᠷᠢ ᠶᠢ ᠢᠳᠡᠪᠬᠢᠲᠡᠢ ᠪᠠᠷ ᠳᠠᠭᠠᠭᠠᠨ ᠠᠪᠴᠤ᠂ ᠪᠥᠬᠦ ᠬᠤᠲᠠ ᠶᠢᠨ ᠣᠷᠣᠨ ᠪᠦᠰᠡ ᠶᠢᠨ ᠰᠢᠨ᠎ᠡ ᠶᠢ ᠡᠭᠦᠳᠬᠦ ᠬᠠᠮᠵᠢᠯᠴᠠᠭᠰᠠᠨ᠂ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠦᠨ ᠲᠠᠷᠬᠠᠭᠠᠬᠤ᠂ ᠰᠢᠨ᠎ᠡ ᠶᠢ ᠡᠭᠦᠳᠬᠦ ᠬᠦᠴᠦᠨ ᠵᠦᠢᠯ ᠢ ᠠᠭᠤᠰᠤᠯᠴᠠᠭᠤᠯᠤᠨ ᠨᠡᠪᠲᠡᠷᠡᠭᠦᠯᠬᠦ ᠴᠢᠬᠤᠯᠠ ᠭᠤᠣᠯ ᠣᠷᠣᠨ ᠢ ᠴᠢᠷᠮᠠᠶᠢᠨ ᠴᠣᠭᠴᠠᠯᠠᠨ᠎ᠠ᠃ ᠬᠤᠶᠠᠷ ᠲᠤ ᠣᠷᠣᠨ ᠪᠦᠰᠡ ᠶᠢᠨ ᠴᠢᠨᠠᠷᠲᠠᠢ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠪᠤᠭᠤᠲᠤ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠭᠠᠵᠠᠷ ᠢ ᠪᠦᠲᠦᠭᠡᠨ ᠪᠠᠶᠢᠭᠤᠯᠵᠤ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ᠂ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ᠂ ᠳᠠᠭᠠᠭᠤᠯᠤᠭᠴᠢ ᠴᠢᠳᠠᠪᠤᠷᠢᠲᠠᠨ ᠢ ᠴᠤᠭᠯᠠᠷᠠᠭᠤᠯᠬᠤ ᠵᠡᠷᠭᠡ ᠬᠦᠴᠦᠨ ᠵᠦᠢᠯ ᠢ ᠨᠢᠭᠡ ᠴᠣᠭᠴᠠᠵᠢᠭᠤᠯᠤᠭᠰᠠᠨ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠠᠶᠢᠭᠤᠯᠤᠨ᠎ᠠ᠃ ᠬᠤᠤ ᠱᠧᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠲᠠᠢ ᠬᠠᠮᠲᠤᠷᠠᠨ ᠪᠠᠷᠠᠭᠤᠨ ᠬᠤᠶᠢᠲᠤ ᠶᠢᠨ ᠰᠤᠳᠤᠯᠭᠠᠨ ᠤ ᠬᠦᠷᠢᠶᠡᠯᠡᠩ ᠢ  ᠪᠠᠶᠢᠭᠤᠯᠤᠨ ᠪᠥᠭᠡᠳ ᠪᠣᠬᠢᠷᠳᠤᠯ ᠦᠭᠡᠢ ᠲᠣᠨᠣᠭᠯᠠᠯ᠂ ᠴᠡᠷᠢᠭ ᠤᠨ ᠬᠡᠷᠡᠭᠯᠡᠭᠡᠨ ᠤ ᠳᠤᠭᠤᠶᠢᠯᠠᠪᠤᠷᠢ ᠦᠢᠯᠡᠳᠬᠦ ᠲᠠᠯ᠎ᠠ ᠪᠠᠷ ᠲᠦᠷᠦᠯ ᠵᠦᠢᠯ ᠤᠨ ᠬᠠᠮᠲᠤᠷᠠᠯᠴᠠᠭ᠎ᠠ ᠪᠠᠨ ᠡᠬᠢᠯᠡᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠢ ᠡᠭᠦᠳᠦᠨ ᠪᠠᠶᠢᠭᠤᠯᠬᠤ ᠴᠢᠬᠤᠯᠠ ᠲᠤᠯᠭᠠᠭᠤᠷᠢᠯᠠᠯ ᠪᠣᠯᠤᠭᠰᠠᠨ ᠤ ᠬᠤᠪᠢ ᠳᠤ᠂ ᠣᠳᠣᠬᠠᠨ ᠳᠤ ᠴᠢᠩᠱᠠᠨ ᠲᠣᠭᠤᠷᠢᠭ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠲᠦᠷᠪᠡᠨ ᠲᠠᠪᠴᠠᠩ ᠤᠨ ᠠᠬᠢᠴᠠ ᠨᠢ ᠳᠣᠣᠷᠠᠬᠢ ᠮᠡᠲᠦ᠄ ᠳᠡᠭᠡᠳᠦ ᠰᠢᠨ᠎ᠡ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠨᠢ ᠣᠳᠣᠬᠠᠨ ᠳᠤ ᠨᠢᠭᠡᠨᠲᠡ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠪᠦᠯᠬᠦᠮ᠂ ᠱᠠᠩᠬᠠᠢ ᠶᠢᠨ ᠴᠠᠬᠢᠯᠭᠠᠨ ᠬᠦᠴᠦᠨ ᠤ ᠴᠠᠬᠢᠯᠭᠠᠨ ᠦᠷᠳᠡᠭᠡ ᠶᠢᠨ ᠪᠦᠯᠦᠭᠯᠡᠯ᠂ ᠱᠠᠨᠰᠢ ᠶᠢᠨ ᠯᠧᠢ ᠱᠧᠨ ᠣᠶᠤᠨᠲᠤ ᠲᠣᠨᠣᠭᠯᠠᠯ ᠤᠨ ᠺᠣᠮᠫᠠᠨᠢ ᠶᠢ ᠣᠷᠣᠭᠤᠯᠤᠨ ᠠᠪᠴᠢᠷᠠᠵᠤ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠯᠤᠭ᠎ᠠ ᠲᠦᠷᠦᠯ ᠵᠦᠢᠯ ᠤᠨ ᠬᠠᠮᠲᠤᠷᠠᠯᠴᠠᠭ᠎ᠠ ᠪᠠ ᠮᠡᠷᠭᠡᠵᠢᠯ ᠤᠨ ᠥᠭᠡᠷᠡᠴᠢᠯᠡᠯᠲᠡ ᠥᠷᠨᠢᠭᠦᠯᠵᠡᠢ᠃ ᠪᠤᠭᠤᠲᠤ ᠶᠢᠨ ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠢᠨ ᠣᠳᠣᠬᠠᠨ ᠳᠤ ᠶᠠᠭ ᠲᠥᠪ ᠤᠨ ᠪᠦᠲᠦᠭᠡᠨ ᠪᠠᠶᠢᠭᠤᠯᠤᠯᠲᠠ ᠪᠠ ᠲᠦᠷᠦᠯ ᠵᠦᠢᠯ ᠢ ᠣᠷᠣᠭᠤᠯᠬᠤ ᠠᠵᠢᠯ ᠢ ᠬᠢᠵᠦ ᠪᠤᠢ᠃ ᠪᠤᠭᠤᠲᠤ ᠶᠢᠨ ᠲᠣᠨᠣᠭᠯᠠᠯ ᠤᠨ ᠠᠵᠤ ᠦᠢᠯᠡᠳᠪᠦᠷᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠣᠨ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠰᠤᠳᠤᠯᠭᠠᠨ ᠤ ᠬᠦᠷᠢᠶᠡᠯᠡᠩ ᠬᠠᠮᠲᠤ ᠪᠠᠷ ︽ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠰᠥᠯ︾ ᠢ ᠲᠤᠭᠤᠷᠪᠢᠵᠤ᠂ ᠮᠠᠰᠢᠨ ᠲᠡᠷᠭᠡᠨ ᠤ ᠡᠵᠡᠮᠰᠢᠭᠦᠷ ᠢ ᠨᠡᠭᠡᠭᠡᠨ ᠠᠰᠢᠭᠯᠠᠬᠤ ᠶᠢᠨ ᠬᠠᠮᠲᠤ ᠪᠧᠢ ᠪᠧᠨ ᠬᠦᠨᠳᠦ ᠺᠠᠷᠲ ᠳᠡᠭᠡᠷ᠎ᠡ ᠪᠥᠭᠡᠮ ᠢᠶᠠᠷ ᠬᠡᠷᠡᠭᠯᠡᠵᠡᠢ᠃ ᠪᠤᠭᠤᠲᠤ ᠬᠤᠲᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠵᠤ ᠬᠡᠮᠵᠢᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠶᠠᠭ ᠰᠦᠯᠵᠢᠶᠡᠨ ᠠᠴᠠ ᠭᠠᠳᠠᠭᠤᠷᠬᠢ ᠪᠦᠲᠦᠭᠡᠨ ᠪᠠᠶᠢᠭᠤᠯᠤᠯᠲᠠ ᠶᠢᠨ ᠲᠥᠰᠥᠯ ᠢ ᠲᠣᠭᠲᠠᠭᠠᠵᠤ᠂ ᠰᠦᠯᠵᠢᠶᠡᠨ ᠳᠡᠭᠡᠷᠡᠬᠢ ᠲᠠᠪᠴᠠᠩ ᠤᠨ ᠰᠠᠭᠤᠷᠢ ᠬᠡᠰᠡᠭ ᠤᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠬᠠᠮᠢᠶ᠎ᠠ ᠪᠦᠬᠦᠢ ᠲᠠᠯ᠎ᠠ ᠶᠢᠨ ᠴᠢᠳᠠᠮᠵᠢ ᠶᠢ ᠨᠢᠭᠡᠨᠲᠡ ᠪᠡᠶᠡᠯᠡᠭᠦᠯᠪᠡ᠃      【ᠬᠥᠲᠥᠯᠥᠭᠴᠢ】      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠯᠳᠠ ᠴᠢᠳᠠᠪᠤᠷᠢ ᠶᠢ ᠬᠥᠭᠵᠢᠭᠡᠬᠦ ᠲᠠᠯ᠎ᠠ ᠪᠠᠷ᠂ ᠲᠠᠷᠠᠭᠠᠴᠢ ᠶᠢᠨ ᠠᠯᠬᠤᠮ ᠤᠨ ᠲᠥᠯᠥᠪᠯᠡᠭᠡ ᠪᠠ ᠲᠣᠬᠢᠷᠠᠭᠤᠯᠤᠯᠲᠠ ᠨᠢ ᠶᠠᠭᠤ ᠶᠠᠭᠤ ᠪᠠᠶᠢᠬᠤ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠬᠠᠨ ᠰᠢᠶᠣᠣ ᠫᠢᠩ】      ᠨᠢᠭᠡ ᠳᠤ ᠰᠢᠨ᠎ᠡ ᠶᠢ ᠡᠭᠦᠳᠬᠦ ᠪᠡᠶᠡᠴᠢ ᠴᠣᠭᠴᠠ ᠶᠢ ᠪᠣᠶᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ︽ᠪᠤᠭᠤᠲᠤ ᠬᠤᠲᠠ ᠶᠢᠨ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠᠨ︾ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ᠂ ᠭᠤᠣᠯᠳᠠᠯᠭ᠎ᠠ ᠲᠠᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠬᠦ ᠵᠡᠷᠭᠡ ᠠᠭᠤᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠬᠤᠶᠠᠷ ᠲᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠪᠣᠶᠢᠵᠢᠭᠤᠯᠬᠤ ᠠᠵᠤ ᠠᠬᠤᠶᠢᠯᠠᠯ ᠢ ᠠᠭᠤᠳᠠᠯᠤᠨ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠮᠡᠷᠭᠡᠵᠢᠯ ᠤᠨ ᠬᠡᠷᠡᠭᠴᠡᠭᠡ ᠶᠢ ᠴᠠᠭ ᠲᠤᠬᠠᠢ ᠳᠤᠨᠢ ᠡᠵᠡᠮᠳᠡᠨ᠂ ᠠᠵᠤ ᠠᠬᠤᠶᠢᠯᠠᠯ ᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ ᠪᠠᠶᠢᠭᠠᠳ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠢ ᠢᠳᠡᠪᠬᠢᠲᠡᠢ ᠪᠠᠷ ᠲᠡᠮᠡᠴᠡᠨ ᠣᠯᠬᠤ ᠶᠢᠨ ᠬᠠᠮᠲᠤ ᠡᠯ᠎ᠡ ᠲᠦᠷᠦᠯ ᠤᠨ ᠵᠦᠢᠯᠡᠰ ᠢ ᠭᠤᠶᠤᠴᠢᠯᠠᠨ ᠮᠡᠳᠡᠭᠦᠯᠬᠦ ᠠᠵᠢᠯ ᠪᠠ ᠨᠢᠭᠡᠨᠲᠡ ᠭᠤᠶᠤᠴᠢᠯᠠᠨ ᠮᠡᠳᠡᠭᠦᠯᠦᠭᠰᠡᠨ ᠵᠦᠢᠯᠡᠰ ᠢ ᠮᠥᠷᠳᠡᠬᠦ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠰᠢᠨ᠎ᠡ ᠶᠢ ᠡᠭᠦᠳᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠬᠤᠶᠠᠷ ᠲᠤ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠬᠦᠴᠦᠯᠡᠨ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠳᠠᠭᠠᠵᠤ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠡᠭᠦᠳᠦᠨ ᠪᠠᠶᠢᠭᠤᠯᠬᠤ᠂ ᠳᠤᠮᠳᠠᠳᠤ ᠤᠯᠤᠰ ᠤᠨ ᠴᠥᠮ᠎ᠡ ᠶᠢᠨ ᠵᠡᠪᠰᠡᠭ ᠤᠨ ᠤᠮᠠᠷᠠᠲᠤ ᠶᠢᠨ ᠴᠥᠮ᠎ᠡ ᠶᠢᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠰᠠᠭᠤᠷᠢᠨ ᠭᠠᠵᠠᠷ ᠲᠤ ᠪᠦᠲᠦᠮᠵᠢᠲᠡᠢ ᠲᠦᠷᠦ ᠶᠢᠨ ᠪᠤᠳᠤᠯᠭ᠎ᠠ ᠶᠢᠨ ᠦᠢᠯᠡᠴᠢᠯᠡᠭᠡ ᠶᠢ ᠬᠠᠩᠭᠠᠨ᠎ᠠ᠃ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠬᠢᠭᠡᠳ ᠳᠤᠮᠳᠠᠳᠤ ᠤᠯᠤᠰ ᠤᠨ ᠴᠡᠷᠢᠭ ᠵᠡᠪᠰᠡᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠮᠠᠨ ᠤ ᠲᠤᠭᠤᠷᠢᠭ ᠤᠨ ᠥᠨᠳᠥᠷ ᠬᠢᠷᠢ ᠲᠦᠪᠰᠢᠨ ᠪᠦᠬᠦᠢ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠦᠲᠦᠭᠡᠨ ᠪᠠᠶᠢᠭᠤᠯᠤᠨ᠎ᠠ᠃ ᠬᠤᠩ ᠶᠤᠸᠠᠨ ᠰᠢᠨ᠎ᠡ ᠮᠠᠲ᠋ᠧᠷᠢᠶᠠᠯ᠂ ᠱᠠᠨ ᠱᠠᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠴᠢᠳᠠᠪᠤᠷᠢ ᠪᠠᠷ ᠴᠢᠩᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠲᠤ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠨᠥᠬᠦᠴᠡᠯ ᠪᠣᠯᠪᠠᠰᠤᠷᠠᠩᠭᠤᠢ ᠪᠣᠯᠤᠭᠰᠠᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠶᠢ ᠪᠤᠭᠤᠲᠤ ᠬᠤᠲᠠ ᠵᠢᠴᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠡᠭᠦᠷ ᠪᠠ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠳᠤ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠭᠤᠷᠪᠠ ᠳᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯ ᠢ ᠦᠷᠭᠦᠯᠵᠢᠯᠡᠨ ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠨᠠᠷᠠᠲᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ ᠢ ᠭᠦᠢᠴᠡᠳ ᠠᠰᠢᠭᠯᠠᠨ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠣᠯᠭᠠᠭᠤᠯᠬᠤ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号