︽ᠴᠢᠩᠱᠠᠨ ᠲᠣᠭᠤᠷᠢᠭ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/5/11
     ᠴᠢᠩᠱᠠᠨ ᠵᠠᠰᠠᠭ ᠠᠯᠪᠠᠨ ᠲᠠᠷᠬᠠᠭᠠᠭᠰᠠᠨ 〔2022〕 2 ᠳ᠋ᠤᠭᠠᠷ ᠲᠣᠭᠠᠲᠤ      ︽ᠴᠢᠩᠱᠠᠨ ᠲᠣᠭᠤᠷᠢᠭ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ      ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠸᠠᠷ ᠫᠤᠤᠵᠢᠩ ᠲᠠᠯᠪᠢᠬᠤ᠂ ᠭᠠᠯ ᠳᠦᠷᠡᠯᠵᠡᠭᠦᠯᠬᠦ ᠵᠡᠷᠭᠡ ᠦᠶᠯᠡ ᠠᠵᠢᠯᠯᠠᠭ᠎ᠠ ᠠᠴᠠ ᠪᠣᠯᠵᠤ ᠠᠭᠠᠷ ᠤᠨ ᠪᠣᠬᠢᠷᠳᠤᠯ ᠡᠭᠦᠰᠬᠦ ᠠᠴᠠ ᠵᠠᠶᠢᠯᠠᠰᠬᠢᠵᠦ᠂ ᠮᠠᠨ ᠤ ᠲᠤᠭᠤᠷᠢᠭ ᠤᠨ ᠠᠷᠠᠳ ᠲᠦᠮᠡᠨ ᠤ ᠠᠮᠤᠷ ᠲᠦᠪᠰᠢᠨ᠂ ᠥᠯᠵᠡᠢ ᠪᠡᠯᠭᠡ ᠲᠠᠢ᠂ ᠪᠣᠬᠢᠷᠳᠤᠯ ᠦᠭᠡᠢ᠂ ᠡᠷᠡᠭᠦᠯ ᠮᠡᠨᠳᠦ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠶᠢᠨ ᠲᠤᠰᠠᠳᠠ᠂ ᠡᠳᠦᠭᠡ ︽ᠴᠢᠩᠱᠠᠨ ᠲᠣᠭᠤᠷᠢᠭ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠎ ᠢ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠡᠯ᠎ᠡ ᠨᠢᠭᠡᠴᠡ ᠨᠦᠭᠦᠳ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃      ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ      2022 ᠣᠨ ᠤ 1 ᠰᠠᠷ᠎ᠠ ᠶᠢᠨ 28᠎ ᠤ ᠡᠳᠦᠷ      ᠴᠢᠩᠱᠠᠨ ᠲᠣᠭᠤᠷᠢᠭ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ      ᠬᠤᠸᠠᠷ ᠫᠤᠤᠵᠢᠩ ᠲᠠᠯᠪᠢᠬᠤ᠂ ᠺᠦᠩ ᠮᠢᠩ ᠳ᠋ᠧᠩ ᠠᠰᠠᠭᠠᠬᠤ᠂ ᠭᠠᠯ ᠳᠦᠷᠡᠯᠵᠡᠭᠦᠯᠬᠦ ᠪᠠ ᠳᠠᠬᠢᠯᠭ᠎ᠠ ᠶᠢᠨ ᠬᠡᠷᠡᠭᠰᠡᠯ ᠢ ᠰᠢᠲᠠᠭᠠᠬᠤ ᠬᠠᠮᠢᠶᠠᠷᠤᠯᠲᠠ ᠶᠢ ᠴᠢᠩᠭᠠᠳᠬᠠᠵᠦ᠂ ︽ᠴᠡᠯᠮᠡᠭ ᠲᠡᠭᠷᠢ ᠶᠢ ᠬᠠᠮᠠᠭᠠᠯᠠᠬᠤ ᠳᠠᠶᠢᠨ︾᠎ ᠢ ᠦᠷᠭᠦᠯᠵᠢᠯᠡᠨ ᠰᠠᠶᠢᠲᠤᠷ ᠬᠢᠵᠦ᠂ ᠠᠭᠠᠷ ᠮᠠᠨᠳᠠᠯ ᠤᠨ ᠣᠷᠴᠢᠨ ᠲᠣᠭᠤᠷᠢᠨ ᠳᠤ ᠤᠴᠠᠷᠠᠭᠤᠯᠬᠤ ᠬᠤᠣᠷ ᠬᠥᠨᠥᠭᠡᠯ ᠢ ᠪᠠᠭᠠᠰᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠪᠠ ᠬᠥᠮᠥᠨ ᠤ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠠᠷᠭ᠎ᠠ︾ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ︾ ︽ᠪᠤᠭᠤᠲᠤ ᠬᠤᠲᠠ ᠶᠢᠨ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ︾ ︽ᠪᠤᠭᠤᠲᠤ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ︽ᠬᠤᠸᠠᠷ ᠫᠤᠤᠵᠢᠩ ᠲᠠᠯᠪᠢᠬᠤ᠂ ᠺᠦᠩ ᠮᠢᠩ ᠳ᠋ᠧᠩ ᠠᠰᠠᠭᠠᠬᠤ᠂ ᠭᠠᠯ ᠳᠦᠷᠡᠯᠵᠡᠭᠦᠯᠬᠦ ᠪᠠ ᠲᠠᠬᠢᠯᠭ᠎ᠠ ᠶᠢᠨ ᠬᠡᠷᠡᠭᠰᠡᠯ ᠢ ᠰᠢᠲᠠᠭᠠᠬᠤ ᠶᠢ ᠴᠠᠭᠠᠵᠠᠯᠠᠬᠤ ᠲᠤᠬᠠᠢ ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ︵ᠳᠤᠤᠷ᠎ᠠ ︽ᠲᠣᠭᠲᠠᠭᠠᠯ︾ ᠭᠡᠵᠦ ᠲᠣᠪᠴᠢᠯᠠᠨ᠎ᠠ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠤᠨᠴᠠᠭᠠᠶᠢᠯᠠᠨ ᠳᠣᠣᠷᠠᠬᠢ ᠮᠡᠲᠦ ᠬᠡᠷᠡᠭᠵᠢᠭᠦᠯᠬᠦ ᠲᠥᠰᠥᠯ ᠢ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡᠲᠡᠢ᠂ ᠬᠠᠮᠲᠤᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︽ᠲᠣᠭᠲᠠᠭᠠᠯ︾᠎ ᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠪᠦᠬᠦᠯᠢ ᠴᠣᠭᠴᠠ ᠪᠠ ᠭᠤᠣᠯᠳᠠᠯᠭ᠎ᠠ ᠶᠢ ᠨᠢᠭᠡᠳᠦᠯᠲᠡᠢ ᠲᠥᠯᠥᠪᠯᠡᠨ᠂ ᠣᠳᠣᠬᠠᠨ ᠤ ᠪᠠ ᠠᠯᠤᠰ ᠬᠡᠲᠦ ᠶᠢ ᠬᠠᠮᠲᠤ ᠳᠤᠨᠢ ᠬᠠᠷᠠᠭᠠᠯᠵᠠᠵᠤ᠂ ᠬᠥᠬᠡ ᠣᠭᠲᠠᠷᠭᠤᠢ ᠶᠢ ᠰᠠᠬᠢᠨ ᠬᠠᠮᠠᠭᠠᠯᠠᠬᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠳᠡᠭᠡᠳᠦ ᠬᠡᠮᠵᠢᠶᠡᠨ ᠳᠤ ᠵᠣᠭᠰᠣᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠣᠭᠤᠮᠲᠠ ᠰᠢᠪᠲᠤᠯᠬᠤ ᠲᠡᠶᠢᠨ ᠤ ᠢᠯᠠᠯᠲᠠ ᠶᠢ ᠵᠠᠪᠠᠯ ᠣᠯᠬᠤ ᠬᠡᠷᠡᠭᠲᠡᠢ᠃      ᠬᠤᠶᠠᠷ᠂ ᠡᠭᠦᠷᠭᠡ ᠬᠠᠷᠠᠯᠲᠠ      ᠮᠠᠨ ᠤ ᠲᠤᠭᠤᠷᠢᠭ ᠤᠨ ᠬᠠᠮᠢᠶᠠᠷᠤᠨ ᠡᠵᠡᠮᠳᠡᠬᠦ ᠣᠷᠣᠨ ᠪᠦᠰᠡ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠵᠢᠮ᠎ᠡ ᠶᠣᠰᠣ ᠶᠢᠨ ᠣᠨᠴᠠᠯᠢᠭ ᠲᠠᠢ ᠤᠶᠠᠯᠳᠤᠭᠤᠯᠤᠨ᠂ ᠲᠣᠰ ᠡᠳᠦᠷ ᠠᠴᠠ ᠡᠬᠢᠯᠡᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠳᠤᠷᠢᠳᠤᠯᠭ᠎ᠠ ᠴᠡᠭ ᠲᠤ ᠰᠠᠭᠤᠵᠤ ᠬᠡᠰᠡᠭ ᠭᠠᠵᠠᠷ ᠢ ᠳᠠᠭᠠᠭᠠᠴᠢᠯᠠᠨ ᠱᠠᠯᠠᠪᠳᠠᠭᠤᠯᠬᠤ᠂ ᠵᠠᠩᠭᠢᠯᠠᠭ᠎ᠠ ᠶᠢᠨ ᠰᠠᠯᠠᠭ᠎ᠠ ᠮᠥᠴᠢᠷ ᠤᠨ ᠬᠠᠮᠲᠤᠷᠠᠨ ᠠᠵᠢᠯᠯᠠᠵᠤ ᠬᠠᠮᠲᠤᠷᠠᠨ ᠬᠥᠳᠡᠯᠦᠯᠴᠡᠬᠦ ᠵᠡᠷᠭᠡ ᠬᠦᠴᠦᠲᠡᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠨᠠᠮ ᠵᠠᠰᠠᠭ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠨᠢᠭᠲᠠᠷᠠᠭᠤᠯᠤᠨ ᠬᠦᠴᠦ ᠪᠠᠨ ᠬᠠᠮᠲᠤᠳᠬᠠᠬᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ︾ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠮᠠᠨ ᠤ ᠲᠤᠭᠤᠷᠢᠭ ‍ᠤᠨ‌ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ ᠳᠤ ︽ᠣᠭᠲᠣᠬᠠᠨ ᠴᠤ ᠨᠣᠴᠣᠭᠠᠬᠤ ᠦᠭᠡᠢ︾᠂ ᠬᠤᠸᠠᠷ ᠫᠤᠤᠵᠢᠩ ︽ᠣᠭᠲᠣᠬᠠᠨ ᠴᠤ ᠪᠣᠷᠣᠯᠠᠭᠤᠯᠬᠤ ᠦᠭᠡᠢ︾᠂ ᠬᠤᠸᠠᠷ ᠫᠤᠤᠵᠢᠩ ᠲᠠᠯᠪᠢᠭᠰᠠᠨ ᠠᠴᠠ ᠪᠣᠯᠤᠭᠰᠠᠨ ᠭᠠᠯ ᠤᠨ ᠠᠶᠤᠯ᠂ ᠬᠥᠮᠥᠨ ᠬᠠᠷ᠎ᠠ ᠦᠬᠦᠵᠦ ᠰᠢᠷᠬᠠᠲᠤᠭᠰᠠᠨ ᠵᠢᠴᠢ ᠪᠤᠰᠤᠳ ᠡᠯ᠎ᠡ ᠲᠥᠷᠥᠯ ᠤᠨ ᠬᠡᠷᠡᠭ ᠶᠠᠪᠤᠳᠠᠯ ᠢ ︽ᠣᠭᠲᠣᠬᠠᠨ ᠴᠤ ᠭᠠᠷᠭᠠᠬᠤ ᠦᠭᠡᠢ︾᠎ ᠶᠢ ᠪᠡᠶᠡᠯᠡᠭᠦᠯᠵᠦ᠂ ᠬᠤᠲᠠ ᠶᠢᠨ ᠣᠷᠴᠢᠨ ᠲᠣᠭᠤᠷᠢᠨ ᠪᠠ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃      ᠭᠤᠷᠪᠠ᠂ ᠴᠠᠭ ᠬᠤᠭᠤᠴᠠᠭ᠎ᠠ ᠪᠠ ᠣᠷᠣᠨ ᠪᠦᠰᠡ      ᠴᠢᠩᠱᠠᠨ ᠲᠣᠭᠤᠷᠢᠭ ᠤᠨ ᠪᠦᠬᠦ ᠨᠤᠲᠤᠭ ᠳᠡᠪᠢᠰᠬᠡᠷ ᠲᠤ ᠪᠦᠬᠦ ᠵᠢᠯ ᠢᠶᠠᠷ ᠢᠶᠠᠨ ᠰᠢᠲᠠᠭᠠᠬᠤ ᠶᠢ ᠴᠠᠭᠠᠵᠠᠯᠠᠨ᠎ᠠ᠃      ᠳᠦᠷᠪᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠴᠢᠩᠱᠠᠨ ᠲᠣᠭᠤᠷᠢᠭ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠣᠭᠤᠷᠢᠭ ᠤᠨ ᠳᠠᠷᠤᠭ᠎ᠠ ᠪᠠᠢ ᠶᠦᠨ ᠰᠢ ᠳᠤᠭᠤᠶᠢᠯᠠᠩ ᠤᠨ ᠳᠠᠷᠤᠭ᠎ᠠ ᠪᠣᠯᠭᠠᠵᠤ᠂ ᠲᠣᠭᠤᠷᠢᠭ ᠤᠨ ᠳᠡᠳ᠋ ᠳᠠᠷᠤᠭ᠎ᠠ ᠭᠤᠤ ᠶᠢᠨ ᠮᠢᠩ ᠪᠠ ᠦ᠋ ᠬᠤᠤ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠪᠯᠡᠯ ᠤᠨ ᠬᠤᠷᠢᠶ᠎ᠠ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠤᠪᠢᠶᠠᠷᠢ ᠲᠣᠪᠴᠢᠶ᠎ᠠ᠂ ᠠᠮᠢ ᠠᠬᠤᠢ ᠤᠷᠴᠢᠨ ᠲᠤᠭᠤᠷᠢᠨ ᠤ ᠬᠤᠪᠢᠶᠠᠷᠢ ᠲᠤᠪᠴᠢᠶ᠎ᠠ ᠪᠠ ᠡᠯ᠎ᠡ ᠵᠡᠭᠡᠯᠢ ᠪᠠᠯᠭᠠᠰᠦ ᠶᠢᠨ ᠠᠯᠪᠠᠨ ᠭᠡᠷ ᠢᠶᠠᠷ ᠪᠦᠷᠢᠯᠳᠦᠭᠦᠨ ᠨᠢᠭᠡᠴᠡ ᠪᠤᠯᠭᠠᠨ᠎ᠠ᠃      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ︵︽ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠯᠪᠠᠨ ᠭᠡᠷ︾ ᠭᠡᠵᠦ ᠲᠣᠪᠴᠢᠯᠠᠨ᠎ᠠ︶ ᠲᠤᠬᠢᠷᠠᠭᠤᠯᠵᠦ᠂ ᠠᠯᠪᠠᠨ ᠭᠡᠷ ᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠤ ᠪᠠᠶᠢᠷᠢᠯᠠᠭᠤᠯᠵᠤ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ ᠸᠠᠩ ᠴᠦᠨ ᠶᠠᠩ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ ᠵᠠᠩ ᠱᠧᠩ ᠯᠢ ᠪᠠ ᠪᠠᠶᠢᠳᠠᠯ ᠢ ᠵᠢᠭᠠᠬᠤ ᠲᠥᠪ ᠤᠨ ᠡᠷᠬᠢᠯᠡᠭᠴᠢ ᠯᠢᠦ ᠰᠢᠤᠸᠠᠨ‌‍ᠲ᠋ᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠡᠳᠦᠷ ᠲᠤᠲᠤᠮ ᠤᠨ ᠬᠠᠮᠲᠤᠷᠠᠨ ᠬᠥᠳᠡᠯᠦᠯᠴᠡᠬᠦ ᠪᠠ ᠳᠤᠷᠠᠰᠬᠠᠯ ᠤᠨ ᠡᠳᠦᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃      ᠲᠠᠪᠤ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠤᠲᠤᠷᠬᠠᠶᠢᠯᠠᠨ᠎ᠠ      ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠄ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠦᠷᠦᠭᠦᠯᠡᠨ ᠴᠠᠭᠠᠵᠠᠯᠠᠬᠤ ᠬᠢᠵᠠᠭᠠᠷᠯᠠᠬᠤ ᠲᠠᠯᠪᠢᠬᠤ ᠲᠣᠭᠲᠠᠭᠠᠯ ᠢ ᠵᠢᠷᠤᠮᠯᠠᠬᠤ ᠶᠢ ᠬᠥᠮᠥᠵᠢᠭᠦᠯᠦᠨ ᠱᠠᠯᠠᠪᠳᠠᠭᠤᠯᠬᠤ ᠶᠢ ᠬᠠᠷᠢᠭᠤᠴᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠦᠷᠦᠭᠦᠯᠡᠨ ᠰᠠᠨᠠᠭᠠᠴᠢᠯᠠᠭ᠎ᠠ ᠠᠴᠠ ᠪᠠᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠣᠭᠲᠠᠭᠠᠯ ᠢ ᠵᠢᠷᠤᠮᠯᠠᠬᠤ ᠶᠢ ᠬᠥᠮᠥᠵᠢᠭᠦᠯᠦᠨ ᠬᠥᠲᠥᠯᠥᠨ ᠵᠢᠯᠤᠭᠤᠳᠴᠤ᠂ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠬᠤ ᠦᠶᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠢᠳᠬᠠᠨ ᠬᠤᠷᠢᠭᠯᠠᠬᠤ ᠶᠢ ᠬᠠᠷᠢᠭᠤᠴᠠᠨ᠎ᠠ᠃        ᠲᠤᠭᠤᠷᠢᠭ ᠤᠨ ᠬᠤᠷᠢᠶ᠎ᠠ ᠶᠢᠨ ᠤᠬᠠᠭᠤᠯᠬᠤ ᠬᠡᠯᠲᠡᠰ᠄ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠤᠬᠠᠭᠤᠯᠭ᠎ᠠ ᠶᠢᠨ ᠲᠥᠰᠥᠯ ᠢ ᠬᠠᠷᠢᠭᠤᠴᠠᠨ ᠲᠣᠭᠲᠠᠭᠠᠵᠤ᠂ ᠤᠬᠠᠭᠤᠯᠭ᠎ᠠ ᠶᠢᠨ ᠪᠠᠷᠢᠮᠵᠢᠶ᠎ᠠ ᠶᠢ ᠨᠢᠭᠡᠳᠬᠡᠨ᠂ ᠰᠢᠲᠠᠭᠠᠬᠤ ᠶᠢ ᠴᠠᠭᠠᠵᠠᠯᠠᠬᠤ ᠴᠢᠬᠤᠯᠠ ᠴᠢᠨᠠᠷ᠂ ᠪᠣᠯᠪᠠᠰᠤᠨ ᠴᠢᠨᠠᠷ᠂ ᠠᠮᠤᠷ ᠲᠦᠪᠰᠢᠨ ᠴᠢᠨᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠨᠠᠷ ᠤᠨ ᠤᠬᠠᠭᠤᠯᠭ᠎ᠠ ᠶᠢ ᠴᠢᠩᠭᠠᠳᠬᠠᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠵᠠᠳᠠᠯᠤᠯᠲᠠ ᠶᠢ ᠴᠢᠩᠭᠠᠳᠬᠠᠵᠤ᠂ ᠵᠥᠪ ᠲᠠᠯ᠎ᠠ ᠠᠴᠠ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ︔ ᠬᠠᠮ ᠵᠠᠭᠤᠴᠢᠯᠠᠭᠤᠷ ᠤᠨ ᠲᠥᠪ ᠨᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠵᠠᠭᠤᠴᠢᠯᠠᠭᠤᠷ ᠢ ᠠᠰᠢᠭᠯᠠᠨ ᠰᠢᠲᠠᠭᠠᠬᠤ ᠶᠢ ᠴᠠᠭᠠᠵᠠᠯᠠᠬᠤ ᠲᠣᠭᠲᠠᠭᠠᠯ ᠢ ᠥᠷᠭᠡᠨ ᠢᠶᠠᠷ ᠤᠬᠠᠭᠤᠯᠬᠤ ᠬᠡᠷᠡᠭᠲᠡᠢ᠃      ᠰᠤᠷᠭᠠᠨ ᠬᠥᠮᠦᠵᠢᠯ ᠤᠨ ᠲᠣᠪᠴᠢᠶ᠎ᠠ᠄ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠰᠤᠷᠤᠭᠴᠢᠳ ︽ᠭᠠᠷ ᠭᠠᠷ ᠢᠶᠠᠨ ᠬᠤᠯᠪᠣᠯᠴᠠᠨ︾᠂ ᠭᠡᠷ ᠤᠨ ᠠᠬᠠᠮᠠᠳ ᠲᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠣᠭᠲᠠᠭᠠᠯ ᠢ ᠤᠬᠠᠭᠤᠯᠤᠨ᠎ᠠ᠃      ᠠᠷᠠᠳ ᠤᠨ ᠶᠠᠪᠤᠳᠠᠯ ᠤᠨ ᠲᠣᠪᠴᠢᠶ᠎ᠠ᠄ ᠣᠷᠤᠭ ᠤᠨ ᠳᠠᠩᠰᠠᠯᠠᠯᠲᠠ ᠬᠢᠯᠭᠡᠬᠦ ᠣᠯᠠᠨ ᠲᠦᠮᠡᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠨ᠎ᠠ᠃      ᠬᠠᠤᠯᠢ ᠴᠠᠭᠠᠵᠠ ᠶᠢᠨ ᠲᠣᠪᠴᠢᠶ᠎ᠠ᠄ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠵᠡᠷᠭᠡ ᠠᠵᠢᠯ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠢ ᠰᠤᠷᠭᠠᠨ ᠬᠥᠮᠥᠵᠢᠭᠦᠯᠵᠦ ᠪᠠᠶᠢᠭᠠᠳ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠣᠭᠲᠠᠭᠠᠯ ᠢ ᠤᠬᠠᠮᠰᠠᠷ  ᠎ ᠠᠴᠠ ᠪᠠᠨ ᠵᠢᠷᠤᠮᠯᠠᠭᠤᠯᠤᠨ᠎ᠠ᠃      ᠡᠳ᠋ ᠤᠨ ᠵᠠᠰᠠᠭ ᠤᠨ ᠲᠣᠪᠴᠢᠶ᠎ᠠ᠄ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠪᠠ ᠰᠠᠯᠠᠭ᠎ᠠ ᠮᠥᠴᠢᠷ ᠤᠨ ᠲᠥᠰᠥᠪ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠬᠢᠨᠠᠨ ᠬᠠᠷᠭᠤᠭᠤᠯᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ︽ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠮᠡᠳᠡᠭᠳᠡᠯ ᠤᠨ ᠪᠢᠴᠢᠭ︾᠎ ᠢ ᠬᠠᠷᠢᠭᠤᠴᠠᠨ ᠦᠢᠯᠡᠳᠴᠦ᠂ ᠪᠠᠷᠢᠯᠭ᠎ᠠ ᠶᠢᠨ ᠭᠠᠵᠠᠷ ᠤᠨ ᠥᠮᠴᠢᠲᠡᠨ ᠳᠤ ᠲᠠᠷᠬᠠᠭᠠᠨ᠎ᠠ︔ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠴᠡ ᠶᠢ ᠱᠠᠯᠠᠪᠳᠠᠭᠤᠯᠵᠦ ᠪᠠᠶᠢᠭᠠᠳ ᠠᠳᠠᠯ ᠠᠬᠤᠢ ᠶᠢᠨ ᠦᠢᠯᠡᠴᠢᠯᠡᠭᠡᠨ ᠤ ᠡᠲᠡᠭᠡᠳ ᠲᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠵᠢᠵᠢᠭ ᠲᠣᠭᠤᠷᠢᠭ ᠲᠤ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠬᠤ ᠦᠵᠡᠭᠳᠡᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠄ G6 ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠮᠠᠨ ᠤ ᠲᠤᠭᠤᠷᠢᠭ ᠲᠤ ᠣᠷᠣᠵᠤ ᠢᠷᠡᠬᠦ ᠡᠯ᠎ᠡ ᠲᠥᠷᠥᠯ ᠤᠨ ᠲᠡᠷᠭᠡ ᠬᠥᠰᠬᠡ ᠳᠤ ᠬᠤᠸᠠᠷ ᠫᠤᠤᠵᠢᠩ ᠲᠡᠭᠡᠭᠡᠵᠦ ᠪᠠᠶᠢᠭ᠎ᠠ ᠪᠠᠶᠢᠳᠠᠯ ᠢ ᠴᠡᠭ ᠪᠠᠶᠢᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃      ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠡᠯ᠎ᠡ ᠡᠮᠴᠢᠯᠡᠭᠡᠨ ᠤ ᠨᠢᠭᠡᠴᠡ ᠶᠢ ᠵᠢᠯᠣᠭᠤᠳᠤᠨ ᠱᠠᠯᠠᠪᠳᠠᠭᠤᠯᠵᠦ ᠪᠠᠶᠢᠭᠠᠳ ᠤᠬᠠᠭᠤᠯᠬᠤ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ ᠡᠮᠴᠢᠯᠡᠭᠡᠨ ᠤ ᠠᠪᠤᠷᠠᠨ ᠵᠠᠰᠠᠯᠲᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠴᠠᠭᠤᠯᠤᠨ᠎ᠠ᠃      ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠡᠵᠡᠩᠨᠡᠯᠲᠡ ᠶᠢᠨ ᠨᠢᠭᠡᠴᠡ ᠶᠢᠨ ᠵᠥᠪᠰᠢᠶᠡᠷᠡᠯ ᠦᠭᠡᠢ ᠪᠠᠷ ᠬᠤᠸᠠᠷ ᠫᠤᠤᠵᠢᠩ ᠡᠵᠡᠩᠨᠡᠬᠦ ᠪᠤᠶᠤ ᠵᠥᠪᠰᠢᠶᠡᠷᠡᠯ ᠤᠨ ᠬᠡᠪᠴᠢᠶ᠎ᠡ ᠠᠴᠠ ᠬᠡᠲᠦᠷᠡᠭᠦᠯᠦᠨ ᠬᠤᠸᠠᠷ ᠫᠤᠤᠵᠢᠩ ᠡᠵᠡᠩᠨᠡᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ  ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠦᠨ᠎ᠡ᠃       ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ︽ᠠᠵᠤ ᠦᠢᠯᠡᠳᠪᠦᠷᠢ ᠬᠤᠳᠠᠯᠳᠤᠭᠠᠴᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠬᠢᠵᠠᠭᠠᠷᠯᠠᠨ ᠲᠠᠯᠪᠢᠬᠤ ᠶᠢ ᠮᠡᠳᠡᠭᠳᠡᠬᠦ ᠪᠢᠴᠢᠭ︾᠎ ᠢ ᠬᠠᠷᠢᠭᠤᠴᠠᠨ ᠵᠣᠬᠢᠶᠠᠵᠤ᠂ ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠭᠤᠯᠤᠨ ᠪᠦᠷᠢᠳᠬᠡᠭᠦᠯᠦᠭᠰᠡᠨ ᠥᠮᠴᠢᠲᠡᠨ ᠳᠤ ᠲᠠᠷᠬᠠᠭᠠᠨ ᠥᠭᠴᠦ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠣᠭᠲᠠᠭᠠᠯ ᠢ ᠤᠬᠠᠭᠤᠯᠤᠨ᠎ᠠ︔ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠤᠸᠠᠷ ᠫᠤᠤᠵᠢᠩ ᠡᠵᠡᠩᠨᠡᠯᠲᠡ ᠶᠢᠨ ᠦᠨᠡᠮᠯᠡᠯ ᠦᠭᠡᠢ ᠪᠠᠷ ᠡᠵᠡᠩᠨᠡᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠤᠳᠠᠯᠳᠤᠭᠠᠴᠢᠨ ᠤ LED ᠳᠡᠯᠭᠡᠴᠡ ᠶᠢ ᠭᠦᠢᠴᠡᠳ ᠠᠰᠢᠭᠯᠠᠨ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠶᠢᠨ ᠯᠣᠽᠦ᠋ᠩ ᠲᠤᠬᠠᠢ ᠵᠢᠨ‌‍ᠴᠠᠭ ᠳᠤᠨᠢ ᠡᠷᠭᠢᠯᠳᠦᠭᠦᠯᠦᠨ ᠨᠡᠪᠲᠡᠷᠡᠭᠦᠯᠦᠨ᠎ᠡ᠃      ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ ᠵᠠᠮ ᠡᠵᠡᠯᠡᠨ ᠡᠵᠡᠩᠨᠡᠵᠦ ᠪᠠᠶᠢᠭ᠎ᠠ ᠬᠤᠸᠠᠷ ᠫᠤᠤᠵᠢᠩ ᠤᠨ ᠨᠡᠭᠦᠳᠡᠯ ᠶᠢ ᠴᠠᠭ ᠲᠤᠬᠠᠢ ᠳᠤᠨᠢ ᠴᠠᠭᠠᠵᠠᠯᠠᠬᠤ ᠶᠢ ᠬᠠᠷᠢᠭᠤᠴᠠᠵᠤ᠂ ᠬᠠᠤᠯᠢ ᠬᠡᠷᠡᠭᠵᠢᠭᠦᠯᠬᠦ ᠡᠩᠨᠡᠭᠡ ᠳᠡᠯᠭᠡᠭᠡ ᠮᠠᠶᠢᠮᠠᠢ ᠶᠢ ᠵᠣᠬᠢᠶᠠᠨ ᠪᠠᠶᠢᠭᠤᠯᠤᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠥᠷᠨᠢᠭᠦᠯᠬᠦ ᠶᠢ ᠬᠠᠷᠢᠭᠤᠴᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠶᠠᠪᠤᠳᠠᠯ ᠢ ︽ᠡᠭᠦᠳᠡᠨ ᠡᠮᠦᠨᠡᠬᠢ ᠭᠤᠷᠪᠠ ᠶᠢ ᠳᠠᠭᠠᠭᠠᠬᠤ ᠦᠢᠯᠡᠴᠢᠯᠡᠭᠡ︾᠎ ᠶᠢᠨ ᠬᠠᠮᠢᠶᠠᠷᠤᠯᠲᠠ ᠶᠢᠨ ᠠᠵᠢᠯ ᠳᠤ ᠣᠷᠣᠭᠤᠯᠤᠨ᠎ᠠ᠃      ᠡᠪᠯᠡᠯ ᠤᠨ ᠬᠤᠷᠢᠶ᠎ᠠ᠄ ᠪᠦᠬᠦ ᠬᠤᠳᠠ ᠶᠢᠨ ᠡᠪᠯᠡᠯ ᠤᠨ ᠭᠡᠰᠢᠭᠦᠨ ᠵᠠᠯᠠᠭᠤᠴᠤᠳ ᠢ ᠤᠷᠢᠶᠠᠯᠠᠨ ᠬᠤᠸᠠᠷ ᠫᠤᠤᠵᠢᠩ ᠲᠠᠯᠪᠢᠬᠤ ᠶᠢ ᠬᠢᠵᠠᠭᠠᠷᠯᠠᠬᠤ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠲᠣᠭᠲᠠᠭᠠᠯ ᠢ ᠵᠥᠷᠢᠴᠡᠨ ᠬᠤᠸᠠᠷ ᠫᠤᠤᠵᠢᠩ ᠲᠠᠯᠪᠢᠬᠤ ᠠᠵᠢᠯᠯᠠᠭ᠎ᠠ ᠶᠢ ᠢᠳᠡᠪᠬᠢᠲᠡᠢ ᠪᠠᠷ ᠲᠦᠷᠦᠭᠦᠯᠡᠨ ᠬᠤᠷᠢᠭᠯᠠᠬᠤ ᠶᠢ ᠬᠠᠷᠢᠭᠤᠴᠠᠨ᠎ᠠ︔ ᠮᠠᠨ ᠤ ᠲᠤᠭᠤᠷᠢᠭ ᠤᠨ ᠵᠠᠯᠠᠭᠤ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠵᠤ ᠬᠠᠮᠢᠶᠠᠷᠤᠨ ᠡᠵᠡᠮᠳᠡᠬᠦ ᠠᠵᠢᠯ ᠳᠤ ᠣᠷᠣᠯᠴᠠᠭᠤᠯᠬᠤ ᠶᠢ ᠬᠠᠷᠢᠭᠤᠴᠠᠨ᠎ᠠ᠃      ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠤᠬᠠᠭᠤᠯᠬᠤ ᠬᠡᠯᠲᠡᠰ ᠲᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠶᠢᠨ ᠪᠣᠷᠣ ᠮᠠᠲ᠋ᠧᠷᠢᠶᠠᠯ ᠬᠠᠩᠭᠠᠬᠤ ᠶᠢ ᠬᠠᠷᠢᠭᠤᠴᠠᠵᠤ᠂ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠭᠰᠠᠨ᠂ ᠵᠥᠭᠡᠭᠡᠪᠦᠷᠢᠯᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠬᠤᠸᠠᠷ ᠫᠤᠤᠵᠢᠩ ᠳᠤᠷ᠎ᠠ ᠪᠠᠷ ᠢᠶᠠᠨ ᠪᠣᠷᠣᠯᠠᠭᠤᠯᠬᠤ᠂ ᠬᠠᠤᠯᠢ ᠪᠤᠰᠤ ᠪᠠᠷ ᠬᠠᠳᠠᠭᠠᠯᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠠᠭᠠᠵᠠᠯᠠᠨ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠨ᠎ᠠ︔ ᠬᠤᠸᠠᠷ ᠫᠤᠤᠵᠢᠩ ᠢ ᠬᠤᠷᠢᠶᠠᠨ ᠠᠪᠴᠤ ᠤᠰᠠᠳᠬᠠᠬᠤ ᠶᠠᠪᠤᠳᠠᠯ ᠢ ᠨᠠᠶᠢᠳᠠᠪᠤᠷᠢᠵᠢᠭᠤᠯᠵᠤ᠂ ᠬᠤᠸᠠᠷ ᠫᠤᠤᠵᠢᠩ ᠳᠤ ᠬᠤᠯᠪᠣᠭᠳᠠᠭᠰᠠᠨ ᠠᠮᠤᠷ ᠢ ᠬᠠᠮᠠᠭᠠᠯᠠᠬᠤ ᠬᠠᠮᠢᠶᠠᠷᠤᠯᠲᠠ ᠠᠴᠠ ᠵᠥᠷᠢᠴᠡᠭᠰᠡᠨ ᠬᠡᠷᠡᠭ ᠪᠠ ᠡᠷᠡᠭᠦᠦ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠵᠦ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠰᠢᠢᠳᠪᠦᠷᠢᠯᠡᠬᠦ ᠶᠢᠨ ᠬᠠᠮᠲᠤ  ᠮᠡᠳᠡᠭᠦᠯᠦᠨ᠎ᠡ᠃      ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠄ ᠮᠠᠨ ᠤ ᠲᠤᠭᠤᠷᠢᠭ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠶᠢ ᠬᠠᠷᠢᠭᠤᠴᠠᠵᠤ᠂ ᠬᠦᠨᠳᠦ ᠪᠣᠬᠢᠷᠳᠤᠯ ᠲᠠᠢ ᠴᠠᠭ ᠠᠭᠤᠷ ᠢ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠯᠪᠠᠨ ᠭᠡᠷ ᠲᠤ ᠴᠠᠭ ᠲᠤᠬᠠᠢ ᠳᠤᠨᠢ ᠨᠠᠷᠢᠯᠢᠭ ᠣᠨᠣᠴᠠᠲᠠᠢ ᠪᠠᠷ ᠬᠠᠩᠭᠠᠵᠤ᠂ ᠡᠭᠦᠨ ᠤ ᠤᠯᠠᠮ ᠢᠶᠠᠷ ᠲᠦᠷᠭᠡᠨ ᠰᠢᠢᠳᠪᠦᠷᠢᠯᠡᠬᠦ᠂ ᠨᠠᠷᠢᠯᠢᠭ ᠣᠨᠣᠴᠠᠲᠠᠢ ᠪᠠᠷ ᠴᠣᠬᠢᠯᠲᠠ ᠥᠭᠬᠦ ᠶᠢ ᠪᠡᠶᠡᠯᠡᠭᠦᠯᠦᠨ᠎ᠡ᠃      ᠡᠯ᠎ᠡ ᠵᠡᠭᠡᠯᠢ ᠪᠠᠯᠭᠠᠰᠤ᠄ ᠲᠣᠰ ᠬᠠᠷᠢᠶ᠎ᠠ ᠣᠷᠣᠨ ᠤ ᠪᠠᠨ ᠠᠵᠢᠯ ᠤᠨ ᠲᠥᠰᠥᠯ ᠢ ᠬᠠᠷᠢᠭᠤᠴᠠᠨ ᠲᠣᠭᠲᠠᠭᠠᠵᠤ᠂ ᠰᠢᠲᠠᠭᠠᠬᠤ ᠶᠢ ᠴᠠᠭᠠᠵᠠᠯᠠᠬᠤ ᠠᠵᠢᠯ ᠢ ᠲᠣᠥᠷᠵᠢᠭᠤᠯᠤᠭᠰᠠᠨ ᠬᠠᠮᠢᠶᠠᠷᠤᠯᠲᠠ ᠳᠤ ᠣᠷᠣᠭᠤᠯᠤᠨ᠂ ᠠᠵᠢᠯ ᠤᠨ ᠭᠤᠣᠯᠳᠠᠯᠭ᠎ᠠ ᠪᠠ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ︔ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠣᠰ ᠬᠠᠷᠢᠶ᠎ᠠ ᠣᠷᠣᠨ ᠤ ᠪᠠᠨ ᠨᠢᠭᠡᠴᠡ ᠪᠠ ᠬᠤᠪᠢ ᠬᠥᠮᠥᠨ ᠢ ᠰᠤᠷᠭᠠᠨ ᠬᠥᠮᠥᠵᠢᠭᠦᠯᠵᠦ᠂ ᠬᠥᠲᠥᠯᠥᠨ ᠵᠢᠯᠤᠭᠤᠳᠬᠤ ᠪᠠ ᠱᠠᠯᠠᠪᠳᠠᠭᠤᠯᠵᠦ ᠪᠠᠶᠢᠭᠠᠳ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠣᠭᠲᠠᠭᠠᠯ ᠢ ᠵᠢᠷᠤᠮᠯᠠᠭᠤᠯᠤᠨ᠎ᠠ︔ ᠬᠠᠷᠢᠶᠠᠲᠤ ᠣᠷᠣᠨ ᠤ ᠳᠣᠲᠣᠭᠠᠳᠤ ᠳᠠᠬᠢ ᠲᠣᠮᠢᠯᠠᠭᠰᠠᠨ ᠰᠠᠯᠪᠤᠷᠢ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠵᠢᠴᠢ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠦᠴᠦᠨ ᠢ ᠵᠣᠬᠢᠴᠠᠭᠤᠯᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠬᠠᠮᠲᠤᠪᠠᠷ ᠰᠠᠶᠢᠲᠤᠷ ᠦᠷᠨᠢᠭᠦᠯᠦᠨ᠎ᠡ᠃      ︵ᠬᠤᠶᠠᠷ︶ ᠡᠳᠦᠷ ᠲᠤᠲᠤᠮ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠤᠨ᠎ᠠ      ᠡᠯ᠎ᠡ ᠪᠦᠷᠢᠯᠳᠦᠭᠦᠨ ᠨᠢᠭᠡᠴᠡ ᠨᠦᠭᠦᠳ ᠲᠣᠭᠤᠷᠢᠭ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠣᠷ᠎ᠠ᠂ ᠬᠠᠮᠲᠤᠷᠠᠭᠰᠠᠨ ᠬᠤᠷᠠᠯ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠬᠠᠷᠢᠯᠴᠠᠨ ᠨᠡᠪᠲᠡᠷᠡᠯᠴᠡᠵᠦ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠡᠷᠡᠭ ᠤᠨ ᠰᠦᠪᠡᠭᠴᠢ ᠶᠢ ᠰᠣᠯᠢᠯᠴᠠᠨ᠂ ᠬᠠᠮᠲᠤᠷᠠᠨ ᠬᠥᠳᠡᠯᠦᠯᠴᠡᠬᠦ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠬᠠᠮᠲᠤᠷᠠᠨ ᠬᠥᠳᠡᠯᠦᠯᠴᠡᠵᠦ ᠬᠠᠮᠵᠢᠯᠴᠠᠨ᠂ ᠮᠠᠨ ᠤ ᠲᠤᠭᠤᠷᠢᠭ ᠤᠨ ᠰᠢᠲᠠᠭᠠᠬᠤ ᠶᠢ ᠴᠠᠭᠠᠵᠠᠯᠠᠬᠤ ᠠᠵᠢᠯ ᠢ ᠬᠠᠮᠲᠤᠪᠠᠷ ᠰᠠᠶᠢᠲᠤᠷ ᠬᠢᠨ᠎ᠡ᠃      ᠨᠢᠭᠡ ᠳᠤ ᠡᠬᠢ ᠡᠭᠦᠰᠦᠯ ᠠᠴᠠ ᠨᠢ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠣᠰ ᠲᠣᠰ ᠤᠨ ᠵᠢᠭᠰᠠᠭᠠᠯ ᠤᠨ ᠭᠠᠵᠠᠷ ᠲᠠᠭᠠᠨ ᠰᠠᠭᠤᠷᠢᠯᠠᠨ᠂ ᠬᠠᠮᠵᠢᠯᠴᠠᠭ᠎ᠠ ᠪᠠᠨ ᠴᠢᠩᠭᠠᠳᠬᠠᠵᠤ᠂ ᠡᠬᠢ ᠡᠭᠦᠰᠦᠯ ᠠᠴᠠ ᠨᠢ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ᠃ ᠴᠠᠭᠠᠨ ᠰᠠᠷ᠎ᠠ ᠠᠴᠠ ᠡᠮᠦᠨᠡᠬᠡᠨ᠂ ᠳᠣᠲᠣᠭᠠᠳᠤ ᠶᠢ ᠬᠠᠮᠠᠭᠠᠯᠠᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠪᠥᠬᠦ ᠬᠤᠲᠠ ᠶᠢᠨ ᠪᠣᠶ ᠪᠦᠬᠦᠢ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠵᠢᠵᠢᠭ ᠲᠠᠸᠠᠷ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠤᠷᠢᠮ ᠤᠨ ᠶᠣᠰᠣᠯᠠᠯ ᠤᠨ ᠺᠣᠮᠫᠠᠨᠢ᠂ ᠰᠣᠷᠭᠤᠭ ᠴᠡᠴᠡᠭ ᠤᠨ ᠳᠡᠯᠭᠡᠭᠦᠷ ᠵᠢᠴᠢ ᠪᠤᠰᠤᠳ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠲᠣᠣᠷ ᠲᠠᠲᠠᠬᠤ ᠮᠠᠶ᠋ᠢᠭ ᠤᠨ ᠢᠯᠭᠠᠷᠠᠭᠤᠯᠤᠨ ᠪᠠᠶᠢᠴᠠᠭᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠬᠤᠸᠠᠷ ᠫᠤᠤᠵᠢᠩ ᠢᠶᠠᠨ ᠬᠤᠭᠤᠴᠠᠭ᠎ᠠ ᠲᠣᠭᠲᠠᠭᠠᠨ ᠳᠡᠭᠡᠭᠰᠢ ᠲᠤᠰᠢᠶᠠᠯᠭᠠᠬᠤ ᠶᠢ ᠱᠠᠯᠠᠪᠳᠠᠭᠤᠯᠤᠨ᠎ᠠ︔ ᠪᠠᠷᠠᠭᠠᠨ ᠤ ᠲᠡᠷᠭᠡ᠂ ᠮᠢᠶᠠᠨᠪᠣᠣ ᠲᠡᠷᠭᠡ᠂ ᠭᠤᠷᠪᠠᠨ ᠬᠦᠷᠳᠦᠲᠦ ᠲᠡᠷᠭᠡ ᠶᠢᠨ ᠵᠠᠮ ᠡᠵᠡᠯᠡᠨ ᠨᠡᠭᠦᠳᠡᠯ ᠪᠣᠷᠤᠯᠠᠭᠤᠯᠭ᠎ᠠ᠂ ᠵᠠᠮ ᠤᠨ ᠬᠠᠵᠠᠭᠤ ᠳᠠᠬᠢ ᠳᠡᠯᠭᠡᠭᠡ ᠮᠠᠶᠢᠮᠠᠢ ᠶᠢᠨ ᠴᠡᠭ ᠭᠠᠷᠭᠠᠵᠤ ᠵᠠᠮ ᠡᠵᠡᠯᠡᠨ ᠪᠣᠷᠤᠯᠠᠭᠤᠯᠭ᠎ᠠ ᠶᠢ ᠢᠯᠭᠠᠷᠠᠭᠤᠯᠤᠨ ᠴᠡᠭᠴᠡᠯᠡᠨ ᠵᠠᠰᠠᠨ᠎ᠠ︔ ᠨᠢᠭᠡ ᠪᠦᠯᠦᠭ ᠬᠠᠷᠢᠶ᠎ᠠ ᠲᠣᠭᠤᠷᠢᠭ ᠲᠠᠬᠢ ᠲᠣᠭᠲᠠᠭᠠᠯ ᠎ ᠠᠴᠠ ᠵᠥᠷᠢᠴᠡᠨ ᠪᠣᠷᠣᠯᠠᠭᠤᠯᠬᠤ᠂ ᠰᠢᠲᠠᠭᠠᠬᠤ ᠠᠵᠢᠯᠯᠠᠭ᠎ᠠ ᠲᠣᠪᠣᠶᠢᠮ᠎ᠠ ᠪᠠᠶᠢᠭ᠎ᠠ ᠭᠤᠣᠯᠳᠠᠯᠭ᠎ᠠ ᠲᠠᠢ ᠭᠠᠵᠠᠷ ᠣᠷᠣᠨ ᠪᠠ ᠣᠷᠣᠨ ᠪᠠᠶᠢᠷᠢ ᠶᠢ ᠲᠥᠪᠯᠡᠷᠡᠭᠦᠯᠦᠨ ᠡᠮᠬᠢᠯᠡᠨ ᠳᠢᠭᠯᠡᠵᠦ᠂ ᠡᠭᠦᠳᠡᠨ ᠭᠡᠷ᠂ ᠲᠦᠷᠢᠶᠡᠰᠦᠨ ᠭᠡᠷ ᠵᠢᠴᠢ ᠬᠤᠲᠠ ᠶᠢᠨ ᠲᠡᠭᠦᠷᠭᠡ ᠶᠢᠨ ᠤᠶᠠᠯᠳᠤᠭᠰᠠᠨ ᠪᠤᠶᠢᠳᠠ ᠪᠥᠭᠯᠡᠭᠦᠦ ᠭᠠᠵᠠᠷ ᠣᠷᠣᠨ ᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂ ᠨᠢᠭᠡ ᠪᠦᠯᠦᠭ ᠬᠤᠪᠢ ᠪᠠᠷ ᠢᠶᠠᠨ ᠬᠠᠳᠠᠭᠠᠯᠠᠵᠤ ᠪᠠᠶᠢᠭ᠎ᠠ ᠡᠭᠦᠷ ᠢ ᠡᠪᠳᠡᠵᠦ᠂ ᠨᠢᠭᠡ ᠪᠦᠯᠦᠭ ᠬᠠᠤᠯᠢ ᠪᠤᠰᠤ ᠬᠤᠸᠠᠷ ᠫᠤᠤᠵᠢᠩ ᠢ ᠬᠤᠷᠢᠶᠠᠨ ᠠᠪᠴᠤ᠂ ᠬᠠᠤᠯᠢ ᠪᠤᠰᠤ ᠬᠤᠸᠠᠷ ᠫᠤᠤᠵᠢᠩ ᠤᠨ ᠵᠠᠬ᠎ᠠ ᠳᠡᠯᠭᠡᠭᠦᠷ ᠲᠤ ᠣᠷᠣᠬᠤ ᠶᠢ ᠡᠬᠢ ᠡᠭᠦᠰᠦᠯ ᠠᠴᠠ ᠨᠢ ᠪᠠᠭᠠᠰᠬᠠᠬᠤ ᠬᠡᠷᠡᠭᠲᠡᠢ᠃ G6 ᠳᠡᠭᠡᠳᠦ ᠬᠤᠷᠳᠤ ᠶᠢᠨ ᠪᠠᠶᠢᠴᠠᠭᠠᠬᠤ ᠥᠷᠲᠡᠭᠡ ᠨᠢ ᠪᠣᠭᠤᠮᠲᠠ ᠶᠢᠨ ᠠᠮᠠᠰᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠳᠦᠷ ᠲᠤᠲᠤᠮ ᠤᠨ ᠪᠠᠶᠢᠴᠠᠭᠠᠨ ᠡᠵᠡᠮᠳᠡᠬᠦ ᠠᠵᠢᠯ ᠲᠠᠢ ᠪᠠᠨ ᠤᠶᠠᠯᠳᠤᠭᠤᠯᠤᠨ᠂ ᠬᠤᠷᠢᠭᠠᠲᠠᠢ ᠣᠷᠣᠨ ᠳᠤ ᠣᠷᠣᠭᠰᠠᠨ ᠰᠡᠵᠢᠭᠯᠡᠯᠲᠡᠢ ᠲᠡᠷᠭᠡ ᠬᠥᠰᠬᠡ ᠶᠢ ᠪᠠᠶᠢᠴᠠᠭᠠᠨ ᠬᠠᠰᠢᠵᠤ ᠬᠤᠷᠢᠭᠯᠠᠬᠤ ᠶᠢ ᠴᠢᠩᠭᠠᠳᠬᠠᠬᠤ ᠬᠡᠷᠡᠭᠲᠡᠢ᠃      ᠬᠤᠶᠠᠷ ᠲᠤ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠤᠯᠢ ᠶᠣᠰᠣᠭᠠᠷ ᠮᠡᠳᠡᠭᠳᠡᠬᠦ ᠪᠠ ᠭᠤᠣᠯᠳᠠᠯᠭ᠎ᠠ ᠲᠠᠢ ᠤᠬᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠤᠬᠠᠭᠤᠯᠵᠤ ᠬᠥᠲᠥᠯᠥᠨ ᠵᠢᠯᠤᠭᠤᠳᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠣᠭᠤᠷᠢᠭ ᠤᠨ ᠬᠠᠷᠢᠶ᠎ᠠ ᠰᠠᠯᠠᠭ᠎ᠠ ᠮᠥᠴᠢᠷ᠂ ᠨᠢᠭᠡᠴᠡ  ᠪᠠ ᠡᠯ᠎ᠡ ᠵᠡᠭᠡᠯᠢ ᠪᠠᠯᠭᠠᠰᠤ ᠶᠢᠨ ᠠᠯᠪᠠᠨ ᠭᠡᠷ ᠨᠢ ᠬᠠᠷᠢᠶ᠎ᠠ ᠲᠣᠭᠤᠷᠢᠭ ᠤᠨ ᠭᠤᠣᠯᠳᠠᠯᠭ᠎ᠠ ᠲᠠᠢ ᠴᠢᠬᠤᠯᠠ ᠭᠠᠵᠠᠷ᠂ ᠵᠡᠭᠡᠯᠢ ᠳᠠᠭᠠᠤ ᠶᠢᠨ ᠡᠭᠦᠳᠡᠨ ᠳᠡᠯᠭᠡᠭᠦᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠠᠭᠤᠭᠠᠯᠢ ᠠᠷᠠᠳ ᠤᠨ ᠠᠰᠠᠷ ᠬᠦᠷᠢᠶ᠎ᠡ ᠪᠣᠯᠣᠨ ᠠᠳᠠᠯ ᠠᠬᠤᠢ ᠶᠢᠨ ᠵᠢᠵᠢᠭ ᠲᠣᠭᠤᠷᠢᠭ ᠤᠨ ᠡᠭᠦᠳᠡ ᠵᠡᠷᠭᠡ ᠭᠠᠵᠠᠷ ᠲᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠤᠬᠠᠭᠤᠯᠬᠤ ᠬᠥᠨᠳᠡᠯᠡᠨ ᠪᠢᠴᠢᠭᠡᠰᠦ᠂ ᠰᠠᠮᠪᠠᠷ᠎ᠠ ᠶᠢᠨ ᠰᠣᠨᠢᠨ᠂ ᠤᠬᠠᠭᠤᠯᠭ᠎ᠠ ᠶᠢᠨ ᠬᠠᠭᠤᠳᠠᠰᠤ ᠶᠢ ᠡᠯᠭᠦᠵᠦ᠂ ᠥᠷᠭᠡᠨ ᠢᠶᠠᠷ ᠤᠬᠠᠭᠤᠯᠤᠨ ᠮᠡᠳᠡᠭᠳᠡᠬᠦ ᠬᠡᠷᠡᠭᠲᠡᠢ᠃ ᠬᠠᠮ ᠵᠠᠭᠤᠴᠢᠯᠠᠭᠤᠷ᠂ ᠤᠯᠠᠨ ᠬᠡᠯᠪᠡᠷᠢ ᠶᠢᠨ ᠤᠬᠠᠭᠤᠯᠭ᠎ᠠ ᠮᠡᠳᠡᠭᠡᠯᠡᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠴᠣᠭᠴᠠ ᠶᠢᠨ ᠤᠬᠠᠭᠤᠯᠭ᠎ᠠ ᠪᠠ ᠵᠠᠭᠤᠴᠢᠯᠠᠭᠤᠷ ᠤᠨ ᠤᠬᠠᠭᠤᠯᠭ᠎ᠠ ᠶᠢ ᠵᠡᠷᠭᠡᠪᠡᠷ ᠳᠠᠭᠠᠵᠤ᠂ ᠬᠠᠮᠲᠤᠪᠠᠷ ᠴᠤᠤᠷᠢᠶᠠᠲᠤᠨ ᠳᠠᠭᠠᠵᠤ᠂ ᠬᠠᠮᠲᠤᠪᠠᠷ ᠬᠦᠴᠦᠯᠡᠬᠦ ᠬᠡᠷᠡᠭᠲᠡᠢ᠃ ᠬᠠᠮᠢᠶ᠎ᠠ ᠪᠦᠬᠦᠢ ᠨᠢᠭᠡᠴᠡ ᠲᠠᠢ ᠵᠣᠬᠢᠴᠠᠭᠤᠯᠤᠨ᠂ ᠮᠠᠨ ᠤ ᠲᠤᠭᠤᠷᠢᠭ ᠤᠨ LED ᠵᠠᠷ ᠮᠡᠳᠡᠭᠡ ᠶᠢᠨ ᠳᠡᠯᠭᠡᠴᠡ᠂ ᠭᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠳᠤ ᠴᠠᠭᠠᠵᠠᠯᠠᠬᠤ ᠤᠷᠢᠶ᠎ᠠ ᠯᠣᠽᠦ᠋ᠩ ᠪᠤᠶᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠦᠨ᠎ᠡ᠃ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠲᠣᠰ ᠨᠢᠭᠡᠴᠡ ᠶᠢᠨ ᠢᠶᠠᠨ ᠠᠵᠢᠯᠲᠠᠨ ᠤ ᠲᠠᠯᠪᠢᠬᠤ ᠶᠢ ᠴᠠᠭᠠᠵᠠᠯᠠᠬᠤ ᠲᠣᠭᠲᠠᠭᠠᠯ ᠢ ᠵᠢᠷᠤᠮᠯᠠᠨ ᠰᠠᠬᠢᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠨᠥᠬᠦᠴᠡᠯ ᠲᠠᠢ ᠪᠣᠯ ᠰᠦᠯᠵᠢᠶᠡᠨ ᠳᠡᠭᠡᠷ᠎ᠡ ᠲᠤᠰᠬᠠᠢ ᠪᠤᠯᠤᠩ ᠨᠡᠭᠡᠭᠡᠵᠦ᠂ ᠪᠢᠴᠢᠯ ᠪᠦᠷᠭᠡ᠂ ᠸᠢᠴᠠᠲ᠂ ᠲᠢᠭ᠋ ᠲᠤᠭ ᠵᠡᠷᠭᠡ ᠰᠢᠨ᠎ᠡ ᠪᠠᠷ ᠪᠣᠶ ᠪᠣᠯᠤᠭᠰᠠᠨ ᠰᠦᠯᠵᠢᠶᠡᠨ ᠤ ᠵᠠᠭᠤᠴᠢᠯᠠᠭᠤᠷ ᠵᠢᠴᠢ ᠡᠯ᠎ᠡ ᠵᠦᠢᠯ ᠤᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ᠂ ᠰᠢᠲᠠᠭᠠᠬᠤ ᠶᠢ ᠴᠠᠭᠠᠵᠠᠯᠠᠬᠤ ᠰᠠᠨᠠᠭᠤᠯᠤᠮᠵᠢ ᠶᠢ ᠥᠷᠭᠡᠨ ᠢᠶᠠᠷ ᠨᠡᠶᠢᠲᠡᠯᠡᠬᠦ ᠬᠡᠷᠡᠭᠲᠡᠢ᠃      ᠭᠤᠷᠪᠠ ᠳᠤ ᠬᠠᠷᠢᠭᠤᠴᠠᠯᠭ᠎ᠠ ᠶᠢᠨ ᠬᠠᠮᠢᠶᠠᠷᠤᠯᠲᠠ ᠡᠵᠡᠮᠳᠡᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠪᠣᠯᠪᠠᠰᠤᠨ ᠬᠤᠳᠠ ᠶᠢ ᠴᠤᠭᠴᠠᠯᠠᠬᠤ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠡᠭᠦᠳᠦᠨ ᠪᠠᠶᠢᠭᠤᠯᠬᠤ ᠶᠣᠰᠣᠭᠠᠷ᠂ ᠡᠯ᠎ᠡ ᠰᠠᠯᠠᠭ᠎ᠠ ᠮᠥᠴᠢᠷ᠂ ᠨᠢᠭᠡᠴᠡ ᠪᠠ ᠡᠯ᠎ᠡ ᠵᠡᠭᠡᠯᠢ ᠪᠠᠯᠭᠠᠰᠤ ᠶᠢᠨ ᠠᠯᠪᠠᠨ ᠭᠡᠷ ᠤᠨ ᠭᠤᠣᠯ ᠤᠳᠤᠷᠢᠳᠤᠯᠭ᠎ᠠ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠂ ᠳᠠᠭᠠᠭᠠᠴᠢᠯᠠᠭᠰᠠᠨ ᠲᠣᠭᠤᠷᠢᠭ ᠤᠨ ᠤᠳᠤᠷᠢᠳᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠳᠤ᠂ ᠡᠷᠬᠡᠪᠰᠢ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠲᠤᠰ ᠬᠠᠷᠢᠶ᠎ᠠ ᠣᠷᠣᠨ᠂ ᠲᠤᠰ ᠰᠠᠯᠠᠭ᠎ᠠ ᠮᠥᠴᠢᠷ ᠤᠨ ᠢᠶᠠᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠵᠣᠬᠢᠶᠠᠨ ᠪᠠᠶᠢᠭᠤᠯᠵᠤ᠂ ᠬᠠᠮᠢᠶᠠᠷᠤᠨ ᠡᠵᠡᠮᠳᠡᠬᠦ ᠠᠵᠢᠯ ᠤᠨ ᠲᠣᠣᠷ ᠢ ᠬᠦᠴᠦᠯᠡᠨ ᠪᠠᠶᠢᠭᠤᠯᠵᠤ ᠲᠡᠭᠦᠯᠳᠡᠷᠵᠢᠭᠦᠯᠬᠦ ᠬᠡᠷᠡᠭᠲᠡᠢ᠃ ᠢᠯᠠᠩᠭᠤᠶ᠎ᠠ‌ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠡᠰᠡᠭ ᠬᠤᠪᠢᠶᠠᠨ ᠳᠠᠭᠠᠭᠠᠴᠢᠯᠠᠭᠤᠯᠬᠤ ᠠᠵᠢᠯ ᠤᠨ ᠨᠠᠷᠢᠨ ᠨᠢᠭᠲᠠ ᠲᠥᠰᠥᠯ ᠲᠣᠭᠲᠠᠭᠠᠵᠤ᠂ ᠬᠡᠰᠡᠭ ᠬᠤᠪᠢᠶᠠᠨ ᠲᠣᠭᠤᠷᠢᠭ ᠬᠤᠪᠢᠶᠠᠵᠤ᠂ ᠬᠥᠮᠥᠨ ᠳᠤ ᠬᠦᠷᠲᠡᠯ᠎ᠡ ᠳᠠᠭᠠᠭᠠᠴᠢᠯᠠᠭᠤᠯᠤᠨ᠂ ᠬᠠᠮᠢᠶᠠᠷᠤᠨ ᠡᠵᠡᠮᠳᠡᠬᠦ ᠡᠭᠦᠷᠭᠡ ᠶᠢ ᠬᠥᠮᠥᠨ ᠤ ᠲᠣᠭᠠᠨ ᠳᠤ ᠬᠦᠷᠲᠡᠯ᠎ᠡ ᠬᠤᠪᠢᠶᠠᠷᠢᠯᠠᠵᠤ᠂ ᠬᠠᠮᠢᠶᠠᠷᠤᠨ ᠡᠵᠡᠮᠳᠡᠬᠦ ᠬᠡᠪᠴᠢᠶ᠎ᠡ ᠶᠢ ᠵᠡᠭᠡᠯᠢ ᠭᠤᠳᠤᠮᠵᠢ ᠨᠢᠭᠡᠪᠦᠷᠢ᠂ ᠵᠢᠵᠢᠭ ᠲᠣᠭᠤᠷᠢᠭ ︵ᠲᠣᠰᠬᠤᠨ︶ ᠨᠢᠭᠡᠪᠦᠷᠢ᠂ ᠬᠤᠳᠠᠯᠳᠤᠭ᠎ᠠ ᠳᠡᠯᠭᠡᠭᠦᠷ ᠨᠢᠭᠡᠪᠦᠷᠢ᠂ ᠠᠵᠤ ᠠᠬᠤᠶᠢᠯᠠᠯ ᠤᠨ ᠨᠢᠭᠡᠴᠡ ᠨᠢᠭᠡᠪᠦᠷᠢ ᠳᠤ ᠬᠦᠷᠲᠡᠯ᠎ᠡ ᠥᠷᠭᠡᠳᠬᠡᠵᠦ᠂ ᠪᠦᠬᠦᠨ ᠬᠠᠮᠦᠷᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠳᠠᠯ ᠠᠬᠤᠢ ᠶᠢᠨ ᠠᠮᠤᠷ ᠢ ᠬᠠᠮᠠᠭᠠᠯᠠᠬᠤ ᠠᠵᠢᠯᠲᠠᠨ᠂ ᠠᠮᠤᠷ ᠢ ᠬᠠᠮᠠᠭᠠᠯᠠᠬᠤ ᠢᠳᠡᠪᠬᠢᠲᠡᠨ ᠪᠠ ᠬᠤᠳᠠᠯᠳᠤᠭᠠᠴᠢᠨ ᠥᠮᠴᠢᠲᠡᠨ ᠢ ᠢᠳᠡᠪᠬᠢᠲᠡᠢ ᠪᠠᠷ ᠳᠠᠶᠢᠴᠢᠯᠠᠨ ᠬᠠᠮᠢᠶᠠᠷᠤᠨ ᠡᠵᠡᠮᠳᠡᠬᠦ ᠠᠵᠢᠯ ᠳᠤ ᠣᠷᠣᠯᠴᠠᠭᠤᠯᠵᠤ᠂ ᠰᠠᠶᠢᠨ ᠳᠤᠷᠠᠴᠤᠤᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠲᠣᠮᠣ ᠠᠰᠠᠷ᠂ ᠵᠡᠭᠡᠯᠢ ᠭᠤᠳᠤᠮᠵᠢ᠂ ᠬᠤᠳᠠᠯᠳᠤᠭᠠᠨ ᠤ ᠲᠣᠭᠤᠷᠢᠭ᠂ ᠵᠠᠮ ᠬᠠᠷᠢᠯᠴᠠᠭᠠᠨ ᠤ ᠭᠤᠣᠯ ᠵᠠᠮ᠂ ᠠᠵᠤ ᠠᠬᠤᠶᠢᠯᠠᠯ ᠤᠨ ᠨᠢᠭᠡᠴᠡ ᠨᠢᠭᠡᠪᠦᠷᠢ ᠴᠥᠮ ᠬᠠᠮᠢᠶᠠᠷᠤᠨ ᠡᠵᠡᠮᠳᠡᠬᠦ ᠠᠵᠢᠯᠲᠠᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠨᠡᠶᠢᠭᠡᠮ ᠲᠣᠭᠤᠷᠢᠭ ᠤᠨ ᠳᠣᠲᠣᠷᠠᠬᠢ ᠲᠣᠭᠤᠷᠢᠨ ᠪᠠᠶᠢᠴᠠᠭᠠᠬᠤ ᠪᠠ ᠵᠠᠮ ᠳᠡᠭᠡᠷ᠎ᠡ ᠲᠣᠭᠤᠷᠢᠨ ᠰᠡᠷᠭᠡᠶᠢᠯᠡᠬᠦ ᠠᠵᠢᠯ ᠢ ᠦᠨᠡᠨᠬᠦ ᠴᠢᠩᠭᠠᠳᠬᠠᠵᠤ᠂ ᠲᠣᠭᠲᠠᠭᠠᠯ ᠎ ᠠᠴᠠ ᠵᠥᠷᠢᠴᠡᠨ ᠲᠠᠯᠪᠢᠬᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠵᠤ᠂ ᠬᠠᠤᠯᠢ ᠶᠣᠰᠣᠭᠠᠷ ᠰᠤᠷᠭᠠᠨ ᠬᠥᠮᠥᠵᠢᠭᠦᠯᠵᠦ ᠰᠢᠳᠬᠡᠨ ᠲᠣᠷᠭᠠᠬᠤ ᠬᠡᠷᠡᠭᠲᠡᠢ᠃      ︵ᠭᠤᠷᠪᠠ︶ ᠵᠠᠩᠭᠢᠯᠠᠭ᠎ᠠ ᠶᠢᠨ ᠴᠡᠭ ᠤᠨ ᠬᠠᠮᠲᠤᠷᠠᠭᠰᠠᠨ ᠦᠢᠯᠡᠴᠢᠯᠡᠭᠡᠨ ᠤ ᠠᠵᠢᠯᠯᠠᠭ᠎ᠠ ᠶᠢ ᠡᠬᠢᠯᠡᠭᠦᠯᠦᠨ᠎ᠡ      ᠴᠠᠭᠠᠨ ᠰᠠᠷ᠎ᠠ᠂ ᠥᠯᠵᠡᠶᠢᠲᠦ ᠪᠠᠶᠠᠷ ᠤᠨ ᠡᠳᠦᠷ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠵᠢᠴᠢ ᠤᠯᠤᠰ ᠤᠨ ᠴᠢᠬᠤᠯᠠ ᠶᠡᠭᠡ ᠠᠵᠢᠯᠯᠠᠭ᠎ᠠ ᠵᠡᠷᠭᠡ ᠨᠢᠭᠡᠳᠦᠭᠡᠷ ᠳᠡᠰ ᠤᠨ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠬᠤᠭᠤᠴᠠᠭᠠᠨ ᠳᠤ᠂ ︽ᠵᠠᠩᠭᠢᠯᠠᠭ᠎ᠠ ᠶᠢᠨ ᠴᠡᠭ ᠲᠤ ᠬᠠᠮᠲᠤᠷᠠᠨ ᠠᠵᠢᠯᠯᠠᠬᠤ᠂ ᠬᠠᠮᠲᠤᠷᠠᠨ ᠪᠠᠶᠢᠯᠳᠤᠬᠤ︾ ᠠᠵᠢᠯ ᠤᠨ ᠲᠣᠭᠲᠠᠴᠠ ᠶᠢ ᠡᠬᠢᠯᠡᠭᠦᠯᠦᠨ᠂ ᠲᠤᠬᠠᠶᠢᠯᠠᠪᠠᠯ ᠲᠤᠭᠤᠷᠢᠭ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠡᠯ᠎ᠡ ᠪᠦᠷᠢᠯᠳᠦᠭᠦᠨ ᠨᠢᠭᠡᠴᠡ ᠶᠢᠨ ᠬᠦᠴᠦᠨ ᠢ ᠨᠢᠭᠲᠠᠷᠠᠭᠤᠯᠤᠨ᠂ ᠬᠠᠷᠢᠶᠠᠲᠤ ᠣᠷᠣᠨ ᠳᠤ ᠭᠦᠨᠵᠡᠭᠡᠶᠢᠷᠡᠨ ᠲᠠᠯᠪᠢᠬᠤ ᠶᠢ ᠴᠠᠭᠠᠵᠠᠯᠠᠬᠤ  ᠬᠠᠮᠲᠤᠷᠠᠭᠰᠠᠨ ᠠᠵᠢᠯᠯᠠᠭ᠎ᠠ ᠶᠢ ᠥᠷᠨᠢᠭᠦᠯᠵᠦ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠬᠤᠭᠤᠴᠠᠭᠠᠨ ᠳᠤ ᠮᠠᠨ ᠤ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠨᠥᠯᠥᠭᠡᠯᠡᠬᠦ ᠪᠠ ᠬᠤᠸᠠᠷ ᠫᠤᠤᠵᠢᠩ ᠲᠠᠯᠪᠢᠭᠰᠠᠨ ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠭᠰᠠᠨ ᠬᠡᠷᠡᠭ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ᠨᠢᠭᠡ ᠳᠤ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠶᠢ ᠨᠠᠶᠢᠳᠠᠪᠤᠷᠢᠵᠢᠭᠤᠯᠤᠨ᠎ᠠ᠃ ᠪᠢᠲᠡᠭᠦᠨ ᠤ ᠡᠳᠦᠷ ᠠᠴᠠ ᠰᠢᠨ᠎ᠡ ᠶᠢᠨ ᠨᠢᠭᠡᠨ᠂ ᠰᠢᠨ᠎ᠡ ᠶᠢᠨ ᠳᠥᠷᠪᠡᠨ ᠠᠴᠠ ᠰᠢᠨ᠎ᠡ ᠶᠢᠨ ᠲᠠᠪᠤᠨ᠂ ᠥᠯᠵᠡᠶᠢᠲᠦ ᠪᠠᠶᠠᠷ ᠤᠨ ᠡᠳᠦᠷ᠂ ᠬᠤᠶᠠᠷ ᠰᠠᠷ᠎ᠠ ᠶᠢᠨ ᠬᠤᠶᠠᠷ ᠵᠢᠴᠢ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠵᠡᠷᠭᠡ ᠤᠯᠤᠰ ᠤᠨ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠤ᠂ ᠪᠦᠬᠦᠯᠢ ᠡᠳᠦᠷ ᠲᠤ ᠨᠢᠭᠡᠳᠦᠭᠡᠷ ᠱᠠᠲᠤᠨ ᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠪᠥᠬᠦ ᠨᠠᠮ ᠤᠨ ᠭᠡᠰᠢᠭᠦᠨ ᠺᠠᠳ᠋ᠷ᠂ ᠰᠠᠶᠢᠨ ᠳᠤᠷᠠᠴᠤᠤᠯ ᠢ ᠳᠠᠶᠢᠴᠢᠯᠠᠨ ᠬᠠᠮᠢᠶᠠᠷᠤᠨ ᠡᠵᠡᠮᠳᠡᠬᠦ ᠠᠵᠢᠯᠯᠠᠭ᠎ᠠ ᠳᠤ ᠣᠷᠣᠯᠴᠠᠭᠤᠯᠵᠤ᠂ ᠬᠠᠮᠢᠶᠠᠷᠤᠨ ᠡᠵᠡᠮᠳᠡᠬᠦ ᠬᠦᠴᠦᠨ ᠢ ᠲᠣᠮᠣ ᠠᠰᠠᠷ᠂ ᠵᠡᠭᠡᠯᠢ ᠭᠤᠳᠤᠮᠵᠢ᠂ ᠬᠤᠳᠠᠯᠳᠤᠭᠠᠨ ᠤ ᠲᠣᠭᠤᠷᠢᠭ᠂ ᠴᠡᠴᠡᠷᠯᠢᠭ ᠠᠭᠤᠳᠠᠮ ᠲᠠᠯᠠᠪᠠᠶ᠂ ᠠᠵᠤ ᠠᠬᠤᠶᠢᠯᠠᠯ ᠤᠨ ᠨᠢᠭᠡᠴᠡ ᠨᠢᠭᠡᠪᠦᠷᠢ ᠳᠤ ᠲᠠᠷᠬᠠᠭᠠᠵᠤ᠂ ᠬᠥᠮᠥᠨ ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ᠂ ᠲᠣᠭᠲᠠᠭᠰᠠᠨ ᠴᠠᠭ ᠲᠤ ᠲᠣᠭᠤᠷᠢᠨ ᠪᠠᠶᠢᠴᠠᠭᠠᠬᠤ ᠶᠢ ᠬᠡᠷᠡᠭᠵᠢᠭᠦᠯᠦᠨ᠂ ᠲᠣᠭᠲᠠᠭᠠᠯ ᠠᠴᠠ ᠵᠥᠷᠢᠴᠡᠨ ᠲᠠᠯᠪᠢᠬᠤ ᠦᠶᠯᠡ ᠠᠵᠢᠯᠯᠠᠭ᠎ᠠ ᠶᠢ ᠴᠠᠭ ᠲᠤᠬᠠᠢ ᠎ ᠳᠤᠨᠢ ᠢᠯᠡᠷᠡᠭᠦᠯᠵᠦ ᠬᠤᠷᠢᠭᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠢᠨ᠎ᠡ ᠶᠢᠨ ᠬᠤᠶᠠᠷ᠂ ᠰᠢᠨ᠎ᠡ ᠶᠢᠨ ᠭᠤᠷᠪᠠᠨ᠂ ᠰᠢᠨ᠎ᠡ ᠶᠢᠨ ᠵᠢᠷᠭᠤᠭᠠᠨ ᠠᠴᠠ ᠴᠠᠭᠠᠨ ᠰᠠᠷ᠎ᠠ ᠶᠢᠨ ᠠᠷᠪᠠᠨ ᠳᠥᠷᠪᠡᠨ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠲᠤ ᠬᠤᠶᠠᠳᠤᠭᠠᠷ ᠳᠡᠰ ᠤᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠨᠠᠮ ᠤᠨ ᠭᠡᠰᠢᠭᠦᠨ ᠺᠠᠳ᠋ᠷ᠂ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠤᠨ ᠳᠠᠶᠢᠴᠢᠯᠠᠵᠤ ᠬᠠᠮᠢᠶᠠᠷᠤᠨ ᠡᠵᠡᠮᠳᠡᠬᠦ ᠠᠵᠢᠯᠯᠠᠭ᠎ᠠ ᠳᠤ ᠣᠷᠣᠯᠴᠠᠭᠤᠯᠵᠤ᠂ ᠵᠢᠵᠢᠭ ᠲᠣᠭᠤᠷᠢᠭ᠂ ᠠᠭᠤᠳᠠᠮ ᠲᠠᠯᠠᠪᠠᠶ᠂ ᠬᠤᠳᠠᠯᠳᠤᠭᠠᠨ ᠤ ᠲᠣᠭᠤᠷᠢᠭ ᠨᠢᠭᠡᠪᠦᠷᠢ ᠳᠤ ᠴᠥᠮ ᠬᠠᠮᠢᠶᠠᠷᠤᠨ ᠡᠵᠡᠮᠳᠡᠬᠦ ᠠᠵᠢᠯᠲᠠᠨ ᠪᠠᠶᠢᠷᠢᠯᠠᠭᠤᠯᠵᠤ᠂ ᠣᠷᠣᠨ ᠪᠦᠰᠡ ᠶᠢᠨ ᠳᠣᠲᠣᠷᠠᠬᠢ ᠴᠠᠭᠳᠠᠨ ᠪᠠᠶᠢᠴᠠᠭᠠᠬᠤ ᠠᠵᠢᠯ ᠢ ᠴᠢᠩᠭᠠᠳᠬᠠᠨ᠂ ᠲᠣᠭᠲᠠᠭᠠᠯ ᠠᠴᠠ ᠵᠥᠷᠢᠴᠡᠨ‌‍ᠲ᠋ᠠᠯᠪᠢᠬᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠢᠳᠬᠠᠨ ᠬᠤᠷᠢᠭᠯᠠᠬᠤ ᠬᠡᠷᠡᠭᠲᠡᠢ᠃ ᠰᠢᠨ᠎ᠡ ᠵᠢᠯ᠂ ᠤᠯᠤᠰ ᠤᠨ ᠪᠠᠶᠠᠷ ᠵᠡᠷᠭᠡ ᠪᠤᠰᠤᠳ ᠪᠠᠶᠠᠷ ᠤᠨ ᠡᠳᠦᠷ ᠤᠨ ᠬᠤᠭᠤᠴᠠᠭᠠᠨ ᠳᠤ ᠭᠤᠷᠪᠠᠳᠤᠭᠠᠷ ᠱᠠᠲᠤ ᠶᠢᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠵᠡᠭᠡᠯᠢ ᠭᠤᠳᠤᠮᠵᠢ ︵ᠨᠡᠶᠢᠭᠡᠮ ᠲᠣᠭᠤᠷᠢᠭ︶᠎ ᠨᠢ ᠠᠮᠤᠷ ᠢ ᠬᠠᠮᠠᠭᠠᠯᠠᠬᠤ ᠢᠳᠡᠪᠬᠢᠲᠡᠨ᠂ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠤᠨ ᠰᠢᠨ᠎ᠡ ᠲᠣᠰᠬᠤᠨ ᠨᠡᠶᠢᠭᠡᠮ ᠲᠣᠭᠤᠷᠢᠭ᠂ ᠵᠢᠵᠢᠭ ᠵᠡᠭᠡᠯᠢ ᠭᠤᠳᠤᠮᠵᠢ᠂ ᠠᠭᠤᠳᠠᠮ ᠲᠠᠯᠠᠪᠠᠶ ᠴᠡᠴᠡᠷᠯᠢᠭ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠲᠠᠯᠪᠢᠭᠰᠠᠨ ᠦᠶᠯᠡ ᠠᠵᠢᠯᠯᠠᠭ᠎ᠠ ᠶᠢ ᠣᠯᠵᠤ ᠮᠡᠳᠡᠪᠡᠯ ᠰᠠᠨᠠᠭᠠᠴᠢᠯᠠᠭ᠎ᠠ ᠎ ᠠᠴᠠ ᠪᠠᠨ ᠢᠳᠬᠠᠨ ᠬᠤᠷᠢᠭᠯᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠤᠭᠤᠳ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠭᠰᠠᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃      ᠬᠤᠶᠠᠷ ᠲᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠨ ᠰᠢᠢᠳᠪᠦᠷᠢᠯᠡᠯᠲᠡ ᠶᠢ ᠴᠢᠩᠭᠠᠳᠬᠠᠨ᠎ᠠ᠃ ᠳᠣᠲᠣᠭᠠᠳᠤ ᠶᠢ ᠬᠠᠮᠠᠭᠠᠯᠠᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠵᠦ᠂ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠪᠠᠶᠢᠴᠠᠭᠠᠵᠤ ᠣᠯᠣᠭᠰᠠᠨ ᠲᠣᠭᠲᠠᠭᠠᠯ ᠠᠴᠠ ᠵᠥᠷᠢᠴᠡᠨ ᠪᠣᠷᠣᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠲᠠᠯᠪᠢᠬᠤ ᠦᠶᠯᠡ ᠠᠵᠢᠯᠯᠠᠭ᠎ᠠ ᠶᠢ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ  ᠎ ᠠᠴᠠ ᠵᠥᠷᠢᠴᠡᠭᠰᠡᠨ ᠦᠶᠯᠡ ᠪᠠᠶᠢᠳᠠᠯ ᠪᠠ ᠬᠤᠣᠷ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠵᠢᠴᠢ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠣᠰᠣᠭᠠᠷ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠲᠣᠭᠲᠠᠭᠠᠯ ᠠᠴᠠ ᠵᠥᠷᠢᠴᠡᠨ ᠲᠠᠯᠪᠢᠭᠰᠠᠨ᠂ ᠢᠳᠬᠠᠨ ᠬᠤᠷᠢᠭᠯᠠᠬᠤ ᠶᠢ ᠥᠯᠥ ᠰᠣᠨᠣᠰᠬᠤ ᠬᠥᠮᠥᠰ ᠢ ᠴᠥᠮ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠠᠪᠠᠴᠢᠵᠤ ᠯᠠᠪᠯᠠᠨ ᠠᠰᠠᠭᠤᠵᠤ ᠪᠠᠶᠢᠴᠠᠭᠠᠨ ᠲᠣᠳᠣᠯᠠᠬᠤ ᠶᠢ ᠬᠦᠯᠢᠶᠡᠯᠭᠡᠬᠦ ᠶᠢᠨ ᠬᠠᠮᠲᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠬᠦ ᠬᠡᠷᠡᠭᠲᠡᠢ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ ᠥᠭᠭᠦᠨ᠎ᠡ᠃ ᠮᠠᠭᠤ ᠨᠥᠯᠥᠭᠡ ᠲᠠᠢ ᠨᠡᠶᠢᠲᠡᠯᠢᠭ ᠬᠡᠷᠡᠭ ᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ ᠴᠠᠭᠠᠵᠠᠯᠠᠨ ᠰᠢᠢᠳᠪᠦᠷᠢᠯᠡᠭᠦᠯᠵᠦ᠂ ᠰᠣᠨᠢᠨ ᠮᠡᠳᠡᠭᠡᠨ ᠤ ᠨᠢᠭᠡᠴᠡ ᠠᠴᠠ ᠢᠯᠡᠴᠢᠯᠡᠬᠦ ᠬᠡᠷᠡᠭᠲᠡᠢ᠃      ᠭᠤᠷᠪᠠ ᠳᠤ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠶᠢ ᠴᠢᠩᠭᠠᠳᠬᠠᠨ᠎ᠠ᠃ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠠᠨ ᠨᠡᠶᠢᠲᠡᠯᠡᠵᠦ᠂ ᠢᠯᠡᠴᠢᠯᠡᠨ ᠮᠡᠳᠡᠭᠦᠯᠦᠭᠰᠡᠨ ᠬᠠᠤᠯᠢ ᠪᠤᠰᠤ ᠪᠠᠷ ᠪᠣᠷᠣᠯᠠᠭᠤᠯᠤᠭᠰᠠᠨ᠂ ᠵᠥᠭᠡᠭᠡᠪᠦᠷᠢᠯᠡᠭᠰᠡᠨ᠂ ᠬᠠᠳᠠᠭᠠᠯᠠᠭᠰᠠᠨ᠂ ᠬᠤᠸᠠᠷ ᠫᠤᠤᠵᠢᠩ ᠲᠠᠯᠪᠢᠭᠰᠠᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠤᠭᠤᠴᠠᠭ᠎ᠠ ᠬᠢᠵᠠᠭᠠᠷᠯᠠᠨ ᠬᠢᠨᠠᠨ ᠪᠠᠶᠢᠴᠠᠭᠠᠵᠤ ᠬᠠᠷᠢᠭᠤ ᠲᠤᠰᠬᠠᠬᠤ ᠬᠡᠷᠡᠭᠲᠡᠢ᠃ ᠢᠯᠡᠴᠢᠯᠡᠨ ᠮᠡᠳᠡᠭᠦᠯᠦᠭᠰᠡᠨ ᠨᠢ ᠪᠠᠶᠢᠴᠠᠭᠠᠨ ᠲᠣᠳᠣᠯᠠᠭᠠᠳ ᠦᠨᠡᠨ ᠮᠠᠭᠠᠳ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号