| | ᠴᠢᠩᠱᠠᠨ ᠵᠠᠰᠠᠭ ᠠᠯᠪᠠᠨ ᠲᠠᠷᠬᠠᠭᠠᠭᠰᠠᠨ 〔2022〕 2 ᠳ᠋ᠤᠭᠠᠷ ᠲᠣᠭᠠᠲᠤ | ︽ᠴᠢᠩᠱᠠᠨ ᠲᠣᠭᠤᠷᠢᠭ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠰᠬᠠᠢ ᠠᠵᠢᠯᠯᠠᠭ᠎ᠠ ᠶᠢᠨ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ | ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠬᠤᠸᠠᠷ ᠫᠤᠤᠵᠢᠩ ᠲᠠᠯᠪᠢᠬᠤ᠂ ᠭᠠᠯ ᠳᠦᠷᠡᠯᠵᠡᠭᠦᠯᠬᠦ ᠵᠡᠷᠭᠡ ᠦᠶᠯᠡ ᠠᠵᠢᠯᠯᠠᠭ᠎ᠠ ᠠᠴᠠ ᠪᠣᠯᠵᠤ | ᠠᠭᠠᠷ ᠤᠨ ᠪᠣᠬᠢᠷᠳᠤᠯ ᠡᠭᠦᠰᠬᠦ ᠠᠴᠠ ᠵᠠᠶᠢᠯᠠᠰᠬᠢᠵᠦ᠂ ᠮᠠᠨ ᠤ ᠲᠤᠭᠤᠷᠢᠭ ᠤᠨ ᠠᠷᠠᠳ ᠲᠦᠮᠡᠨ ᠤ ᠠᠮᠤᠷ ᠲᠦᠪᠰᠢᠨ᠂ | ᠥᠯᠵᠡᠢ ᠪᠡᠯᠭᠡ ᠲᠠᠢ᠂ ᠪᠣᠬᠢᠷᠳᠤᠯ ᠦᠭᠡᠢ᠂ ᠡᠷᠡᠭᠦᠯ ᠮᠡᠨᠳᠦ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠶᠢᠨ | ᠲᠤᠰᠠᠳᠠ᠂ ᠡᠳᠦᠭᠡ ︽ᠴᠢᠩᠱᠠᠨ ᠲᠣᠭᠤᠷᠢᠭ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠰᠬᠠᠢ | ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠠᠨᠠᠷ ᠲᠤ ᠤᠯᠠᠮᠵᠢᠯᠠᠨ ᠶᠠᠪᠤᠭᠤᠯᠤᠯ᠎ᠠ᠂ ᠡᠯ᠎ᠡ ᠨᠢᠭᠡᠴᠡ ᠨᠦᠭᠦᠳ | ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2022 ᠣᠨ ᠤ 1 ᠰᠠᠷ᠎ᠠ ᠶᠢᠨ 28 ᠤ ᠡᠳᠦᠷ | | ᠴᠢᠩᠱᠠᠨ ᠲᠣᠭᠤᠷᠢᠭ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠰᠬᠠᠢ ᠠᠵᠢᠯᠯᠠᠭ᠎ᠠ ᠶᠢᠨ | ᠬᠡᠷᠡᠭᠵᠢᠭᠦᠯᠬᠦ ᠲᠥᠰᠥᠯ | ᠬᠤᠸᠠᠷ ᠫᠤᠤᠵᠢᠩ ᠲᠠᠯᠪᠢᠬᠤ᠂ ᠺᠦᠩ ᠮᠢᠩ ᠳ᠋ᠧᠩ ᠠᠰᠠᠭᠠᠬᠤ᠂ ᠭᠠᠯ ᠳᠦᠷᠡᠯᠵᠡᠭᠦᠯᠬᠦ ᠪᠠ ᠳᠠᠬᠢᠯᠭ᠎ᠠ ᠶᠢᠨ | ᠬᠡᠷᠡᠭᠰᠡᠯ ᠢ ᠰᠢᠲᠠᠭᠠᠬᠤ ᠬᠠᠮᠢᠶᠠᠷᠤᠯᠲᠠ ᠶᠢ ᠴᠢᠩᠭᠠᠳᠬᠠᠵᠦ᠂ ︽ᠴᠡᠯᠮᠡᠭ ᠲᠡᠭᠷᠢ ᠶᠢ ᠬᠠᠮᠠᠭᠠᠯᠠᠬᠤ ᠳᠠᠶᠢᠨ︾ ᠢ | ᠦᠷᠭᠦᠯᠵᠢᠯᠡᠨ ᠰᠠᠶᠢᠲᠤᠷ ᠬᠢᠵᠦ᠂ ᠠᠭᠠᠷ ᠮᠠᠨᠳᠠᠯ ᠤᠨ ᠣᠷᠴᠢᠨ ᠲᠣᠭᠤᠷᠢᠨ ᠳᠤ ᠤᠴᠠᠷᠠᠭᠤᠯᠬᠤ ᠬᠤᠣᠷ ᠬᠥᠨᠥᠭᠡᠯ ᠢ | ᠪᠠᠭᠠᠰᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠪᠠ ᠬᠥᠮᠥᠨ ᠤ ᠪᠡᠶ᠎ᠡ ᠪᠠ ᠡᠳ᠋ ᠬᠥᠷᠥᠩᠭᠡ ᠶᠢᠨ ᠠᠮᠤᠷ | ᠲᠦᠪᠰᠢᠨ ᠢ ᠪᠠᠲᠤᠯᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ | ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠠᠷᠭ᠎ᠠ︾ ︽ᠬᠤᠸᠠᠷ ᠫᠤᠤᠵᠢᠩ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ | ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ︾ ︽ᠪᠤᠭᠤᠲᠤ ᠬᠤᠲᠠ ᠶᠢᠨ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ | ᠵᠠᠰᠠᠬᠤ ᠳᠦᠷᠢᠮ︾ ︽ᠪᠤᠭᠤᠲᠤ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ︽ᠬᠤᠸᠠᠷ ᠫᠤᠤᠵᠢᠩ ᠲᠠᠯᠪᠢᠬᠤ᠂ ᠺᠦᠩ ᠮᠢᠩ ᠳ᠋ᠧᠩ ᠠᠰᠠᠭᠠᠬᠤ᠂ ᠭᠠᠯ | ᠳᠦᠷᠡᠯᠵᠡᠭᠦᠯᠬᠦ ᠪᠠ ᠲᠠᠬᠢᠯᠭ᠎ᠠ ᠶᠢᠨ ᠬᠡᠷᠡᠭᠰᠡᠯ ᠢ ᠰᠢᠲᠠᠭᠠᠬᠤ ᠶᠢ ᠴᠠᠭᠠᠵᠠᠯᠠᠬᠤ ᠲᠤᠬᠠᠢ ᠪᠤᠭᠤᠲᠤ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ︵ᠳᠤᠤᠷ᠎ᠠ | ︽ᠲᠣᠭᠲᠠᠭᠠᠯ︾ ᠭᠡᠵᠦ ᠲᠣᠪᠴᠢᠯᠠᠨ᠎ᠠ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ | ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠤᠨᠴᠠᠭᠠᠶᠢᠯᠠᠨ ᠳᠣᠣᠷᠠᠬᠢ ᠮᠡᠲᠦ ᠬᠡᠷᠡᠭᠵᠢᠭᠦᠯᠬᠦ ᠲᠥᠰᠥᠯ ᠢ | ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡᠲᠡᠢ᠂ ᠬᠠᠮᠲᠤᠪᠠᠷ ᠡᠳ᠋ᠯᠡᠬᠦ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠤᠭᠤᠲᠤ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︽ᠲᠣᠭᠲᠠᠭᠠᠯ︾ ᠢ | ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠪᠦᠬᠦᠯᠢ | ᠴᠣᠭᠴᠠ ᠪᠠ ᠭᠤᠣᠯᠳᠠᠯᠭ᠎ᠠ ᠶᠢ ᠨᠢᠭᠡᠳᠦᠯᠲᠡᠢ ᠲᠥᠯᠥᠪᠯᠡᠨ᠂ ᠣᠳᠣᠬᠠᠨ ᠤ ᠪᠠ ᠠᠯᠤᠰ ᠬᠡᠲᠦ ᠶᠢ ᠬᠠᠮᠲᠤ ᠳᠤᠨᠢ | ᠬᠠᠷᠠᠭᠠᠯᠵᠠᠵᠤ᠂ ᠬᠥᠬᠡ ᠣᠭᠲᠠᠷᠭᠤᠢ ᠶᠢ ᠰᠠᠬᠢᠨ ᠬᠠᠮᠠᠭᠠᠯᠠᠬᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠪᠠᠲᠤᠯᠠᠬᠤ ᠳᠡᠭᠡᠳᠦ ᠬᠡᠮᠵᠢᠶᠡᠨ ᠳᠤ ᠵᠣᠭᠰᠣᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ | ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠣᠭᠤᠮᠲᠠ | ᠰᠢᠪᠲᠤᠯᠬᠤ ᠲᠡᠶᠢᠨ ᠤ ᠢᠯᠠᠯᠲᠠ ᠶᠢ ᠵᠠᠪᠠᠯ ᠣᠯᠬᠤ ᠬᠡᠷᠡᠭᠲᠡᠢ᠃ | ᠬᠤᠶᠠᠷ᠂ ᠡᠭᠦᠷᠭᠡ ᠬᠠᠷᠠᠯᠲᠠ | ᠮᠠᠨ ᠤ ᠲᠤᠭᠤᠷᠢᠭ ᠤᠨ ᠬᠠᠮᠢᠶᠠᠷᠤᠨ ᠡᠵᠡᠮᠳᠡᠬᠦ ᠣᠷᠣᠨ ᠪᠦᠰᠡ ᠶᠢᠨ ᠬᠤᠸᠠᠷ ᠫᠤᠤᠵᠢᠩ ᠲᠠᠯᠪᠢᠬᠤ ᠶᠢ | ᠴᠠᠭᠠᠵᠠᠯᠠᠬᠤ ᠠᠵᠢᠯ ᠤᠨ ᠵᠢᠮ᠎ᠡ ᠶᠣᠰᠣ ᠶᠢᠨ ᠣᠨᠴᠠᠯᠢᠭ ᠲᠠᠢ ᠤᠶᠠᠯᠳᠤᠭᠤᠯᠤᠨ᠂ ᠲᠣᠰ ᠡᠳᠦᠷ ᠠᠴᠠ ᠡᠬᠢᠯᠡᠨ ᠬᠤᠸᠠᠷ | ᠫᠤᠤᠵᠢᠩ ᠲᠠᠯᠪᠢᠬᠤ ᠶᠢ ᠴᠠᠭᠠᠵᠠᠯᠠᠬᠤ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠤᠳᠤᠷᠢᠳᠤᠯᠭ᠎ᠠ ᠴᠡᠭ ᠲᠤ ᠰᠠᠭᠤᠵᠤ ᠬᠡᠰᠡᠭ ᠭᠠᠵᠠᠷ ᠢ ᠳᠠᠭᠠᠭᠠᠴᠢᠯᠠᠨ ᠱᠠᠯᠠᠪᠳᠠᠭᠤᠯᠬᠤ᠂ ᠵᠠᠩᠭᠢᠯᠠᠭ᠎ᠠ ᠶᠢᠨ ᠰᠠᠯᠠᠭ᠎ᠠ | ᠮᠥᠴᠢᠷ ᠤᠨ ᠬᠠᠮᠲᠤᠷᠠᠨ ᠠᠵᠢᠯᠯᠠᠵᠤ ᠬᠠᠮᠲᠤᠷᠠᠨ ᠬᠥᠳᠡᠯᠦᠯᠴᠡᠬᠦ ᠵᠡᠷᠭᠡ ᠬᠦᠴᠦᠲᠡᠢ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ︽ᠨᠠᠮ ᠵᠠᠰᠠᠭ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠨᠢᠭᠲᠠᠷᠠᠭᠤᠯᠤᠨ ᠬᠦᠴᠦ ᠪᠠᠨ | ᠬᠠᠮᠲᠤᠳᠬᠠᠬᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ︾ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠮᠠᠨ ᠤ | ᠲᠤᠭᠤᠷᠢᠭ ᠤᠨᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ ᠳᠤ ︽ᠣᠭᠲᠣᠬᠠᠨ ᠴᠤ ᠨᠣᠴᠣᠭᠠᠬᠤ ᠦᠭᠡᠢ︾᠂ | ᠬᠤᠸᠠᠷ ᠫᠤᠤᠵᠢᠩ ︽ᠣᠭᠲᠣᠬᠠᠨ ᠴᠤ ᠪᠣᠷᠣᠯᠠᠭᠤᠯᠬᠤ ᠦᠭᠡᠢ︾᠂ ᠬᠤᠸᠠᠷ ᠫᠤᠤᠵᠢᠩ ᠲᠠᠯᠪᠢᠭᠰᠠᠨ ᠠᠴᠠ ᠪᠣᠯᠤᠭᠰᠠᠨ | ᠭᠠᠯ ᠤᠨ ᠠᠶᠤᠯ᠂ ᠬᠥᠮᠥᠨ ᠬᠠᠷ᠎ᠠ ᠦᠬᠦᠵᠦ ᠰᠢᠷᠬᠠᠲᠤᠭᠰᠠᠨ ᠵᠢᠴᠢ ᠪᠤᠰᠤᠳ ᠡᠯ᠎ᠡ ᠲᠥᠷᠥᠯ ᠤᠨ ᠬᠡᠷᠡᠭ ᠶᠠᠪᠤᠳᠠᠯ ᠢ | ︽ᠣᠭᠲᠣᠬᠠᠨ ᠴᠤ ᠭᠠᠷᠭᠠᠬᠤ ᠦᠭᠡᠢ︾ ᠶᠢ ᠪᠡᠶᠡᠯᠡᠭᠦᠯᠵᠦ᠂ ᠬᠤᠲᠠ ᠶᠢᠨ ᠣᠷᠴᠢᠨ ᠲᠣᠭᠤᠷᠢᠨ ᠪᠠ ᠠᠭᠠᠷ ᠤᠨ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ | ᠭᠤᠷᠪᠠ᠂ ᠴᠠᠭ ᠬᠤᠭᠤᠴᠠᠭ᠎ᠠ ᠪᠠ ᠣᠷᠣᠨ ᠪᠦᠰᠡ | ᠴᠢᠩᠱᠠᠨ ᠲᠣᠭᠤᠷᠢᠭ ᠤᠨ ᠪᠦᠬᠦ ᠨᠤᠲᠤᠭ ᠳᠡᠪᠢᠰᠬᠡᠷ ᠲᠤ ᠪᠦᠬᠦ ᠵᠢᠯ ᠢᠶᠠᠷ ᠢᠶᠠᠨ ᠰᠢᠲᠠᠭᠠᠬᠤ ᠶᠢ ᠴᠠᠭᠠᠵᠠᠯᠠᠨ᠎ᠠ᠃ | ᠳᠦᠷᠪᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠴᠢᠩᠱᠠᠨ ᠲᠣᠭᠤᠷᠢᠭ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠲᠣᠭᠤᠷᠢᠭ ᠤᠨ ᠳᠠᠷᠤᠭ᠎ᠠ ᠪᠠᠢ ᠶᠦᠨ ᠰᠢ ᠳᠤᠭᠤᠶᠢᠯᠠᠩ ᠤᠨ ᠳᠠᠷᠤᠭ᠎ᠠ ᠪᠣᠯᠭᠠᠵᠤ᠂ | ᠲᠣᠭᠤᠷᠢᠭ ᠤᠨ ᠳᠡᠳ᠋ ᠳᠠᠷᠤᠭ᠎ᠠ ᠭᠤᠤ ᠶᠢᠨ ᠮᠢᠩ ᠪᠠ ᠦ᠋ ᠬᠤᠤ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠬᠤᠷᠢᠶ᠎ᠠ ᠶᠢᠨ ᠤᠬᠠᠭᠤᠯᠬᠤ ᠬᠡᠯᠲᠡᠰ᠂ | ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠪᠯᠡᠯ ᠤᠨ ᠬᠤᠷᠢᠶ᠎ᠠ᠂ ᠲᠣᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠬᠤᠪᠢᠶᠠᠷᠢ ᠲᠣᠪᠴᠢᠶ᠎ᠠ᠂ ᠠᠮᠢ ᠠᠬᠤᠢ ᠤᠷᠴᠢᠨ ᠲᠤᠭᠤᠷᠢᠨ ᠤ ᠬᠤᠪᠢᠶᠠᠷᠢ ᠲᠤᠪᠴᠢᠶ᠎ᠠ ᠪᠠ | ᠡᠯ᠎ᠡ ᠵᠡᠭᠡᠯᠢ ᠪᠠᠯᠭᠠᠰᠦ ᠶᠢᠨ ᠠᠯᠪᠠᠨ ᠭᠡᠷ ᠢᠶᠠᠷ ᠪᠦᠷᠢᠯᠳᠦᠭᠦᠨ ᠨᠢᠭᠡᠴᠡ ᠪᠤᠯᠭᠠᠨ᠎ᠠ᠃ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ︵︽ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ | ᠠᠯᠪᠠᠨ ᠭᠡᠷ︾ ᠭᠡᠵᠦ ᠲᠣᠪᠴᠢᠯᠠᠨ᠎ᠠ︶ ᠲᠤᠬᠢᠷᠠᠭᠤᠯᠵᠦ᠂ ᠠᠯᠪᠠᠨ ᠭᠡᠷ ᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ ᠳᠤ ᠪᠠᠶᠢᠷᠢᠯᠠᠭᠤᠯᠵᠤ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠶᠢᠨ ᠳᠡᠳ᠋ ᠳᠠᠷᠤᠭ᠎ᠠ ᠸᠠᠩ ᠴᠦᠨ ᠶᠠᠩ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ ᠵᠠᠩ ᠱᠧᠩ ᠯᠢ ᠪᠠ ᠪᠠᠶᠢᠳᠠᠯ ᠢ ᠵᠢᠭᠠᠬᠤ ᠲᠥᠪ ᠤᠨ ᠡᠷᠬᠢᠯᠡᠭᠴᠢ | ᠯᠢᠦ ᠰᠢᠤᠸᠠᠨᠲ᠋ᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠡᠳᠦᠷ ᠲᠤᠲᠤᠮ ᠤᠨ ᠬᠠᠮᠲᠤᠷᠠᠨ ᠬᠥᠳᠡᠯᠦᠯᠴᠡᠬᠦ ᠪᠠ | ᠳᠤᠷᠠᠰᠬᠠᠯ ᠤᠨ ᠡᠳᠦᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ | ᠲᠠᠪᠤ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠤᠲᠤᠷᠬᠠᠶᠢᠯᠠᠨ᠎ᠠ | ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠄ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠨᠠᠮ ᠤᠨ | ᠭᠡᠰᠢᠭᠦᠨ ᠤᠳᠤᠷᠢᠳᠬᠤ ᠺᠠᠳ᠋ᠷᠴᠤᠳ ᠲᠦᠷᠦᠭᠦᠯᠡᠨ ᠴᠠᠭᠠᠵᠠᠯᠠᠬᠤ ᠬᠢᠵᠠᠭᠠᠷᠯᠠᠬᠤ ᠲᠠᠯᠪᠢᠬᠤ ᠲᠣᠭᠲᠠᠭᠠᠯ ᠢ | ᠵᠢᠷᠤᠮᠯᠠᠬᠤ ᠶᠢ ᠬᠥᠮᠥᠵᠢᠭᠦᠯᠦᠨ ᠱᠠᠯᠠᠪᠳᠠᠭᠤᠯᠬᠤ ᠶᠢ ᠬᠠᠷᠢᠭᠤᠴᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ | ᠲᠦᠷᠦᠭᠦᠯᠡᠨ ᠰᠠᠨᠠᠭᠠᠴᠢᠯᠠᠭ᠎ᠠ ᠠᠴᠠ ᠪᠠᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠣᠭᠲᠠᠭᠠᠯ ᠢ | ᠵᠢᠷᠤᠮᠯᠠᠬᠤ ᠶᠢ ᠬᠥᠮᠥᠵᠢᠭᠦᠯᠦᠨ ᠬᠥᠲᠥᠯᠥᠨ ᠵᠢᠯᠤᠭᠤᠳᠴᠤ᠂ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ | ᠲᠠᠯᠪᠢᠬᠤ ᠦᠶᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠢᠳᠬᠠᠨ ᠬᠤᠷᠢᠭᠯᠠᠬᠤ ᠶᠢ ᠬᠠᠷᠢᠭᠤᠴᠠᠨ᠎ᠠ᠃ | ᠲᠤᠭᠤᠷᠢᠭ ᠤᠨ ᠬᠤᠷᠢᠶ᠎ᠠ ᠶᠢᠨ ᠤᠬᠠᠭᠤᠯᠬᠤ ᠬᠡᠯᠲᠡᠰ᠄ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ | ᠠᠵᠢᠯ ᠤᠨ ᠤᠬᠠᠭᠤᠯᠭ᠎ᠠ ᠶᠢᠨ ᠲᠥᠰᠥᠯ ᠢ ᠬᠠᠷᠢᠭᠤᠴᠠᠨ ᠲᠣᠭᠲᠠᠭᠠᠵᠤ᠂ ᠤᠬᠠᠭᠤᠯᠭ᠎ᠠ ᠶᠢᠨ ᠪᠠᠷᠢᠮᠵᠢᠶ᠎ᠠ ᠶᠢ ᠨᠢᠭᠡᠳᠬᠡᠨ᠂ | ᠰᠢᠲᠠᠭᠠᠬᠤ ᠶᠢ ᠴᠠᠭᠠᠵᠠᠯᠠᠬᠤ ᠴᠢᠬᠤᠯᠠ ᠴᠢᠨᠠᠷ᠂ ᠪᠣᠯᠪᠠᠰᠤᠨ ᠴᠢᠨᠠᠷ᠂ ᠠᠮᠤᠷ ᠲᠦᠪᠰᠢᠨ ᠴᠢᠨᠠᠷ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠴᠢᠨᠠᠷ ᠤᠨ ᠤᠬᠠᠭᠤᠯᠭ᠎ᠠ ᠶᠢ ᠴᠢᠩᠭᠠᠳᠬᠠᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ | ᠪᠠᠶᠢᠳᠠᠯ ᠤᠨ ᠵᠠᠳᠠᠯᠤᠯᠲᠠ ᠶᠢ ᠴᠢᠩᠭᠠᠳᠬᠠᠵᠤ᠂ ᠵᠥᠪ ᠲᠠᠯ᠎ᠠ ᠠᠴᠠ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ︔ | ᠬᠠᠮ ᠵᠠᠭᠤᠴᠢᠯᠠᠭᠤᠷ ᠤᠨ ᠲᠥᠪ ᠨᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠷᠠᠳᠢᠣ᠋ | ᠨᠡᠪᠲᠡᠷᠡᠭᠦᠯᠭᠡ᠂ ᠲᠧᠯᠸᠢᠰ ᠵᠡᠷᠭᠡ ᠵᠠᠭᠤᠴᠢᠯᠠᠭᠤᠷ ᠢ ᠠᠰᠢᠭᠯᠠᠨ ᠰᠢᠲᠠᠭᠠᠬᠤ ᠶᠢ ᠴᠠᠭᠠᠵᠠᠯᠠᠬᠤ ᠲᠣᠭᠲᠠᠭᠠᠯ ᠢ | ᠥᠷᠭᠡᠨ ᠢᠶᠠᠷ ᠤᠬᠠᠭᠤᠯᠬᠤ ᠬᠡᠷᠡᠭᠲᠡᠢ᠃ | ᠰᠤᠷᠭᠠᠨ ᠬᠥᠮᠦᠵᠢᠯ ᠤᠨ ᠲᠣᠪᠴᠢᠶ᠎ᠠ᠄ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ | ᠰᠤᠷᠤᠭᠴᠢᠳ ︽ᠭᠠᠷ ᠭᠠᠷ ᠢᠶᠠᠨ ᠬᠤᠯᠪᠣᠯᠴᠠᠨ︾᠂ ᠭᠡᠷ ᠤᠨ ᠠᠬᠠᠮᠠᠳ ᠲᠤ ᠬᠤᠸᠠᠷ ᠫᠤᠤᠵᠢᠩ ᠲᠠᠯᠪᠢᠬᠤ ᠶᠢ | ᠴᠠᠭᠠᠵᠠᠯᠠᠬᠤ ᠲᠣᠭᠲᠠᠭᠠᠯ ᠢ ᠤᠬᠠᠭᠤᠯᠤᠨ᠎ᠠ᠃ | ᠠᠷᠠᠳ ᠤᠨ ᠶᠠᠪᠤᠳᠠᠯ ᠤᠨ ᠲᠣᠪᠴᠢᠶ᠎ᠠ᠄ ᠣᠷᠤᠭ ᠤᠨ ᠳᠠᠩᠰᠠᠯᠠᠯᠲᠠ ᠬᠢᠯᠭᠡᠬᠦ ᠣᠯᠠᠨ ᠲᠦᠮᠡᠨ ᠬᠤᠸᠠᠷ | ᠫᠤᠤᠵᠢᠩ ᠲᠠᠯᠪᠢᠬᠤ ᠶᠢ ᠴᠠᠭᠠᠵᠠᠯᠠᠬᠤ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠨ᠎ᠠ᠃ | ᠬᠠᠤᠯᠢ ᠴᠠᠭᠠᠵᠠ ᠶᠢᠨ ᠲᠣᠪᠴᠢᠶ᠎ᠠ᠄ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠵᠡᠷᠭᠡ | ᠠᠵᠢᠯ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠮᠡᠳᠡᠯᠭᠡ ᠶᠢᠨ ᠤᠬᠠᠭᠤᠯᠭ᠎ᠠ ᠶᠢ | ᠥᠷᠨᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠢ ᠰᠤᠷᠭᠠᠨ ᠬᠥᠮᠥᠵᠢᠭᠦᠯᠵᠦ ᠪᠠᠶᠢᠭᠠᠳ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠬᠤ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠤᠨ᠎ᠠ᠃ | ᠡᠳ᠋ ᠤᠨ ᠵᠠᠰᠠᠭ ᠤᠨ ᠲᠣᠪᠴᠢᠶ᠎ᠠ᠄ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ | ᠬᠠᠮᠢᠶᠠᠷᠤᠯᠲᠠ ᠶᠢᠨ ᠪᠠᠶᠢᠭᠤᠯᠤᠯ ᠪᠠ ᠰᠠᠯᠠᠭ᠎ᠠ ᠮᠥᠴᠢᠷ ᠤᠨ ᠲᠥᠰᠥᠪ ᠤᠨ ᠬᠠᠮᠢᠶᠠᠷᠤᠯᠲᠠ ᠶᠢᠨ ᠱᠠᠭᠠᠷᠳᠠᠯᠭ᠎ᠠ | ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ | ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠬᠢᠨᠠᠨ ᠬᠠᠷᠭᠤᠭᠤᠯᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ︽ᠬᠤᠸᠠᠷ | ᠫᠤᠤᠵᠢᠩ ᠲᠠᠯᠪᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠮᠡᠳᠡᠭᠳᠡᠯ ᠤᠨ ᠪᠢᠴᠢᠭ︾ ᠢ ᠬᠠᠷᠢᠭᠤᠴᠠᠨ ᠦᠢᠯᠡᠳᠴᠦ᠂ | ᠪᠠᠷᠢᠯᠭ᠎ᠠ ᠶᠢᠨ ᠭᠠᠵᠠᠷ ᠤᠨ ᠥᠮᠴᠢᠲᠡᠨ ᠳᠤ ᠲᠠᠷᠬᠠᠭᠠᠨ᠎ᠠ︔ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠴᠡ ᠶᠢ | ᠱᠠᠯᠠᠪᠳᠠᠭᠤᠯᠵᠦ ᠪᠠᠶᠢᠭᠠᠳ ᠠᠳᠠᠯ ᠠᠬᠤᠢ ᠶᠢᠨ ᠦᠢᠯᠡᠴᠢᠯᠡᠭᠡᠨ ᠤ ᠡᠲᠡᠭᠡᠳ ᠲᠤ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠵᠢᠵᠢᠭ ᠲᠣᠭᠤᠷᠢᠭ ᠲᠤ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠬᠤ ᠦᠵᠡᠭᠳᠡᠯ | ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠄ G6 ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠮᠠᠨ ᠤ | ᠲᠤᠭᠤᠷᠢᠭ ᠲᠤ ᠣᠷᠣᠵᠤ ᠢᠷᠡᠬᠦ ᠡᠯ᠎ᠡ ᠲᠥᠷᠥᠯ ᠤᠨ ᠲᠡᠷᠭᠡ ᠬᠥᠰᠬᠡ ᠳᠤ ᠬᠤᠸᠠᠷ ᠫᠤᠤᠵᠢᠩ ᠲᠡᠭᠡᠭᠡᠵᠦ ᠪᠠᠶᠢᠭ᠎ᠠ | ᠪᠠᠶᠢᠳᠠᠯ ᠢ ᠴᠡᠭ ᠪᠠᠶᠢᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠡᠯ᠎ᠡ ᠡᠮᠴᠢᠯᠡᠭᠡᠨ ᠤ ᠨᠢᠭᠡᠴᠡ ᠶᠢ ᠵᠢᠯᠣᠭᠤᠳᠤᠨ | ᠱᠠᠯᠠᠪᠳᠠᠭᠤᠯᠵᠦ ᠪᠠᠶᠢᠭᠠᠳ ᠤᠬᠠᠭᠤᠯᠬᠤ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ | ᠡᠮᠴᠢᠯᠡᠭᠡᠨ ᠤ ᠠᠪᠤᠷᠠᠨ ᠵᠠᠰᠠᠯᠲᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠴᠠᠭᠤᠯᠤᠨ᠎ᠠ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠡᠵᠡᠩᠨᠡᠯᠲᠡ ᠶᠢᠨ ᠨᠢᠭᠡᠴᠡ ᠶᠢᠨ | ᠵᠥᠪᠰᠢᠶᠡᠷᠡᠯ ᠦᠭᠡᠢ ᠪᠠᠷ ᠬᠤᠸᠠᠷ ᠫᠤᠤᠵᠢᠩ ᠡᠵᠡᠩᠨᠡᠬᠦ ᠪᠤᠶᠤ ᠵᠥᠪᠰᠢᠶᠡᠷᠡᠯ ᠤᠨ ᠬᠡᠪᠴᠢᠶ᠎ᠡ ᠠᠴᠠ ᠬᠡᠲᠦᠷᠡᠭᠦᠯᠦᠨ | ᠬᠤᠸᠠᠷ ᠫᠤᠤᠵᠢᠩ ᠡᠵᠡᠩᠨᠡᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ | ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠦᠨ᠎ᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ︽ᠠᠵᠤ ᠦᠢᠯᠡᠳᠪᠦᠷᠢ ᠬᠤᠳᠠᠯᠳᠤᠭᠠᠴᠢᠨ | ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠬᠢᠵᠠᠭᠠᠷᠯᠠᠨ ᠲᠠᠯᠪᠢᠬᠤ ᠶᠢ ᠮᠡᠳᠡᠭᠳᠡᠬᠦ ᠪᠢᠴᠢᠭ︾ ᠢ ᠬᠠᠷᠢᠭᠤᠴᠠᠨ | ᠵᠣᠬᠢᠶᠠᠵᠤ᠂ ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠭᠤᠯᠤᠨ ᠪᠦᠷᠢᠳᠬᠡᠭᠦᠯᠦᠭᠰᠡᠨ ᠥᠮᠴᠢᠲᠡᠨ ᠳᠤ | ᠲᠠᠷᠬᠠᠭᠠᠨ ᠥᠭᠴᠦ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠣᠭᠲᠠᠭᠠᠯ ᠢ ᠤᠬᠠᠭᠤᠯᠤᠨ᠎ᠠ︔ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ ᠬᠤᠸᠠᠷ ᠫᠤᠤᠵᠢᠩ ᠡᠵᠡᠩᠨᠡᠯᠲᠡ ᠶᠢᠨ ᠦᠨᠡᠮᠯᠡᠯ ᠦᠭᠡᠢ ᠪᠠᠷ ᠡᠵᠡᠩᠨᠡᠬᠦ ᠦᠶᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠤᠳᠠᠯᠳᠤᠭᠠᠴᠢᠨ ᠤ LED ᠳᠡᠯᠭᠡᠴᠡ ᠶᠢ | ᠭᠦᠢᠴᠡᠳ ᠠᠰᠢᠭᠯᠠᠨ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠶᠢᠨ ᠯᠣᠽᠦ᠋ᠩ ᠲᠤᠬᠠᠢ | ᠵᠢᠨᠴᠠᠭ ᠳᠤᠨᠢ ᠡᠷᠭᠢᠯᠳᠦᠭᠦᠯᠦᠨ ᠨᠡᠪᠲᠡᠷᠡᠭᠦᠯᠦᠨ᠎ᠡ᠃ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ ᠵᠠᠮ ᠡᠵᠡᠯᠡᠨ ᠡᠵᠡᠩᠨᠡᠵᠦ ᠪᠠᠶᠢᠭ᠎ᠠ ᠬᠤᠸᠠᠷ | ᠫᠤᠤᠵᠢᠩ ᠤᠨ ᠨᠡᠭᠦᠳᠡᠯ ᠶᠢ ᠴᠠᠭ ᠲᠤᠬᠠᠢ ᠳᠤᠨᠢ ᠴᠠᠭᠠᠵᠠᠯᠠᠬᠤ ᠶᠢ ᠬᠠᠷᠢᠭᠤᠴᠠᠵᠤ᠂ ᠬᠠᠤᠯᠢ ᠬᠡᠷᠡᠭᠵᠢᠭᠦᠯᠬᠦ ᠡᠩᠨᠡᠭᠡ | ᠳᠡᠯᠭᠡᠭᠡ ᠮᠠᠶᠢᠮᠠᠢ ᠶᠢ ᠵᠣᠬᠢᠶᠠᠨ ᠪᠠᠶᠢᠭᠤᠯᠤᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ | ᠥᠷᠨᠢᠭᠦᠯᠬᠦ ᠶᠢ ᠬᠠᠷᠢᠭᠤᠴᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠶᠠᠪᠤᠳᠠᠯ ᠢ ︽ᠡᠭᠦᠳᠡᠨ ᠡᠮᠦᠨᠡᠬᠢ | ᠭᠤᠷᠪᠠ ᠶᠢ ᠳᠠᠭᠠᠭᠠᠬᠤ ᠦᠢᠯᠡᠴᠢᠯᠡᠭᠡ︾ ᠶᠢᠨ ᠬᠠᠮᠢᠶᠠᠷᠤᠯᠲᠠ ᠶᠢᠨ ᠠᠵᠢᠯ ᠳᠤ ᠣᠷᠣᠭᠤᠯᠤᠨ᠎ᠠ᠃ | ᠡᠪᠯᠡᠯ ᠤᠨ ᠬᠤᠷᠢᠶ᠎ᠠ᠄ ᠪᠦᠬᠦ ᠬᠤᠳᠠ ᠶᠢᠨ ᠡᠪᠯᠡᠯ ᠤᠨ ᠭᠡᠰᠢᠭᠦᠨ ᠵᠠᠯᠠᠭᠤᠴᠤᠳ ᠢ ᠤᠷᠢᠶᠠᠯᠠᠨ ᠬᠤᠸᠠᠷ | ᠫᠤᠤᠵᠢᠩ ᠲᠠᠯᠪᠢᠬᠤ ᠶᠢ ᠬᠢᠵᠠᠭᠠᠷᠯᠠᠬᠤ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠲᠣᠭᠲᠠᠭᠠᠯ ᠢ ᠵᠥᠷᠢᠴᠡᠨ | ᠬᠤᠸᠠᠷ ᠫᠤᠤᠵᠢᠩ ᠲᠠᠯᠪᠢᠬᠤ ᠠᠵᠢᠯᠯᠠᠭ᠎ᠠ ᠶᠢ ᠢᠳᠡᠪᠬᠢᠲᠡᠢ ᠪᠠᠷ ᠲᠦᠷᠦᠭᠦᠯᠡᠨ ᠬᠤᠷᠢᠭᠯᠠᠬᠤ ᠶᠢ ᠬᠠᠷᠢᠭᠤᠴᠠᠨ᠎ᠠ︔ | ᠮᠠᠨ ᠤ ᠲᠤᠭᠤᠷᠢᠭ ᠤᠨ ᠵᠠᠯᠠᠭᠤ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠵᠤ ᠬᠠᠮᠢᠶᠠᠷᠤᠨ ᠡᠵᠡᠮᠳᠡᠬᠦ ᠠᠵᠢᠯ ᠳᠤ | ᠣᠷᠣᠯᠴᠠᠭᠤᠯᠬᠤ ᠶᠢ ᠬᠠᠷᠢᠭᠤᠴᠠᠨ᠎ᠠ᠃ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠶᠢ | ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠤᠬᠠᠭᠤᠯᠬᠤ ᠬᠡᠯᠲᠡᠰ ᠲᠤ ᠬᠤᠸᠠᠷ ᠫᠤᠤᠵᠢᠩ ᠲᠠᠯᠪᠢᠬᠤ ᠶᠢ | ᠴᠠᠭᠠᠵᠠᠯᠠᠬᠤ ᠤᠬᠠᠭᠤᠯᠭ᠎ᠠ ᠶᠢᠨ ᠪᠣᠷᠣ ᠮᠠᠲ᠋ᠧᠷᠢᠶᠠᠯ ᠬᠠᠩᠭᠠᠬᠤ ᠶᠢ ᠬᠠᠷᠢᠭᠤᠴᠠᠵᠤ᠂ ᠲᠣᠭᠲᠠᠭᠠᠯ ᠠᠴᠠ ᠵᠥᠷᠢᠴᠡᠨ | ᠬᠤᠸᠠᠷ ᠫᠤᠤᠵᠢᠩ ᠲᠠᠯᠪᠢᠭᠰᠠᠨ᠂ ᠵᠥᠭᠡᠭᠡᠪᠦᠷᠢᠯᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ︔ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠬᠤᠸᠠᠷ ᠫᠤᠤᠵᠢᠩ | ᠳᠤᠷ᠎ᠠ ᠪᠠᠷ ᠢᠶᠠᠨ ᠪᠣᠷᠣᠯᠠᠭᠤᠯᠬᠤ᠂ ᠬᠠᠤᠯᠢ ᠪᠤᠰᠤ ᠪᠠᠷ ᠬᠠᠳᠠᠭᠠᠯᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ ᠴᠠᠭᠠᠵᠠᠯᠠᠨ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠨ᠎ᠠ︔ ᠬᠤᠸᠠᠷ ᠫᠤᠤᠵᠢᠩ ᠢ ᠬᠤᠷᠢᠶᠠᠨ ᠠᠪᠴᠤ | ᠤᠰᠠᠳᠬᠠᠬᠤ ᠶᠠᠪᠤᠳᠠᠯ ᠢ ᠨᠠᠶᠢᠳᠠᠪᠤᠷᠢᠵᠢᠭᠤᠯᠵᠤ᠂ ᠬᠤᠸᠠᠷ ᠫᠤᠤᠵᠢᠩ ᠳᠤ ᠬᠤᠯᠪᠣᠭᠳᠠᠭᠰᠠᠨ ᠠᠮᠤᠷ ᠢ ᠬᠠᠮᠠᠭᠠᠯᠠᠬᠤ | ᠬᠠᠮᠢᠶᠠᠷᠤᠯᠲᠠ ᠠᠴᠠ ᠵᠥᠷᠢᠴᠡᠭᠰᠡᠨ ᠬᠡᠷᠡᠭ ᠪᠠ ᠡᠷᠡᠭᠦᠦ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠵᠦ᠂ ᠡᠯ᠎ᠡ | ᠲᠥᠷᠥᠯ ᠤᠨ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠰᠢᠢᠳᠪᠦᠷᠢᠯᠡᠬᠦ ᠶᠢᠨ ᠬᠠᠮᠲᠤ ᠮᠡᠳᠡᠭᠦᠯᠦᠨ᠎ᠡ᠃ | ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠄ ᠮᠠᠨ ᠤ ᠲᠤᠭᠤᠷᠢᠭ ᠤᠨ ᠣᠷᠴᠢᠨ ᠲᠣᠭᠤᠷᠢᠨ ᠤ | ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠶᠢ ᠬᠠᠷᠢᠭᠤᠴᠠᠵᠤ᠂ ᠬᠦᠨᠳᠦ ᠪᠣᠬᠢᠷᠳᠤᠯ ᠲᠠᠢ ᠴᠠᠭ ᠠᠭᠤᠷ ᠢ | ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠬᠤ ᠠᠯᠪᠠᠨ ᠭᠡᠷ ᠲᠤ ᠴᠠᠭ ᠲᠤᠬᠠᠢ ᠳᠤᠨᠢ ᠨᠠᠷᠢᠯᠢᠭ ᠣᠨᠣᠴᠠᠲᠠᠢ ᠪᠠᠷ ᠬᠠᠩᠭᠠᠵᠤ᠂ ᠡᠭᠦᠨ ᠤ | ᠤᠯᠠᠮ ᠢᠶᠠᠷ ᠲᠦᠷᠭᠡᠨ ᠰᠢᠢᠳᠪᠦᠷᠢᠯᠡᠬᠦ᠂ ᠨᠠᠷᠢᠯᠢᠭ ᠣᠨᠣᠴᠠᠲᠠᠢ ᠪᠠᠷ ᠴᠣᠬᠢᠯᠲᠠ ᠥᠭᠬᠦ ᠶᠢ ᠪᠡᠶᠡᠯᠡᠭᠦᠯᠦᠨ᠎ᠡ᠃ | ᠡᠯ᠎ᠡ ᠵᠡᠭᠡᠯᠢ ᠪᠠᠯᠭᠠᠰᠤ᠄ ᠲᠣᠰ ᠬᠠᠷᠢᠶ᠎ᠠ ᠣᠷᠣᠨ ᠤ ᠪᠠᠨ ᠠᠵᠢᠯ ᠤᠨ ᠲᠥᠰᠥᠯ ᠢ ᠬᠠᠷᠢᠭᠤᠴᠠᠨ ᠲᠣᠭᠲᠠᠭᠠᠵᠤ᠂ | ᠰᠢᠲᠠᠭᠠᠬᠤ ᠶᠢ ᠴᠠᠭᠠᠵᠠᠯᠠᠬᠤ ᠠᠵᠢᠯ ᠢ ᠲᠣᠥᠷᠵᠢᠭᠤᠯᠤᠭᠰᠠᠨ ᠬᠠᠮᠢᠶᠠᠷᠤᠯᠲᠠ ᠳᠤ ᠣᠷᠣᠭᠤᠯᠤᠨ᠂ ᠠᠵᠢᠯ ᠤᠨ | ᠭᠤᠣᠯᠳᠠᠯᠭ᠎ᠠ ᠪᠠ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ︔ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ᠲᠣᠰ ᠬᠠᠷᠢᠶ᠎ᠠ ᠣᠷᠣᠨ ᠤ ᠪᠠᠨ ᠨᠢᠭᠡᠴᠡ ᠪᠠ ᠬᠤᠪᠢ ᠬᠥᠮᠥᠨ ᠢ ᠰᠤᠷᠭᠠᠨ ᠬᠥᠮᠥᠵᠢᠭᠦᠯᠵᠦ᠂ | ᠬᠥᠲᠥᠯᠥᠨ ᠵᠢᠯᠤᠭᠤᠳᠬᠤ ᠪᠠ ᠱᠠᠯᠠᠪᠳᠠᠭᠤᠯᠵᠦ ᠪᠠᠶᠢᠭᠠᠳ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ | ᠲᠣᠭᠲᠠᠭᠠᠯ ᠢ ᠵᠢᠷᠤᠮᠯᠠᠭᠤᠯᠤᠨ᠎ᠠ︔ ᠬᠠᠷᠢᠶᠠᠲᠤ ᠣᠷᠣᠨ ᠤ ᠳᠣᠲᠣᠭᠠᠳᠤ ᠳᠠᠬᠢ ᠲᠣᠮᠢᠯᠠᠭᠰᠠᠨ ᠰᠠᠯᠪᠤᠷᠢ᠂ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ | ᠵᠢᠴᠢ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠦᠴᠦᠨ ᠢ ᠵᠣᠬᠢᠴᠠᠭᠤᠯᠵᠤ᠂ ᠬᠤᠸᠠᠷ ᠫᠤᠤᠵᠢᠩ ᠲᠠᠯᠪᠢᠬᠤ ᠶᠢ | ᠴᠠᠭᠠᠵᠠᠯᠠᠬᠤ ᠠᠵᠢᠯ ᠢ ᠬᠠᠮᠲᠤᠪᠠᠷ ᠰᠠᠶᠢᠲᠤᠷ ᠦᠷᠨᠢᠭᠦᠯᠦᠨ᠎ᠡ᠃ | ︵ᠬᠤᠶᠠᠷ︶ ᠡᠳᠦᠷ ᠲᠤᠲᠤᠮ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠤᠨ᠎ᠠ | ᠡᠯ᠎ᠡ ᠪᠦᠷᠢᠯᠳᠦᠭᠦᠨ ᠨᠢᠭᠡᠴᠡ ᠨᠦᠭᠦᠳ ᠲᠣᠭᠤᠷᠢᠭ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠣᠷ᠎ᠠ᠂ ᠬᠠᠮᠲᠤᠷᠠᠭᠰᠠᠨ ᠬᠤᠷᠠᠯ᠂ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ᠂ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠠᠵᠢᠯ ᠤᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠬᠠᠷᠢᠯᠴᠠᠨ ᠨᠡᠪᠲᠡᠷᠡᠯᠴᠡᠵᠦ᠂ ᠮᠡᠳᠡᠭᠡ | ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠡᠷᠡᠭ ᠤᠨ ᠰᠦᠪᠡᠭᠴᠢ ᠶᠢ ᠰᠣᠯᠢᠯᠴᠠᠨ᠂ ᠬᠠᠮᠲᠤᠷᠠᠨ | ᠬᠥᠳᠡᠯᠦᠯᠴᠡᠬᠦ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠲᠤᠬᠠᠶᠢᠯᠠᠭᠰᠠᠨ | ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠬᠠᠮᠲᠤᠷᠠᠨ ᠬᠥᠳᠡᠯᠦᠯᠴᠡᠵᠦ ᠬᠠᠮᠵᠢᠯᠴᠠᠨ᠂ | ᠮᠠᠨ ᠤ ᠲᠤᠭᠤᠷᠢᠭ ᠤᠨ ᠰᠢᠲᠠᠭᠠᠬᠤ ᠶᠢ ᠴᠠᠭᠠᠵᠠᠯᠠᠬᠤ ᠠᠵᠢᠯ ᠢ ᠬᠠᠮᠲᠤᠪᠠᠷ ᠰᠠᠶᠢᠲᠤᠷ ᠬᠢᠨ᠎ᠡ᠃ | ᠨᠢᠭᠡ ᠳᠤ ᠡᠬᠢ ᠡᠭᠦᠰᠦᠯ ᠠᠴᠠ ᠨᠢ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠡᠯ᠎ᠡ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠣᠰ ᠲᠣᠰ ᠤᠨ ᠵᠢᠭᠰᠠᠭᠠᠯ ᠤᠨ ᠭᠠᠵᠠᠷ ᠲᠠᠭᠠᠨ ᠰᠠᠭᠤᠷᠢᠯᠠᠨ᠂ | ᠬᠠᠮᠵᠢᠯᠴᠠᠭ᠎ᠠ ᠪᠠᠨ ᠴᠢᠩᠭᠠᠳᠬᠠᠵᠤ᠂ ᠡᠬᠢ ᠡᠭᠦᠰᠦᠯ ᠠᠴᠠ ᠨᠢ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ᠃ ᠴᠠᠭᠠᠨ | ᠰᠠᠷ᠎ᠠ ᠠᠴᠠ ᠡᠮᠦᠨᠡᠬᠡᠨ᠂ ᠳᠣᠲᠣᠭᠠᠳᠤ ᠶᠢ ᠬᠠᠮᠠᠭᠠᠯᠠᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ | ᠬᠠᠮᠲᠤᠷᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠪᠥᠬᠦ ᠬᠤᠲᠠ ᠶᠢᠨ ᠪᠣᠶ ᠪᠦᠬᠦᠢ ᠴᠤᠭᠯᠠᠭ᠎ᠠ ᠮᠠᠶᠢᠮᠠᠢ ᠶᠢᠨ | ᠵᠠᠬ᠎ᠠ ᠳᠡᠯᠭᠡᠭᠦᠷ᠂ ᠵᠢᠵᠢᠭ ᠲᠠᠸᠠᠷ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠤᠷᠢᠮ ᠤᠨ ᠶᠣᠰᠣᠯᠠᠯ ᠤᠨ | ᠺᠣᠮᠫᠠᠨᠢ᠂ ᠰᠣᠷᠭᠤᠭ ᠴᠡᠴᠡᠭ ᠤᠨ ᠳᠡᠯᠭᠡᠭᠦᠷ ᠵᠢᠴᠢ ᠪᠤᠰᠤᠳ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠳᠤ ᠲᠣᠣᠷ ᠲᠠᠲᠠᠬᠤ ᠮᠠᠶ᠋ᠢᠭ ᠤᠨ ᠢᠯᠭᠠᠷᠠᠭᠤᠯᠤᠨ ᠪᠠᠶᠢᠴᠠᠭᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ | ᠲᠣᠭᠲᠠᠭᠠᠯ ᠠᠴᠠ ᠵᠥᠷᠢᠴᠡᠭᠰᠡᠨ ᠬᠤᠸᠠᠷ ᠫᠤᠤᠵᠢᠩ ᠢᠶᠠᠨ ᠬᠤᠭᠤᠴᠠᠭ᠎ᠠ ᠲᠣᠭᠲᠠᠭᠠᠨ ᠳᠡᠭᠡᠭᠰᠢ ᠲᠤᠰᠢᠶᠠᠯᠭᠠᠬᠤ ᠶᠢ | ᠱᠠᠯᠠᠪᠳᠠᠭᠤᠯᠤᠨ᠎ᠠ︔ ᠪᠠᠷᠠᠭᠠᠨ ᠤ ᠲᠡᠷᠭᠡ᠂ ᠮᠢᠶᠠᠨᠪᠣᠣ ᠲᠡᠷᠭᠡ᠂ ᠭᠤᠷᠪᠠᠨ ᠬᠦᠷᠳᠦᠲᠦ ᠲᠡᠷᠭᠡ ᠶᠢᠨ ᠵᠠᠮ ᠡᠵᠡᠯᠡᠨ | ᠨᠡᠭᠦᠳᠡᠯ ᠪᠣᠷᠤᠯᠠᠭᠤᠯᠭ᠎ᠠ᠂ ᠵᠠᠮ ᠤᠨ ᠬᠠᠵᠠᠭᠤ ᠳᠠᠬᠢ ᠳᠡᠯᠭᠡᠭᠡ ᠮᠠᠶᠢᠮᠠᠢ ᠶᠢᠨ ᠴᠡᠭ ᠭᠠᠷᠭᠠᠵᠤ ᠵᠠᠮ ᠡᠵᠡᠯᠡᠨ | ᠪᠣᠷᠤᠯᠠᠭᠤᠯᠭ᠎ᠠ ᠶᠢ ᠢᠯᠭᠠᠷᠠᠭᠤᠯᠤᠨ ᠴᠡᠭᠴᠡᠯᠡᠨ ᠵᠠᠰᠠᠨ᠎ᠠ︔ ᠨᠢᠭᠡ ᠪᠦᠯᠦᠭ ᠬᠠᠷᠢᠶ᠎ᠠ ᠲᠣᠭᠤᠷᠢᠭ ᠲᠠᠬᠢ ᠲᠣᠭᠲᠠᠭᠠᠯ | ᠠᠴᠠ ᠵᠥᠷᠢᠴᠡᠨ ᠪᠣᠷᠣᠯᠠᠭᠤᠯᠬᠤ᠂ ᠰᠢᠲᠠᠭᠠᠬᠤ ᠠᠵᠢᠯᠯᠠᠭ᠎ᠠ ᠲᠣᠪᠣᠶᠢᠮ᠎ᠠ ᠪᠠᠶᠢᠭ᠎ᠠ ᠭᠤᠣᠯᠳᠠᠯᠭ᠎ᠠ ᠲᠠᠢ ᠭᠠᠵᠠᠷ ᠣᠷᠣᠨ | ᠪᠠ ᠣᠷᠣᠨ ᠪᠠᠶᠢᠷᠢ ᠶᠢ ᠲᠥᠪᠯᠡᠷᠡᠭᠦᠯᠦᠨ ᠡᠮᠬᠢᠯᠡᠨ ᠳᠢᠭᠯᠡᠵᠦ᠂ ᠡᠭᠦᠳᠡᠨ ᠭᠡᠷ᠂ ᠲᠦᠷᠢᠶᠡᠰᠦᠨ ᠭᠡᠷ ᠵᠢᠴᠢ ᠬᠤᠲᠠ ᠶᠢᠨ | ᠲᠡᠭᠦᠷᠭᠡ ᠶᠢᠨ ᠤᠶᠠᠯᠳᠤᠭᠰᠠᠨ ᠪᠤᠶᠢᠳᠠ ᠪᠥᠭᠯᠡᠭᠦᠦ ᠭᠠᠵᠠᠷ ᠣᠷᠣᠨ ᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂ | ᠨᠢᠭᠡ ᠪᠦᠯᠦᠭ ᠬᠤᠪᠢ ᠪᠠᠷ ᠢᠶᠠᠨ ᠬᠠᠳᠠᠭᠠᠯᠠᠵᠤ ᠪᠠᠶᠢᠭ᠎ᠠ ᠡᠭᠦᠷ ᠢ ᠡᠪᠳᠡᠵᠦ᠂ ᠨᠢᠭᠡ ᠪᠦᠯᠦᠭ ᠬᠠᠤᠯᠢ ᠪᠤᠰᠤ ᠬᠤᠸᠠᠷ | ᠫᠤᠤᠵᠢᠩ ᠢ ᠬᠤᠷᠢᠶᠠᠨ ᠠᠪᠴᠤ᠂ ᠬᠠᠤᠯᠢ ᠪᠤᠰᠤ ᠬᠤᠸᠠᠷ ᠫᠤᠤᠵᠢᠩ ᠤᠨ ᠵᠠᠬ᠎ᠠ ᠳᠡᠯᠭᠡᠭᠦᠷ ᠲᠤ ᠣᠷᠣᠬᠤ ᠶᠢ ᠡᠬᠢ | ᠡᠭᠦᠰᠦᠯ ᠠᠴᠠ ᠨᠢ ᠪᠠᠭᠠᠰᠬᠠᠬᠤ ᠬᠡᠷᠡᠭᠲᠡᠢ᠃ G6 ᠳᠡᠭᠡᠳᠦ ᠬᠤᠷᠳᠤ ᠶᠢᠨ ᠪᠠᠶᠢᠴᠠᠭᠠᠬᠤ ᠥᠷᠲᠡᠭᠡ ᠨᠢ | ᠪᠣᠭᠤᠮᠲᠠ ᠶᠢᠨ ᠠᠮᠠᠰᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠳᠦᠷ ᠲᠤᠲᠤᠮ ᠤᠨ ᠪᠠᠶᠢᠴᠠᠭᠠᠨ ᠡᠵᠡᠮᠳᠡᠬᠦ | ᠠᠵᠢᠯ ᠲᠠᠢ ᠪᠠᠨ ᠤᠶᠠᠯᠳᠤᠭᠤᠯᠤᠨ᠂ ᠬᠤᠷᠢᠭᠠᠲᠠᠢ ᠣᠷᠣᠨ ᠳᠤ ᠣᠷᠣᠭᠰᠠᠨ ᠰᠡᠵᠢᠭᠯᠡᠯᠲᠡᠢ ᠲᠡᠷᠭᠡ ᠬᠥᠰᠬᠡ ᠶᠢ | ᠪᠠᠶᠢᠴᠠᠭᠠᠨ ᠬᠠᠰᠢᠵᠤ ᠬᠤᠷᠢᠭᠯᠠᠬᠤ ᠶᠢ ᠴᠢᠩᠭᠠᠳᠬᠠᠬᠤ ᠬᠡᠷᠡᠭᠲᠡᠢ᠃ | ᠬᠤᠶᠠᠷ ᠲᠤ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠤᠯᠢ ᠶᠣᠰᠣᠭᠠᠷ ᠮᠡᠳᠡᠭᠳᠡᠬᠦ | ᠪᠠ ᠭᠤᠣᠯᠳᠠᠯᠭ᠎ᠠ ᠲᠠᠢ ᠤᠬᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠤᠬᠠᠭᠤᠯᠵᠤ ᠬᠥᠲᠥᠯᠥᠨ | ᠵᠢᠯᠤᠭᠤᠳᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠣᠭᠤᠷᠢᠭ ᠤᠨ ᠬᠠᠷᠢᠶ᠎ᠠ ᠰᠠᠯᠠᠭ᠎ᠠ ᠮᠥᠴᠢᠷ᠂ | ᠨᠢᠭᠡᠴᠡ ᠪᠠ ᠡᠯ᠎ᠡ ᠵᠡᠭᠡᠯᠢ ᠪᠠᠯᠭᠠᠰᠤ ᠶᠢᠨ ᠠᠯᠪᠠᠨ ᠭᠡᠷ ᠨᠢ ᠬᠠᠷᠢᠶ᠎ᠠ ᠲᠣᠭᠤᠷᠢᠭ ᠤᠨ ᠭᠤᠣᠯᠳᠠᠯᠭ᠎ᠠ ᠲᠠᠢ ᠴᠢᠬᠤᠯᠠ | ᠭᠠᠵᠠᠷ᠂ ᠵᠡᠭᠡᠯᠢ ᠳᠠᠭᠠᠤ ᠶᠢᠨ ᠡᠭᠦᠳᠡᠨ ᠳᠡᠯᠭᠡᠭᠦᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠠᠭᠤᠭᠠᠯᠢ | ᠠᠷᠠᠳ ᠤᠨ ᠠᠰᠠᠷ ᠬᠦᠷᠢᠶ᠎ᠡ ᠪᠣᠯᠣᠨ ᠠᠳᠠᠯ ᠠᠬᠤᠢ ᠶᠢᠨ ᠵᠢᠵᠢᠭ ᠲᠣᠭᠤᠷᠢᠭ ᠤᠨ ᠡᠭᠦᠳᠡ ᠵᠡᠷᠭᠡ ᠭᠠᠵᠠᠷ ᠲᠤ | ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠤᠬᠠᠭᠤᠯᠬᠤ ᠬᠥᠨᠳᠡᠯᠡᠨ ᠪᠢᠴᠢᠭᠡᠰᠦ᠂ ᠰᠠᠮᠪᠠᠷ᠎ᠠ ᠶᠢᠨ ᠰᠣᠨᠢᠨ᠂ | ᠤᠬᠠᠭᠤᠯᠭ᠎ᠠ ᠶᠢᠨ ᠬᠠᠭᠤᠳᠠᠰᠤ ᠶᠢ ᠡᠯᠭᠦᠵᠦ᠂ ᠥᠷᠭᠡᠨ ᠢᠶᠠᠷ ᠤᠬᠠᠭᠤᠯᠤᠨ ᠮᠡᠳᠡᠭᠳᠡᠬᠦ ᠬᠡᠷᠡᠭᠲᠡᠢ᠃ ᠬᠠᠮ | ᠵᠠᠭᠤᠴᠢᠯᠠᠭᠤᠷ᠂ ᠤᠯᠠᠨ ᠬᠡᠯᠪᠡᠷᠢ ᠶᠢᠨ ᠤᠬᠠᠭᠤᠯᠭ᠎ᠠ ᠮᠡᠳᠡᠭᠡᠯᠡᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ | ᠴᠣᠭᠴᠠ ᠶᠢᠨ ᠤᠬᠠᠭᠤᠯᠭ᠎ᠠ ᠪᠠ ᠵᠠᠭᠤᠴᠢᠯᠠᠭᠤᠷ ᠤᠨ ᠤᠬᠠᠭᠤᠯᠭ᠎ᠠ ᠶᠢ ᠵᠡᠷᠭᠡᠪᠡᠷ ᠳᠠᠭᠠᠵᠤ᠂ ᠬᠠᠮᠲᠤᠪᠠᠷ ᠴᠤᠤᠷᠢᠶᠠᠲᠤᠨ | ᠳᠠᠭᠠᠵᠤ᠂ ᠬᠠᠮᠲᠤᠪᠠᠷ ᠬᠦᠴᠦᠯᠡᠬᠦ ᠬᠡᠷᠡᠭᠲᠡᠢ᠃ ᠬᠠᠮᠢᠶ᠎ᠠ ᠪᠦᠬᠦᠢ ᠨᠢᠭᠡᠴᠡ ᠲᠠᠢ ᠵᠣᠬᠢᠴᠠᠭᠤᠯᠤᠨ᠂ ᠮᠠᠨ ᠤ ᠲᠤᠭᠤᠷᠢᠭ ᠤᠨ | LED ᠵᠠᠷ ᠮᠡᠳᠡᠭᠡ ᠶᠢᠨ ᠳᠡᠯᠭᠡᠴᠡ᠂ ᠭᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠳᠤ ᠴᠠᠭᠠᠵᠠᠯᠠᠬᠤ ᠤᠷᠢᠶ᠎ᠠ | ᠯᠣᠽᠦ᠋ᠩ ᠪᠤᠶᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠦᠨ᠎ᠡ᠃ ᠡᠯ᠎ᠡ ᠰᠠᠯᠠᠭ᠎ᠠ | ᠮᠥᠴᠢᠷ᠂ ᠨᠢᠭᠡᠴᠡ ᠨᠦᠭᠦᠳ ᠲᠣᠰ ᠨᠢᠭᠡᠴᠡ ᠶᠢᠨ ᠢᠶᠠᠨ ᠠᠵᠢᠯᠲᠠᠨ ᠤ ᠲᠠᠯᠪᠢᠬᠤ ᠶᠢ ᠴᠠᠭᠠᠵᠠᠯᠠᠬᠤ ᠲᠣᠭᠲᠠᠭᠠᠯ ᠢ | ᠵᠢᠷᠤᠮᠯᠠᠨ ᠰᠠᠬᠢᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠨᠥᠬᠦᠴᠡᠯ ᠲᠠᠢ ᠪᠣᠯ ᠰᠦᠯᠵᠢᠶᠡᠨ | ᠳᠡᠭᠡᠷ᠎ᠡ ᠲᠤᠰᠬᠠᠢ ᠪᠤᠯᠤᠩ ᠨᠡᠭᠡᠭᠡᠵᠦ᠂ ᠪᠢᠴᠢᠯ ᠪᠦᠷᠭᠡ᠂ ᠸᠢᠴᠠᠲ᠂ ᠲᠢᠭ᠋ ᠲᠤᠭ ᠵᠡᠷᠭᠡ ᠰᠢᠨ᠎ᠡ ᠪᠠᠷ ᠪᠣᠶ ᠪᠣᠯᠤᠭᠰᠠᠨ | ᠰᠦᠯᠵᠢᠶᠡᠨ ᠤ ᠵᠠᠭᠤᠴᠢᠯᠠᠭᠤᠷ ᠵᠢᠴᠢ ᠡᠯ᠎ᠡ ᠵᠦᠢᠯ ᠤᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ᠂ | ᠰᠢᠲᠠᠭᠠᠬᠤ ᠶᠢ ᠴᠠᠭᠠᠵᠠᠯᠠᠬᠤ ᠰᠠᠨᠠᠭᠤᠯᠤᠮᠵᠢ ᠶᠢ ᠥᠷᠭᠡᠨ ᠢᠶᠠᠷ ᠨᠡᠶᠢᠲᠡᠯᠡᠬᠦ ᠬᠡᠷᠡᠭᠲᠡᠢ᠃ | ᠭᠤᠷᠪᠠ ᠳᠤ ᠬᠠᠷᠢᠭᠤᠴᠠᠯᠭ᠎ᠠ ᠶᠢᠨ ᠬᠠᠮᠢᠶᠠᠷᠤᠯᠲᠠ ᠡᠵᠡᠮᠳᠡᠯ ᠢ ᠤᠯᠠᠮ ᠨᠢᠭᠡ ᠠᠯᠬᠤᠮ ᠴᠢᠩᠭᠠᠳᠬᠠᠨ᠎ᠠ᠃ | ᠪᠣᠯᠪᠠᠰᠤᠨ ᠬᠤᠳᠠ ᠶᠢ ᠴᠤᠭᠴᠠᠯᠠᠬᠤ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠡᠭᠦᠳᠦᠨ ᠪᠠᠶᠢᠭᠤᠯᠬᠤ | ᠶᠣᠰᠣᠭᠠᠷ᠂ ᠡᠯ᠎ᠡ ᠰᠠᠯᠠᠭ᠎ᠠ ᠮᠥᠴᠢᠷ᠂ ᠨᠢᠭᠡᠴᠡ ᠪᠠ ᠡᠯ᠎ᠡ ᠵᠡᠭᠡᠯᠢ ᠪᠠᠯᠭᠠᠰᠤ ᠶᠢᠨ ᠠᠯᠪᠠᠨ ᠭᠡᠷ ᠤᠨ ᠭᠤᠣᠯ | ᠤᠳᠤᠷᠢᠳᠤᠯᠭ᠎ᠠ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠂ ᠳᠠᠭᠠᠭᠠᠴᠢᠯᠠᠭᠰᠠᠨ ᠲᠣᠭᠤᠷᠢᠭ ᠤᠨ | ᠤᠳᠤᠷᠢᠳᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠳᠤ᠂ ᠡᠷᠬᠡᠪᠰᠢ ᠬᠠᠷᠢᠭᠤᠴᠠᠯᠭ᠎ᠠ ᠡᠭᠦᠷᠭᠡᠯᠡᠬᠦ ᠪᠠᠨ | ᠴᠢᠩᠭᠠᠳᠬᠠᠵᠤ᠂ ᠲᠤᠰ ᠬᠠᠷᠢᠶ᠎ᠠ ᠣᠷᠣᠨ᠂ ᠲᠤᠰ ᠰᠠᠯᠠᠭ᠎ᠠ ᠮᠥᠴᠢᠷ ᠤᠨ ᠢᠶᠠᠨ ᠬᠤᠸᠠᠷ ᠫᠤᠤᠵᠢᠩ ᠲᠠᠯᠪᠢᠬᠤ ᠶᠢ | ᠴᠠᠭᠠᠵᠠᠯᠠᠬᠤ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠵᠣᠬᠢᠶᠠᠨ ᠪᠠᠶᠢᠭᠤᠯᠵᠤ᠂ ᠬᠠᠮᠢᠶᠠᠷᠤᠨ ᠡᠵᠡᠮᠳᠡᠬᠦ | ᠠᠵᠢᠯ ᠤᠨ ᠲᠣᠣᠷ ᠢ ᠬᠦᠴᠦᠯᠡᠨ ᠪᠠᠶᠢᠭᠤᠯᠵᠤ ᠲᠡᠭᠦᠯᠳᠡᠷᠵᠢᠭᠦᠯᠬᠦ ᠬᠡᠷᠡᠭᠲᠡᠢ᠃ ᠢᠯᠠᠩᠭᠤᠶᠠᠬᠤᠸᠠᠷ ᠫᠤᠤᠵᠢᠩ | ᠲᠠᠯᠪᠢᠬᠤ ᠶᠢ ᠴᠠᠭᠠᠵᠠᠯᠠᠬᠤ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠡᠰᠡᠭ ᠬᠤᠪᠢᠶᠠᠨ | ᠳᠠᠭᠠᠭᠠᠴᠢᠯᠠᠭᠤᠯᠬᠤ ᠠᠵᠢᠯ ᠤᠨ ᠨᠠᠷᠢᠨ ᠨᠢᠭᠲᠠ ᠲᠥᠰᠥᠯ ᠲᠣᠭᠲᠠᠭᠠᠵᠤ᠂ ᠬᠡᠰᠡᠭ ᠬᠤᠪᠢᠶᠠᠨ ᠲᠣᠭᠤᠷᠢᠭ ᠬᠤᠪᠢᠶᠠᠵᠤ᠂ | ᠬᠥᠮᠥᠨ ᠳᠤ ᠬᠦᠷᠲᠡᠯ᠎ᠡ ᠳᠠᠭᠠᠭᠠᠴᠢᠯᠠᠭᠤᠯᠤᠨ᠂ ᠬᠠᠮᠢᠶᠠᠷᠤᠨ ᠡᠵᠡᠮᠳᠡᠬᠦ ᠡᠭᠦᠷᠭᠡ ᠶᠢ ᠬᠥᠮᠥᠨ ᠤ ᠲᠣᠭᠠᠨ ᠳᠤ | ᠬᠦᠷᠲᠡᠯ᠎ᠡ ᠬᠤᠪᠢᠶᠠᠷᠢᠯᠠᠵᠤ᠂ ᠬᠠᠮᠢᠶᠠᠷᠤᠨ ᠡᠵᠡᠮᠳᠡᠬᠦ ᠬᠡᠪᠴᠢᠶ᠎ᠡ ᠶᠢ ᠵᠡᠭᠡᠯᠢ ᠭᠤᠳᠤᠮᠵᠢ ᠨᠢᠭᠡᠪᠦᠷᠢ᠂ ᠵᠢᠵᠢᠭ ᠲᠣᠭᠤᠷᠢᠭ | ︵ᠲᠣᠰᠬᠤᠨ︶ ᠨᠢᠭᠡᠪᠦᠷᠢ᠂ ᠬᠤᠳᠠᠯᠳᠤᠭ᠎ᠠ ᠳᠡᠯᠭᠡᠭᠦᠷ ᠨᠢᠭᠡᠪᠦᠷᠢ᠂ ᠠᠵᠤ ᠠᠬᠤᠶᠢᠯᠠᠯ ᠤᠨ ᠨᠢᠭᠡᠴᠡ ᠨᠢᠭᠡᠪᠦᠷᠢ ᠳᠤ | ᠬᠦᠷᠲᠡᠯ᠎ᠡ ᠥᠷᠭᠡᠳᠬᠡᠵᠦ᠂ ᠪᠦᠬᠦᠨ ᠬᠠᠮᠦᠷᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠳᠠᠯ ᠠᠬᠤᠢ ᠶᠢᠨ ᠠᠮᠤᠷ ᠢ | ᠬᠠᠮᠠᠭᠠᠯᠠᠬᠤ ᠠᠵᠢᠯᠲᠠᠨ᠂ ᠠᠮᠤᠷ ᠢ ᠬᠠᠮᠠᠭᠠᠯᠠᠬᠤ ᠢᠳᠡᠪᠬᠢᠲᠡᠨ ᠪᠠ ᠬᠤᠳᠠᠯᠳᠤᠭᠠᠴᠢᠨ ᠥᠮᠴᠢᠲᠡᠨ ᠢ ᠢᠳᠡᠪᠬᠢᠲᠡᠢ ᠪᠠᠷ | ᠳᠠᠶᠢᠴᠢᠯᠠᠨ ᠬᠠᠮᠢᠶᠠᠷᠤᠨ ᠡᠵᠡᠮᠳᠡᠬᠦ ᠠᠵᠢᠯ ᠳᠤ ᠣᠷᠣᠯᠴᠠᠭᠤᠯᠵᠤ᠂ ᠰᠠᠶᠢᠨ ᠳᠤᠷᠠᠴᠤᠤᠯ ᠤᠨ ᠡᠩᠨᠡᠭᠡ ᠶᠢ ᠵᠣᠬᠢᠶᠠᠨ | ᠪᠠᠶᠢᠭᠤᠯᠵᠤ᠂ ᠲᠣᠮᠣ ᠠᠰᠠᠷ᠂ ᠵᠡᠭᠡᠯᠢ ᠭᠤᠳᠤᠮᠵᠢ᠂ ᠬᠤᠳᠠᠯᠳᠤᠭᠠᠨ ᠤ ᠲᠣᠭᠤᠷᠢᠭ᠂ ᠵᠠᠮ ᠬᠠᠷᠢᠯᠴᠠᠭᠠᠨ ᠤ ᠭᠤᠣᠯ ᠵᠠᠮ᠂ | ᠠᠵᠤ ᠠᠬᠤᠶᠢᠯᠠᠯ ᠤᠨ ᠨᠢᠭᠡᠴᠡ ᠨᠢᠭᠡᠪᠦᠷᠢ ᠴᠥᠮ ᠬᠠᠮᠢᠶᠠᠷᠤᠨ ᠡᠵᠡᠮᠳᠡᠬᠦ ᠠᠵᠢᠯᠲᠠᠨ ᠲᠠᠢ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠨᠡᠶᠢᠭᠡᠮ ᠲᠣᠭᠤᠷᠢᠭ ᠤᠨ ᠳᠣᠲᠣᠷᠠᠬᠢ | ᠲᠣᠭᠤᠷᠢᠨ ᠪᠠᠶᠢᠴᠠᠭᠠᠬᠤ ᠪᠠ ᠵᠠᠮ ᠳᠡᠭᠡᠷ᠎ᠡ ᠲᠣᠭᠤᠷᠢᠨ ᠰᠡᠷᠭᠡᠶᠢᠯᠡᠬᠦ ᠠᠵᠢᠯ ᠢ ᠦᠨᠡᠨᠬᠦ ᠴᠢᠩᠭᠠᠳᠬᠠᠵᠤ᠂ ᠲᠣᠭᠲᠠᠭᠠᠯ | ᠠᠴᠠ ᠵᠥᠷᠢᠴᠡᠨ ᠲᠠᠯᠪᠢᠬᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠵᠤ᠂ ᠬᠠᠤᠯᠢ ᠶᠣᠰᠣᠭᠠᠷ ᠰᠤᠷᠭᠠᠨ | ᠬᠥᠮᠥᠵᠢᠭᠦᠯᠵᠦ ᠰᠢᠳᠬᠡᠨ ᠲᠣᠷᠭᠠᠬᠤ ᠬᠡᠷᠡᠭᠲᠡᠢ᠃ | ︵ᠭᠤᠷᠪᠠ︶ ᠵᠠᠩᠭᠢᠯᠠᠭ᠎ᠠ ᠶᠢᠨ ᠴᠡᠭ ᠤᠨ ᠬᠠᠮᠲᠤᠷᠠᠭᠰᠠᠨ ᠦᠢᠯᠡᠴᠢᠯᠡᠭᠡᠨ ᠤ ᠠᠵᠢᠯᠯᠠᠭ᠎ᠠ ᠶᠢ ᠡᠬᠢᠯᠡᠭᠦᠯᠦᠨ᠎ᠡ | ᠴᠠᠭᠠᠨ ᠰᠠᠷ᠎ᠠ᠂ ᠥᠯᠵᠡᠶᠢᠲᠦ ᠪᠠᠶᠠᠷ ᠤᠨ ᠡᠳᠦᠷ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠵᠢᠴᠢ | ᠤᠯᠤᠰ ᠤᠨ ᠴᠢᠬᠤᠯᠠ ᠶᠡᠭᠡ ᠠᠵᠢᠯᠯᠠᠭ᠎ᠠ ᠵᠡᠷᠭᠡ ᠨᠢᠭᠡᠳᠦᠭᠡᠷ ᠳᠡᠰ ᠤᠨ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ | ᠬᠤᠭᠤᠴᠠᠭᠠᠨ ᠳᠤ᠂ ︽ᠵᠠᠩᠭᠢᠯᠠᠭ᠎ᠠ ᠶᠢᠨ ᠴᠡᠭ ᠲᠤ ᠬᠠᠮᠲᠤᠷᠠᠨ ᠠᠵᠢᠯᠯᠠᠬᠤ᠂ ᠬᠠᠮᠲᠤᠷᠠᠨ ᠪᠠᠶᠢᠯᠳᠤᠬᠤ︾ ᠠᠵᠢᠯ ᠤᠨ | ᠲᠣᠭᠲᠠᠴᠠ ᠶᠢ ᠡᠬᠢᠯᠡᠭᠦᠯᠦᠨ᠂ ᠲᠤᠬᠠᠶᠢᠯᠠᠪᠠᠯ ᠲᠤᠭᠤᠷᠢᠭ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ | ᠤᠳᠤᠷᠢᠳᠤᠯᠭ᠎ᠠ ᠳᠣᠣᠷ᠎ᠠ᠂ ᠡᠯ᠎ᠡ ᠪᠦᠷᠢᠯᠳᠦᠭᠦᠨ ᠨᠢᠭᠡᠴᠡ ᠶᠢᠨ ᠬᠦᠴᠦᠨ ᠢ ᠨᠢᠭᠲᠠᠷᠠᠭᠤᠯᠤᠨ᠂ ᠬᠠᠷᠢᠶᠠᠲᠤ ᠣᠷᠣᠨ ᠳᠤ | ᠭᠦᠨᠵᠡᠭᠡᠶᠢᠷᠡᠨ ᠲᠠᠯᠪᠢᠬᠤ ᠶᠢ ᠴᠠᠭᠠᠵᠠᠯᠠᠬᠤ ᠬᠠᠮᠲᠤᠷᠠᠭᠰᠠᠨ ᠠᠵᠢᠯᠯᠠᠭ᠎ᠠ ᠶᠢ ᠥᠷᠨᠢᠭᠦᠯᠵᠦ᠂ ᠭᠤᠣᠯᠳᠠᠯᠭ᠎ᠠ ᠲᠠᠢ | ᠬᠠᠮᠢᠶᠠᠷᠤᠨ ᠡᠵᠡᠮᠳᠡᠬᠦ ᠬᠤᠭᠤᠴᠠᠭᠠᠨ ᠳᠤ ᠮᠠᠨ ᠤ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠨᠥᠯᠥᠭᠡᠯᠡᠬᠦ ᠪᠠ ᠬᠤᠸᠠᠷ ᠫᠤᠤᠵᠢᠩ ᠲᠠᠯᠪᠢᠭᠰᠠᠨ ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠭᠰᠠᠨ | ᠪᠠ ᠡᠳ᠋ ᠬᠥᠷᠥᠩᠭᠡ ᠬᠤᠬᠢᠷᠠᠭᠰᠠᠨ ᠬᠡᠷᠡᠭ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠨᠢᠭᠡ ᠳᠤ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠶᠢ ᠨᠠᠶᠢᠳᠠᠪᠤᠷᠢᠵᠢᠭᠤᠯᠤᠨ᠎ᠠ᠃ ᠪᠢᠲᠡᠭᠦᠨ ᠤ ᠡᠳᠦᠷ ᠠᠴᠠ | ᠰᠢᠨ᠎ᠡ ᠶᠢᠨ ᠨᠢᠭᠡᠨ᠂ ᠰᠢᠨ᠎ᠡ ᠶᠢᠨ ᠳᠥᠷᠪᠡᠨ ᠠᠴᠠ ᠰᠢᠨ᠎ᠡ ᠶᠢᠨ ᠲᠠᠪᠤᠨ᠂ ᠥᠯᠵᠡᠶᠢᠲᠦ ᠪᠠᠶᠠᠷ ᠤᠨ ᠡᠳᠦᠷ᠂ ᠬᠤᠶᠠᠷ | ᠰᠠᠷ᠎ᠠ ᠶᠢᠨ ᠬᠤᠶᠠᠷ ᠵᠢᠴᠢ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠵᠡᠷᠭᠡ ᠤᠯᠤᠰ ᠤᠨ ᠴᠢᠬᠤᠯᠠ ᠶᠡᠭᠡ | ᠠᠵᠢᠯᠯᠠᠭ᠎ᠠ ᠶᠢᠨ ᠬᠤᠭᠤᠴᠠᠭᠠᠨ ᠳᠤ᠂ ᠪᠦᠬᠦᠯᠢ ᠡᠳᠦᠷ ᠲᠤ ᠨᠢᠭᠡᠳᠦᠭᠡᠷ ᠱᠠᠲᠤᠨ ᠤ ᠬᠠᠮᠢᠶᠠᠷᠤᠨ ᠡᠵᠡᠮᠳᠡᠬᠦ ᠶᠢ | ᠬᠡᠷᠡᠭᠵᠢᠭᠦᠯᠵᠦ᠂ ᠪᠥᠬᠦ ᠨᠠᠮ ᠤᠨ ᠭᠡᠰᠢᠭᠦᠨ ᠺᠠᠳ᠋ᠷ᠂ ᠰᠠᠶᠢᠨ ᠳᠤᠷᠠᠴᠤᠤᠯ ᠢ ᠳᠠᠶᠢᠴᠢᠯᠠᠨ ᠬᠠᠮᠢᠶᠠᠷᠤᠨ ᠡᠵᠡᠮᠳᠡᠬᠦ | ᠠᠵᠢᠯᠯᠠᠭ᠎ᠠ ᠳᠤ ᠣᠷᠣᠯᠴᠠᠭᠤᠯᠵᠤ᠂ ᠬᠠᠮᠢᠶᠠᠷᠤᠨ ᠡᠵᠡᠮᠳᠡᠬᠦ ᠬᠦᠴᠦᠨ ᠢ ᠲᠣᠮᠣ ᠠᠰᠠᠷ᠂ ᠵᠡᠭᠡᠯᠢ ᠭᠤᠳᠤᠮᠵᠢ᠂ | ᠬᠤᠳᠠᠯᠳᠤᠭᠠᠨ ᠤ ᠲᠣᠭᠤᠷᠢᠭ᠂ ᠴᠡᠴᠡᠷᠯᠢᠭ ᠠᠭᠤᠳᠠᠮ ᠲᠠᠯᠠᠪᠠᠶ᠂ ᠠᠵᠤ ᠠᠬᠤᠶᠢᠯᠠᠯ ᠤᠨ ᠨᠢᠭᠡᠴᠡ ᠨᠢᠭᠡᠪᠦᠷᠢ ᠳᠤ | ᠲᠠᠷᠬᠠᠭᠠᠵᠤ᠂ ᠬᠥᠮᠥᠨ ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ᠂ ᠲᠣᠭᠲᠠᠭᠰᠠᠨ ᠴᠠᠭ ᠲᠤ ᠲᠣᠭᠤᠷᠢᠨ | ᠪᠠᠶᠢᠴᠠᠭᠠᠬᠤ ᠶᠢ ᠬᠡᠷᠡᠭᠵᠢᠭᠦᠯᠦᠨ᠂ ᠲᠣᠭᠲᠠᠭᠠᠯ ᠠᠴᠠ ᠵᠥᠷᠢᠴᠡᠨ ᠲᠠᠯᠪᠢᠬᠤ ᠦᠶᠯᠡ ᠠᠵᠢᠯᠯᠠᠭ᠎ᠠ ᠶᠢ ᠴᠠᠭ ᠲᠤᠬᠠᠢ | ᠳᠤᠨᠢ ᠢᠯᠡᠷᠡᠭᠦᠯᠵᠦ ᠬᠤᠷᠢᠭᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠢᠨ᠎ᠡ ᠶᠢᠨ ᠬᠤᠶᠠᠷ᠂ ᠰᠢᠨ᠎ᠡ ᠶᠢᠨ ᠭᠤᠷᠪᠠᠨ᠂ | ᠰᠢᠨ᠎ᠡ ᠶᠢᠨ ᠵᠢᠷᠭᠤᠭᠠᠨ ᠠᠴᠠ ᠴᠠᠭᠠᠨ ᠰᠠᠷ᠎ᠠ ᠶᠢᠨ ᠠᠷᠪᠠᠨ ᠳᠥᠷᠪᠡᠨ᠂ ᠨᠠᠢᠮᠠᠨ ᠰᠠᠷ᠎ᠠ ᠶᠢᠨ ᠠᠷᠪᠠᠨ ᠲᠠᠪᠤᠨ ᠤ | ᠪᠠᠶᠠᠷ ᠲᠤ ᠬᠤᠶᠠᠳᠤᠭᠠᠷ ᠳᠡᠰ ᠤᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠨᠠᠮ ᠤᠨ ᠭᠡᠰᠢᠭᠦᠨ ᠺᠠᠳ᠋ᠷ᠂ ᠰᠠᠶᠢᠨ | ᠳᠤᠷᠠᠴᠤᠤᠯ ᠢ ᠵᠣᠬᠢᠶᠠᠨ ᠪᠠᠶᠢᠭᠤᠯᠤᠨ ᠳᠠᠶᠢᠴᠢᠯᠠᠵᠤ ᠬᠠᠮᠢᠶᠠᠷᠤᠨ ᠡᠵᠡᠮᠳᠡᠬᠦ ᠠᠵᠢᠯᠯᠠᠭ᠎ᠠ ᠳᠤ ᠣᠷᠣᠯᠴᠠᠭᠤᠯᠵᠤ᠂ | ᠵᠢᠵᠢᠭ ᠲᠣᠭᠤᠷᠢᠭ᠂ ᠠᠭᠤᠳᠠᠮ ᠲᠠᠯᠠᠪᠠᠶ᠂ ᠬᠤᠳᠠᠯᠳᠤᠭᠠᠨ ᠤ ᠲᠣᠭᠤᠷᠢᠭ ᠨᠢᠭᠡᠪᠦᠷᠢ ᠳᠤ ᠴᠥᠮ ᠬᠠᠮᠢᠶᠠᠷᠤᠨ ᠡᠵᠡᠮᠳᠡᠬᠦ | ᠠᠵᠢᠯᠲᠠᠨ ᠪᠠᠶᠢᠷᠢᠯᠠᠭᠤᠯᠵᠤ᠂ ᠣᠷᠣᠨ ᠪᠦᠰᠡ ᠶᠢᠨ ᠳᠣᠲᠣᠷᠠᠬᠢ ᠴᠠᠭᠳᠠᠨ ᠪᠠᠶᠢᠴᠠᠭᠠᠬᠤ ᠠᠵᠢᠯ ᠢ ᠴᠢᠩᠭᠠᠳᠬᠠᠨ᠂ | ᠲᠣᠭᠲᠠᠭᠠᠯ ᠠᠴᠠ ᠵᠥᠷᠢᠴᠡᠨᠲ᠋ᠠᠯᠪᠢᠬᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠢᠳᠬᠠᠨ ᠬᠤᠷᠢᠭᠯᠠᠬᠤ | ᠬᠡᠷᠡᠭᠲᠡᠢ᠃ ᠰᠢᠨ᠎ᠡ ᠵᠢᠯ᠂ ᠤᠯᠤᠰ ᠤᠨ ᠪᠠᠶᠠᠷ ᠵᠡᠷᠭᠡ ᠪᠤᠰᠤᠳ ᠪᠠᠶᠠᠷ ᠤᠨ ᠡᠳᠦᠷ ᠤᠨ ᠬᠤᠭᠤᠴᠠᠭᠠᠨ ᠳᠤ | ᠭᠤᠷᠪᠠᠳᠤᠭᠠᠷ ᠱᠠᠲᠤ ᠶᠢᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠵᠡᠭᠡᠯᠢ ᠭᠤᠳᠤᠮᠵᠢ ︵ᠨᠡᠶᠢᠭᠡᠮ ᠲᠣᠭᠤᠷᠢᠭ︶ ᠨᠢ | ᠠᠮᠤᠷ ᠢ ᠬᠠᠮᠠᠭᠠᠯᠠᠬᠤ ᠢᠳᠡᠪᠬᠢᠲᠡᠨ᠂ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠤᠨ ᠰᠢᠨ᠎ᠡ ᠲᠣᠰᠬᠤᠨ ᠨᠡᠶᠢᠭᠡᠮ | ᠲᠣᠭᠤᠷᠢᠭ᠂ ᠵᠢᠵᠢᠭ ᠵᠡᠭᠡᠯᠢ ᠭᠤᠳᠤᠮᠵᠢ᠂ ᠠᠭᠤᠳᠠᠮ ᠲᠠᠯᠠᠪᠠᠶ ᠴᠡᠴᠡᠷᠯᠢᠭ ᠤᠨ ᠲᠣᠭᠤᠷᠢᠨ ᠪᠠᠶᠢᠴᠠᠭᠠᠯᠲᠠ ᠶᠢ | ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠲᠠᠯᠪᠢᠭᠰᠠᠨ ᠦᠶᠯᠡ ᠠᠵᠢᠯᠯᠠᠭ᠎ᠠ ᠶᠢ ᠣᠯᠵᠤ ᠮᠡᠳᠡᠪᠡᠯ ᠰᠠᠨᠠᠭᠠᠴᠢᠯᠠᠭ᠎ᠠ | ᠠᠴᠠ ᠪᠠᠨ ᠢᠳᠬᠠᠨ ᠬᠤᠷᠢᠭᠯᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠤᠭᠤᠳ | ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠭᠰᠠᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ | ᠬᠤᠶᠠᠷ ᠲᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠨ ᠰᠢᠢᠳᠪᠦᠷᠢᠯᠡᠯᠲᠡ ᠶᠢ ᠴᠢᠩᠭᠠᠳᠬᠠᠨ᠎ᠠ᠃ | ᠳᠣᠲᠣᠭᠠᠳᠤ ᠶᠢ ᠬᠠᠮᠠᠭᠠᠯᠠᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠬᠠᠮᠢᠶᠠᠷᠤᠯᠲᠠ ᠶᠢᠨ | ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠵᠦ᠂ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠪᠠᠶᠢᠴᠠᠭᠠᠵᠤ ᠣᠯᠣᠭᠰᠠᠨ | ᠲᠣᠭᠲᠠᠭᠠᠯ ᠠᠴᠠ ᠵᠥᠷᠢᠴᠡᠨ ᠪᠣᠷᠣᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠲᠠᠯᠪᠢᠬᠤ ᠦᠶᠯᠡ ᠠᠵᠢᠯᠯᠠᠭ᠎ᠠ ᠶᠢ | ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ ᠠᠴᠠ ᠵᠥᠷᠢᠴᠡᠭᠰᠡᠨ ᠦᠶᠯᠡ ᠪᠠᠶᠢᠳᠠᠯ ᠪᠠ ᠬᠤᠣᠷ | ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ | ᠳᠦᠷᠢᠮ︾ ᠵᠢᠴᠢ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠣᠰᠣᠭᠠᠷ ᠬᠠᠤᠯᠢ | ᠶᠣᠰᠣᠭᠠᠷ ᠰᠢᠢᠳᠪᠦᠷᠢᠯᠡᠬᠦ ᠬᠡᠷᠡᠭᠲᠡᠢ᠃ ᠲᠣᠭᠲᠠᠭᠠᠯ ᠠᠴᠠ ᠵᠥᠷᠢᠴᠡᠨ ᠲᠠᠯᠪᠢᠭᠰᠠᠨ᠂ ᠢᠳᠬᠠᠨ ᠬᠤᠷᠢᠭᠯᠠᠬᠤ ᠶᠢ ᠥᠯᠥ | ᠰᠣᠨᠣᠰᠬᠤ ᠬᠥᠮᠥᠰ ᠢ ᠴᠥᠮ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠠᠪᠠᠴᠢᠵᠤ ᠯᠠᠪᠯᠠᠨ | ᠠᠰᠠᠭᠤᠵᠤ ᠪᠠᠶᠢᠴᠠᠭᠠᠨ ᠲᠣᠳᠣᠯᠠᠬᠤ ᠶᠢ ᠬᠦᠯᠢᠶᠡᠯᠭᠡᠬᠦ ᠶᠢᠨ ᠬᠠᠮᠲᠤ ᠬᠠᠤᠯᠢ ᠶᠣᠰᠣᠭᠠᠷ ᠵᠠᠰᠠᠭ ᠵᠠᠬᠢᠷᠭᠠᠨ ᠤ | ᠰᠢᠢᠳᠭᠡᠯ ᠥᠭᠬᠦ ᠬᠡᠷᠡᠭᠲᠡᠢ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠣᠯᠵᠤ | ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠭᠡᠯ | ᠥᠭᠭᠦᠨ᠎ᠡ᠃ ᠮᠠᠭᠤ ᠨᠥᠯᠥᠭᠡ ᠲᠠᠢ ᠨᠡᠶᠢᠲᠡᠯᠢᠭ ᠬᠡᠷᠡᠭ ᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ ᠴᠠᠭᠠᠵᠠᠯᠠᠨ | ᠰᠢᠢᠳᠪᠦᠷᠢᠯᠡᠭᠦᠯᠵᠦ᠂ ᠰᠣᠨᠢᠨ ᠮᠡᠳᠡᠭᠡᠨ ᠤ ᠨᠢᠭᠡᠴᠡ ᠠᠴᠠ ᠢᠯᠡᠴᠢᠯᠡᠬᠦ ᠬᠡᠷᠡᠭᠲᠡᠢ᠃ | ᠭᠤᠷᠪᠠ ᠳᠤ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠶᠢ ᠴᠢᠩᠭᠠᠳᠬᠠᠨ᠎ᠠ᠃ ᠳᠣᠲᠣᠭᠠᠳᠤ ᠶᠢ ᠬᠠᠮᠠᠭᠠᠯᠠᠬᠤ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠤᠳ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠠᠨ ᠨᠡᠶᠢᠲᠡᠯᠡᠵᠦ᠂ ᠢᠯᠡᠴᠢᠯᠡᠨ ᠮᠡᠳᠡᠭᠦᠯᠦᠭᠰᠡᠨ ᠬᠠᠤᠯᠢ | ᠪᠤᠰᠤ ᠪᠠᠷ ᠪᠣᠷᠣᠯᠠᠭᠤᠯᠤᠭᠰᠠᠨ᠂ ᠵᠥᠭᠡᠭᠡᠪᠦᠷᠢᠯᠡᠭᠰᠡᠨ᠂ ᠬᠠᠳᠠᠭᠠᠯᠠᠭᠰᠠᠨ᠂ ᠬᠤᠸᠠᠷ ᠫᠤᠤᠵᠢᠩ ᠲᠠᠯᠪᠢᠭᠰᠠᠨ ᠦᠶᠯᠡ | ᠠᠵᠢᠯᠯᠠᠭ᠎ᠠ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠤᠭᠤᠴᠠᠭ᠎ᠠ ᠬᠢᠵᠠᠭᠠᠷᠯᠠᠨ ᠬᠢᠨᠠᠨ ᠪᠠᠶᠢᠴᠠᠭᠠᠵᠤ ᠬᠠᠷᠢᠭᠤ ᠲᠤᠰᠬᠠᠬᠤ ᠬᠡᠷᠡᠭᠲᠡᠢ᠃ | ᠢᠯᠡᠴᠢᠯᠡᠨ ᠮᠡᠳᠡᠭᠦᠯᠦᠭᠰᠡᠨ ᠨᠢ ᠪᠠᠶᠢᠴᠠᠭᠠᠨ ᠲᠣᠳᠣᠯᠠᠭᠠᠳ ᠦᠨᠡᠨ ᠮᠠᠭᠠᠳ ᠪᠠᠶᠢᠪᠠᠯ᠂ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠦᠨ᠎ᠡ᠃ |