ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠰᠠᠶᠢᠲᠤᠷ ᠬᠢᠬᠦ ᠲᠤᠬᠠᠢ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/5/17
     ᠴᠢᠩᠱᠠᠨ ᠵᠠᠰᠠᠭ ᠠᠯᠪᠠᠨ ᠲᠠᠷᠬᠠᠭᠠᠭᠰᠠᠨ〔2022〕3 ᠳ᠋ᠤᠭᠠᠷ ᠲᠣᠭᠠᠲᠤ      ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠰᠠᠶᠢᠲᠤᠷ ᠬᠢᠬᠦ ᠲᠤᠬᠠᠢ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ      ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠯᠭᠠᠰᠤ᠄      ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ  ᠶᠢᠨ ᠪᠠᠲᠤᠯᠠᠭ᠎ᠠ ᠶᠢᠨ ᠰᠠᠭᠤᠷᠢ ᠴᠢᠨᠠᠷᠲᠠᠢ ᠭᠦᠢᠴᠡᠳᠬᠡᠯ ᠲᠤᠭ᠎ᠠ ᠮᠥᠨ᠂ ᠮᠠᠨ ᠤ ᠲᠤᠭᠤᠷᠢᠭ ᠤᠨ ᠰᠠᠭᠤᠭᠠᠯᠢ ᠠᠷᠠᠳ ᠤᠨ ᠣᠷᠣᠯᠭ᠎ᠠ᠂ ᠬᠡᠷᠡᠭᠯᠡᠭᠡ᠂ ᠰᠤᠷᠭᠠᠨ ᠬᠥᠮᠦᠵᠢᠯ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ᠂ ᠣᠷᠣᠨ ᠰᠠᠭᠤᠴᠠ ᠵᠡᠷᠭᠡ ᠠᠮᠢᠳᠤᠷᠠᠯ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠬᠤ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠲᠥᠷᠥ ᠶᠢᠨ ᠪᠣᠳᠣᠯᠭ᠎ᠠ ᠪᠠ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠪᠤᠰᠤᠳᠴᠢ ᠬᠡᠷᠡᠭᠴᠡᠭᠡ ᠮᠥᠨ᠃ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠵᠠᠭᠪᠤᠷ ᠬᠠᠭᠤᠴᠢᠷᠠᠬᠤ ᠶᠢ ᠰᠡᠷᠭᠡᠶᠢᠯᠡᠵᠦ᠂ ᠦᠯᠢᠭᠡᠷ ᠳᠡᠪᠲᠡᠷ ᠤᠨ ᠲᠥᠯᠥᠭᠡᠯᠡᠬᠦ ᠴᠢᠨᠠᠷ ᠢ ᠪᠠᠲᠤᠯᠠᠵᠤ᠂ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠬᠤ ᠶᠢᠨ ᠲᠦᠯᠦᠭᠡ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2021﹈ 108 ᠳ᠋ᠤᠭᠠᠷ ᠲᠣᠭᠠᠲᠤ︶ ᠪᠠ ︽ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠰᠠᠶᠢᠲᠤᠷ ᠬᠢᠬᠦ ᠲᠤᠬᠠᠢ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠪᠤᠭᠤᠲᠦ ᠵᠠᠰᠠᠭ ᠠᠯᠪᠠᠨ ᠲᠠᠷᠬᠠᠭᠠᠭᠰᠠᠨ ﹇2022﹈ 1  ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠮᠠᠨ ᠤ ᠲᠤᠭᠤᠷᠢᠭ ᠤᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠰᠠᠶᠢᠲᠤᠷ ᠬᠢᠬᠦ ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠠᠵᠢᠯ ᠤᠨ ᠬᠠᠷᠠᠯᠲᠠ      ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠥᠷᠨᠢᠭᠦᠯᠬᠦ ᠨᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠰᠠᠭᠤᠷᠢ ᠶᠢ ᠪᠠᠲᠤᠳᠬᠠᠬᠤ᠂ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠤᠯᠤᠰ ᠠᠴᠠ 5 ᠵᠢᠯ  ᠪᠦᠷᠢ ᠨᠢᠭᠡ ᠤᠳᠠᠭ᠎ᠠ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠥᠯᠢᠭᠡᠷ ᠡᠳ᠋ ᠢ ᠡᠭᠡᠯᠵᠢᠯᠡᠭᠦᠯᠦᠨ ᠰᠣᠯᠢᠵᠤ᠂ ᠰᠠᠭᠤᠭᠠᠯᠢ ᠡᠷᠦᠬᠡ ᠶᠢᠨ ᠲᠥᠷᠥᠯ ᠤᠨ ᠪᠠᠶᠢᠴᠠᠭᠠᠯᠲᠠ ᠳᠤ ᠨᠠᠷᠢᠯᠢᠭ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠲᠥᠯᠥᠭᠡᠯᠡᠬᠦ ᠴᠢᠨᠠᠷ ᠢᠶᠠᠷ ᠨᠡᠯᠢᠶᠡᠳ ᠰᠠᠶᠢᠨ᠂ ᠤᠯᠤᠰ᠂ ᠮᠤᠵᠢ᠂ ᠬᠤᠲᠠ᠂ ᠰᠢᠶᠠᠨ ᠤ ᠡᠯ᠎ᠡ ᠲᠠᠰ ᠳᠠᠪᠬᠤᠷᠭ᠎ᠠ ᠶᠢᠨ ᠲᠤᠭ᠎ᠠ ᠪᠠᠷᠢᠮᠲᠠ ᠶᠢᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠷᠠᠭᠠᠯᠵᠠᠭᠰᠠᠨ ᠵᠠᠭᠪᠤᠷ ᠢ ᠰᠣᠩᠭᠤᠨ ᠭᠠᠷᠭᠠᠨ᠎ᠠ᠃ ᠲᠣᠰ ᠤᠳᠠᠭᠠᠨ ᠤ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ 2022 ᠣᠨ ᠤ 11 ᠰᠠᠷ᠎ᠠ ᠶᠢᠨ ᠰᠡᠭᠦᠯᠴᠢ ᠪᠠᠷ ᠳᠠᠭᠤᠰᠬᠠᠵᠤ᠂ 12 ᠰᠠᠷ᠎ᠠ ᠳᠤ ᠵᠢᠩᠬᠢᠨᠢ ᠪᠠᠷ ᠬᠡᠷᠡᠭᠯᠡᠨ᠎ᠡ᠃ ᠮᠠᠨ ᠤ ᠲᠤᠭᠤᠷᠢᠭ ᠤᠨ ᠥᠯᠢᠭᠡᠷ ᠡᠳ᠋ ᠢ ᠡᠭᠡᠯᠵᠢᠯᠡᠨ ᠰᠣᠯᠢᠭᠰᠠᠨ ᠤ ᠳᠠᠷᠠᠭ᠎ᠠ᠂ ᠲᠣᠰ ᠤᠳᠠᠭᠠᠨ ᠤ ᠥᠯᠢᠭᠡᠷ ᠡᠳ᠋ ᠢ 5 ᠵᠢᠯ ︵2023 ︱ 2027 ᠣᠨ︶ ᠬᠡᠷᠡᠭᠯᠡᠨ᠎ᠡ᠃      ᠬᠤᠶᠠᠷ᠂ ᠠᠵᠢᠯ ᠤᠨ ᠠᠭᠤᠯᠭ᠎ᠠ      ᠲᠣᠰ ᠤᠳᠠᠭᠠᠨ ᠤ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠳᠤ ᠰᠠᠭᠤᠭᠠᠯᠢ ᠡᠷᠦᠬᠡ ᠶᠢᠨ ᠣᠷᠣᠯᠭ᠎ᠠ ᠵᠠᠷᠤᠯᠭ᠎ᠠ ᠪᠠ ᠠᠮᠢᠳᠤᠷᠠᠯ ᠤᠨ ᠪᠠᠶᠢᠳᠠᠯ ᠤᠨ ᠪᠠᠶᠢᠴᠠᠭᠠᠯᠲᠠ᠂ ᠮᠠᠯᠵᠢᠬᠤ ᠲᠠᠷᠢᠶᠠᠯᠠᠬᠤ ᠡᠷᠦᠬᠡ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠶᠢᠴᠠᠭᠠᠯᠲᠠ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠢᠨᠠᠨ ᠬᠡᠮᠵᠢᠯᠲᠡ ᠶᠢᠨ ᠪᠠᠶᠢᠴᠠᠭᠠᠯᠲᠠ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠤᠲᠠ ᠶᠢᠨ ᠠᠷᠠᠳ ᠪᠣᠯᠬᠤ ᠠᠬᠢᠴᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢᠨ ᠪᠠᠶᠢᠴᠠᠭᠠᠯᠲᠠ ᠵᠡᠷᠭᠡ ᠰᠠᠭᠤᠭᠠᠯᠢ ᠡᠷᠦᠬᠡ ᠶᠢᠨ ᠲᠥᠷᠥᠯ ᠤᠨ ᠪᠠᠶᠢᠴᠠᠭᠠᠯᠲᠠ ᠶᠢᠨ ᠲᠥᠷᠥᠯ ᠵᠦᠢᠯ ᠳᠤ ᠬᠤᠯᠪᠤᠭᠳᠠᠵᠦ᠂ ᠬᠡᠪᠴᠢᠶ᠎ᠡ  ᠨᠢ ᠳᠡᠭᠡᠷ᠎ᠡ ᠳᠤᠷᠠᠳᠤᠭᠰᠠᠨ ᠪᠠᠶᠢᠴᠠᠭᠠᠯᠲᠠ ᠶᠢ ᠡᠭᠦᠷᠭᠡᠯᠡᠵᠦ ᠪᠠᠶᠢᠭ᠎ᠠ ᠪᠣᠶ ᠪᠦᠬᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠯᠭᠠᠰᠤ᠂ ᠡᠭᠡᠯᠵᠢᠯᠡᠨ ᠰᠣᠯᠢᠬᠤ ᠡᠲᠡᠭᠡᠳ ᠨᠢ ᠪᠣᠶ ᠪᠦᠬᠦᠢ ᠪᠠᠶᠢᠴᠠᠭᠠᠯᠲᠠ ᠶᠢᠨ ᠵᠢᠵᠢᠭ ᠲᠣᠭᠤᠷᠢᠭ ᠪᠠ ᠰᠠᠭᠤᠭᠠᠯᠢ ᠡᠷᠦᠬᠡ ᠶᠢᠨ ᠥᠯᠢᠭᠡᠷ ᠳᠡᠪᠲᠡᠷ ᠪᠣᠯᠣᠨ᠎ᠠ᠃      ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠢᠩᠱᠠᠨ ᠤ ᠪᠠᠶᠢᠴᠠᠭᠠᠯᠲᠠ ᠶᠢᠨ ᠠᠩᠭᠢ ᠨᠢ ᠪᠥᠬᠦ ᠲᠤᠭᠤᠷᠢᠭ ᠤᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠲᠣᠮᠣ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠯᠭᠠᠰᠤ ᠨᠢ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠥᠯᠢᠭᠡᠷ ᠠᠪᠬᠤ ᠬᠠᠪᠢᠰᠤ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ᠂ ᠵᠢᠵᠢᠭ ᠲᠣᠭᠤᠷᠢᠭ ᠤᠨ ᠨᠠᠶᠢᠳᠠᠪᠤᠷᠢᠵᠢᠭᠤᠯᠤᠯᠲᠠ ᠶᠢ ᠪᠠᠶᠢᠴᠠᠭᠠᠬᠤ᠂ ᠣᠷᠣᠨ ᠰᠠᠭᠤᠴᠠ ᠶᠢᠨ ᠨᠡᠷᠡᠰ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ᠂ ᠪᠠᠶᠢᠳᠠᠯ ᠢ ᠣᠶᠢᠯᠠᠭᠠᠨ ᠪᠠᠶᠢᠴᠠᠭᠠᠬᠤ᠂ ᠰᠠᠭᠤᠭᠠᠯᠢ ᠡᠷᠦᠬᠡ ᠶᠢᠨ ᠥᠯᠢᠭᠡᠷ ᠡᠳ᠋ ᠢ ᠰᠣᠩᠭᠤᠬᠤ ᠪᠠ ᠨᠠᠶᠢᠳᠠᠪᠤᠷᠢᠵᠢᠭᠤᠯᠬᠤ ᠵᠡᠷᠭᠡ ᠠᠵᠢᠯ ᠢ ᠪᠣᠳᠠᠲᠠᠢ ᠬᠠᠷᠢᠭᠤᠴᠠᠨ᠎ᠠ᠃ ᠡᠯ᠎ᠡ ᠲᠣᠰᠬᠤᠨ ᠤ ︵ᠰᠠᠭᠤᠭᠠᠯᠢ︶ ᠠᠷᠠᠳ ᠤᠨ ᠵᠥᠪᠯᠡᠯ ᠨᠢ ᠬᠠᠪᠰᠤᠷᠤᠨ ᠪᠠᠶᠢᠴᠠᠭᠠᠭᠴᠢ ᠶᠢ ᠰᠣᠩᠭᠤᠨ ᠲᠣᠬᠢᠷᠠᠭᠤᠯᠬᠤ ᠪᠠ ᠥᠯᠢᠭᠡᠷ ᠡᠳ᠋ ᠢ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠠᠵᠢᠯ ᠢ ᠬᠠᠮᠵᠢᠨ ᠰᠠᠶᠢᠲᠤᠷ ᠬᠢᠨ᠎ᠡ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ      ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠯᠭᠠᠰᠤ ᠨᠤᠭᠤᠳ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠯ᠎ᠡ ᠵᠦᠢᠯ ᠤᠨ ᠠᠵᠢᠯ ᠢᠶᠠᠨ ᠨᠠᠷᠢᠨ ᠨᠢᠮᠪᠠᠢ ᠲᠣᠬᠢᠷᠠᠭᠤᠯᠤᠨ᠂ ᠨᠢᠭᠡᠳᠦᠯᠲᠡᠢ ᠲᠥᠯᠥᠪᠯᠡᠨ ᠪᠠᠶᠢᠷᠢᠯᠠᠭᠤᠯᠵᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠢᠩᠱᠠᠨ ᠤ ᠪᠠᠶᠢᠴᠠᠭᠠᠯᠲᠠ ᠶᠢᠨ ᠠᠩᠭᠢ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠ ᠨᠢᠭᠲᠠ ᠬᠠᠮᠵᠢᠯᠴᠠᠭ᠎ᠠ ᠪᠠᠨ ᠴᠢᠩᠭᠠᠳᠬᠠᠵᠤ᠂ ᠪᠠᠶᠢᠴᠠᠭᠠᠭᠳᠠᠬᠤ ᠡᠲᠡᠭᠡᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠪᠠᠶᠢᠴᠠᠭᠠᠯᠲᠠ ᠳᠤ ᠬᠠᠮᠵᠢᠯᠴᠠᠭᠤᠯᠤᠨ᠂ ᠪᠠᠶᠢᠴᠠᠭᠠᠯᠲᠠ ᠶᠢᠨ ᠮᠠᠲ᠋ᠧᠷᠢᠶᠠᠯ ᠢ ᠦᠨᠡᠨ ᠮᠥᠨ ᠢᠶᠠᠷ ᠨᠢ ᠲᠠᠭᠯᠠᠨ ᠮᠡᠳᠡᠭᠦᠯᠵᠦ᠂ ᠶᠡᠭᠡ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ᠃      ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠤᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠢᠩᠱᠠᠨ ᠤ ᠪᠠᠶᠢᠴᠠᠭᠠᠯᠲᠠ ᠶᠢᠨ ᠠᠩᠭᠢ ᠶᠢᠨ ᠥᠯᠢᠭᠡᠷ ᠠᠪᠬᠤ ᠬᠠᠪᠢᠰᠤ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ᠂ ᠰᠠᠭᠤᠭᠠᠯᠢ ᠡᠷᠦᠬᠡ ᠶᠢ ᠢᠯᠭᠠᠷᠠᠭᠤᠯᠤᠨ ᠪᠠᠶᠢᠴᠠᠭᠠᠬᠤ ᠪᠠ ᠲᠠᠩᠰᠠ ᠲᠡᠮᠳᠡᠭᠯᠡᠵᠦ ᠲᠠᠩᠰᠠ ᠨᠡᠭᠡᠭᠡᠬᠦ ᠠᠵᠢᠯ ᠢ ᠢᠳᠡᠪᠬᠢᠲᠡᠢ ᠳᠡᠮᠵᠢᠨ ᠬᠠᠪᠰᠤᠷᠴᠤ᠂ ᠡᠯ᠎ᠡ ᠵᠦᠢᠯ ᠤᠨ ᠠᠵᠢᠯ ᠢ ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠠᠬᠢᠴᠠ ᠵᠡᠷᠭᠡ ᠪᠠᠶᠢᠳᠠᠯ ᠢ ᠬᠠᠩᠭᠠᠬᠤ ᠶᠢ ᠬᠠᠷᠢᠭᠤᠴᠠᠨ᠎ᠠ︔      ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ   ᠠᠴᠠ ᠪᠥᠬᠦ ᠲᠤᠭᠤᠷᠢᠭ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠨᠡᠮᠡᠭᠳᠡᠯ ᠤᠨ ᠬᠡᠮᠵᠢᠶ᠎ᠡ᠂ ᠠᠰᠢᠭ ᠭᠥᠷᠳᠡᠬᠦ ᠬᠥᠮᠥᠰ ᠤᠨ ᠲᠤᠭ᠎ᠠ ᠵᠡᠷᠭᠡ ᠪᠠᠶᠢᠳᠠᠯ ᠢ ᠬᠠᠩᠭᠠᠬᠤ ᠶᠢ ᠬᠠᠷᠢᠭᠤᠴᠠᠨ᠎ᠠ︔      ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠵᠠᠷᠤᠳᠠᠯ ᠤᠨ ᠪᠠᠲᠤᠯᠠᠭ᠎ᠠ᠂ ᠪᠥᠬᠦ ᠲᠤᠭᠤᠷᠢᠭ ᠤᠨ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠬᠠᠰᠤᠭᠳᠠᠯ᠂ ᠡᠳ᠋ ᠤᠨ ᠵᠠᠰᠠᠭ ᠤᠨ ᠪᠦᠬᠦᠨ ᠳᠤ ᠲᠣᠬᠢᠷᠠᠬᠤ ᠺᠠᠷᠲ ᠤᠨ ᠨᠥᠬᠦᠪᠦᠷᠢ ᠣᠯᠭᠤᠬᠤ᠂ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠬᠠᠮᠢᠶ᠎ᠠ ᠪᠦᠬᠦᠢ ᠵᠠᠷᠤᠯᠭ᠎ᠠ ᠶᠢᠨ ᠪᠠᠶᠢᠳᠠᠯ ᠢ ᠬᠠᠩᠭᠠᠬᠤ ᠶᠢ ᠬᠠᠷᠢᠭᠤᠴᠠᠨ᠎ᠠ︔      ᠲᠤᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠠᠵᠢᠯᠲᠠᠨ ᠤ ᠲᠣᠬᠢᠷᠠᠭᠤᠯᠤᠯᠲᠠ ᠶᠢ ᠰᠠᠶᠢᠲᠤᠷ ᠠᠳᠬᠤᠬᠤ ᠶᠢ ᠬᠠᠷᠢᠭᠤᠴᠠᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠪᠠᠶᠢᠳᠠᠯ᠂ ᠪᠥᠬᠦ ᠲᠤᠭᠤᠷᠢᠭ ᠤᠨ ᠳᠠᠭᠠᠳᠬᠠᠯ ᠳᠤ ᠣᠷᠣᠯᠴᠠᠭᠰᠠᠨ ᠬᠡᠪᠴᠢᠶᠡᠨ ᠳᠠᠬᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠲᠠᠷᠬᠠᠭᠠᠭᠰᠠᠨ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠲᠤᠰᠢᠶᠠᠭᠰᠠᠨ ᠵᠡᠷᠭᠡ ᠪᠣᠳᠠᠲᠠᠢ ᠪᠠᠶᠢᠳᠠᠯ ᠤᠨ ᠲᠣᠳᠣᠷᠬᠠᠶᠢᠯᠠᠯᠲᠠ᠂ ᠪᠥᠬᠦ ᠲᠤᠭᠤᠷᠢᠭ ᠤᠨ ᠠᠵᠢᠯ ᠤᠯᠭᠤᠬᠤ ᠪᠠᠶᠢᠳᠠᠯ ᠵᠢᠴᠢ ᠰᠢᠨ᠎ᠡ ᠪᠠᠷ ᠠᠵᠢᠯ ᠤᠯᠭᠤᠭᠰᠠᠨ ᠪᠠᠶᠢᠳᠠᠯ ᠢ ᠬᠠᠩᠭᠠᠬᠤ ᠶᠢ ᠬᠠᠷᠢᠭᠤᠴᠠᠨ᠎ᠠ︔      ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠪᠥᠬᠦ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠮᠠᠯᠴᠢᠨ ᠲᠠᠷᠢᠶᠠᠴᠢᠨ ᠤ ᠡᠯ᠎ᠡ ᠲᠥᠷᠥᠯ ᠤᠨ ᠨᠥᠬᠦᠪᠦᠷᠢ ᠶᠢᠨ ᠪᠠᠷᠢᠮᠵᠢᠶ᠎ᠠ ᠵᠢᠴᠢ ᠲᠦᠭᠡᠭᠡᠵᠦ ᠪᠠᠶᠢᠭ᠎ᠠ ᠬᠥᠮᠥᠰ ᠤᠨ ᠪᠠᠶᠢᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠪᠠᠶᠢᠳᠠᠯ ᠵᠢᠴᠢ ᠪᠣᠳᠠᠲᠠᠢ ᠲᠣᠳᠣᠷᠬᠠᠶᠢᠯᠠᠯᠲᠠ ᠶᠢ ᠬᠠᠩᠭᠠᠬᠤ ᠶᠢ ᠬᠠᠷᠢᠭᠤᠴᠠᠨ᠎ᠠ︔      ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠳᠣᠯᠣᠳᠤᠭᠠᠷ ᠤᠳᠠᠭᠠᠨ ᠤ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ᠂ ᠪᠥᠬᠦ ᠲᠤᠭᠤᠷᠢᠭ ᠤᠨ GDP ᠶᠢᠨ ᠨᠡᠮᠡᠭᠳᠡᠯ ᠬᠠᠰᠤᠭᠳᠠᠯ ᠤᠨ ᠪᠠᠶᠢᠳᠠᠯ᠂ ᠪᠥᠬᠦ ᠲᠤᠭᠤᠷᠢᠭ ᠤᠨ ᠴᠠᠯᠢᠩ ᠤᠨ ᠨᠡᠮᠡᠭᠳᠡᠯ ᠬᠠᠰᠤᠭᠳᠠᠯ ᠤᠨ ᠪᠠᠶᠢᠳᠠᠯ ᠵᠢᠴᠢ ᠪᠣᠳᠠᠲᠠᠢ ᠲᠣᠳᠣᠷᠬᠠᠶᠢᠯᠠᠯᠲᠠ ᠶᠢ ᠬᠠᠩᠭᠠᠬᠤ ᠶᠢ ᠬᠠᠷᠢᠭᠤᠴᠠᠨ᠎ᠠ︔      ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠨᠢ ᠡᠮᠴᠢᠯᠡᠭᠡᠨ ᠤ ᠳᠠᠭᠠᠳᠬᠠᠯ ᠤᠨ ᠲᠤᠰᠢᠶᠠᠬᠤ ᠵᠢᠴᠢ ᠲᠠᠩᠰᠠ ᠲᠠᠶᠢᠯᠬᠤ ᠵᠡᠷᠭᠡ ᠬᠠᠮᠢᠶ᠎ᠠ ᠪᠦᠬᠦᠢ ᠪᠠᠶᠢᠳᠠᠯ ᠢ ᠬᠠᠩᠭᠠᠬᠤ ᠶᠢ ᠬᠠᠷᠢᠭᠤᠴᠠᠨ᠎ᠠ︔      ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠪᠥᠬᠦ  ᠲᠤᠭᠤᠷᠢᠭ ᠤᠨ ᠡᠷᠦᠬᠡ ᠠᠮᠠ ᠶᠢᠨ ᠲᠠᠩᠰᠠ ᠵᠡᠷᠭᠡ ᠪᠠᠶᠢᠳᠠᠯ ᠢ ᠬᠠᠩᠭᠠᠬᠤ ᠶᠢ ᠬᠠᠷᠢᠭᠤᠴᠠᠨ᠎ᠠ᠃      ︵ᠬᠤᠶᠠᠷ︶ ᠠᠵᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ      ᠱᠠᠲᠤ ᠬᠤᠪᠢᠶᠠᠨ ᠡᠭᠦᠷᠭᠡᠯᠡᠬᠦ ᠵᠠᠷᠴᠢᠮ ᠶᠣᠰᠣᠭᠠᠷ᠂ ᠴᠢᠩᠱᠠᠨ ᠲᠣᠭᠤᠷᠢᠭ ᠤᠨ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠤᠨ ᠵᠠᠷᠤᠳᠠᠯ ᠢ ᠲᠣᠭᠤᠷᠢᠭ ᠤᠨ ᠵᠠᠰᠠᠭ ᠤᠨ ᠣᠷᠳᠣᠨ ᠠᠴᠠ ᠬᠠᠷᠢᠭᠤᠴᠠᠨ ᠰᠢᠢᠳᠪᠦᠷᠢᠯᠡᠨ᠎ᠡ᠃ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠶᠡᠭᠡ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠬᠤᠯᠪᠣᠭᠳᠠᠬᠤ ᠬᠡᠪᠴᠢᠶ᠎ᠡ ᠥᠷᠭᠡᠨ ᠪᠠᠶᠢᠵᠤ᠂ ᠬᠤᠶᠢᠰᠢᠳᠠ ᠶᠢᠨ ᠠᠵᠢᠯ ᠳᠤ ᠠᠯᠤᠰ ᠬᠡᠲᠦ ᠶᠢᠨ ᠨᠥᠯᠥᠭᠡ ᠦᠵᠡᠭᠦᠯᠬᠦ ᠪᠣᠯᠣᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠤᠨ ᠬᠡᠷᠡᠭᠴᠡᠭᠡ ᠪᠠᠨ ᠦᠨᠳᠦᠰᠦᠯᠡᠨ ᠴᠢᠬᠤᠯᠠ ᠪᠦᠬᠦᠢ ᠠᠵᠢᠯᠲᠠᠨ ᠤ ᠳᠡᠮᠵᠢᠯᠭᠡ ᠪᠠ ᠰᠠᠭᠤᠷᠢ ᠲᠤᠭ᠎ᠠ ᠪᠠᠷᠢᠮᠲᠠ ᠶᠢ ᠬᠠᠩᠭᠠᠬᠤ ᠬᠡᠷᠡᠭᠲᠡᠢ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠢᠩᠱᠠᠨ ᠤ ᠪᠠᠶᠢᠴᠠᠭᠠᠯᠲᠠ ᠶᠢᠨ ᠠᠩᠭᠢ ᠥᠯᠢᠭᠡᠷ ᠡᠳ᠋  ᠤᠨ ᠬᠡᠮᠵᠢᠶ᠎ᠡ ᠪᠠ ᠡᠯ᠎ᠡ ᠭᠤᠭᠴᠤᠭ᠎ᠠ ᠶᠢᠨ ᠠᠵᠢᠯ ᠤᠨ ᠬᠡᠮᠵᠢᠶ᠎ᠡ ᠶᠢ ᠦᠨᠳᠦᠰᠦᠯᠡᠨ᠂ ᠪᠠᠶᠢᠴᠠᠭᠠᠬᠤ ᠡᠷᠦᠬᠡ ᠶᠢᠨ ᠲᠠᠩᠰᠠ ᠲᠡᠮᠳᠡᠭᠯᠡᠬᠦ ᠨᠥᠬᠦᠪᠦᠷᠢ᠂ ᠲᠤᠰᠠᠯᠠᠬᠤ ᠪᠠᠶᠢᠴᠠᠭᠠᠭᠴᠢ ᠶᠢᠨ ᠬᠥᠳᠡᠯᠮᠦᠷᠢ ᠶᠢᠨ ᠬᠥᠯᠥᠰᠦ ᠣᠯᠭᠤᠮᠵᠢ᠂ ᠲᠠᠩᠰᠠ ᠪᠠᠶᠢᠭᠤᠯᠬᠤ ᠪᠠ ᠰᠤᠷᠪᠤᠯᠵᠢᠯᠠᠬᠤ ᠡᠷᠦᠬᠡ ᠶᠢᠨ ᠪᠠᠶᠢᠴᠠᠭᠠᠯᠲᠠ ᠶᠢᠨ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠤᠨ ᠳᠠᠶᠢᠴᠢᠯᠠᠬᠤ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ ᠵᠠᠷᠤᠯᠭ᠎ᠠ ᠶᠢᠨ ᠲᠥᠷᠥᠯ ᠵᠦᠢᠯ ᠤᠨ ᠠᠵᠢᠯ ᠤᠨ ᠵᠠᠷᠤᠳᠠᠯ ᠢ ᠪᠣᠳᠠᠲᠠᠢ ᠪᠠᠷ ᠲᠥᠰᠥᠭᠡᠯᠡᠨ ᠪᠤᠳᠤᠬᠤ ᠶᠢᠨ ᠬᠠᠮᠲᠤ ᠨᠠᠶᠢᠳᠠᠪᠤᠷᠢᠵᠢᠭᠤᠯᠵᠤ᠂ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠯᠧᠺᠲᠷᠣᠨ ᠲᠣᠣᠷ ᠰᠦᠯᠵᠢᠶ᠎ᠡ ᠪᠠᠷ ᠳᠠᠩᠰᠠ ᠲᠡᠮᠳᠡᠭᠯᠡᠬᠦ ᠶᠢ ᠬᠡᠷᠡᠭᠯᠡᠵᠦ ᠳᠡᠯᠭᠡᠷᠡᠭᠦᠯᠬᠦ ᠪᠠ ᠳᠠᠩᠰᠠ ᠲᠡᠮᠳᠡᠭᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠠᠵᠢᠯᠲᠠᠨ ᠢ ᠲᠣᠬᠢᠷᠠᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠲᠣᠬᠢᠷᠠᠭᠤᠯᠬᠤ᠂ ᠨᠡᠶᠢᠭᠡᠮ ᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠴᠠᠭᠠᠬᠤ ᠬᠦᠴᠦᠨ ᠢᠶᠠᠨ ᠲᠡᠭᠦᠯᠳᠡᠷᠵᠢᠭᠦᠯᠬᠦ ᠶᠢ ᠲᠡᠮᠵᠢᠵᠤ᠂ ᠪᠠᠶᠢᠴᠠᠭᠠᠯᠲᠠ ᠶᠢᠨ ᠮᠠᠲ᠋ᠧᠷᠢᠶᠠᠯ᠂ ᠲᠥᠬᠦᠭᠡᠷᠦᠮᠵᠢ ᠵᠡᠷᠭᠡ ᠡᠳ᠋ ᠪᠣᠳᠠᠰ ᠤᠨ ᠬᠡᠷᠡᠭᠴᠡᠭᠡ ᠶᠢ ᠴᠢᠷᠮᠠᠶᠢᠨ ᠬᠠᠩᠭᠠᠵᠤ᠂ ᠡᠯ᠎ᠡ ᠵᠦᠢᠯ ᠤᠨ ᠠᠵᠢᠯ ᠢᠶᠠᠨ ᠴᠠᠭ ᠲᠤᠬᠠᠢ ᠳᠤᠨᠢ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃      ︵ᠭᠤᠷᠪᠠ︶ ᠥᠷᠭᠡᠨ ᠢᠶᠠᠷ ᠤᠬᠠᠭᠤᠯᠤᠨ ᠳᠠᠶᠢᠴᠢᠯᠠᠨ᠎ᠠ      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢᠨ ᠠᠵᠢᠯ ᠤᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠭᠤᠭᠠᠯᠢ ᠡᠷᠦᠬᠡ ᠶᠢᠨ ᠪᠠᠶᠢᠴᠠᠭᠠᠯᠲᠠ ᠶᠢ ᠣᠶᠢᠯᠠᠭᠠᠬᠤ ᠬᠡᠮᠵᠢᠶ᠎ᠡ ᠶᠢ ᠥᠷᠭᠡᠳᠬᠡᠨ᠂ ᠪᠠᠶᠢᠴᠠᠭᠠᠬᠤ ᠠᠵᠢᠯᠲᠠᠨ ᠪᠠ ᠪᠠᠶᠢᠴᠠᠭᠠᠭᠳᠠᠬᠤ ᠡᠲᠡᠭᠡᠳ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠪᠠᠶᠢᠴᠠᠭᠠᠭᠳᠠᠬᠤ ᠡᠲᠡᠭᠡᠳ ᠤᠨ ᠢᠳᠡᠪᠬᠢᠵᠢᠯ ᠪᠠ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃      ︵ᠳᠥᠷᠪᠡ︶ ᠶᠠᠰᠤ ᠴᠢᠨᠠᠷ ᠤᠨ ᠡᠵᠡᠮᠳᠡᠯ ᠢ ᠴᠢᠩᠳᠠᠯᠠᠨ᠎ᠠ      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠥᠬᠦ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠳᠬᠠᠨ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠶᠢ ᠡᠷᠡᠰ ᠰᠡᠷᠭᠡᠶᠢᠯᠡᠵᠦ᠂ ᠡᠯ᠎ᠡ ᠵᠠᠩᠭᠢᠯᠠᠭ᠎ᠠ ᠶᠢᠨ ᠠᠵᠢᠯ ᠤᠨ ᠬᠠᠤᠯᠢ ᠲᠣᠭᠲᠠᠭᠠᠯ ᠶᠤᠰᠤᠭᠠᠷ᠂ ᠰᠢᠨᠵᠢᠯᠡᠬᠦ ᠤᠬᠠᠭᠠᠨᠴᠢ ᠪᠠᠷ ᠵᠢᠷᠤᠮᠵᠢᠯ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠶᠡᠭᠡ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠤᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠤᠨ ᠬᠡᠷᠡᠭᠯᠡᠯᠲᠡ ᠶᠢ ᠴᠢᠩᠭᠠᠳᠬᠠᠵᠤ᠂ ᠰᠢᠨ᠎ᠡ ᠵᠠᠭᠪᠤᠷ ᠲᠤ ᠡᠯᠧᠺᠲᠷᠣᠨ ᠲᠠᠩᠰᠠ ᠲᠡᠮᠳᠡᠭᠯᠡᠬᠦ ᠶᠢ ᠢᠳᠡᠪᠬᠢᠲᠡᠢ ᠳᠡᠯᠭᠡᠷᠡᠭᠦᠯᠵᠦ᠂ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃      ︵ᠲᠠᠪᠤ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠯᠡᠨ᠎ᠡ      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠡᠭᠡ ᠥᠯᠢᠭᠡᠷ ᠡᠳ᠋ ᠢ ᠡᠭᠡᠯᠵᠢᠯᠡᠨ ᠰᠣᠯᠢᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠬᠡᠷᠡᠭᠲᠡᠢ᠃ ᠪᠠᠶᠢᠴᠠᠭᠠᠬᠤ ᠠᠵᠢᠯᠲᠠᠨ ᠪᠠ ᠪᠠᠶᠢᠴᠠᠭᠠᠭᠳᠠᠬᠤ ᠡᠲᠡᠭᠡᠳ ᠤᠨ ᠪᠡᠶ᠎ᠡ ᠶᠢᠨ ᠠᠮᠤᠷ ᠲᠦᠪᠰᠢᠨ ᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠲᠤᠬᠠᠢ ᠶᠢᠨ ᠲᠠᠯᠠᠪᠤᠷ ᠲᠤ ᠦᠯᠢᠭᠡᠷ ᠠᠪᠴᠤ ᠪᠠᠶᠢᠴᠠᠭᠠᠯᠲᠠ ᠬᠢᠬᠦ ᠳᠡᠭᠡᠨ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠡᠭᠦᠰᠴᠦ ᠮᠡᠳᠡᠬᠦ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠳᠤ ᠴᠢᠭᠯᠡᠭᠦᠯᠦᠨ ᠠᠵᠢᠯ ᠤᠨ ᠲᠥᠰᠥᠯ ᠢ ᠤᠷᠢᠳᠴᠢᠯᠠᠨ ᠲᠣᠭᠲᠠᠭᠠᠬᠤ ᠬᠡᠷᠡᠭᠲᠡᠢ᠃ ᠲᠤᠰ ᠭᠠᠵᠠᠷ ᠣᠷᠣᠨ ᠤ ᠪᠠᠨ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠴᠢᠬᠤᠯᠠ ᠶᠡᠭᠡ ᠪᠠᠶᠢᠳᠠᠯ ᠲᠣᠬᠢᠶᠠᠯᠳᠤᠪᠠᠯ ᠴᠠᠭ ᠲᠤᠬᠠᠢ ᠳᠤᠨᠢ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃      ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ      2022 ᠣᠨ ᠤ 2 ᠰᠠᠷ᠎ᠠ ᠶᠢᠨ 17 ᠤ ᠡᠳᠦᠷ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号