ᠲᠤᠭᠤᠷᠢᠭ ᠤᠨ ᠨᠠᠮ ᠤᠨ ᠬᠤᠷᠢᠶ᠎ᠠ ᠲᠤᠭᠤᠷᠢᠭ ᠤᠨ ᠵᠠᠰᠠᠭ ᠤᠨ ᠤᠷᠳᠤᠨ ᠪᠡᠯᠡ ᠣᠷᠣᠭᠤᠯᠤᠯᠲᠠ ᠶᠢ | ᠲᠣᠭᠲᠠᠪᠤᠷᠢᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠪᠡᠯᠡ | ᠣᠷᠣᠭᠤᠯᠤᠯᠲᠠ ᠶᠢᠨ ᠪᠦᠲᠦᠴᠡ ᠶᠢ ᠨᠡᠩ ᠰᠢᠯᠢᠳᠡᠭᠵᠢᠭᠦᠯᠦᠨ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠪᠡ᠃ 1 ︱ 4 ᠳ᠋ᠤᠭᠡᠷ ᠰᠠᠷ᠎ᠠ ᠳᠤ᠂ ᠪᠥᠬᠦ ᠲᠤᠭᠤᠷᠢᠭ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 40.6% ᠨᠡᠮᠡᠭᠳᠡᠪᠡ | ᠭᠦᠢᠴᠡᠳᠭᠡᠭᠰᠡᠨ ᠣᠨᠴᠠᠯᠢᠭ | ︵ᠨᠢᠭᠡ︶ ᠭᠤᠷᠪᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠲᠣᠭᠲᠠᠭᠤᠨ ᠪᠠᠶᠢᠨ᠎ᠠ | ᠠᠵᠤ ᠦᠢᠯᠡᠰ ᠤᠨ ᠪᠦᠲᠦᠴᠡ ᠠᠴᠠ ᠦᠵᠡᠪᠡᠯ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠤᠨ ᠪᠡᠯᠡ ᠣᠷᠣᠭᠤᠯᠤᠯᠲᠠ ᠶᠢᠨ ᠪᠦᠲᠦᠴᠡ ᠶᠢᠨ ᠬᠠᠷᠢᠴᠠᠯ ᠨᠢ 3.2᠄ 49.3᠄ 47.6᠃ ᠨᠢᠭᠡᠳᠦᠭᠡᠷ | ᠠᠵᠤ ᠦᠢᠯᠡᠰ ᠲᠤ 0 ᠰᠢᠪᠲᠤᠯᠤᠯᠲᠠ ᠲᠠᠢ ᠪᠣᠯᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 83.6% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7.3% ᠨᠡᠮᠡᠭᠳᠡᠪᠡ᠃ | ︵ᠬᠤᠶᠠᠷ︶ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠤᠶᠠᠨ ᠬᠠᠳᠠᠨ ᠴᠢᠨᠠᠷ | ᠴᠢᠩᠭ᠎ᠠ | ᠦᠶᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 85.1% ᠨᠡᠮᠡᠭᠳᠡᠵᠦ᠂ | ᠪᠥᠬᠦ ᠪᠡᠯᠡ ᠣᠷᠣᠭᠤᠯᠤᠯᠲᠠ ᠶᠢᠨ 49.2% ᠢ ᠡᠵᠡᠯᠡᠵᠦ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢᠨ | ᠨᠡᠮᠡᠭᠳᠡᠯ ᠢ 31.8 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ᠂ ᠲᠡᠮᠦᠷᠯᠢᠭ ᠪᠤᠰᠤ ᠦᠶᠯᠡᠳᠬᠦ ᠦᠢᠯᠡᠰ ᠤᠨ | ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 89.5% ᠪᠠᠷ ᠨᠡᠮᠡᠭᠳᠡᠪᠡ︔ | ᠺᠣᠮᠫᠢᠦ᠋ᠲ᠋ᠧᠷ ᠤᠨ ᠨᠡᠶᠢᠳᠡᠮ ᠬᠡᠷᠡᠭᠯᠡᠬᠦ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 12.9% ᠨᠡᠮᠡᠭᠳᠡᠪᠡ︔ ᠲᠡᠮᠦᠷ ᠵᠠᠮ ᠵᠢᠴᠢ ᠪᠤᠰᠤᠳ ᠲᠡᠭᠡᠭᠡᠪᠦᠷᠢ ᠶᠢᠨ ᠲᠥᠬᠦᠭᠡᠷᠦᠮᠵᠢ ᠦᠶᠯᠡᠳᠬᠦ | ᠦᠢᠯᠡᠰ ᠪᠠ ᠲᠡᠮᠦᠷᠯᠢᠭ ᠪᠤᠰᠤ ᠬᠠᠶᠠᠭᠳᠠᠮᠠᠯ ᠮᠠᠲ᠋ᠧᠷᠢᠶᠠᠯ ᠢ ᠪᠣᠯᠪᠠᠰᠤᠷᠠᠭᠤᠯᠤᠨ ᠰᠢᠢᠳᠪᠦᠷᠢᠯᠡᠬᠦ ᠦᠢᠯᠡᠰ ᠤᠨ ᠪᠡᠯᠡ | ᠣᠷᠣᠭᠤᠯᠤᠯᠲᠠ ᠪᠠᠷ ᠦᠶᠯᠡᠳᠬᠦ ᠦᠢᠯᠡᠰ ᠤᠨ ᠳᠤᠲᠠᠭᠤᠳᠠᠯ ᠢ ᠨᠥᠬᠦᠪᠦᠷᠢᠯᠡᠪᠡ᠃ | ︵ᠭᠤᠷᠪᠠ︶ ᠠᠷᠠᠳ ᠤᠨ ᠪᠡᠯᠡ ᠣᠷᠣᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢᠯᠡᠳᠲᠡ ᠪᠣᠯᠪᠠ | ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23.8% ᠨᠡᠮᠡᠭᠳᠡᠵᠦ᠂ ᠪᠥᠬᠦ | ᠲᠤᠭᠤᠷᠢᠭ ᠤᠨ ᠪᠡᠯᠡ ᠣᠷᠣᠭᠤᠯᠤᠯᠲᠠ ᠶᠢ 23.1 ᠵᠠᠭᠤᠨ ᠤ ᠨᠢᠭᠡᠴᠢ ᠳᠠᠶᠢᠴᠢᠯᠠᠪᠠ᠃ ᠠᠷᠠᠳ ᠤᠨ ᠪᠡᠯᠡ | ᠣᠷᠣᠭᠤᠯᠤᠯᠲᠠ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 85.3% | ᠪᠣᠯᠣᠨ᠎ᠠ᠃ ᠡᠭᠦᠨ ᠳᠤ᠂ ᠠᠷᠠᠳ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠨᠢ ᠪᠥᠬᠦ | ᠲᠤᠭᠤᠷᠢᠭ ᠤᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 32.0% ᠪᠣᠯᠣᠨ᠎ᠠ᠃ | ︵ᠳᠥᠷᠪᠡ︶ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ | ᠰᠠᠭᠤᠷᠢ ᠲᠦᠭᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 118.4% | ᠨᠡᠮᠡᠭᠳᠡᠵᠦ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢᠨ 10.9% ᠶᠢ ᠡᠵᠡᠯᠡᠵᠦ᠂ ᠪᠥᠬᠦ ᠲᠤᠭᠤᠷᠢᠭ ᠤᠨ | ᠪᠡᠯᠡ ᠣᠷᠣᠭᠤᠯᠤᠯᠲᠠ ᠶᠢ 8.3 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ᠂ ᠤᠰᠤᠨ ᠠᠰᠢᠭᠯᠠᠯᠲᠠ ᠶᠢᠨ | ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ | ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 1.4 ᠳᠠᠬᠢᠨ︔ ᠵᠠᠮ | ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠪᠡᠯᠡ ᠣᠷᠣᠭᠤᠯᠤᠯᠲᠠ ᠬᠢᠭᠡᠳ ᠮᠡᠳᠡᠭᠡ ᠵᠠᠩᠭᠢ ᠳᠠᠮᠵᠢᠭᠤᠯᠬᠤ ᠵᠥᠭᠡᠯᠡᠨ | ᠲᠣᠨᠤᠭ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠨᠡᠮᠡᠭᠳᠡᠭᠰᠡᠨ | ᠦᠭᠡᠢ᠃ | |