ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠪᠠᠭ᠎ᠠ ᠬᠡᠮᠵᠢᠶ᠎ᠡ ᠪᠠᠷ ᠪᠠᠭᠤᠷᠠᠪᠠ
ᠨᠡᠶᠢᠲᠡᠯᠡᠭᠰᠡᠨ ᠴᠠᠭ᠄
2022/5/24
     1—4 ᠳ᠋ᠤᠭᠡᠷ ᠰᠠᠷ᠎ᠠ ᠳᠤ᠂ ᠴᠢᠩᠱᠠᠨ ᠲᠣᠭᠤᠷᠢᠭ ᠤᠨ ᠬᠢᠨ ᠬᠢᠵᠢᠭ ᠳᠡᠯᠭᠡᠷᠡᠭᠰᠡᠨ ᠵᠡᠷᠭᠡ ᠬᠦᠴᠦᠨ ᠵᠦᠢᠯ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠤ ᠦᠵᠡᠭᠦᠯᠬᠦ ᠳᠠᠭᠠᠷᠢᠯᠲᠠ ᠶᠢ ᠢᠳᠡᠪᠬᠢᠲᠡᠢ ᠪᠠᠷ ᠠᠷᠭᠠᠴᠠᠵᠤ᠂ ᠮᠠᠰᠢᠨ ᠲᠡᠷᠭᠡ᠂ ᠬᠤᠳᠠᠯᠳᠤᠭᠠᠨ ᠤ ᠬᠡᠲᠦ ᠳᠡᠯᠭᠡᠭᠦᠷ᠂ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠪᠠᠷᠢᠯ ᠢ ᠬᠡᠷᠡᠭᠵᠢᠭᠦᠯᠵᠦ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠰᠠᠶᠢᠨ ᠡᠷᠬᠢᠯᠲᠡ ᠪᠠ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃      ᠨᠢᠭᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠪᠠᠭ᠎ᠠ ᠬᠡᠮᠵᠢᠶ᠎ᠡ ᠪᠠᠷ ᠪᠠᠭᠤᠷᠠᠪᠠ      1— 4 ᠳ᠋ᠤᠭᠡᠷ ᠰᠠᠷ᠎ᠠ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 79.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 2.6% ᠪᠠᠭᠤᠷᠠᠵᠤ᠂ ᠲᠦᠷᠦᠭᠦᠸ ᠰᠠᠷ᠎ᠠ ᠶᠢᠨ ᠬᠢ ᠠᠴᠠ 2.5 ᠵᠠᠭᠤᠨ ᠤ ᠨᠢᠭᠡᠴᠢ ᠤᠳᠠᠭᠠᠰᠢᠷᠠᠪᠠ᠃ ᠬᠡᠷᠡᠭᠯᠡᠭᠡᠨ ᠤ ᠬᠡᠯᠪᠡᠷᠢ ᠪᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 71.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8%᠎ ᠪᠠᠷ ᠪᠠᠭᠤᠷᠠᠪᠠ︔ ᠢᠳᠡᠭᠡᠨ ᠤᠮᠳᠠᠭᠠᠨ ᠤ ᠣᠷᠣᠯᠭ᠎ᠠ 8.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.2% ᠪᠠᠭᠤᠷᠠᠵᠠᠢ᠃      ᠬᠤᠶᠠᠷ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠨᠢᠭᠡᠴᠡ ᠶᠢᠨ ᠡᠷᠬᠢᠯᠲᠡ ᠶᠢᠨ ᠬᠠᠨᠳᠤᠰᠢ ᠤᠳᠠᠭᠠᠰᠢᠷᠠᠪᠠ      ︵ᠨᠢᠭᠡ︶ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠭᠤᠷᠪᠠᠨ ᠲᠦᠷᠦᠯ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ︽ᠨᠢᠭᠡ ᠶᠢ ᠨᠡᠮᠡᠭᠳᠡᠭᠦᠯᠦᠨ ᠬᠤᠶᠠᠷ ᠢ ᠪᠠᠭᠤᠷᠠᠭᠤᠯᠵᠦ︾᠂ ᠪᠦᠬᠦᠯᠢ ᠴᠣᠭᠴᠠ ᠶᠢᠨ ᠳᠠᠶᠢᠴᠢᠯᠠᠬᠤ ᠴᠢᠨᠠᠷ ᠢᠶᠠᠷ ᠬᠦᠷᠦᠯᠴᠡᠬᠦ ᠦᠭᠡᠢ      ᠮᠠᠨ ᠤ ᠲᠤᠭᠤᠷᠢᠭ ᠤᠨ ᠪᠦᠷᠢᠨ ᠪᠠᠷᠠᠭ᠎ᠠ᠂ ᠴᠢᠯᠠᠭᠤᠨ ᠲᠣᠰᠣ ᠪᠠ ᠮᠠᠰᠢᠨ ᠲᠡᠷᠭᠡ ᠵᠡᠷᠭᠡ ᠭᠤᠷᠪᠠᠨ ᠲᠥᠷᠥᠯ ᠤᠨ ᠲᠤᠯᠭᠠᠭᠤᠷᠢᠯᠠᠬᠤ ᠴᠢᠨᠠᠷᠲᠠᠢ ᠠᠵᠤ ᠠᠬᠤᠶᠢᠯᠠᠯ ᠳᠤ ᠵᠥᠪᠬᠡᠨ ᠴᠢᠯᠠᠭᠤᠨ ᠲᠣᠰᠣᠨ ᠠᠵᠦ ᠠᠬᠤᠶᠢᠯᠠᠯ ᠡᠶᠡᠷᠬᠦ ᠨᠡᠮᠡᠭᠳᠡᠯ ᠢ ᠪᠡᠶᠡᠯᠡᠭᠦᠯᠪᠡ᠃ ᠪᠣᠳᠠᠲᠠᠢ ᠪᠠᠷ ᠦᠵᠡᠪᠡᠯ᠄ ᠨᠢᠭᠡ ᠳᠤ ᠪᠦᠷᠢᠨ ᠪᠠᠷᠠᠭᠠᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 7.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 8.2%᠎ ᠢᠶᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠎ ᠬᠢ ᠠᠴᠠ 12 ᠵᠠᠭᠤᠨ ᠤ ᠨᠢᠭᠡᠴᠢ ᠪᠠᠭᠤᠷᠠᠪᠠ᠃ ᠬᠤᠶᠠᠷ ᠲᠤ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.7%᠎ ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.8 ᠵᠠᠭᠤᠨ ᠤ ᠨᠢᠭᠡᠴᠢ ᠪᠠᠭᠤᠷᠠᠪᠠ᠃ ᠭᠤᠷᠪᠠ ᠳᠤ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 5.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.5%᠎ ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 62.4 ᠵᠠᠭᠤᠨ ᠤ ᠨᠢᠭᠡᠴᠢ ᠪᠠᠭᠤᠷᠠᠪᠠ᠃ ᠳᠡᠭᠡᠷᠡᠬᠢ ᠭᠤᠷᠪᠠᠨ ᠲᠥᠷᠥᠯ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢᠨ ᠡᠷᠬᠢᠯᠲᠡ ᠶᠢᠨ ᠬᠠᠨᠳᠤᠰᠢ ᠠᠴᠠ ᠦᠵᠡᠪᠡᠯ᠂ ᠴᠢᠯᠠᠭᠤᠨ ᠲᠣᠰᠣᠨ ᠤ ᠲᠥᠷᠥᠯ ᠤᠨ ᠶᠡᠷᠦᠩᠬᠡᠢ ᠬᠡᠮᠵᠢᠶ᠎ᠡ ᠠᠯᠬᠤᠮ ᠠᠯᠬᠤᠮ ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠭᠲᠠᠭᠤᠨ ᠢᠶᠠᠷ ᠨᠡᠮᠡᠭᠳᠡᠪᠡ︔ ᠪᠦᠷᠢᠨ ᠪᠠᠷᠠᠭ᠎ᠠ ᠪᠠ ᠮᠠᠰᠢᠨ ᠲᠡᠷᠭᠡᠨ ᠤ ᠲᠥᠷᠥᠯ ᠤᠨ ᠶᠡᠷᠦᠩᠬᠡᠢ ᠬᠡᠮᠵᠢᠶ᠎ᠡ ᠨᠡᠯᠢᠶᠡᠳ ᠶᠡᠭᠡ ᠪᠣᠯᠪᠠᠴᠤ ᠣᠲᠣ ᠶᠢᠨ ᠪᠠᠶᠢᠭ᠎ᠠ ᠠᠵᠤ ᠠᠬᠤᠶᠢᠯᠠᠯ ᠨᠢᠳᠤᠨᠤᠨ ᠤ ᠬᠢ ᠠᠴᠠ ᠢᠯᠡᠳᠲᠡ ᠨᠡᠮᠡᠭᠳᠡᠭᠰᠡᠨ ᠦᠭᠡᠢ᠂ ᠡᠨᠡ ᠪᠣᠯ ᠠᠵᠢᠯ ᠲᠥᠷᠥᠯ ᠤᠨ ᠪᠠᠭᠤᠷᠠᠯᠲᠠ ᠶᠢᠨ ᠭᠤᠣᠯ ᠰᠢᠯᠲᠠᠭᠠᠨ ᠮᠥᠨ᠃      ︵ᠬᠤᠶᠠᠷ︶ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠲᠠᠸᠠᠷ ᠤᠨ ᠵᠢᠵᠢᠭᠯᠡᠨ ᠬᠤᠳᠠᠯᠳᠤᠬᠤ ᠲᠦᠷᠦᠯ ᠤᠨ ᠦᠷᠳᠡᠭ ᠤᠨ ᠬᠠᠭᠠᠰ ᠲᠤᠭ᠎ᠠ ᠠᠴᠠ ᠳᠠᠪᠠᠭᠰᠠᠨ ᠬᠡᠮᠵᠢᠶ᠎ᠡ ᠳᠣᠷᠣᠭᠰᠢᠯᠠᠬᠤ ᠬᠠᠨᠳᠤᠰᠢ ᠲᠠᠢ ᠪᠣᠯᠪᠠ      ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ 19 ᠲᠠᠸᠠᠷ ᠤᠨ ᠵᠢᠵᠢᠭᠯᠡᠨ ᠬᠤᠳᠠᠯᠳᠤᠬᠤ ᠲᠦᠷᠦᠯ ᠤᠨ ᠦᠷᠳᠡᠭ ᠤᠨ ᠳᠣᠲᠣᠷ᠎ᠠ᠂ ᠵᠥᠪᠬᠡᠨ 7 ᠲᠦᠷᠦᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠡᠶᠡᠷᠭᠦ ᠨᠡᠮᠡᠭᠳᠡᠯ ᠢ ᠪᠡᠶᠡᠯᠡᠭᠦᠯᠪᠡ᠃ ᠡᠭᠦᠨ ᠳᠤ᠂ ᠮᠠᠰᠢᠨ ᠴᠠᠬᠢᠯᠭᠠᠨ ᠤ ᠦᠢᠯᠡᠳᠬᠦᠨ ᠵᠢᠴᠢ ᠲᠥᠬᠦᠭᠡᠷᠦᠮᠵᠢ ᠶᠢᠨ ᠲᠥᠷᠥᠯ᠂ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠪᠠ ᠠᠷᠢᠬᠢ ᠲᠠᠮᠠᠬᠢᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠶᠡᠭᠡ ᠨᠡᠮᠡᠭᠳᠡᠵᠦ᠂ ᠲᠣᠰ ᠲᠣᠰ 100%᠂ 22.7% ᠪᠠ 7.9% ᠪᠣᠯᠪᠠ︔ ᠪᠤᠰᠤᠳ ᠵᠢᠭᠰᠠᠭᠠᠨ ᠲᠣᠳᠣᠷᠬᠠᠶᠢᠯᠠᠭᠰᠠᠨ ᠦᠭᠡᠢ ᠲᠠᠸᠠᠷ ᠤᠨ ᠲᠥᠷᠥᠯ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠪᠠᠭᠤᠷᠠᠯᠲᠠ ᠶᠢᠨ ᠬᠡᠮᠵᠢᠶ᠎ᠡ ᠢᠯᠡᠳᠲᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 76.1%᠂ 65.7%᠎ ᠪᠠᠷ ᠪᠠᠭᠤᠷᠠᠪᠠ᠃      ︵ᠭᠤᠷᠪᠠ︶ ᠢᠳᠡᠭᠡᠨ ᠤᠮᠳᠠᠭᠠᠨ ᠤ ᠦᠢᠯᠡᠰ ᠤᠨ ᠪᠠᠭᠤᠷᠠᠯᠲᠠ ᠶᠢᠨ ᠬᠡᠮᠵᠢᠶ᠎ᠡ ᠪᠠᠭᠠᠰᠴᠤ᠂ ᠠᠵᠢᠯ ᠲᠥᠷᠥᠯ ᠤᠨ ᠪᠠᠶᠢᠳᠠᠯ ᠰᠠᠶᠢᠵᠢᠷᠠᠪᠠ      4 ᠳ᠋ᠤᠭᠡᠷ ᠰᠠᠷ᠎ᠠ ᠳᠤ ᠲᠣᠰ ᠰᠠᠷ᠎ᠠ ᠶᠢᠨ ᠢᠳᠡᠭᠡᠨ ᠤᠮᠳᠠᠭᠠᠨ ᠤ ᠠᠵᠢᠯ ᠲᠥᠷᠥᠯ ᠤᠨ ᠬᠢᠨ ᠬᠢᠵᠢᠭ ᠤᠨ ᠪᠠᠶᠢᠳᠠᠯ ᠤᠨ ᠳᠠᠬᠢᠨ ᠳᠠᠪᠲᠠᠨ ᠨᠥᠯᠥᠭᠡ ᠠᠴᠠ ᠪᠣᠯᠵᠤ᠂ ᠡᠵᠡᠩᠨᠡᠯᠲᠡ ᠪᠠᠨ ᠨᠢᠭᠡ ᠭᠠᠷᠠᠭ ᠣᠷᠴᠢᠮ ᠲᠦᠷ ᠵᠣᠭᠰᠣᠭᠠᠵᠤ᠂ ᠲᠣᠰ ᠰᠠᠷ᠎ᠠ ᠎ ᠳᠤ ᠲᠦᠷᠦᠭᠦᠸ ᠰᠠᠷ᠎ᠠ ᠶᠢᠨ ᠬᠢ ᠠᠴᠠ ᠪᠠᠨ 11.6%᠎ ᠪᠠᠷ ᠪᠠᠭᠤᠷᠠᠪᠠ᠃  1 — 4 ᠳ᠋ᠤᠭᠡᠷ ᠰᠠᠷ᠎ᠠ ᠳᠤ᠂ ᠮᠠᠨ ᠤ ᠲᠤᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠢᠳᠡᠭᠡᠨ ᠤᠮᠳᠠᠭᠠᠨ ᠤ ᠦᠢᠯᠡᠰ ᠤᠨ ᠬᠤᠭᠤᠯᠠᠨ ᠤ ᠵᠠᠷᠤᠳᠠᠯ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 14.7% ᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 ︱ 3 ᠳ᠋ᠤᠭᠠᠷ ᠰᠠᠷ᠎ᠠ ᠶᠢᠨ ᠬᠢ ᠠᠴᠠ 2.7 ᠵᠠᠭᠤᠨ ᠤ ᠨᠢᠭᠡᠴᠢ ᠪᠠᠭᠠᠰᠴᠠᠢ᠃      ᠭᠤᠷᠪᠠ᠂ ᠪᠥᠬᠦ ᠲᠤᠭᠤᠷᠢᠭ ᠤᠨ ᠳᠥᠷᠪᠡᠨ ᠶᠡᠭᠡ ᠠᠵᠢᠯ ᠲᠥᠷᠥᠯ ᠤᠨ ᠬᠠᠨᠳᠤᠰᠢ ᠮᠠᠭᠤᠳᠠᠵᠤ ᠪᠠᠶᠢᠨ᠎ᠠ      ᠪᠥᠭᠡᠮ ᠢᠶᠠᠷ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠎ ᠬᠢ ᠠᠴᠠ 49.1%᠎ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 24.4 ᠵᠠᠭᠤᠨ ᠤ ᠨᠢᠭᠡᠴᠢ ᠳᠡᠭᠡᠭᠰᠢᠯᠡᠵᠡᠢ᠃      ᠵᠢᠵᠢᠭᠯᠡᠨ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5%᠎ ᠪᠠᠷ ᠪᠠᠭᠤᠷᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 26.8 ᠵᠠᠭᠤᠨ ᠤ ᠨᠢᠭᠡᠴᠢ ᠪᠠᠭᠤᠷᠠᠪᠠ᠃      ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 28.3%᠎ ᠪᠠᠷ ᠪᠠᠭᠤᠷᠠᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 105.1 ᠵᠠᠭᠤᠨ ᠤ ᠨᠢᠭᠡᠴᠢ ᠪᠠᠭᠤᠷᠠᠪᠠ᠃      ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 16.8%᠎ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 190.7 ᠵᠠᠭᠤᠨ ᠤ ᠨᠢᠭᠡᠴᠢ ᠪᠠᠭᠤᠷᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号