ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ︽ᠴᠢᠩᠱᠠᠨ ᠲᠣᠭᠤᠷᠢᠭ ᠤᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭᠠᠨ ᠤ ᠲᠥᠰᠥᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/6/10
     ᠴᠢᠩᠱᠠᠨ ᠵᠠᠰᠠᠭ ᠠᠯᠪᠠᠨ ᠲᠠᠷᠬᠠᠭᠠᠭᠰᠠᠨ 〔2022〕 9  ᠳ᠋ᠤᠭᠡᠷ ᠲᠣᠭᠠᠲᠤ      ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ︽ᠴᠢᠩᠱᠠᠨ ᠲᠣᠭᠤᠷᠢᠭ ᠤᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭᠠᠨ ᠤ ᠲᠥᠰᠥᠯ︾ ᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯᠬᠤᠯᠪᠣᠭᠳᠠᠯ ᠪᠦᠬᠦᠢ ᠨᠢᠭᠡᠴᠡ ᠨᠦᠭᠦᠳ᠄      ︽ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭ᠎ᠠ ᠶᠢᠨ ᠲᠥᠰᠥᠯ︾᠎ ᠢ ᠲᠣᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃      ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ      2022 ᠣᠨ ᠤ 4 ᠰᠠᠷ᠎ᠠ ᠶᠢᠨ 12᠎ ᠎ ᠤ ᠡᠳᠦᠷ      ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭᠠᠨ ᠤ ᠲᠥᠰᠥᠯ      ᠠᠮᠤᠷ ᠲᠦᠪᠰᠢᠨ ᠡᠮᠬᠢ ᠳᠢᠭᠯᠢᠮ ᠲᠠᠢ᠂ ᠠᠷᠢᠭᠤᠨ ᠴᠡᠪᠡᠷ ᠬᠡᠭᠡᠨᠴᠢᠷ ᠰᠠᠶᠢᠬᠠᠨ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠪᠤᠶ ᠪᠤᠯᠭᠠᠵᠦ᠂ ︽ᠬᠤᠸᠠᠷ ᠬᠠᠳᠬᠤᠬᠤ ᠡᠷᠳᠡᠮ︾᠎ ᠢᠶᠠᠷ ᠬᠤᠲᠠ ᠶᠢᠨ ᠵᠠᠰᠠᠯᠲᠠ ᠶᠢ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ᠂ ᠣᠶᠤᠨᠴᠢᠯᠠᠬᠤ ᠶᠢ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠷᠢᠮᠵᠢᠶᠠᠵᠢᠭᠤᠯᠬᠤ᠂ ᠬᠤᠲᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ᠂ ᠲᠤᠰᠬᠠᠢ ᠵᠦᠢᠯ ᠤᠨ ᠵᠠᠰᠠᠯᠲᠠ ᠶᠢ ᠲᠥᠷᠥᠯ ᠵᠦᠢᠯ ᠪᠣᠯᠭᠠᠬᠤ᠂ ᠡᠳᠦᠷ ᠲᠤᠲᠤᠮ ᠤᠨ ᠬᠠᠮᠢᠶᠠᠷᠤᠯᠲᠠ ᠶᠢ ᠤᠷᠲᠤ ᠬᠤᠭᠤᠴᠠᠭ᠎ᠠ ᠬᠦᠴᠦᠨ ᠲᠠᠢ ᠪᠣᠯᠭᠠᠬᠤ᠂ ᠬᠠᠮᠢᠶᠠᠷᠤᠯᠲᠠ ᠶᠢᠨ ᠲᠠᠪᠴᠠᠩ ᠢ ᠤᠶᠤᠨᠵᠢᠭᠤᠯᠬᠤ᠂ ᠡᠩᠨᠡᠭᠡ ᠶᠢᠨ ᠪᠠᠶᠢᠭᠤᠯᠤᠯᠲᠠ ᠶᠢ ᠵᠢᠷᠤᠮᠵᠢᠭᠤᠯᠬᠤ ᠵᠡᠷᠭᠡ ᠵᠢᠷᠭᠤᠭᠠᠨ ᠲᠠᠯ᠎ᠠ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠬᠤᠲᠠ ᠶᠢᠨ ᠨᠠᠷᠢᠯᠢᠭᠵᠢᠭᠤᠯᠬᠤ᠂ ᠪᠠᠶᠢᠩᠭᠤᠵᠢᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠪᠠ ᠪᠠᠬᠢᠵᠢᠭᠦᠯᠵᠦ᠂ ᠬᠤᠲᠠ ᠶᠢᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠶᠢᠨ ᠲᠦᠯᠦᠭᠡ᠂ ᠣᠨᠴᠠᠭᠠᠶᠢᠯᠠᠨ ᠲᠣᠰ ᠠᠵᠢᠯᠯᠠᠭ᠎ᠠ ᠶᠢᠨ ᠲᠥᠰᠥᠯ ᠢ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠤᠲᠠ ᠶᠢᠨ ᠬᠠᠮᠢᠶᠠᠷᠤᠯᠲᠠ ᠬᠢᠭᠡᠳ ᠨᠡᠶᠢᠭᠡᠮ ᠤᠨ ᠵᠠᠰᠠᠯᠲᠠ ᠵᠡᠷᠭᠡ ᠶᠢᠨ ᠲᠤᠬᠠᠢ ᠰᠢᠷᠢᠰ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠠᠷᠠᠳ ᠲᠦᠮᠡᠨ ᠤ ᠲᠥᠯᠥᠭᠡ ᠬᠤᠲᠠ ᠶᠢ ᠬᠠᠮᠢᠶᠠᠷᠬᠤ︾ ᠠᠵᠢᠯ ᠤᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ︽ᠪᠠᠷᠢᠮᠵᠢᠶᠠᠵᠢᠭᠤᠯᠬᠤ᠂ ᠨᠠᠷᠢᠯᠢᠭᠵᠢᠭᠤᠯᠬᠤ᠂ ᠦᠢᠯᠡᠴᠢᠯᠡᠭᠦᠯᠬᠦ︾ ᠠᠵᠢᠯ ᠤᠨ ᠰᠡᠳᠬᠢᠴᠡ ᠶᠣᠰᠣᠭᠠᠷ᠂ ᠲᠤᠤᠷᠴᠢᠯᠠᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠬᠤᠳᠠ ᠶᠢᠨ ᠪᠠᠶᠢᠩᠭᠤᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠬᠤᠳᠠ ᠶᠢᠨ ᠬᠠᠮᠢᠶᠠᠷᠤᠯᠲᠠ ᠶᠢᠨ ᠠᠷᠬᠠᠭ ᠭᠡᠮ ᠢ ᠵᠠᠰᠠᠬᠤ ᠠᠵᠢᠯ ᠢ ᠴᠢᠩᠭ᠎ᠠ ᠠᠳᠬᠤᠵᠤ᠂ ᠨᠠᠷᠢᠯᠢᠭᠵᠢᠭᠤᠯᠤᠭᠰᠠᠨ᠂ ᠪᠠᠷᠢᠮᠵᠢᠶᠠᠵᠢᠭᠤᠯᠤᠭᠰᠠᠨ ᠦᠨᠳᠦᠰᠦᠯᠡᠯ ᠪᠠ ᠠᠷᠭ᠎ᠠ ᠪᠠᠷ ᠬᠤᠳᠠ ᠶᠢ ᠬᠠᠮᠢᠶᠠᠷᠬᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠬᠤᠳᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠪᠠᠶᠢᠬᠤ ᠶᠢ ᠠᠬᠢᠭᠤᠯᠵᠤ᠂ ︽ᠠᠷᠢᠭᠤᠨ ᠴᠡᠪᠡᠷ᠂ ᠡᠮᠬᠢ ᠵᠢᠷᠤᠮ ᠲᠠᠢ᠂ ᠬᠠᠯᠠᠭᠤᠨ ᠳᠣᠲᠣᠨᠣ᠂ ᠡᠶ᠎ᠡ ᠵᠣᠬᠢᠴᠠᠯ ᠲᠠᠢ︾ ᠬᠤᠳᠠ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃      ᠬᠤᠶᠠᠷ᠂ ᠠᠵᠢᠯᠯᠠᠭᠠᠨ ᠤ ᠬᠠᠷᠠᠯᠲᠠ      ᠬᠤᠳᠠ ᠶᠢ ᠨᠡᠩ ᠠᠮᠤᠷ ᠲᠦᠪᠰᠢᠨ ᠡᠮᠬᠢ ᠵᠢᠷᠤᠮ ᠲᠠᠢ᠂ ᠨᠡᠩ ᠠᠷᠢᠭᠤᠨ ᠴᠡᠪᠡᠷ ᠭᠤᠶᠤ ᠰᠠᠶᠢᠬᠠᠨ ᠪᠣᠯᠭᠠᠬᠤ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠲᠣᠣᠷᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠬᠤᠳᠠ ᠶᠢᠨ ᠡᠮᠬᠢ ᠵᠠᠮᠪᠠᠷᠠᠭ᠎ᠠ ᠦᠭᠡᠢ ᠦᠵᠡᠭᠳᠡᠯ ᠤᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠬᠤᠳᠠ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠎ᠠ᠃ ︽ᠬᠤᠷᠸ᠎ᠠ ᠪᠠᠷᠢᠮᠵᠢᠶ᠎ᠠ ᠳᠥᠭᠦᠮ᠂ ᠪᠢᠴᠢᠯ ᠬᠠᠮᠢᠶᠠᠷᠤᠯᠲᠠ ᠨᠠᠷᠢᠯᠢᠭ︾ ᠭᠡᠬᠦ ᠣᠶᠢᠯᠠᠭᠠᠭᠳᠠᠬᠤᠨ ᠢᠶᠠᠷ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠢᠨᠵᠧᠨᠧᠷᠢᠩ ᠢ ᠡᠬᠢᠯᠡᠭᠦᠯᠵᠦ᠂ ︽ᠶᠡᠭᠡ ᠬᠤᠲᠠ ᠶᠢᠨ ᠬᠠᠮᠢᠶᠠᠷᠤᠯᠲᠠ︾᠎ ᠶᠢᠨ ᠪᠠᠶᠢᠷᠢᠰᠢᠯ ᠢ ᠪᠠᠶᠢᠭᠤᠯᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠪᠠᠷᠢᠮᠵᠢᠶ᠎ᠠ ᠪᠠ ᠵᠢᠷᠤᠮᠵᠢᠯ ᠢ ᠤᠯᠠᠮ ᠨᠢᠭᠡ ᠠᠯᠬᠤᠮ ᠢᠯᠭᠠᠷᠠᠭᠤᠯᠤᠨ ᠨᠠᠷᠢᠯᠢᠭᠵᠢᠭᠤᠯᠵᠤ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠵᠥᠭᠡᠯᠡᠨ᠂ ᠬᠠᠲᠠᠭᠤ ᠬᠡᠷᠡᠭᠰᠡᠯ ᠤᠨ ᠲᠦᠭᠦᠭᠡᠷᠦᠮᠵᠢ ᠶᠢ ᠳᠡᠭᠡᠭᠰᠢᠯᠡᠭᠦᠯᠵᠦ᠂ ᠬᠡᠷᠡᠭ ᠤᠨ ᠡᠮᠦᠨ᠎ᠡ ᠬᠡᠷᠡᠭ ᠤᠨ ᠳᠤᠮᠳᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠨᠢᠭᠡᠪᠦᠷᠢ ᠶᠢᠨ ᠠᠭᠤᠯᠭ᠎ᠠ ᠶᠢ ᠪᠣᠳᠠᠲᠠᠢ᠂ ᠴᠤᠪᠤᠷᠠᠯ ᠢ ᠲᠣᠳᠣᠷᠬᠠᠢ᠂ ᠪᠠᠷᠢᠮᠵᠢᠶ᠎ᠠ ᠶᠢ ᠨᠢᠭᠡᠳᠦᠯᠲᠡᠢ᠂ ᠦᠶᠯᠡ ᠠᠵᠢᠯᠯᠠᠭ᠎ᠠ ᠶᠢ ᠵᠢᠷᠤᠮᠵᠢᠯ ᠲᠠᠢ ᠪᠣᠯᠭᠠᠵᠤ᠂ ᠬᠤᠲᠠ ᠶᠢᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠤᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠲᠠ ᠶᠢᠨ ᠳᠦᠷᠰᠦ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠳᠦᠷᠢ ᠲᠥᠷᠬᠦ ᠶᠢ ᠪᠣᠶ ᠪᠣᠯᠭᠠᠨ᠎ᠠ᠃      ᠭᠤᠷᠪᠠ᠂ ᠠᠵᠢᠯ ᠤᠨ ᠵᠠᠷᠴᠢᠮ      ︵ᠨᠢᠭᠡ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠵᠠᠷᠴᠢᠮ᠃ ᠬᠤᠳᠠ ᠶᠢ ᠨᠠᠷᠢᠯᠢᠭᠵᠢᠭᠤᠯᠤᠨ ᠵᠠᠰᠠᠬᠤ ᠳᠤᠮᠳᠠᠬᠢ ᠲᠣᠪᠣᠶᠢᠮ᠎ᠠ ᠠᠰᠠᠭᠤᠳᠠᠯ ᠪᠠ ᠵᠥᠷᠢᠶ᠎ᠡ ᠶᠢᠨ ᠳᠤᠲᠠᠭᠤᠳᠠᠯ ᠤᠨ ᠲᠣᠭᠤᠷᠢᠨ ᠳᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ ᠪᠠᠷ ᠪᠠᠷᠠᠬᠤ ᠦᠭᠡᠢ ᠦᠨᠳᠦᠰᠦ ᠰᠤᠷᠪᠤᠯᠵᠢ ᠶᠢ ᠨᠢ ᠭᠦᠨ ᠠᠭᠤᠳᠠᠯᠵᠤ᠂ ᠦᠵᠡᠭᠳᠡᠯ ᠢ ᠰᠤᠳᠤᠯᠤᠨ ᠮᠠᠭᠠᠳᠯᠠᠬᠤ ᠮᠥᠷᠲᠡᠭᠡᠨ ᠮᠥᠨ ᠴᠢᠨᠠᠷ ᠢ ᠨᠢ ᠨᠡᠩ ᠡᠵᠡᠮᠳᠡᠬᠦ ᠬᠡᠷᠡᠭᠲᠡᠢ᠃ ︽ᠵᠠᠰᠠᠯᠲᠠ ᠨᠢ ᠠᠰᠠᠭᠤᠳᠠᠯ ᠢ ᠲᠠᠭᠠᠨ ᠶᠠᠪᠤᠬᠤ︾ ᠵᠠᠷᠴᠢᠮ ᠶᠣᠰᠣᠭᠠᠷ᠂ ᠬᠡᠮ ᠰᠣᠭᠤᠭ ᠢ ᠨᠢ ᠣᠨᠣᠪᠴᠢᠲᠠᠢ ᠡᠷᠢᠵᠦ᠂ ᠪᠣᠳᠠᠲᠠᠢ ᠠᠷᠭ᠎ᠠ ᠬᠡᠮᠵᠢᠶ᠎ᠡ ᠳᠤᠷᠠᠳᠴᠤ᠂ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠬᠤᠳᠠ ᠶᠢᠨ ᠵᠠᠰᠠᠯᠲᠠ ᠶᠢ ᠨᠠᠷᠢᠯᠢᠭᠵᠢᠭᠤᠯᠬᠤ ᠬᠡᠷᠡᠭᠲᠡᠢ᠃      ︵ᠬᠤᠶᠠᠷ︶ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠵᠠᠷᠴᠢᠮ᠃ ᠵᠠᠰᠠᠯᠲᠠ ᠶᠢᠨ ᠦᠷ᠎ᠡ ᠪᠦᠲᠦᠮᠵᠢ ᠪᠠᠷ ᠠᠵᠢᠯ ᠢ ᠬᠡᠮᠵᠢᠬᠦ ᠬᠠᠮᠤᠭ ᠤᠨ ᠥᠨᠳᠥᠷ ᠪᠠᠷᠢᠮᠵᠢᠶ᠎ᠠ ᠪᠠ ᠴᠤᠷ ᠤᠨ ᠭᠠᠭᠴᠠ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠨ᠎ᠠ᠃ ᠬᠠᠷᠠᠯᠲᠠ ᠶᠢ ᠴᠢᠩᠭ᠎ᠠ ᠠᠩᠬᠠᠷᠴᠤ᠂ ᠭᠤᠣᠯᠳᠠᠯᠭ᠎ᠠ ᠶᠢ ᠲᠣᠪᠤᠶᠢᠯᠭᠠᠨ᠂ ᠲᠥᠪᠯᠡᠷᠡᠯ ᠤᠨ ᠴᠡᠭ ᠤᠨ ᠲᠣᠭᠤᠷᠢᠨ ᠳᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠢᠯᠠᠰ ᠴᠡᠭ ᠢ ᠡᠭᠦᠳᠴᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠣᠳᠣᠬᠠᠨ ᠤ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠳᠤᠮᠳᠠᠬᠢ ᠠᠷᠬᠠᠭ ᠭᠡᠮ  ᠪᠠ ᠪᠣᠭᠤᠮᠢ ᠶᠢ ᠦᠨᠡᠨᠬᠦ ᠰᠢᠢᠳᠪᠦᠷᠢᠯᠡᠵᠦ᠂ ᠬᠤᠳᠠ ᠶᠢᠨ ᠨᠠᠷᠢᠯᠢᠭᠵᠢᠭᠤᠯᠤᠭᠰᠠᠨ ᠵᠠᠰᠠᠯᠲᠠ ᠶᠢᠨ ᠲᠦᠪᠰᠢᠨ ᠤ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃      ︵ᠭᠤᠷᠪᠠ︶ ᠬᠠᠮᠲᠤᠪᠠᠷ ᠵᠠᠰᠠᠬᠤ ᠤᠳᠤᠷᠢᠳᠤᠮᠵᠢ ᠶᠢᠨ ᠵᠠᠷᠴᠢᠮ᠃ ᠬᠤᠳᠠ ᠶᠢᠨ ᠨᠠᠷᠢᠯᠢᠭᠵᠢᠭᠤᠯᠤᠨ ᠵᠠᠰᠠᠬᠤ ᠳᠦᠷᠢᠮ᠂ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠨᠡᠶᠢᠭᠡᠮ ᠢᠶᠠᠷ ᠢᠶᠠᠨ ᠬᠠᠮᠵᠢᠯᠴᠠᠬᠤ᠂ ᠤᠯᠠᠨ ᠨᠡᠶᠢᠲᠡ ᠪᠠᠷ ᠢᠶᠠᠨ ᠣᠷᠤᠯᠴᠠᠬᠤ᠂ ᠬᠠᠤᠯᠢ ᠪᠠᠷ ᠵᠠᠰᠠᠬᠤ ᠶᠢ ᠪᠠᠲᠤᠯᠠᠬᠤ︾ ᠬᠤᠳᠠ ᠶᠢᠨ ᠵᠠᠰᠠᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠬᠤᠳᠠ ᠶᠢᠨ ᠨᠠᠷᠢᠯᠢᠭᠵᠢᠭᠤᠯᠤᠭᠰᠠᠨ ᠵᠠᠰᠠᠯᠲᠠ ᠶᠢᠨ ᠨᠡᠶᠢᠭᠡᠮᠴᠢᠯᠡᠭᠰᠡᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠎ ᠬᠢᠨ ᠤ ᠣᠷᠤᠯᠴᠠᠬᠤ ᠶᠢ ᠭᠦᠢᠴᠡᠳ ᠳᠠᠶᠢᠴᠢᠯᠠᠨ᠂ ᠪᠥᠬᠦ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠳᠡᠪᠬᠢ ᠦᠢᠯᠡᠳᠦᠯ ᠢ ᠪᠠᠳᠠᠷᠠᠭᠤᠯᠤᠨ᠂ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠰᠠᠭᠤᠭ᠎ᠠ ᠨᠢᠭᠡᠴᠡ ᠶᠢᠨ ᠬᠠᠮᠵᠢᠯᠴᠠᠬᠤ ᠶᠢ ᠠᠬᠢᠭᠤᠯᠤᠨ᠂ ᠣᠯᠠᠨ ᠨᠡᠶᠢᠲᠡ ᠶᠢᠨ ᠡᠮᠬᠢ ᠵᠢᠷᠤᠮ ᠲᠠᠢ ᠣᠷᠤᠯᠴᠠᠬᠤ ᠶᠢ ᠥᠷᠭᠡᠳᠬᠡᠵᠦ᠂ ᠬᠠᠮᠲᠤᠪᠠᠷ ᠵᠠᠰᠠᠬᠤ ᠪᠠᠶᠢᠷᠢᠰᠢᠯ ᠢ ᠪᠡᠶᠡᠯᠡᠭᠦᠯᠦᠨ᠎ᠡ᠃      ᠳᠥᠷᠪᠡ᠂ ᠭᠤᠣᠯᠳᠠᠯᠭ᠎ᠠ ᠲᠠᠢ ᠡᠭᠦᠷᠭᠡ      ︵ᠨᠢᠭᠡ︶ ᠬᠤᠳᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠷᠢᠮᠵᠢᠶᠠᠵᠢᠭᠤᠯᠬᠤ      ᠪᠠᠷᠢᠮᠵᠢᠶᠠᠵᠢᠭᠤᠯᠤᠨ ᠵᠠᠰᠠᠬᠤ ᠬᠤᠲᠠ ᠶᠢᠨ ᠣᠨᠣᠯᠵᠢᠬᠤᠨ ᠢ ᠪᠣᠶ ᠪᠣᠯᠭᠠᠵᠤ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠬᠤᠲᠠ ᠶᠢᠨ ᠬᠠᠮᠢᠶᠠᠷᠤᠯᠲᠠ ᠶᠢᠨ ᠲᠠᠯ᠎ᠠ ᠳᠤ ᠬᠤᠯᠪᠣᠭᠳᠠᠬᠤ ᠵᠠᠰᠠᠬᠤ ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠪᠠᠷᠢᠮᠵᠢᠶᠠᠵᠢᠭᠤᠯᠬᠤ ᠪᠠᠷ ᠬᠤᠲᠠ ᠶᠢᠨ ᠨᠠᠷᠢᠯᠢᠭᠵᠢᠭᠤᠯᠤᠨ ᠵᠠᠰᠠᠬᠤ ᠶᠢ ᠠᠬᠢᠭᠤᠯᠤᠨ᠎ᠠ᠃ ᠥᠨᠳᠥᠷ ᠪᠠᠷᠢᠮᠵᠢᠶ᠎ᠠ᠂ ᠨᠠᠷᠢᠯᠢᠭᠵᠢᠭᠤᠯᠬᠤ᠂ ᠬᠡᠮᠵᠢᠶᠡᠵᠢᠭᠦᠯᠬᠦ᠂ ᠪᠣᠳᠠᠲᠠᠶᠢᠵᠢᠭᠤᠯᠬᠤ ᠵᠠᠷᠴᠢᠮ ᠢ ᠪᠠᠷᠢᠮᠲᠠᠯᠠᠵᠤ᠂ ᠬᠤᠲᠠ ᠶᠢᠨ ᠵᠠᠮ ᠤᠨ ᠱᠠᠲᠤ ᠬᠤᠪᠢᠶᠠᠨ ᠬᠠᠮᠢᠶᠠᠷᠬᠤ ᠪᠠᠷᠢᠮᠵᠢᠶ᠎ᠠ ᠶᠢ ᠦᠨᠳᠦᠰᠦᠯᠡᠨ᠂ ᠭᠤᠣᠯ ᠳᠡᠳ᠋ ᠵᠠᠮ ᠤᠨ ᠰᠠᠭᠤᠷᠢ ᠪᠡᠯᠡᠳᠬᠡᠮᠵᠢ᠂ ᠭᠠᠵᠠᠷ ᠳᠡᠭᠡᠷᠡᠬᠢ  ᠠᠷᠢᠭᠤᠨ ᠴᠡᠪᠡᠷ᠂ ᠵᠡᠭᠡᠯᠢ ᠭᠤᠳᠤᠮᠵᠢ ᠶᠢᠨ ᠡᠮᠬᠢ ᠳᠢᠭᠯᠢᠮ᠂ ᠣᠷᠣᠨ ᠪᠦᠰᠡ ᠶᠢᠨ ᠦᠵᠡᠮᠵᠢ ᠵᠡᠷᠭᠡ ᠲᠠᠯ᠎ᠠ ᠶᠢᠨ ᠬᠤᠲᠠ ᠶᠢᠨ ᠳᠦᠷᠰᠦ ᠪᠠᠶᠢᠳᠠᠯ ᠤᠨ ᠬᠠᠮᠢᠶᠠᠷᠤᠯᠲᠠ ᠶᠢᠨ ᠪᠠᠷᠢᠮᠵᠢᠶ᠎ᠠ ᠶᠢ ᠣᠷᠣᠨ ᠬᠤᠪᠢᠶᠠᠵᠤ ᠲᠥᠷᠥᠯ ᠬᠤᠪᠢᠶᠠᠨ ᠲᠣᠭᠲᠠᠭᠠᠨ᠎ᠠ᠃ ᠣᠷᠣᠨ ᠵᠠᠢ ᠶᠢᠨ ᠡᠮᠬᠢ ᠳᠢᠭᠯᠢᠮ ᠢ ᠭᠤᠶᠣ ᠰᠠᠶᠢᠬᠠᠨ᠂ ᠵᠢᠷᠤᠮᠵᠢᠯ ᠲᠠᠢ᠂ ᠡᠮᠬᠢ ᠵᠢᠷᠤᠮ ᠲᠠᠢ ᠪᠠᠶᠢᠯᠭᠠᠬᠤ ᠵᠠᠷᠴᠢᠮ ᠢ ᠪᠠᠷᠢᠮᠲᠠᠯᠠᠵᠤ᠂ ᠣᠲᠣ ᠶᠢᠨ ᠪᠠᠶᠢᠭ᠎ᠠ ᠣᠷᠣᠨ ᠵᠠᠢ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢᠨ ᠠᠰᠠᠭᠤᠳᠠᠯ ᠢ ᠡᠮᠬᠢᠯᠡᠨ ᠳᠢᠭᠯᠡᠵᠦ᠂ ᠲᠡᠷᠢᠭᠦᠨ ᠤ ᠭᠠᠵᠠᠷ ᠣᠷᠣᠨ ᠤ ᠬᠠᠮᠢᠶᠠᠷᠤᠯᠲᠠ ᠶᠢᠨ ᠪᠠᠷᠢᠮᠵᠢᠶ᠎ᠠ ᠲᠠᠢ ᠬᠠᠷᠢᠴᠠᠭᠤᠯᠵᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠷᠣᠨ ᠵᠠᠢ ᠶᠢᠨ ᠡᠮᠬᠢ ᠳᠢᠭᠯᠢᠮ ᠤᠨ ᠪᠠᠷᠢᠮᠵᠢᠶ᠎ᠠ ᠶᠢ ᠲᠣᠭᠲᠠᠭᠠᠨ᠎ᠠ᠃ ᠪᠣᠰᠤᠭ᠎ᠠ ᠨᠢᠭᠤᠷ᠂ ᠣᠷᠣᠨ ᠵᠠᠢ ᠶᠢᠨ ᠭᠡᠷ ᠤᠨ ᠭᠠᠳᠠᠨᠠᠬᠢ ᠵᠠᠷ ᠮᠡᠳᠡᠭᠡ᠂ ᠬᠤᠳᠠᠯᠳᠤᠭᠠᠨ ᠤ ᠫᠠᠶᠢᠰᠠ ᠵᠢᠭᠠᠯᠲᠠ ᠶᠢᠨ ᠫᠠᠶᠢᠰᠠ᠂ ᠬᠤᠳᠠ ᠶᠢᠨ ᠦᠵᠡᠮᠵᠢ ᠶᠢᠨ ᠱᠤᠭᠤᠮᠠᠯ ᠵᠡᠷᠭᠡ ᠭᠡᠷ ᠤᠨ ᠭᠠᠳᠠᠨᠠᠬᠢ ᠣᠷᠣᠨ ᠵᠠᠢ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠵᠤ᠂ ᠬᠤᠳᠠ ᠶᠢᠨ ᠦᠵᠡᠮᠵᠢ ᠶᠢᠨ ᠳᠦᠷᠰᠦ ᠪᠠᠶᠢᠳᠠᠯ ᠢ ᠲᠤᠪᠤᠶᠢᠯᠭᠠᠨ᠎ᠠ᠃      ︵ᠬᠤᠶᠠᠷ︶ ᠬᠤᠳᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ      ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ᠂ ᠭᠤᠷᠪᠠᠳᠠᠭᠢ ᠡᠲᠡᠭᠡᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠬᠠᠷᠢᠭᠤᠴᠠᠯᠭᠠᠵᠢᠭᠰᠠᠨ ᠬᠠᠮᠲᠤᠪᠠᠷ ᠵᠠᠰᠠᠬᠤ ᠰᠢᠰᠲ᠋ᠧᠮᠵᠢ ᠶᠢ ᠪᠠᠶᠢᠭᠤᠯᠤᠨ᠎ᠠ᠃      1᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠵᠦᠢ ᠵᠣᠬᠢᠰᠲᠠᠢ ᠵᠠᠭᠠᠭᠯᠠᠨ ᠲᠣᠭᠲᠠᠭᠠᠨ᠎ᠠ᠃ ᠬᠤᠲᠠ ᠶᠢᠨ ᠬᠠᠮᠢᠶᠠᠷᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠨ ᠨᠠᠷᠢᠨ ᠬᠠᠭᠤᠳᠠᠰᠤ ᠶᠢ ᠡᠮᠬᠢᠯᠡᠨ ᠳᠢᠭᠯᠡᠵᠦ ᠪᠠᠶᠢᠭᠤᠯᠤᠨ᠂ ᠡᠷᠬᠡ ᠶᠢᠨ ᠬᠠᠷᠢᠭᠤᠴᠠᠯᠭ᠎ᠠ ᠶᠢᠨ ᠬᠡᠯᠪᠡᠷᠢ ᠪᠠᠷ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠨ ᠨᠠᠷᠢᠯᠢᠭᠵᠢᠭᠤᠯᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠥᠮᠥᠷᠭᠡ ᠶᠢ ᠲᠥᠷᠥᠯ ᠬᠤᠪᠢᠶᠠᠨ ᠪᠠᠶᠢᠭᠤᠯᠤᠨ᠎ᠠ᠃ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠵᠦᠢ ᠵᠣᠬᠢᠰᠲᠠᠢ ᠵᠠᠭᠠᠭᠯᠠᠨ ᠲᠣᠭᠲᠠᠭᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠢ ᠪᠣᠯᠭᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠦᠢᠯᠡᠳᠦᠯ ᠢ ᠴᠢᠩᠭᠠᠷᠠᠭᠤᠯᠤᠨ᠎ᠠ᠃ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠤᠲᠠ ᠶᠢᠨ ᠦᠵᠡᠮᠵᠢ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ᠂ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠡᠷᠬᠡ ᠶᠢ ᠬᠠᠷᠢᠭᠤᠴᠠᠨ ᠬᠡᠷᠡᠭᠵᠢᠭᠦᠯᠵᠦ᠂ ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ ᠨᠢ ᠭᠤᠣᠯ ᠬᠤᠲᠠ ᠶᠢᠨ ᠲᠣᠭᠤᠷᠢᠭ ᠤᠨ ᠬᠤᠲᠠ ᠶᠢᠨ ᠦᠵᠡᠮᠵᠢ ᠶᠢᠨ ᠬᠠᠮᠢᠶᠠᠷᠤᠯᠲᠠ᠂ ᠬᠤᠲᠠ ᠶᠢᠨ ᠲᠥᠯᠦᠪᠵᠢᠭᠦᠯᠭᠡ ᠶᠢᠨ ᠵᠠᠮ ︵ᠬᠤᠲᠠ ᠶᠢᠨ ᠬᠠᠮᠢᠶᠠᠷᠤᠯᠲᠠ ᠶᠢᠨ ᠵᠠᠮ ᠠᠴᠠ ᠪᠤᠰᠤᠳ︶᠎ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠵᠠᠮ ᠤᠨ ᠬᠤᠶᠠᠷ ᠬᠠᠵᠠᠭᠤ ᠶᠢᠨ ᠴᠣᠩᠬᠤ ᠭᠠᠷᠭᠠᠵᠦ ᠳᠡᠯᠭᠡᠭᠦᠷ ᠨᠡᠭᠡᠭᠡᠬᠦ ᠶᠢ ᠬᠠᠮᠢᠶᠠᠷᠤᠨ ᠡᠵᠡᠮᠳᠡᠬᠦ᠂ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠨᠡᠶᠢᠲᠡ ᠶᠢᠨ ᠵᠣᠷᠯᠣᠩ ᠤᠨ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠵᠡᠷᠭᠡ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠭᠤᠷᠢ  ᠲᠦᠭᠦᠭᠡᠷᠦᠮᠵᠢ ᠶᠢᠨ ᠡᠳᠦᠷ ᠲᠤᠲᠤᠮ ᠤᠨ ᠬᠠᠮᠢᠶᠠᠷᠤᠯᠲᠠ ᠵᠡᠷᠭᠡ ᠠᠵᠢᠯ ᠪᠣᠯᠣᠨ᠎ᠠ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠴᠡᠴᠡᠷᠯᠢᠭ ᠤᠨ ᠠᠭᠤᠳᠠᠮ ᠲᠠᠯᠠᠪᠠᠶ ᠶᠢᠨ ᠣᠷᠴᠢᠨ ᠲᠣᠭᠤᠷᠢᠨ ᠤ ᠵᠠᠮ ᠵᠢᠴᠢ ᠬᠤᠶᠠᠷ ᠬᠠᠵᠠᠭᠤ ᠶᠢᠨ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠪᠠᠶᠢᠳᠠᠯ ᠢ ᠪᠦᠬᠦ ᠲᠠᠯ᠎ᠠ  ᠪᠠᠷ ᠪᠠᠶᠢᠴᠠᠭᠠᠵᠤ᠂ ᠡᠪᠳᠡᠷᠡᠵᠦ ᠰᠦᠢᠳᠦᠭᠰᠡᠨ ᠡᠯ᠎ᠡ ᠲᠥᠷᠥᠯ ᠤᠨ ᠬᠤᠳᠳᠤᠭ ᠤᠨ ᠪᠦᠷᠬᠦᠭᠡᠰᠦ᠂ ᠵᠠᠮ ᠤᠨ ᠭᠠᠳᠠᠷᠭᠤ᠂ ᠳᠥᠭᠦᠮ ᠵᠠᠮ᠂ ᠬᠠᠵᠠᠭᠤ ᠴᠢᠯᠠᠭᠤ᠂ ᠨᠣᠭᠤᠭᠠᠨ ᠰᠢᠪᠡᠭᠡ᠂ ᠵᠠᠮ ᠳᠠᠭᠠᠭᠰᠠᠨ ᠮᠣᠳᠣ ᠵᠡᠷᠭᠡ ᠶᠢ ᠴᠠᠭ ᠲᠤᠨᠢ ᠲᠣᠬᠢᠷᠠᠭᠤᠯᠤᠨ ᠰᠡᠯᠪᠢᠨ ᠵᠠᠰᠠᠵᠤ᠂ ᠪᠣᠷᠣᠭᠠᠨ ᠪᠣᠬᠢᠷ ᠤᠰᠤᠨ ᠤ ᠬᠤᠭᠤᠯᠠᠢ ᠶᠢ ᠴᠠᠭ ᠲᠤᠬᠠᠢ ᠳᠤᠨᠢ ᠨᠠᠪᠲᠠᠷᠡᠭᠦᠯᠵᠦ᠂ ᠬᠠᠷᠢᠶ᠎ᠠ ᠣᠷᠣᠨ ᠤ ᠠᠳᠠᠯ ᠠᠬᠤᠢ ᠶᠢᠨ ᠺᠣᠮᠫᠠᠨᠢ ᠶᠢ ᠱᠠᠯᠠᠪᠳᠠᠭᠤᠯᠵᠦ ᠪᠠᠶᠢᠭᠠᠳ ᠲᠡᠭᠦᠨ ᠤ ᠬᠠᠮᠢᠶᠠᠷᠴᠤ ᠪᠦᠬᠦᠢ ᠵᠢᠵᠢᠭ ᠲᠣᠭᠤᠷᠢᠭ ᠲᠠᠬᠢ ᠬᠤᠭ ᠨᠣᠪᠰᠢ᠂ ᠶᠠᠭᠤᠮ᠎ᠠ ᠣᠪᠣᠭᠠᠯᠠᠬᠤ᠂ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠴᠡᠪᠡᠷᠯᠡᠨ ᠲᠡᠭᠡᠭᠡᠪᠦᠷᠢᠯᠡᠵᠦ ᠰᠢᠢᠳᠪᠦᠷᠢᠯᠡᠨ᠂ ︽ᠵᠢᠷᠭᠤᠭᠠᠨ ᠵᠠᠭᠤᠨ ᠤ ᠵᠠᠭᠤ︾᠎ ᠶᠢᠨ ᠱᠠᠭᠠᠷᠳᠠᠯᠭ᠎ᠠ ᠶᠣᠰᠣᠭᠠᠷ ᠬᠠᠷᠢᠶ᠎ᠠ ᠣᠷᠣᠨ ᠤ ᠪᠠᠷᠢᠯᠭ᠎ᠠ ᠶᠢᠨ ᠠᠵᠢᠯ ᠤᠨ ᠭᠠᠵᠠᠷ ᠲᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠲᠣᠭᠤᠰᠣ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠤᠨ᠎ᠠ᠃ ᠲᠣᠭᠤᠷᠢᠭ  ᠎ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠶ᠎ᠠ ᠣᠷᠣᠨ ᠤ ᠲᠠᠷᠢᠶᠠᠯᠠᠩ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠳᠡᠯᠭᠡᠭᠦᠷᠴᠢᠨ ᠤ ᠡᠮᠬᠢ ᠳᠢᠭᠯᠢᠮ᠂ ᠪᠣᠯᠪᠠᠰᠤᠨ ᠪᠤᠰᠤ ᠦᠶᠯᠡ ᠠᠵᠢᠯᠯᠠᠭ᠎ᠠ ᠵᠡᠷᠭᠡ ᠶᠢ ᠴᠡᠭᠴᠡᠯᠡᠨ ᠵᠠᠰᠠᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠲᠣᠭᠲᠠᠮᠠᠯ ᠲᠦᠭᠦᠬᠡᠢ ᠨᠡᠭᠦᠷᠡᠰᠦ ᠪᠣᠷᠣᠯᠠᠭᠤᠯᠬᠤ ᠲᠣᠣᠷ ᠴᠡᠭ ᠢ ᠢᠯᠭᠠᠷᠠᠭᠤᠯᠤᠨ᠎ᠠ᠃ ᠴᠢᠩᠱᠠᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠵᠠᠮ ᠤᠨ ᠬᠤᠶᠠᠷ ᠬᠠᠵᠠᠭᠤ ᠶᠢᠨ ᠲᠡᠷᠭᠡ ᠬᠥᠰᠬᠡ ᠵᠣᠭᠰᠤᠭᠠᠬᠤ ᠶᠢ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠤᠨ᠂ ᠮᠠᠰᠢᠨ ᠲᠡᠷᠭᠡ᠂ ᠮᠠᠰᠢᠨᠲᠤ ᠪᠤᠰᠤ ᠲᠡᠷᠭᠡ᠂ ᠬᠠᠮᠲᠤ ᠪᠠᠷ ᠡᠳ᠋ᠯᠡᠬᠦ ᠳᠤᠭᠤᠢ ᠲᠡᠷᠭᠡ ᠶᠢᠨ ᠵᠣᠭᠰᠣᠬᠤ ᠴᠡᠭ ᠢ ᠵᠦᠢ ᠵᠣᠬᠢᠰᠲᠠᠢ ᠵᠠᠭᠠᠭᠯᠠᠨ ᠵᠢᠷᠤᠬᠤ ᠶᠢ ᠬᠠᠷᠢᠭᠤᠴᠠᠨ᠎ᠠ︔ ᠲᠡᠷᠭᠡ ᠬᠥᠰᠬᠡ᠂ ᠬᠥᠮᠥᠨ ᠤ ᠤᠷᠤᠰᠬᠠᠯ ᠨᠢᠭᠲᠠᠷᠠᠭᠰᠠᠨ ᠵᠠᠮ ᠤᠨ ᠬᠡᠰᠡᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠰᠢᠯᠤᠭᠤᠳᠬᠠᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ᠃      2᠂ ᠵᠡᠭᠡᠯᠢ ᠭᠤᠳᠤᠮᠵᠢ ᠶᠢᠨ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠶᠢᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠮᠬᠢᠯᠡᠨ ᠲᠣᠭᠲᠠᠭᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠬᠠᠷᠢᠶ᠎ᠠ ᠭᠠᠵᠠᠷ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠦᠴᠢᠷᠳᠡᠯ ᠢ ᠦᠨᠡᠨᠬᠦ ᠪᠦᠲᠦᠮᠵᠢᠲᠡᠶ ᠰᠢᠢᠳᠪᠦᠷᠢᠯᠡᠨ᠎ᠡ᠃ ᠲᠡᠦᠬᠡᠨ ᠠᠴᠠ ᠦᠯᠡᠳᠡᠭᠳᠡᠵᠦ ᠢᠷᠡᠭᠰᠡᠨ ᠳᠤᠷ᠎ᠠ ᠪᠠᠷ ᠢᠶᠠᠨ ᠪᠠᠶᠢᠭᠤᠯᠤᠭᠰᠠᠨ ᠠᠰᠠᠭᠤᠳᠠᠯ ᠳᠤ᠂ ︽ᠵᠡᠭᠡᠯᠢ ᠭᠤᠳᠤᠮᠵᠢ ᠬᠠᠷᠢᠭᠤᠴᠠᠵᠤ᠂ ᠰᠠᠯᠠᠭ᠎ᠠ ᠮᠥᠴᠢᠷ ᠬᠠᠮᠵᠢᠯᠴᠠᠬᠤ︾ ᠵᠠᠷᠴᠢᠮ ᠤᠨ ᠶᠣᠰᠣᠭᠠᠷ᠂ ᠡᠯ᠎ᠡ ᠵᠡᠭᠡᠯᠢ ᠪᠠᠯᠭᠠᠰᠤ ᠲᠦᠷᠦᠭᠦᠯᠡᠨ᠂ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠬᠠᠮᠲᠤᠷᠠᠨ ᠬᠠᠤᠯᠢ ᠬᠡᠷᠡᠭᠵᠢᠭᠦᠯᠵᠦ ᠴᠡᠭᠴᠡᠯᠡᠨ ᠵᠠᠰᠠᠵᠤ ᠨᠤᠷᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠎ᠠ︔ ᠶᠠᠭ ᠪᠠᠶᠢᠭᠤᠯᠵᠤ ᠪᠠᠶᠢᠭ᠎ᠠ ᠰᠢᠨ᠎ᠡ ᠪᠠᠷ ᠨᠡᠮᠡᠭᠳᠡᠭᠰᠡᠨ ᠬᠤᠪᠢ ᠪᠠᠷ ᠢᠶᠠᠨ ᠳᠤᠷ᠎ᠠ ᠪᠠᠷ ᠪᠠᠶᠢᠭᠤᠯᠤᠭᠰᠠᠨ ᠠᠰᠠᠭᠤᠳᠠᠯ ᠢ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠡᠶᠢᠭᠡᠮ ᠲᠣᠭᠤᠷᠢᠭ ᠤᠨ ᠲᠠᠪᠴᠠᠩ ᠵᠢᠴᠢ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠲᠡᠷᠡ ᠳᠠᠷᠤᠢ ᠳᠤᠨᠢ ᠲᠤᠬᠠᠢ ᠶᠢᠨ ᠲᠠᠯᠠᠪᠤᠷ ᠲᠤ ᠬᠦᠷᠴᠦ ᠢᠯᠭᠠᠷᠠᠭᠤᠯᠤᠨ ᠰᠡᠷᠭᠦᠭᠡᠵᠦ᠂ ᠡᠯ᠎ᠡ ᠨᠡᠶᠢᠭᠡᠮ ᠲᠣᠭᠤᠷᠢᠭ ᠤᠨ ᠬᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠰᠢᠨ᠎ᠡ ᠪᠠᠷ ᠨᠡᠮᠡᠭᠳᠡᠭᠦᠯᠬᠦ ᠶᠢ ᠡᠷᠡᠰ ᠪᠦᠲᠦᠮᠵᠢᠲᠡᠶ ᠬᠤᠷᠢᠭᠯᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠢ᠃      3᠂ ᠣᠯᠠᠨ ᠲᠠᠯ᠎ᠠ ᠶᠢᠨ ᠬᠢᠨ ᠤ ᠬᠠᠮᠲᠤᠪᠠᠷ ᠣᠷᠤᠯᠴᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ᠂ ᠰᠠᠶᠢᠨ ᠳᠤᠷᠠᠴᠤᠤᠯ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠨᠡᠶᠢᠭᠡᠮ ᠤᠨ ᠣᠯᠠᠨ ᠨᠡᠶᠢᠲᠡ ᠵᠡᠷᠭᠡ ᠣᠯᠠᠨ ᠲᠠᠯ᠎ᠠ ᠶᠢᠨ ᠭᠤᠣᠯ ᠴᠣᠭᠴᠠ ᠶᠢᠨ ᠣᠷᠤᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ᠂ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠳ ᠵᠡᠷᠭᠡ ᠣᠯᠠᠨ ᠲᠠᠯ᠎ᠠ ᠶᠢᠨ ᠬᠦᠴᠦᠨ ᠢ ᠳᠠᠶᠢᠴᠢᠯᠠᠨ᠂ ᠣᠯᠠᠨ ᠢᠶᠠᠷ ᠢᠶᠠᠨ ᠲᠣᠰ ᠲᠣᠰ ᠤᠨ ᠣᠷᠣᠨ ᠪᠦᠰᠡ ᠶᠢᠨ ᠳᠣᠲᠣᠷᠠᠬᠢ ᠵᠠᠮ ᠳᠠᠭᠠᠤ ᠣᠷᠣᠰᠢᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠭᠠᠷ ᠤᠨ ᠠᠶ᠎ᠠ ᠪᠠᠷ ᠰᠡᠭᠦᠳᠡᠷᠯᠡᠬᠦ ᠶᠢᠨ ᠬᠠᠮᠲᠤ ᠳᠡᠭᠡᠭᠰᠢ ᠳᠠᠮᠵᠢᠭᠤᠯᠵᠤ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨ ᠲᠦᠷᠭᠡᠨ ᠲᠠᠨᠢᠵᠤ᠂ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠰᠣᠨᠢᠨ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢᠶᠠᠷ ᠠᠴᠢᠶᠠᠯᠠᠪᠤᠷᠢ ᠪᠣᠯᠭᠠᠵᠤ᠂ ᠬᠤᠳᠠ ᠶᠢᠨ ᠵᠠᠰᠠᠯᠲᠠ ᠶᠢᠨ ᠲᠤᠰᠬᠠᠢ ᠪᠤᠯᠤᠩ᠂ ᠲᠤᠰᠬᠠᠢ ᠰᠡᠳᠦᠪ᠂ ᠬᠠᠯᠠᠮᠰᠢᠯ ᠤᠲᠠᠰᠤ ᠵᠡᠷᠭᠡ ᠶᠢ ᠨᠡᠭᠡᠭᠡᠵᠦ᠂ ᠤᠯᠠᠨ ᠲᠠᠯ᠎ᠠ ᠶᠢᠨ ᠣᠷᠤᠯᠴᠠᠬᠤ ᠠᠷᠭ᠎ᠠ ᠵᠠᠮ ᠢ ᠥᠷᠭᠡᠳᠬᠡᠵᠦ᠂ ᠤᠯᠠᠨ ᠲᠠᠯ᠎ᠠ ᠶᠢᠨ ᠬᠢᠨ ᠤ ᠣᠷᠤᠯᠴᠠᠬᠤ ᠬᠠᠮᠲᠤᠷᠠᠯ ᠤᠨ ᠬᠦᠴᠦᠨ ᠢ ᠥᠷᠭᠡᠨ ᠢᠶᠠᠷ ᠲᠥᠪᠯᠡᠷᠡᠭᠦᠯᠵᠦ᠂ ᠬᠠᠮᠲᠤᠪᠠᠷ ᠵᠠᠰᠠᠬᠤ ᠶᠢᠨ ᠳᠤᠮᠳᠠ ᠪᠣᠳᠠᠲᠠᠶᠢᠵᠢᠭᠤᠯᠤᠨ᠎ᠠ᠃      ︵ᠭᠤᠷᠪᠠ︶ ᠲᠤᠰᠬᠠᠢ ᠵᠦᠢᠯ ᠤᠨ ᠵᠠᠰᠠᠯᠲᠠ ᠶᠢ ᠲᠥᠷᠥᠯ ᠵᠦᠢᠯ ᠪᠣᠯᠭᠠᠬᠤ      ︽ᠲᠥᠷᠥᠯ ᠵᠦᠢᠯ ᠢ ᠬᠠᠷᠠᠯᠲᠠ ᠲᠠᠢ ᠪᠣᠯᠭᠠᠬᠤ᠂ ᠬᠠᠷᠠᠯᠲᠠ ᠶᠢ ᠬᠠᠷᠢᠭᠤᠴᠠᠯᠭ᠎ᠠ ᠲᠠᠢ ᠪᠣᠯᠭᠠᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠴᠠᠭ ᠤᠨ ᠳᠠᠷᠠᠭᠠᠯᠠᠯ ᠲᠠᠢ ᠪᠣᠯᠭᠠᠬᠤ︾ ᠵᠠᠷᠴᠢᠮ ᠶᠣᠰᠣᠭᠠᠷ ᠲᠤᠰᠬᠠᠶᠢᠯᠠᠨ ᠵᠠᠰᠠᠬᠤ ᠲᠥᠷᠥᠯ ᠵᠦᠢᠯ ᠢ ᠨᠠᠶᠢᠷᠠᠭᠤᠯᠤᠨ ᠵᠣᠬᠢᠶᠠᠵᠤ᠂ ᠲᠥᠷᠥᠯ ᠵᠦᠢᠯ ᠤᠨ ᠰᠢᠪᠲᠤᠯᠤᠯᠲᠠ ᠶᠢᠨ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠭᠲᠠᠭᠠᠨ᠎ᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠠᠷᠢᠮᠵᠢᠶ᠎ᠠ ᠶᠢ ᠴᠢᠩᠳᠠᠯᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠬᠤᠲᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠢ ᠳᠡᠭᠡᠭᠰᠢᠯᠡᠭᠦᠯᠬᠦ ᠠᠵᠢᠯ ᠢ ᠬᠠᠤᠯᠢ ᠲᠣᠭᠲᠠᠭᠠᠯ ᠶᠣᠰᠣᠭᠠᠷ ᠠᠬᠢᠭᠤᠯᠤᠨ᠎ᠠ᠃ ᠲᠥᠷᠥᠯ ᠵᠦᠢᠯ ᠢ ᠬᠠᠷᠢᠯᠴᠠᠵᠤ ᠵᠢᠯᠤᠭᠤᠳᠬᠤ᠂ ᠳᠠᠭᠠᠵᠤ ᠦᠢᠯᠡᠴᠢᠯᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠬᠤ ᠵᠡᠷᠭᠡ ᠲᠣᠭᠲᠠᠴᠠ ᠶᠢ ᠪᠠᠶᠢᠭᠤᠯᠵᠤ᠂ ᠲᠤᠰᠬᠠᠢ ᠰᠡᠳᠦᠪᠲᠦ ᠲᠣᠭᠲᠠᠮᠠᠯ ᠬᠤᠷᠠᠯ ᠬᠤᠷᠠᠯᠳᠤᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠪᠠᠶᠢᠴᠠᠭᠠᠯᠲᠠ ᠬᠢᠬᠦ ᠪᠠ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠶᠢ ᠠᠪᠴᠤ᠂ ᠲᠥᠷᠥᠯ ᠵᠦᠢᠯ ᠢ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠲᠥᠷᠥᠯ ᠵᠦᠢᠯ ᠢ ᠬᠢᠨᠠᠨ ᠵᠢᠯᠤᠭᠤᠳᠬᠤ ᠪᠠ ᠰᠢᠯᠭᠠᠨ ᠠᠪᠬᠤ ᠳᠦᠷᠢᠮ ᠢ ᠬᠡᠷᠡᠭᠵᠢᠭᠦᠯᠵᠦ᠂ ᠲᠤᠰᠬᠠᠢ ᠵᠦᠢᠯ ᠢᠶᠠᠷ ᠵᠠᠰᠠᠬᠤ ᠠᠵᠢᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠪᠠᠭᠤᠷᠠᠢ ᠲᠠᠯ᠎ᠠ ᠳᠤ ᠴᠢᠭᠯᠡᠭᠦᠯᠦᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠲᠦᠯᠬᠢᠨ ᠠᠬᠢᠭᠤᠯᠬᠤ ᠶᠠᠪᠤᠴᠠ ᠳᠤ᠂ 3 ᠲᠤᠰᠬᠠᠢ ᠵᠠᠰᠠᠬᠤ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠄      1᠂ ᠵᠡᠭᠡᠯᠢ ᠶᠢᠨ ᠠᠷᠦ ᠶᠢᠨ ᠵᠢᠵᠢᠭ ᠭᠤᠳᠤᠮᠵᠢ ᠶᠢ ᠶᠡᠷᠦᠩᠬᠡᠶᠢᠯᠡᠨ ᠵᠠᠰᠠᠬᠤ      ︽ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ᠂ ᠴᠡᠭᠴᠡᠯᠡᠨ ᠵᠠᠰᠠᠬᠤ ᠪᠠ ᠵᠢᠷᠤᠮᠵᠢᠭᠤᠯᠬᠤ ᠶᠢ ᠵᠡᠷᠭᠡᠪᠡᠷ ᠶᠠᠪᠤᠭᠤᠯᠬᠤ︾ ᠵᠠᠷᠴᠢᠮ ᠢ ᠪᠠᠷᠢᠮᠲᠠᠯᠠᠨ᠂ ᠵᠡᠭᠡᠯᠢ ᠶᠢᠨ ᠠᠷᠦ ᠶᠢᠨ ᠵᠢᠵᠢᠭ ᠭᠤᠳᠤᠮᠵᠢ ᠶᠢ ᠶᠡᠷᠦᠩᠬᠡᠶᠢᠯᠡᠨ ᠵᠠᠰᠠᠬᠤ ᠶᠢ ᠭᠤᠣᠯᠳᠠᠯᠭ᠎ᠠ ᠲᠠᠢ ᠲᠤᠰᠬᠠᠢ ᠵᠦᠢᠯ ᠢᠶᠠᠷ ᠵᠠᠰᠠᠬᠤ ᠲᠥᠷᠥᠯ ᠵᠦᠢᠯ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠵᠠᠰᠠᠯᠲᠠ ᠶᠢᠨ ᠦᠷ᠎ᠡ ᠪᠦᠲᠦᠮᠵᠢ ᠶᠢ ᠳᠣᠪᠤᠶᠢᠯᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠂ ᠴᠡᠭᠴᠡᠯᠡᠨ ᠵᠠᠰᠠᠬᠤ ᠴᠢᠬᠤᠯᠠᠲᠠᠢ ᠠᠰᠠᠭᠤᠳᠠᠯ ᠤᠨ ᠬᠠᠷᠢᠭᠤᠴᠠᠯᠭ᠎ᠠ ᠶᠢ ᠬᠥᠮᠥᠨ ᠳᠤᠨᠢ ᠬᠦᠷᠲᠡᠯ᠎ᠡ ᠬᠤᠪᠢᠶᠠᠷᠢᠯᠠᠵᠤ᠂ ᠵᠡᠭᠡᠯᠢ ᠶᠢᠨ ᠠᠷᠦ ᠶᠢᠨ ᠵᠢᠵᠢᠭ ᠭᠤᠳᠤᠮᠵᠢ ᠶᠢ ᠶᠡᠷᠦᠩᠬᠡᠶᠢᠯᠡᠨ ᠵᠠᠰᠠᠬᠤ ᠡᠭᠦᠷᠭᠡ ᠶᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠦᠨ᠎ᠡ᠃ 2022 ᠣᠨ ᠳᠤ ᠤᠣ ᠭᠧᠨ ᠵᠠᠮ ︵ᠴᠢᠯᠦᠭᠡᠲᠦ ᠵᠠᠮ ︱ ᠬᠠᠮᠲᠤᠷᠠᠯᠴᠠᠭᠠᠨ ᠤ ᠵᠠᠮ ᠤᠨ ᠬᠡᠰᠡᠭ︶᠂ ᠴᠢᠯᠦᠭᠡᠲᠦ ᠵᠠᠮ ︵ᠤᠣ ᠭᠧᠨ ᠵᠠᠮ ︱ ᠴᠢᠩᠱᠠᠨ ᠵᠠᠮ ᠤᠨ ᠬᠡᠰᠡᠭ︶᠎ ᠤᠨ ᠵᠠᠮ ᠤᠨ ᠬᠤᠶᠠᠷ ᠬᠠᠵᠠᠭᠤ ᠶᠢᠨ ᠬᠡᠷᠡᠮ ᠡᠪᠳᠡᠵᠦ ᠳᠡᠯᠭᠡᠭᠦᠷ ᠨᠡᠭᠡᠭᠡᠭᠰᠡᠨ ᠳᠦᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠴᠡᠭᠴᠡᠯᠡᠨ ᠵᠠᠰᠠᠬᠤ ᠪᠠᠷ ᠳᠡᠮᠵᠢᠨ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠵᠤ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠵᠡᠭᠡᠯᠢ ᠶᠢᠨ ᠠᠷᠦ ᠶᠢᠨ ᠵᠢᠵᠢᠭ ᠭᠤᠳᠤᠮᠵᠢ ᠶᠢ ᠶᠡᠷᠦᠩᠬᠡᠶᠢᠯᠡᠨ ᠵᠠᠰᠠᠬᠤ ᠶᠠᠪᠤᠳᠠᠯ ᠢ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠭᠠᠷᠳᠠᠴᠠ ᠪᠣᠯᠭᠠᠨ ᠴᠥᠬᠦᠷᠡᠰᠢ ᠦᠭᠡᠢ ᠠᠳᠬᠤᠵᠤ᠂ ᠵᠢᠯ ᠪᠦᠷᠢ 2 ︱ 3 ᠵᠡᠭᠡᠯᠢ ᠶᠢᠨ ᠠᠷᠦ ᠶᠢᠨ ᠵᠢᠵᠢᠭ ᠭᠤᠳᠤᠮᠵᠢ ᠶᠢ ᠰᠣᠩᠭᠤᠨ ᠶᠡᠷᠦᠩᠬᠡᠶᠢᠯᠡᠨ ᠵᠠᠰᠠᠵᠤ᠂ ᠵᠠᠰᠠᠬᠤ ᠪᠠᠷ ᠳᠡᠮᠵᠢᠨ ᠭᠠᠵᠠᠷ ᠤᠨ ᠭᠠᠳᠠᠷᠭᠤ ᠶᠢ ᠬᠠᠲᠠᠭᠤᠷᠠᠭᠤᠯᠬᠤ᠂ ᠬᠡᠷᠡᠮ ᠢ ᠭᠤᠶᠣᠵᠢᠭᠤᠯᠬᠤ᠂ ᠴᠠᠬᠢᠯᠭᠠᠨ ᠤᠲᠠᠰᠦ ᠶᠢ ᠡᠮᠬᠢ ᠵᠢᠷᠤᠮ ᠲᠠᠢ ᠪᠣᠯᠭᠠᠬᠤ᠂ ᠨᠡᠪᠲᠡᠷᠡᠬᠦ ᠵᠠᠮ ᠢ ᠴᠡᠪᠡᠷᠰᠢᠭᠦᠯᠬᠦ᠂ ᠭᠡᠷᠡᠯᠲᠦᠭᠦᠯᠭᠡ᠂ ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠵᠡᠭᠡᠯᠢ ᠭᠤᠳᠤᠮᠵᠢ ᠶᠢ ᠪᠦᠬᠦᠨ ᠢ ᠵᠢᠷᠤᠮᠵᠢᠭᠤᠯᠤᠨ ᠬᠠᠮᠢᠶᠠᠷᠬᠤ ᠱᠠᠭᠠᠷᠳᠠᠯᠭ᠎ᠠ ᠳᠤ ᠬᠦᠷᠦᠭᠦᠯᠬᠦ ᠶᠢ ᠠᠬᠢᠭᠤᠯᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      2᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ      ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠷᠢᠭᠤᠨ ᠴᠡᠪᠡᠷ ᠢᠶᠠᠷ ᠰᠠᠭᠤᠷᠢ ᠪᠣᠯᠭᠠᠭᠰᠠᠨ᠂ ᠵᠠᠰᠠᠭ ᠤᠨ ᠣᠷᠳᠣᠨ ᠠᠴᠠ ᠲᠦᠯᠬᠢᠨ ᠠᠬᠢᠭᠤᠯᠤᠭᠰᠠᠨ᠂ ᠪᠥᠬᠦ ᠠᠷᠠᠳ ᠢᠶᠠᠷ ᠢᠶᠠᠨ ᠣᠷᠣᠯᠴᠠᠭᠰᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ᠂ ᠭᠠᠵᠠᠷ ᠣᠷᠣᠨ ᠤ ᠪᠠᠶᠢᠳᠠᠯ ᠎ ᠳᠤᠨᠢ ᠲᠣᠬᠢᠷᠠᠭᠤᠯᠤᠭᠰᠠᠨ ᠬᠤᠭ ᠨᠣᠪᠰᠢ ᠶᠢ ᠲᠥᠷᠥᠯ ᠬᠤᠪᠢᠶᠠᠬᠤ ᠳᠦᠷᠢᠮ ᠢ ᠪᠣᠶ ᠪᠣᠯᠭᠠᠵᠤ᠂ ᠬᠤᠭ ᠨᠣᠪᠰᠢ ᠶᠢ ᠲᠥᠷᠥᠯ ᠬᠤᠪᠢᠶᠠᠨ ᠬᠠᠮᠤᠷᠬᠤ ᠬᠡᠪᠴᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ 2022 ᠣᠨ ᠳᠤ ᠴᠢᠩᠱᠠᠨ ᠲᠣᠭᠤᠷᠢᠭ ᠤᠨ 20 ᠵᠢᠵᠢᠭ ᠲᠣᠭᠤᠷᠢᠭ ᠢ ᠰᠣᠩᠭᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠤᠷᠰᠢᠯᠲᠠ ᠶᠢᠨ ᠴᠡᠭ ᠪᠣᠯᠭᠠᠵᠤ᠂ ᠭᠤᠷᠪᠠᠳᠠᠭᠢ ᠡᠲᠡᠭᠡᠳ ᠤᠨ ᠠᠵᠤ ᠠᠬᠤᠶᠢᠯᠠᠯ ᠳᠤ ᠨᠠᠶᠢᠳᠠᠵᠤ ᠥᠨᠳᠥᠷ ᠪᠠᠷᠢᠮᠵᠢᠶ᠎ᠠ ᠪᠠᠷ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠬᠦ ᠶᠢᠨ ᠬᠠᠮᠲᠤ ᠪᠥᠬᠦ ᠲᠤᠭᠤᠷᠢᠭ ᠎ ᠤᠨ 200 ᠵᠢᠵᠢᠭ ᠲᠣᠭᠤᠷᠢᠭ ᠲᠤ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠦᠷᠪᠡᠨ ᠲᠥᠷᠥᠯ ᠬᠤᠪᠢᠶᠠᠭᠰᠠᠨ ᠬᠤᠭ ᠨᠣᠪᠰᠢ ᠶᠢᠨ ᠰᠠᠪᠠ ᠵᠢᠴᠢ ᠬᠤᠭ ᠨᠣᠪᠰᠢ ᠶᠢ ᠲᠥᠷᠥᠯ ᠬᠤᠪᠢᠶᠠᠭᠰᠠᠨ ᠬᠠᠮᠢᠶ᠎ᠠ ᠪᠦᠬᠦᠢ ᠲᠥᠬᠦᠭᠡᠷᠦᠮᠵᠢ ᠶᠢ ᠲᠣᠬᠢᠷᠠᠭᠤᠯᠵᠤ᠂ ᠲᠣᠭᠤᠭᠠᠨ ᠭᠡᠷ ᠤᠨ ᠬᠤᠭ ᠨᠣᠪᠰᠢ ᠲᠥᠷᠥᠯ ᠬᠤᠪᠢᠶᠠᠨ ᠰᠢᠢᠳᠪᠦᠷᠢᠯᠡᠬᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠲᠤᠰᠬᠠᠢ ᠬᠥᠮᠥᠨ ᠬᠠᠷᠢᠭᠤᠴᠠᠨ ᠲᠡᠭᠡᠭᠡᠪᠦᠷᠢᠯᠡᠵᠦ᠂ ᠪᠤᠰᠤᠳ ᠬᠤᠭ ᠨᠣᠪᠰᠢ ᠶᠢᠨ ᠵᠣᠬᠢᠶᠠᠨ ᠪᠠᠶᠢᠭᠤᠯᠤᠯᠲᠠ ᠴᠢᠩᠱᠠᠨ ᠲᠣᠭᠤᠷᠢᠭ ᠤᠨ ᠡᠯ᠎ᠡ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡᠨ ᠳᠤ ᠣᠷᠣᠵᠤ᠂ ᠬᠤᠲᠠ ᠴᠢᠩᠱᠠᠨ ᠬᠦᠨᠳᠡᠯᠡᠨ ᠲᠤᠭᠤᠷᠢᠭ ᠤᠨ ᠬᠤᠭ ᠨᠣᠪᠰᠢ ᠪᠤᠯᠠᠬᠤ ᠲᠠᠯᠠᠪᠠᠶ ᠪᠠ ᠫᠯᠠᠲ ᠴᠠᠬᠢᠯᠭᠠᠨ ᠭᠠᠷᠭᠠᠬᠤ ᠦᠢᠯᠡᠳᠪᠦᠷᠢ ᠠᠴᠠ ᠤᠯᠤᠰ ᠤᠨ ᠰᠢᠢᠳᠪᠦᠷᠢᠯᠡᠬᠦ ᠱᠠᠭᠠᠷᠳᠠᠯᠭ᠎ᠠ ᠶᠣᠰᠣᠭᠠᠷ ᠰᠢᠢᠳᠪᠦᠷᠢᠯᠡᠵᠦ᠂ ᠬᠤᠷᠢᠶᠠᠨ ᠠᠪᠴᠤ ᠪᠣᠯᠬᠤ ᠬᠤᠭ ᠨᠣᠪᠰᠢ ᠶᠢ ᠲᠤᠰᠬᠠᠢ ᠪᠠᠶᠢᠭᠤᠯᠤᠮᠵᠢ ᠠᠴᠠ ᠰᠢᠢᠳᠪᠦᠷᠢᠯᠡᠵᠦ᠂ ᠬᠤᠣᠷ ᠬᠥᠨᠥᠭᠡᠯ ᠲᠠᠢ ᠬᠤᠭ ᠨᠣᠪᠰᠢ ᠶᠢ ᠨᠢᠭᠡᠳᠦᠯᠲᠡᠢ ᠪᠠᠷ ᠴᠢᠩᠱᠠᠨ ᠲᠣᠭᠤᠷᠢᠭ ᠤᠨ ᠡᠯ᠎ᠡ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢᠨ ᠬᠤᠣᠷ ᠬᠥᠨᠥᠭᠡᠯ ᠲᠠᠢ ᠬᠤᠭ ᠨᠣᠪᠰᠢ ᠶᠢᠨ ᠰᠠᠪᠠᠨ ᠳᠤ ᠬᠤᠷᠢᠶᠠᠨ ᠠᠪᠴᠢᠷᠠᠵᠤ᠂ ᠬᠢᠷᠢ ᠬᠡᠮ ᠲᠠᠢ ᠭᠤᠷᠪᠠᠳᠠᠭᠢ ᠡᠲᠡᠭᠡᠳ ᠤᠨ ᠠᠵᠤ ᠠᠬᠤᠶᠢᠯᠠᠯ ᠠᠴᠠ ᠰᠢᠢᠳᠪᠦᠷᠢᠯᠡᠵᠦ᠂ ᠬᠤᠭ ᠨᠣᠪᠰᠢ ᠶᠢ ᠡᠬᠢ ᠪᠠᠶᠠᠯᠢᠭᠵᠢᠭᠤᠯᠬᠤ᠂ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠱᠠᠭᠠᠷᠳᠠᠯᠭ᠎ᠠ ᠳᠤ ᠬᠦᠷᠦᠭᠦᠯᠦᠨ᠎ᠡ᠃ ᠴᠢᠩᠱᠠᠨ ᠲᠣᠭᠤᠷᠢᠭ ᠤᠨ ᠵᠢᠵᠢᠭ ᠬᠠᠭᠤᠴᠢᠨ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠲᠠᠢ ᠤᠶᠠᠯᠳᠤᠭᠤᠯᠤᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠵᠢᠵᠢᠭ ᠲᠣᠭᠤᠷᠢᠭ ᠢ ᠥᠭᠡᠷᠡᠴᠢᠯᠡᠬᠦ ᠶᠠᠪᠤᠴᠠ ᠳᠤ ᠵᠣᠬᠢᠬᠤ ᠴᠢᠳᠠᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠴᠢᠩᠱᠠᠨ ᠲᠣᠭᠤᠷᠢᠭ ᠤᠨ ᠶᠡᠭᠡ ᠰᠤᠷᠭᠠᠭᠤᠯᠢ᠂ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠵᠢᠴᠢ ᠰᠤᠷᠭᠠᠨ ᠬᠥᠮᠦᠵᠢᠯ ᠤᠨ ᠪᠠᠶᠢᠭᠤᠯᠤᠮᠵᠢ᠂ ᠨᠠᠮ ᠵᠠᠰᠠᠭ ᠤᠨ ᠪᠠᠶᠢᠭᠤᠯᠭ᠎ᠠ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠳᠦ ᠳᠡᠯᠭᠡᠭᠦᠷ ᠵᠡᠷᠭᠡ ᠨᠢ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠵᠢᠯᠲᠠᠨ ᠤ ᠪᠣᠯᠪᠠᠰᠤᠷᠠᠭᠤᠯᠤᠯ ᠵᠢᠴᠢ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ᠂ ᠸᠢᠴᠠᠲ ᠤᠨ ᠨᠡᠶᠢᠲᠡ ᠶᠢᠨ ᠳ᠋ᠤᠭᠠᠷ᠂ ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡ ᠶᠢᠨ ᠫᠠᠶᠢᠰᠠ ᠶᠢᠨ ᠤᠬᠠᠭᠤᠯᠭ᠎ᠠ ᠶᠢᠨ ᠪᠤᠯᠤᠩ᠂ ᠵᠠᠮ ᠳᠠᠭᠠᠤ ᠶᠢᠨ ᠤᠬᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠬᠦᠷᠢᠶᠡᠯᠡᠨ ᠬᠠᠰᠢᠬᠤ ᠵᠡᠷᠭᠡ ᠬᠡᠯᠪᠡᠷᠢ ᠶᠢ ᠠᠰᠢᠭᠯᠠᠨ᠂ ᠥᠷᠭᠡᠨ ᠢᠶᠠᠷ ᠤᠬᠠᠭᠤᠯᠤᠨ ᠬᠥᠲᠥᠯᠥᠨ ᠵᠢᠯᠤᠭᠤᠳᠴᠤ᠂ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠢᠳᠡᠪᠬᠢᠲᠡᠢ  ᠲᠦᠭᠡᠮᠡᠯᠵᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠣᠷᠤᠯᠴᠠᠬᠤ ᠦᠵᠡᠯ ᠤᠬᠠᠮᠰᠠᠷ ᠢ  ᠳᠡᠭᠡᠭᠰᠢᠯᠡᠭᠦᠯᠦᠨ᠎ᠡ᠃      3᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ᠂ ᠬᠤᠲᠠ ᠶᠢᠨ ᠬᠠᠮᠢᠶᠠᠷᠤᠯᠲᠠ ᠶᠢ ᠵᠠᠬ᠎ᠠ ᠳᠡᠯᠭᠡᠭᠦᠷᠴᠢᠯᠡᠨ ᠠᠵᠢᠯᠯᠠᠭᠤᠯᠤᠨ᠎ᠠ      ᠮᠠᠨ ᠤ ᠲᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠬᠠᠮᠢᠶᠠᠷᠤᠯᠲᠠ ᠶᠢᠨ ᠲᠣᠭᠲᠠᠴᠠ ᠶᠢ ᠭᠦᠨᠵᠡᠭᠡᠶᠢᠷᠡᠭᠦᠯᠦᠨ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ ᠴᠢᠩᠱᠠᠨ ᠲᠣᠭᠤᠷᠢᠭ ᠤᠨ ᠲᠥᠪ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠬᠦ᠂ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠪᠠ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢᠨ ᠬᠠᠮᠢᠶᠠᠷᠤᠯᠲᠠ᠂ ᠬᠠᠮᠲᠤᠪᠠᠷ ᠭᠥᠷᠳᠡᠬᠦ ᠳᠤᠭᠤᠢ ᠲᠡᠷᠭᠡ ᠶᠢ ᠲᠠᠯᠪᠢᠬᠤ︔ ᠴᠢᠩᠱᠠᠨ ᠲᠣᠭᠤᠷᠢᠭ ᠤᠨ ᠬᠠᠷᠢᠶ᠎ᠠ ᠣᠷᠣᠨ ᠤ ᠳᠣᠲᠣᠷᠠᠬᠢ ᠵᠦᠯᠭᠡ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ ᠤᠨ ᠨᠣᠭᠤᠭᠠᠷᠠᠭᠤᠯᠤᠯᠲᠠ ᠶᠢ ᠶᠡᠷᠦᠩᠬᠡᠶᠢᠯᠡᠨ ᠠᠷᠠᠴᠢᠯᠠᠨ ᠬᠠᠮᠠᠭᠠᠯᠠᠬᠤ᠂ ᠬᠤᠲᠠ ᠶᠢᠨ ᠶᠠᠪᠤᠳᠠᠯ ᠤᠨ ᠵᠠᠮ ᠢ ᠶᠡᠷᠦᠩᠬᠡᠶᠢᠯᠡᠨ ᠬᠠᠮᠠᠭᠠᠯᠠᠵᠤ ᠰᠡᠯᠪᠢᠨ ᠵᠠᠰᠠᠬᠤ᠂ ᠭᠤᠣᠯ ᠤᠨ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠳ᠋ᠧᠩ ᠢ ᠶᠡᠷᠦᠩᠬᠡᠶᠢᠯᠡᠨ ᠬᠠᠮᠠᠭᠠᠯᠠᠵᠤ ᠰᠡᠯᠪᠢᠨ ᠵᠠᠰᠠᠬᠤ︔ ᠴᠢᠩ ᠹᠦ᠋ ᠪᠠᠯᠭᠠᠰᠤ ᠪᠠ ᠰᠢᠩ ᠱᠧᠩ ᠪᠠᠯᠭᠠᠰᠤ ᠶᠢᠨ 10 ᠵᠠᠰᠠᠭ ᠵᠠᠬᠢᠷᠭᠠᠨ ᠤ ᠲᠣᠰᠬᠤᠨ ᠤ ᠭᠤᠣᠯ ᠳᠡᠳ᠋ ᠵᠠᠮ ᠢ ᠴᠡᠪᠡᠷᠯᠡᠬᠦ ᠠᠵᠢᠯ᠂ ᠠᠮᠢᠳᠤᠷᠠᠯ ᠤᠨ ᠬᠤᠭ ᠨᠣᠪᠰᠢ ᠶᠢᠨ ᠨᠢᠭᠡᠳᠦᠭᠡᠷ ᠳᠡᠰ ᠤᠨ ᠬᠤᠷᠢᠶᠠᠨ ᠵᠥᠭᠡᠭᠡᠪᠦᠷᠢᠯᠡᠬᠦ᠂ ᠬᠤᠭ ᠨᠣᠪᠰᠢ ᠶᠢ ᠲᠦᠷᠦᠯ ᠬᠤᠪᠢᠶᠠᠬᠤ᠂ ᠪᠠᠷᠢᠯᠭ᠎ᠠ ᠶᠢᠨ ᠬᠤᠭ ᠨᠣᠪᠰᠢ ︵ᠲᠡᠵᠢᠭᠡᠨ ᠦᠷᠡᠵᠢᠭᠦᠯᠬᠦ ᠬᠤᠭ ᠨᠣᠪᠰᠢ︶᠎ ᠶᠢ ᠰᠢᠢᠳᠪᠦᠷᠢᠯᠡᠬᠦ᠂ ᠤᠢ ᠰᠢᠭᠤᠢ ᠤᠨ ᠭᠠᠵᠠᠷ ᠢ ᠴᠡᠪᠡᠷᠯᠡᠬᠦ᠂ ᠭᠤᠣᠯ ᠤᠨ ᠵᠠᠮ ᠢ ᠴᠡᠪᠡᠷᠯᠡᠬᠦ᠂ ᠬᠥᠮᠥᠨ ᠦᠭᠡᠢ ᠲᠣᠭᠤᠷᠢᠭ ᠢ ᠴᠡᠪᠡᠷᠯᠡᠬᠦ᠂ ᠨᠡᠶᠢᠲᠡ ᠶᠢᠨ ᠵᠣᠷᠯᠣᠩ ᠢ ᠬᠠᠮᠢᠶᠠᠷᠬᠤ᠂ ᠬᠡᠷᠡᠮ ᠤᠨ ᠵᠠᠷ ᠮᠡᠳᠡᠭᠡ᠂ ᠪᠠᠯᠭᠠᠰᠤᠨ ᠤ ᠳᠣᠲᠣᠷᠠᠬᠢ ᠵᠠᠮ ᠢ ᠴᠡᠪᠡᠷᠯᠡᠬᠦ ᠵᠡᠷᠭᠡ ᠬᠠᠮᠢᠶ᠎ᠠ ᠪᠦᠬᠦᠢ ᠠᠵᠢᠯ ᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ ᠳᠠᠮᠵᠢᠭᠤᠯᠤᠨ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ᠵᠠᠬ᠎ᠠ ᠳᠡᠯᠭᠡᠭᠦᠷᠴᠢᠯᠡᠬᠦ ᠪᠠᠷ ᠳᠠᠮᠵᠢᠭᠤᠯᠤᠨ ᠲᠤᠰᠬᠠᠶᠢᠵᠢᠭᠰᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠬᠢᠨᠠᠯᠲᠠ ᠲᠠᠯᠪᠢᠵᠤ ᠬᠢᠨᠠᠨ ᠰᠢᠯᠭᠠᠬᠤ ᠠᠵᠢᠯ ᠢ ᠴᠢᠩᠭᠠᠳᠬᠠᠵᠤ᠂ ᠬᠢᠨᠠᠨ ᠰᠢᠯᠭᠠᠵᠤ ᠱᠠᠩᠨᠠᠵᠤ ᠲᠣᠷᠭᠠᠬᠤ ᠶᠢ ᠪᠡᠶᠡᠯᠡᠭᠦᠯᠵᠦ᠂ ︽ᠴᠢᠩᠱᠠᠨ ᠲᠣᠭᠤᠷᠢᠭ ᠤᠨ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ᠂ ᠬᠤᠲᠠ ᠶᠢᠨ ᠶᠠᠪᠤᠳᠠᠯ ᠢ ᠨᠢᠭᠡ ᠴᠣᠭᠴᠠᠵᠢᠭᠤᠯᠤᠭᠰᠠᠨ ᠵᠠᠬ᠎ᠠ ᠳᠡᠯᠭᠡᠭᠦᠷ ᠤᠨ ᠠᠵᠢᠯᠯᠠᠭᠠᠨ ᠢ ᠰᠢᠯᠭᠠᠨ ᠬᠢᠨᠠᠬᠤ ᠠᠷᠭ᠎ᠠ︾᠎ ᠶᠢ ᠦᠨᠳᠦᠰᠦᠯᠡᠪᠡᠯ᠂ ᠬᠢᠨᠠᠨ ᠰᠢᠯᠭᠠᠬᠤ ᠶᠡᠷᠦᠩᠬᠡᠢ ᠬᠤᠪᠢ ᠶᠢᠨ ᠬᠡᠮᠵᠢᠭᠳᠡᠯ ᠨᠢ 100 ᠬᠤᠪᠢ ︵ᠡᠭᠦᠨ ᠳᠤ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠨᠠᠨ ᠰᠢᠯᠭᠠᠯᠲᠠ ᠨᠢ ᠶᠡᠷᠦᠩᠬᠡᠢ ᠬᠤᠪᠢ ᠶᠢᠨ ᠬᠡᠮᠵᠢᠭᠳᠡᠯ ᠤᠨ 60%᠎ ᠶᠢ ᠡᠵᠡᠯᠡᠵᠦ᠂ ᠴᠡᠴᠡᠷᠯᠢᠭ᠂ ᠨᠣᠭᠤᠭᠠᠷᠠᠭᠤᠯᠤᠯᠲᠠ᠂ ᠬᠤᠲᠠ ᠶᠢᠨ ᠶᠠᠪᠤᠳᠠᠯ ᠤᠨ ᠬᠢᠨᠠᠨ ᠰᠢᠯᠭᠠᠯᠲᠠ ᠨᠢ ᠶᠡᠷᠦᠩᠬᠡᠢ ᠬᠤᠪᠢ ᠶᠢᠨ ᠬᠡᠮᠵᠢᠭᠳᠡᠯ ᠤᠨ 30%᠎ ᠶᠢ ᠡᠵᠡᠯᠡᠵᠦ᠂ ᠴᠢᠩ ᠹᠦ᠋ ᠪᠠᠯᠭᠠᠰᠤᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠨᠠᠨ ᠰᠢᠯᠭᠠᠯᠲᠠ ᠨᠢ ᠶᠡᠷᠦᠩᠬᠡᠢ ᠬᠤᠪᠢ ᠶᠢᠨ ᠬᠡᠮᠵᠢᠭᠳᠡᠯ ᠤᠨ 2%᠎ ᠢ ᠡᠵᠡᠯᠡᠵᠦ᠂ ᠰᠢᠩ ᠱᠧᠩ ᠪᠠᠯᠭᠠᠰᠤᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠨᠠᠨ ᠰᠢᠯᠭᠠᠯᠲᠠ ᠨᠢ ᠶᠡᠷᠦᠩᠬᠡᠢ ᠬᠤᠪᠢ ᠶᠢᠨ ᠬᠡᠮᠵᠢᠭᠳᠡᠯ ᠤᠨ 8%᠎ ᠶᠢ ᠡᠵᠡᠯᠡᠨ᠎ᠡ︶᠂ ᠬᠢᠨᠠᠨ ᠰᠢᠯᠭᠠᠯᠲᠠ ᠳᠤ 100 ᠬᠤᠪᠢ ᠶᠢᠨ ᠪᠦᠷᠢᠨ ᠬᠤᠪᠢ ᠶᠢᠨ ᠳᠦᠷᠢᠮ ᠤᠨ ᠭᠡᠳᠡᠷᠭᠦ ᠰᠠᠭᠤᠳᠬᠠᠬᠤ ᠠᠷᠭ᠎ᠠ ᠶᠢ ᠬᠡᠷᠡᠭᠵᠢᠭᠦᠯᠵᠦ᠂ ᠲᠣᠭᠤᠷᠢᠭ ᠤᠨ  ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ ︽ᠴᠢᠩᠱᠠᠨ ᠲᠣᠭᠤᠷᠢᠭ ᠤᠨ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠬᠢᠨᠠᠨ ᠰᠢᠯᠭᠠᠵᠤ ᠬᠤᠪᠢ ᠲᠣᠭᠲᠠᠭᠠᠬᠤ ᠱᠠᠭᠠᠷᠳᠠᠯᠭ᠎ᠠ︾ ︽ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠲᠠ ᠶᠢᠨ ᠶᠠᠪᠤᠳᠠᠯ ᠬᠢᠭᠡᠳ ᠨᠣᠭᠤᠭᠠᠷᠠᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠭᠠᠳᠠᠭᠰᠢ ᠳᠠᠭᠠᠭᠠᠴᠢᠯᠠᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠬᠢᠨᠠᠨ ᠰᠢᠯᠭᠠᠬᠤ ᠪᠠᠷᠢᠮᠵᠢᠶ᠎ᠠ ᠵᠢᠴᠢ ᠨᠠᠷᠢᠨ ᠳᠦᠷᠢᠮ︾ ︽ᠴᠢᠩᠱᠠᠨ ᠲᠣᠭᠤᠷᠢᠭ ᠤᠨ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠬᠢᠨᠠᠨ ᠰᠢᠯᠭᠠᠵᠤ ᠬᠤᠪᠢ ᠲᠣᠭᠲᠠᠭᠠᠬᠤ ᠱᠠᠭᠠᠷᠳᠠᠯᠭ᠎ᠠ︾᠎ ᠶᠢᠨ ᠲᠣᠭᠲᠠᠭᠠᠯ ᠶᠣᠰᠣᠭᠠᠷ ᠪᠣᠳᠠᠲᠠᠢ ᠬᠤᠪᠢ ᠬᠡᠮᠵᠢᠶ᠎ᠡ ᠶᠢ ᠲᠤᠭᠲᠠᠭᠠᠵᠦ᠂ ᠡᠳᠦᠷ ᠲᠤᠲᠤᠮ ᠤᠨ ᠪᠠᠶᠢᠴᠠᠭᠠᠯᠲᠠ ᠪᠠᠷ ᠰᠠᠭᠤᠷᠢ ᠪᠣᠯᠭᠠᠵᠤ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ᠂ ᠣᠯᠠᠨ ᠲᠦᠮᠡᠨ ᠤ ᠵᠠᠭᠠᠯᠳᠤᠯᠭ᠎ᠠ᠂ ᠳ᠋ᠢᠶᠠᠩᠬᠤᠸᠠ᠂ ᠵᠠᠭᠤᠴᠢᠯᠠᠭᠤᠷ ᠤᠨ ᠢᠯᠡᠴᠢᠯᠡᠯ ᠵᠡᠷᠭᠡ ᠶᠡᠷᠦᠩᠬᠡᠶᠢᠯᠡᠭᠰᠡᠨ ᠶᠡᠷᠦᠩᠬᠡᠢ ᠬᠤᠪᠢ ᠲᠣᠭᠲᠠᠭᠠᠬᠤ ᠲᠠᠢ ᠤᠶᠠᠯᠳᠤᠭᠤᠯᠤᠨ᠎ᠠ᠃ ᠶᠡᠷᠦᠩᠬᠡᠶᠢᠯᠡᠭᠰᠡᠨ ᠶᠡᠷᠦᠩᠬᠡᠢ ᠬᠤᠪᠢ ᠲᠣᠭᠲᠠᠭᠠᠬᠤ ᠶᠣᠰᠣᠭᠠᠷ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠵᠠᠷᠤᠳᠠᠯ ᠢ ᠪᠡᠶᠡᠯᠡᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠶᠠᠰᠤ ᠴᠢᠨᠠᠷ ᠵᠢᠴᠢ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ︵ᠳᠥᠷᠪᠡ︶ ᠡᠳᠦᠷ ᠲᠤᠲᠤᠮ ᠤᠨ ᠬᠠᠮᠢᠶᠠᠷᠤᠯᠲᠠ ᠶᠢ ᠣᠷᠳᠣ ᠬᠤᠭᠤᠴᠠᠭ᠎ᠠ ᠪᠠᠷ ᠬᠦᠴᠦᠨ ᠲᠠᠢ ᠪᠤᠯᠭᠠᠨ᠎ᠠ      ᠬᠠᠮᠢᠶᠠᠷᠤᠯᠲᠠ ᠶᠢᠨ ᠣᠶᠢᠯᠠᠭᠠᠭᠳᠠᠬᠤᠨ ᠳᠤ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠬᠦ᠂ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠭᠦᠭᠡᠷᠦᠮᠵᠢ᠂ ᠵᠡᠭᠡᠯᠢ ᠳᠠᠭᠠᠤ ᠶᠢᠨ ᠪᠠᠷᠢᠯᠭ᠎ᠠ ᠶᠢᠨ ᠨᠢᠭᠤᠷ᠂ ᠵᠠᠮ ᠬᠠᠷᠢᠯᠴᠠᠭᠠᠨ ᠤ ᠬᠠᠪᠲᠠᠭᠠᠢ᠂ ᠣᠯᠠᠨ ᠨᠡᠶᠢᠲᠡ ᠶᠢᠨ ᠣᠷᠣᠨ ᠵᠠᠢ ᠶᠢᠨ ᠡᠮᠬᠢ ᠳᠢᠭᠯᠢᠮ᠂ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠵᠡᠷᠭᠡ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠪᠠᠶᠢᠩᠭᠤᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠰᠠᠭᠤᠷᠢ ᠶᠢ ᠪᠠᠬᠢᠵᠢᠭᠦᠯᠵᠦ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾᠎ ᠤᠨ ᠬᠠᠮᠢᠶᠠᠷᠤᠯᠲᠠ ᠶᠢᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠡᠭᠦᠳᠡᠨ ᠡᠮᠦᠨ᠎ᠡ ᠬᠤᠶᠢᠨ᠎ᠠ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠲᠣᠥᠷᠵᠢᠭᠤᠯᠤᠭᠰᠠᠨ ᠬᠠᠮᠢᠶᠠᠷᠤᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠨᠠᠷᠢᠯᠢᠭ ᠨᠠᠶᠢᠷᠠᠭᠤᠯᠵᠤ ᠲᠣᠥᠷᠵᠢᠭᠤᠯᠤᠨ ᠠᠵᠢᠯ ᠤᠨ ᠪᠠᠶᠢᠷᠢ ᠲᠣᠬᠢᠷᠠᠭᠤᠯᠵᠤ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠲᠣᠭᠤᠷᠢᠭ ᠤᠨ ᠳᠡᠳ᠋ ᠳᠠᠷᠤᠭ᠎ᠠ ᠪᠠᠷ ᠶᠡᠷᠦᠩᠬᠡᠢ ᠵᠡᠭᠡᠯᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠭᠤᠣᠯ ᠤᠳᠤᠷᠢᠳᠤᠯᠭ᠎ᠠ ᠪᠠᠷ ᠶᠡᠷᠦᠩᠬᠡᠢ ᠵᠡᠭᠡᠯᠢ ᠶᠢᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠳᠣᠣᠷ᠎ᠠ ᠨᠢ ᠨᠢᠭᠡᠳᠦᠭᠡᠷ ᠳᠡᠰ ᠤᠨ ᠵᠡᠭᠡᠯᠢ ᠶᠢᠨ ᠳᠠᠷᠤᠭ᠎ᠠ᠂ ᠬᠤᠶᠠᠳᠤᠭᠠᠷ ᠳᠡᠰ ᠤᠨ ᠵᠡᠭᠡᠯᠢ ᠶᠢᠨ ᠳᠠᠷᠤᠭ᠎ᠠ᠂ ᠭᠤᠷᠪᠠᠳᠤᠭᠠᠷ ᠳᠡᠰ ᠤᠨ ᠵᠡᠭᠡᠯᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ ᠬᠠᠮᠢᠶᠠᠷᠤᠯᠲᠠ ᠶᠢᠨ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠶᠡᠷᠦᠩᠬᠡᠢ ᠵᠡᠭᠡᠯᠢ ᠶᠢᠨ ᠳᠠᠷᠤᠭ᠎ᠠ᠂ ᠶᠡᠷᠦᠩᠬᠡᠢ ᠵᠡᠭᠡᠯᠢ ᠶᠢᠨ ᠳᠡᠳ᠋ ᠳᠠᠷᠤᠭ᠎ᠠ ᠨᠢ ᠬᠠᠷᠢᠶ᠎ᠠ ᠣᠷᠣᠨ ᠤ ᠪᠠᠨ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠶᠢᠨ ᠶᠠᠪᠤᠳᠠᠯ ᠤᠨ ᠪᠡᠯᠡᠳᠬᠡᠮᠵᠢ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠵᠡᠷᠭᠡ ᠬᠤᠲᠠ ᠶᠢᠨ ᠬᠠᠮᠢᠶᠠᠷᠤᠯᠲᠠ ᠶᠢᠨ ᠠᠵᠢᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠶᠡᠷᠦᠩᠬᠡᠢ ᠳᠤᠨᠢ ᠵᠢᠯᠤᠭᠤᠳᠴᠤ ᠲᠣᠬᠢᠷᠠᠭᠤᠯᠤᠨ᠎ᠠ᠃ ᠨᠢᠭᠡᠳᠦᠭᠡᠷ ᠳᠡᠰ ᠤᠨ ᠵᠡᠭᠡᠯᠢ ᠶᠢᠨ ᠳᠠᠷᠤᠭ᠎ᠠ ᠨᠢ ᠥᠪᠡᠷ ᠥᠪᠡᠷ ᠤᠨ ᠠᠵᠢᠯ ᠤᠨ ᠬᠤᠪᠢᠶᠠᠷᠢᠯᠠᠯ ᠢᠶᠠᠷ ᠢᠶᠠᠨ ᠬᠡᠰᠡᠭ ᠳᠠᠭᠠᠭᠠᠴᠢᠯᠠᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠬᠦ ᠬᠡᠷᠡᠭᠲᠡᠢ᠃ ᠬᠤᠶᠠᠳᠤᠭᠠᠷ ᠳᠡᠰ ᠤᠨ ᠵᠡᠭᠡᠯᠢ ᠶᠢᠨ ᠳᠠᠷᠤᠭ᠎ᠠ᠂ ᠭᠤᠷᠪᠠᠳᠤᠭᠠᠷ ᠳᠡᠰ ᠤᠨ ᠵᠡᠭᠡᠯᠢ ᠶᠢᠨ ᠳᠠᠷᠤᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠨ᠂ ᠥᠪᠡᠰᠦᠪᠡᠨ ᠰᠢᠢᠳᠪᠦᠷᠢᠯᠡᠵᠦ ᠳᠡᠶᠢᠯᠬᠦ ᠦᠭᠡᠢ ᠪᠣᠯ ︽ᠵᠡᠭᠡᠯᠢ ᠶᠢᠨ ᠳᠠᠷᠤᠭ᠎ᠠ ᠵᠠᠯᠭᠠᠯᠳᠤᠬᠤ᠂ ᠰᠠᠯᠠᠭ᠎ᠠ ᠮᠥᠴᠢᠷ ᠶᠡᠭᠡ ᠪᠠᠷ ᠬᠠᠮᠲᠤᠷᠠᠨ ᠬᠥᠳᠡᠯᠦᠯᠴᠡᠬᠦ︾ ᠵᠠᠭᠪᠤᠷ ᠢ ᠠᠪᠴᠤ᠂ ᠬᠠᠮᠲᠤ ᠪᠠᠷ ᠰᠢᠢᠳᠪᠦᠷᠢᠯᠡᠨ᠎ᠡ᠃ ᠵᠡᠭᠡᠯᠢ ᠶᠢᠨ ᠳᠠᠷᠤᠭ᠎ᠠ ᠶᠢᠨ ᠳᠦᠷᠢᠮ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠳᠤᠮᠳᠠᠬᠢ ᠭᠤᠣᠯᠳᠠᠯᠭ᠎ᠠ ᠲᠠᠢ᠂ ᠬᠦᠴᠢᠷ ᠠᠰᠠᠭᠤᠳᠠᠯ ᠢ ᠲᠤᠰᠬᠠᠢ ᠰᠡᠳᠦᠪ ᠢᠶᠠᠷ ᠰᠤᠳᠤᠯᠤᠨ ᠰᠢᠢᠳᠪᠦᠷᠢᠯᠡᠨ᠎ᠡ᠃ ᠬᠠᠮᠢᠶᠠᠷᠤᠯᠲᠠ ᠶᠢᠨ ᠶᠠᠪᠤᠴᠠ ᠶᠢ ᠴᠢᠩᠳᠠᠯᠠᠵᠤ᠂ ︽ᠲᠣᠭᠤᠷᠢᠨ ᠪᠠᠶᠢᠴᠠᠭᠠᠬᠤ ︱ ᠰᠢᠢᠳᠪᠦᠷᠢᠯᠡᠬᠦ ︱ ᠬᠠᠷᠢᠭᠤ ᠲᠤᠰᠬᠠᠬᠤ ︱ ᠵᠣᠬᠢᠴᠠᠭᠤᠯᠬᠤ ︱ ᠱᠠᠯᠠᠪᠳᠠᠭᠤᠯᠤᠨ ᠪᠠᠶᠢᠴᠠᠭᠠᠬᠤ ︱ ᠬᠠᠷᠢᠭᠤ ᠰᠤᠷᠪᠤᠯᠵᠢᠯᠠᠬᠤ︾᠎ ᠪᠠᠷ ᠳᠠᠮᠵᠢᠭᠤᠯᠤᠨ ᠬᠠᠮᠢᠶᠠᠷᠤᠯᠲᠠ ᠶᠢᠨ ᠬᠥᠳᠡᠯᠦᠩᠭᠦᠢ ᠪᠠᠶᠢᠳᠠᠯ ᠢ ᠰᠢᠯᠢᠳᠡᠭᠵᠢᠭᠦᠯᠵᠦ᠂ ᠬᠥᠨᠳᠡᠯᠡᠨ ᠢᠶᠠᠷ ᠡᠴᠦᠰ ᠲᠤᠨᠢ ᠲᠤᠯᠲᠠᠯ᠎ᠠ ᠭᠤᠯᠳᠤ ᠪᠠᠷ ᠵᠠᠬ᠎ᠠ ᠬᠢᠵᠠᠭᠠᠷ ᠬᠦᠷᠲᠡᠯ᠎ᠡ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠵᠡᠭᠡᠯᠢ ᠪᠣᠯᠭᠠᠨ ᠳᠤ ᠬᠠᠮᠢᠶᠠᠷᠬᠤ ᠬᠥᠮᠥᠨ ᠲᠠᠢ᠂ ᠠᠰᠠᠭᠤᠳᠠᠯ ᠪᠣᠯᠭᠠᠨ ᠳᠤ ᠨᠠᠶᠢᠳᠠᠪᠤᠷᠢᠵᠢᠭᠤᠯᠤᠯᠲᠠ ᠲᠠᠢ᠂ ᠬᠠᠷᠢᠭᠤ ᠲᠤᠰᠬᠠᠯ ᠪᠣᠯᠭᠠᠨ ᠳᠤ ᠬᠠᠷᠢᠭᠤ ᠲᠤᠰᠬᠠᠯ ᠲᠠᠢ᠂ ᠤᠷᠳᠤ ᠬᠤᠭᠤᠴᠠᠭᠠᠨ ᠤ ᠪᠦᠲᠦᠮᠵᠢᠲᠡᠢ ᠬᠡᠪ ᠤᠨ ᠵᠠᠰᠠᠯᠲᠠ ᠶᠢᠨ ᠲᠣᠭᠲᠠᠴᠠ ᠶᠢ ᠠᠩᠬ᠎ᠠ ᠠᠯᠬᠤᠮ ᠪᠦᠷᠢᠯᠳᠦᠭᠦᠯᠬᠦ ᠶᠢ ᠪᠠᠲᠤᠯᠠᠬᠤ ᠬᠡᠷᠡᠭᠲᠡᠢ᠃      ᠡᠳᠦᠷ ᠲᠤᠲᠤᠮ ᠤᠨ ᠠᠵᠢᠯ ᠤᠨ ᠳᠤᠮᠳᠠ᠂ ︽ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠸᠢᠴᠠᠲ ᠤᠨ ᠰᠦᠷᠦᠭᠵᠢᠯ︾᠎ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢᠨ ᠲᠣᠭᠤᠷᠢᠨ ᠳᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠠᠰᠠᠭᠤᠳᠠᠯ ᠢ ᠦᠳᠲᠡᠷ ᠲᠦᠷᠭᠡᠨ ᠲᠠᠨᠢᠵᠤ ᠠᠪᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ ᠰᠢᠢᠳᠪᠦᠷᠢᠯᠡᠵᠦ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠢ ᠳᠤᠨᠢ ᠠᠵᠢᠯ ᠤᠨ ᠰᠦᠷᠦᠭᠵᠢᠯ ᠳᠤ ᠬᠠᠷᠢᠭᠤ ᠲᠤᠰᠬᠠᠬᠤ ᠬᠡᠷᠡᠭᠲᠡᠢ᠃ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠲᠦᠷᠦᠭᠦᠯᠡᠨ ᠡᠯ᠎ᠡ ᠰᠠᠯᠠᠭ᠎ᠠ ᠮᠥᠴᠢᠷ ᠤᠨ ᠠᠰᠠᠭᠤᠳᠠᠯ ᠢ ᠲᠠᠨᠢᠵᠤ ᠠᠪᠬᠤ ᠶᠢ  ᠱᠠᠯᠠᠪᠳᠠᠭᠤᠯᠵᠦ᠂ ᠭᠦᠢᠴᠡᠳᠬᠡᠭᠰᠡᠨ ᠦᠷ᠎ᠡ ᠳ᠋ᠦᠩ ᠢ ᠬᠠᠷᠢᠭᠤ ᠲᠤᠰᠬᠠᠵᠤ᠂ ᠭᠦᠢᠴᠡᠳᠬᠡᠬᠦ ᠴᠤᠪᠤᠷᠠᠯ ᠢ ᠵᠢᠷᠤᠮᠵᠢᠭᠤᠯᠤᠨ᠂ ︽ᠠᠵᠢᠯ ᠢ ᠠᠳᠬᠤᠬᠤ ᠬᠥᠮᠥᠨ ᠲᠠᠢ᠂ ᠠᠰᠠᠭᠤᠳᠠᠯ ᠢ ᠬᠠᠮᠢᠶᠠᠷᠬᠤ ᠬᠥᠮᠥᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠥᠨ ᠲᠠᠢ︾ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃      ︵ᠲᠠᠪᠤ︶ ᠬᠠᠮᠢᠶᠠᠷᠤᠯᠲᠠ ᠶᠢᠨ ᠲᠠᠪᠴᠠᠩ ᠢ ᠤᠶᠤᠨᠵᠢᠭᠤᠯᠬᠤ      ᠣᠶᠤᠨᠲᠤ ᠬᠤᠲᠠ ᠶᠢᠨ ᠬᠠᠮᠢᠶᠠᠷᠤᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠩᠱᠠᠨ ᠲᠣᠭᠤᠷᠢᠭ ᠤᠨ ᠣᠳᠣᠬᠢᠴᠢᠯᠠᠭᠰᠠᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠪᠠ ᠨᠡᠶᠢᠭᠡᠮ ᠤᠨ ᠵᠠᠰᠠᠯᠲᠠ ᠶᠢᠨ ᠵᠢᠯᠣᠭᠤᠳᠤᠨ ᠲᠣᠬᠢᠷᠠᠭᠤᠯᠬᠤ ᠲᠠᠪᠴᠠᠩ ᠢ ᠭᠦᠢᠴᠡᠳ ᠠᠰᠢᠭᠯᠠᠨ᠂ ᠣᠶᠤᠨᠲᠤ ᠬᠤᠲᠠ ᠶᠢᠨ ᠬᠠᠮᠢᠶᠠᠷᠤᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠬᠢᠭᠡᠳ ᠨᠡᠪᠲᠡᠷᠡᠯᠴᠡᠨ ᠬᠠᠮᠵᠢᠯᠴᠠᠬᠤ ᠶᠢ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠥᠳᠡᠯᠦᠩᠭᠦᠢ ᠳ᠋ᠠᠶᠢᠲ᠋ᠠ ᠶᠢᠨ ᠬᠥᠮᠥᠷᠭᠡ ᠶᠢ ᠪᠦᠷᠢᠨᠰᠢᠭᠦᠯᠦᠨ᠎ᠡ᠃ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠴᠤᠭᠯᠠᠭᠤᠯᠬᠤ᠂ ᠬᠡᠷᠡᠭ ᠪᠣᠯᠭᠠᠨ ᠳᠠᠩᠰᠠᠯᠠᠬᠤ᠂ ᠲᠣᠮᠢᠯᠠᠬᠤ᠂ ᠰᠢᠢᠳᠪᠦᠷᠢᠯᠡᠬᠦ᠂ ᠬᠢᠨᠠᠨ ᠪᠠᠶᠢᠴᠠᠭᠠᠬᠤ᠂ ᠬᠡᠷᠡᠭ ᠢ ᠳᠠᠭᠤᠰᠬᠠᠬᠤ᠂ ᠬᠠᠷᠢᠭᠤ ᠲᠤᠰᠬᠠᠬᠤ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠦᠷᠢᠯᠳᠦᠭᠦᠯᠵᠦ᠂ ︽ᠮᠡᠳᠡᠭᠡ ᠵᠠᠩᠭᠢᠵᠢᠭᠤᠯᠤᠨ ᠬᠠᠮᠢᠶᠠᠷᠬᠤ᠂ ᠬᠡᠮᠵᠢᠶᠡᠵᠢᠭᠦᠯᠬᠦ ᠪᠠᠷ ᠭᠤᠣᠯ ᠪᠣᠯᠭᠠᠭᠰᠠᠨ᠂ ᠶᠡᠷᠦᠩᠬᠡᠶᠢᠯᠡᠨ ᠰᠢᠯᠭᠠᠨ ᠦᠨᠡᠯᠡᠭᠰᠡᠨ︾ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠳᠦᠯ ᠢ ᠪᠠᠳᠠᠷᠠᠭᠤᠯᠵᠤ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠵᠡᠷᠭᠡ ᠢᠨᠲ᠋ᠧᠷ ᠰᠦᠯᠵᠢᠶᠡᠨ ᠤ ᠮᠡᠷᠭᠡᠵᠢᠯ ᠳᠤ ᠲᠦᠰᠢᠭᠯᠡᠨ᠂ ᠴᠢᠩᠱᠠᠨ ᠲᠣᠭᠤᠷᠢᠭ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠥᠪ ᠤᠨ ᠬᠠᠷᠠᠭᠠᠨ ᠳᠠᠪᠲᠠᠮᠵᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠳᠤ ᠲᠦᠰᠢᠭᠯᠡᠨ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠰᠢᠯᠵᠢᠮᠡᠯ ᠮᠡᠳᠡᠭᠡ ᠬᠤᠯᠪᠣᠭ᠎ᠠ᠂ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠡᠷᠭᠡ ᠬᠤᠲᠠ ᠶᠢᠨ ᠲᠣᠣᠷ ᠤᠨ ᠪᠡᠯᠡᠳᠬᠡᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠨ᠂ ︽ᠴᠠᠭ ᠲᠤᠬᠠᠢ ᠳᠤᠨᠢ ᠬᠥᠳᠡᠯᠦᠩᠭᠦᠢ ᠪᠠᠷ᠂ ᠬᠠᠷᠢᠯᠴᠠᠨ ᠬᠤᠯᠪᠣᠭᠠᠯᠠᠵᠤ ᠬᠠᠮᠲᠤᠪᠠᠷ ᠭᠥᠷᠳᠡᠬᠦ᠂ ᠪᠥᠬᠦ ᠲᠠᠯ᠎ᠠ ᠪᠠᠷ ᠨᠠᠷᠢᠨ ᠪᠣᠳᠠᠲᠠᠢ︾ ᠰᠠᠭᠤᠷᠢ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠰᠢᠰᠲ᠋ᠧᠮᠵᠢ ᠶᠢ ᠪᠠᠶᠢᠭᠤᠯᠤᠨ᠎ᠠ᠃ ᠲᠣᠥᠷᠵᠢᠭᠤᠯᠤᠭᠰᠠᠨ ᠮᠡᠳᠡᠭᠡ ᠵᠠᠩᠭᠢ ᠶᠢᠨ ᠬᠠᠮᠢᠶᠠᠷᠤᠯᠲᠠ᠂ ᠲᠣᠪᠶᠤᠭ ᠮᠠᠶ᠋ᠢᠭ ᠤᠨ ᠲᠦᠷᠭᠡᠨ ᠰᠢᠢᠳᠪᠦᠷᠢᠯᠡᠬᠦ᠂ ᠥᠯᠥ ᠬᠦᠷᠦᠯᠴᠡᠬᠦ ᠴᠢᠨᠠᠷᠲᠠᠢ ᠬᠠᠤᠯᠢ ᠬᠡᠷᠡᠭᠵᠢᠭᠦᠯᠬᠦ ᠵᠡᠷᠭᠡ ᠰᠢᠨ᠎ᠡ ᠬᠡᠯᠪᠡᠷᠢ ᠶᠢᠨ ᠠᠷᠭ᠎ᠠ ᠮᠠᠶ᠋ᠢᠭ ᠢ ᠪᠠᠶᠢᠭᠤᠯᠤᠨ ᠲᠡᠭᠦᠯᠳᠡᠷᠵᠢᠭᠦᠯᠵᠦ᠂ ᠵᠠᠮ ᠤᠨ ᠨᠢᠭᠤᠷ ᠤᠨ ᠬᠠᠷᠠᠭᠠᠨ ᠳᠠᠪᠲᠠᠮᠵᠢ ᠶᠢᠨ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ᠂ ᠰᠢᠯᠵᠢᠮᠡᠯ ᠲᠥᠬᠦᠭᠡᠷᠦᠮᠵᠢ ᠶᠢᠨ ᠪᠠᠯᠠᠢ ᠴᠡᠭ ᠢ ᠨᠥᠬᠦᠪᠦᠷᠢᠯᠡᠬᠦ᠂ ᠭᠠᠭᠴᠠ ᠴᠡᠷᠢᠭ ᠤᠨ ᠲᠣᠨᠣᠭᠯᠠᠯ ᠤᠨ ᠪᠥᠬᠦ ᠶᠠᠪᠤᠴᠠ ᠶᠢ ᠲᠡᠮᠳᠡᠭᠯᠡᠬᠦ᠂ ᠵᠢᠯᠤᠭᠤᠳᠬᠤ ᠲᠥᠪ ᠤᠨ ᠪᠥᠬᠦ ᠴᠠᠷᠠᠭᠠᠨ ᠳᠠᠬᠢ ᠵᠢᠯᠤᠭᠤᠳᠴᠤ ᠬᠢᠨᠠᠯᠲᠠ ᠲᠠᠯᠪᠢᠬᠤ ᠣᠶᠤᠨᠴᠢᠯᠠᠭᠰᠠᠨ ᠬᠠᠮᠢᠶᠠᠷᠤᠯᠲᠠ ᠶᠢᠨ ᠵᠠᠭᠪᠤᠷ ᠢ ᠪᠡᠶᠡᠯᠡᠭᠦᠯᠦᠨ᠂ ᠵᠠᠰᠠᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ︵ᠵᠢᠷᠭᠤᠭ᠎ᠠ︶ ᠡᠩᠨᠡᠭᠡᠨ ᠤ ᠪᠠᠶᠢᠭᠤᠯᠤᠯᠲᠠ ᠶᠢ ᠵᠢᠷᠤᠮᠵᠢᠭᠤᠯᠬᠤ      ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠣᠲᠣᠭᠠᠳᠤ ᠳᠠᠭᠠᠨ ᠬᠡᠪ ᠴᠢᠨᠠᠷ ᠢᠶᠠᠨ ᠴᠢᠩᠭᠠᠳᠬᠠᠵᠤ᠂ ᠭᠠᠳᠠᠨ᠎ᠠ ᠪᠠᠨ ᠳᠦᠷᠢ ᠲᠥᠷᠬᠦ ᠶᠢ ᠪᠤᠢ ᠪᠣᠯᠭᠠᠵᠤ᠂ ᠡᠩᠨᠡᠭᠡᠨ ᠤ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠤᠨ ᠲᠤᠬᠠᠶᠢᠯᠠᠭᠰᠠᠨ ᠠᠵᠢᠯ ᠤᠨ ᠣᠨᠣᠯ ᠤᠨ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠬᠤ ᠪᠠᠷ ᠳᠠᠮᠵᠢᠭᠤᠯᠤᠨ᠂ ᠰᠢᠯᠭᠠᠨ ᠬᠢᠨᠠᠬᠤ ᠬᠠᠮᠢᠶᠠᠷᠤᠯᠲᠠ ᠶᠢ ᠴᠢᠩᠳᠠᠯᠠᠵᠤ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠤᠨ᠂ ᠬᠠᠤᠯᠢ ᠬᠡᠷᠡᠭᠵᠢᠭᠦᠯᠬᠦ ᠶᠢᠨ ᠲᠤᠰᠬᠠᠶᠢᠵᠢᠯᠲᠠ᠂ ᠵᠢᠷᠦᠮᠵᠢᠯᠲᠡ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ︽ᠶᠣᠰᠣᠯᠠᠯ ᠢᠶᠠᠨ ᠬᠦᠨᠳᠦᠳᠬᠡᠨ ᠦᠨᠡᠮᠯᠡᠯ ᠢᠶᠠᠨ ᠲᠣᠳᠣᠷᠠᠭᠤᠯᠵᠤ ᠬᠠᠤᠯᠢ ᠬᠡᠷᠡᠭᠵᠢᠭᠦᠯᠬᠦ︾᠎ ᠪᠠᠷ ᠳᠦᠷᠢ ᠲᠥᠷᠬᠦ ᠶᠢ ᠪᠣᠶ ᠪᠣᠯᠭᠠᠵᠤ᠂ ᠦᠢᠯᠡᠴᠢᠯᠡᠭᠡ ᠪᠠᠷ ᠬᠠᠮᠢᠶᠠᠷᠤᠯᠲᠠ ᠶᠢ ᠠᠬᠢᠭᠤᠯᠤᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠷᠤᠯᠴᠠᠯᠭ᠎ᠠ ᠪᠣᠯᠪᠠᠰᠤᠷᠠᠭᠤᠯᠤᠯ ᠢ ᠪᠠᠶᠢᠩᠭᠤᠵᠢᠭᠤᠯᠬᠤ ᠶᠢ ᠪᠠᠷᠢᠮᠲᠠᠯᠠᠵᠤ᠂ ᠭᠠᠷᠠᠭ ᠪᠦᠷᠢ ᠨᠢᠭᠡ ᠤᠳᠠᠭ᠎ᠠ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠰᠠᠷ᠎ᠠ ᠪᠦᠷᠢ ᠨᠢᠭᠡ ᠤᠳᠠᠭ᠎ᠠ ᠲᠤᠰᠬᠠᠢ ᠰᠡᠳᠦᠪᠲᠦ ᠲᠠᠶᠢᠯᠤᠮᠵᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠤᠯᠠᠷᠢᠯ ᠪᠦᠷᠢ ᠨᠢᠭᠡ ᠤᠳᠠᠭ᠎ᠠ ᠰᠤᠷᠤᠯᠴᠠᠯᠭ᠎ᠠ ᠪᠣᠯᠪᠠᠰᠤᠷᠠᠭᠤᠯᠤᠯ ᠤᠨ ᠦᠷ᠎ᠡ ᠪᠦᠲᠦᠭᠡᠯ ᠢ ᠳ᠋ᠦᠩᠨᠡᠵᠦ᠂ ᠬᠠᠭᠠᠰ ᠵᠢᠯ ᠪᠦᠷᠢ ᠰᠢᠯᠭᠠᠯᠲᠠ ᠪᠠᠷ ᠳᠡᠮᠵᠢᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠢᠭᠡ ᠤᠳᠠᠭ᠎ᠠ ᠰᠢᠯᠭᠠᠨ ᠪᠠᠶᠢᠴᠠᠭᠠᠨ᠎ᠠ᠃ ᠬᠤᠶᠠᠷ ᠲᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠶᠡᠭᠡ ᠰᠤᠷᠭᠠᠭᠤᠯᠢᠯᠠᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠬᠢᠵᠦ᠂ ᠪᠣᠳᠠᠲᠠᠢ ᠠᠵᠢᠯ ᠲᠠᠢ ᠨᠢᠭᠲᠠ ᠤᠶᠠᠯᠳᠤᠭᠤᠯᠤᠨ᠂ ᠡᠩᠨᠡᠭᠡ ᠶᠢᠨ ᠠᠵᠢᠯᠲᠠᠨ ᠤ ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠷᠪᠠ ᠳᠤ᠂ ᠨᠠᠮ ᠤᠨ ᠪᠠᠶᠢᠭᠤᠯᠤᠯᠲᠠ ᠶᠢᠨ ᠶᠡᠷᠦᠩᠬᠡᠶᠢᠯᠡᠨ ᠵᠢᠯᠤᠭᠤᠳᠬᠤ ᠦᠢᠯᠡᠳᠦᠯ ᠢ ᠭᠦᠨᠵᠡᠭᠡᠶᠢᠷᠡᠭᠦᠯᠵᠦ᠂ ᠬᠤᠳᠠ ᠶᠢᠨ ᠨᠠᠷᠢᠯᠢᠭᠵᠢᠭᠤᠯᠤᠭᠰᠠᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢ ᠪᠠᠶᠢᠭᠤᠯᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ᠂ ᠰᠠᠶᠢᠨ ᠳᠤᠷ᠎ᠠ ᠠᠴᠠ ᠪᠠᠨ ᠦᠢᠯᠡᠴᠢᠯᠡᠬᠦ︾᠎ ᠪᠠᠷ ᠠᠵᠢᠯ ᠤᠨ ᠬᠡᠪ ᠵᠠᠭᠪᠤᠷ ᠪᠣᠯᠭᠠᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠬᠤᠳᠠ ᠶᠢᠨ ᠬᠠᠮᠢᠶᠠᠷᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ︽ᠶᠡᠭᠡ ᠬᠤᠳᠠ ᠶᠢᠨ ᠣᠶᠤᠨᠲᠤ ᠬᠠᠮᠢᠶᠠᠷᠤᠯᠲᠠ︾᠂ ︽ᠶᠡᠭᠡ ᠬᠤᠳᠠ ᠶᠢᠨ ᠤᠯᠠᠨ ᠢᠶᠠᠷ ᠢᠶᠠᠨ ᠬᠠᠮᠢᠶᠠᠷᠬᠤ︾᠂ ︽ᠶᠡᠭᠡ ᠬᠤᠳᠠ ᠶᠢᠨ ᠨᠠᠷᠢᠨ ᠬᠠᠮᠢᠶᠠᠷᠤᠯᠲᠠ︾᠎ ᠶᠢᠨ ᠬᠠᠮᠲᠤᠪᠠᠷ ᠬᠠᠮᠢᠶᠠᠷᠬᠤ᠂ ᠬᠠᠮᠲᠤᠪᠠᠷ ᠵᠠᠰᠠᠬᠤ᠂ ᠬᠠᠮᠲᠤᠪᠠᠷ ᠡᠳ᠋ᠯᠡᠬᠦ ᠬᠡᠪ ᠵᠠᠭᠪᠤᠷ ᠢ ᠪᠠᠶᠢᠭᠤᠯᠤᠨ ᠪᠦᠷᠢᠯᠳᠦᠭᠦᠯᠵᠦ᠂ ᠪᠦᠬᠦᠨ ᠢ ᠬᠠᠮᠤᠷᠬᠤ ᠠᠵᠢᠯ ᠤᠨ ᠪᠠᠶᠢᠷᠢᠰᠢᠯ ᠤᠨ ᠰᠢᠰᠲ᠋ᠧᠮ ᠢ ᠲᠦᠷᠭᠡᠨ ᠪᠦᠷᠢᠯᠳᠦᠭᠦᠯᠦᠨ᠎ᠡ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠴᠢᠭᠯᠡᠯ ᠢ ᠡᠵᠡᠮᠳᠡᠵᠦ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠬᠤ ᠬᠡᠷᠡᠭᠲᠡᠢ᠃ ᠬᠤᠲᠠ ᠶᠢᠨ ᠨᠠᠷᠢᠯᠢᠭᠵᠢᠭᠤᠯᠤᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠯᠠᠭ᠎ᠠ ᠮᠥᠴᠢᠷ ᠤᠨ ᠠᠵᠢᠯ ᠤᠨ ᠲᠣᠭᠲᠠᠴᠠ ᠶᠢ ᠰᠢᠯᠤᠭᠤᠳᠬᠠᠵᠤ᠂ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠᠬᠢ ᠬᠦᠴᠢᠷᠳᠡᠯ᠂ ᠬᠦᠴᠢᠷᠳᠡᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠵᠣᠬᠢᠴᠠᠭᠤᠯᠵᠤ᠂ ᠴᠢᠩᠱᠠᠨ ᠲᠣᠭᠤᠷᠢᠭ ᠤᠨ ᠪᠣᠳᠠᠲᠤ ᠪᠠᠶᠢᠳᠠᠯ ᠲᠤ ᠨᠡᠶᠢᠴᠡᠬᠦ ᠲᠤᠰᠬᠠᠢ ᠵᠦᠢᠯ ᠤᠨ ᠲᠥᠰᠥᠯ ᠢ ᠲᠣᠭᠲᠠᠭᠠᠨ᠂ ᠠᠵᠢᠯ ᠨᠢᠭᠡᠪᠦᠷᠢ ᠲᠤᠨᠢ ᠴᠥᠮ ︽ᠨᠢᠭᠡ ᠬᠡᠷᠡᠭᠵᠢᠭᠦᠯᠬᠦ ᠭᠤᠣᠯ ᠴᠣᠭᠴᠠ᠂ ᠨᠢᠭᠡ ᠭᠤᠣᠯᠴᠢᠯᠠᠨ ᠬᠠᠮᠢᠶᠠᠷᠬᠤ ᠤᠳᠤᠷᠢᠳᠤᠯᠭ᠎ᠠ᠂ ᠨᠢᠭᠡ ᠴᠠᠭ ᠤᠨ ᠬᠦᠰᠦᠨᠦᠭᠲᠦ᠂ ᠨᠢᠭᠡ ᠠᠬᠢᠭᠤᠯᠬᠤ ᠲᠣᠭᠲᠠᠴᠠ᠂ ᠨᠢᠭᠡ ᠢᠵᠢ ᠱᠠᠯᠠᠪᠳᠠᠭᠤᠯᠤᠨ ᠪᠠᠶᠢᠴᠠᠭᠠᠵᠤ ᠦᠨᠡᠯᠡᠨ ᠵᠢᠱᠢᠵᠦ ᠬᠠᠷᠢᠭᠤ ᠲᠤᠰᠬᠠᠬᠤ ᠳᠦᠷᠢᠮ ᠲᠠᠢ᠂ ᠲᠤᠤᠱᠲᠠᠢ ᠠᠳᠬᠤᠪᠠᠯ ᠨᠠᠶᠢᠳᠠᠪᠤᠷᠢᠵᠢᠭᠤᠯᠬᠤ ᠲᠠᠢ ᠪᠠᠶᠢᠬᠤ︾ ︽ᠵᠢᠷᠭᠤᠭᠠᠨ ᠨᠢᠭᠡ︾᠎ ᠶᠢᠨ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃      ︵ᠬᠤᠶᠠᠷ︶ ᠱᠠᠯᠠᠪᠳᠠᠭᠤᠯᠤᠨ ᠵᠢᠯᠤᠭᠤᠳᠴᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ ᠱᠠᠯᠠᠪᠳᠠᠭᠤᠯᠤᠨ ᠰᠢᠯᠭᠠᠬᠤ ᠶᠠᠪᠤᠴᠠ ᠪᠠᠷ ᠭᠠᠷᠳᠠᠴᠠ ᠪᠣᠯᠭᠠᠵᠤ᠂ ᠬᠤᠲᠠ ᠶᠢᠨ ᠨᠠᠷᠢᠯᠢᠭᠵᠢᠭᠤᠯᠤᠨ ᠵᠠᠰᠠᠬᠤ ᠠᠵᠢᠯ ᠤᠨ ᠥᠷᠨᠢᠯᠲᠡ ᠶᠢ ᠠᠬᠢᠭᠤᠯᠵᠤ᠂ ︽ᠪᠥᠬᠦ ᠶᠠᠪᠤᠴᠠ᠂ ᠪᠥᠬᠦ ᠴᠠᠭ᠂ ᠣᠯᠠᠨ ᠬᠦᠷᠢᠶ᠎ᠡ ᠴᠠᠷᠠᠭ᠎ᠠ᠂ ᠥᠷᠭᠡᠨ ᠢᠶᠠᠷ ᠬᠠᠮᠤᠷᠬᠤ︾ ᠱᠠᠯᠠᠪᠳᠠᠭᠤᠯᠤᠨ ᠰᠢᠯᠭᠠᠬᠤ ᠪᠠᠶᠢᠷᠢᠰᠢᠯ ᠢ ᠪᠣᠶ ᠪᠣᠯᠭᠠᠵᠤ᠂ ᠢᠯᠡ ᠪᠠᠷ ᠪᠠᠶᠢᠴᠠᠭᠠᠬᠤ᠂ ᠳᠠᠯᠳᠠᠭᠤᠷ ᠪᠠᠶᠢᠴᠠᠭᠠᠬᠤ᠂ ᠰᠤᠭᠤᠴᠢᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠬᠤ᠂ ᠰᠢᠯᠭᠠᠨ ᠪᠠᠶᠢᠴᠠᠭᠠᠬᠤ ᠵᠡᠷᠭᠡ ᠣᠯᠠᠨ ᠬᠡᠯᠪᠡᠷᠢ ᠪᠠᠷ ᠱᠠᠯᠠᠪᠳᠠᠭᠤᠯᠤᠨ ᠰᠢᠯᠭᠠᠬᠤ ᠠᠵᠢᠯ ᠢ ᠥᠷᠨᠢᠭᠦᠯᠬᠦ ᠶᠢ ᠴᠢᠩᠭᠠᠳᠬᠠᠬᠤ ᠬᠡᠷᠡᠭᠲᠡᠢ᠃ ᠬᠢᠨᠠᠨ ᠵᠢᠯᠤᠭᠤᠳᠴᠤ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠤᠣᠯᠳᠠᠯᠭ᠎ᠠ ᠲᠠᠢ ᠠᠵᠢᠯ ᠳᠤ ︽ᠠᠬᠢᠴᠠ ᠶᠢ ᠴᠠᠭ ᠲᠤᠬᠠᠢ ᠳᠤᠨᠢ ᠰᠢᠨᠡᠳᠬᠡᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠠᠰᠠᠭᠤᠳᠠᠯ ᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ︾᠎ ᠶᠢ ᠪᠡᠶᠡᠯᠡᠭᠦᠯᠬᠦ ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠬᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠶᠢ ᠥᠷᠨᠢᠭᠦᠯᠵᠦ᠂ ᠭᠤᠣᠯᠳᠠᠯᠭ᠎ᠠ ᠲᠠᠢ ᠱᠠᠯᠠᠪᠳᠠᠭᠤᠯᠤᠨ ᠵᠢᠯᠤᠭᠤᠳᠴᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠲᠤᠷᠰᠢᠯᠭ᠎ᠠ ᠪᠠᠨ ᠳ᠋ᠦᠩᠨᠡᠬᠦ ᠬᠡᠷᠡᠭᠲᠡᠢ᠃ ᠠᠵᠢᠯ ᠳᠠᠭᠠᠨ ᠲᠣᠪᠣᠶᠢᠮ᠎ᠠ ᠦᠷ᠎ᠡ ᠪᠦᠲᠦᠮᠵᠢ ᠲᠠᠢ ᠶᠢ ᠨᠢ ᠰᠠᠶᠢᠰᠢᠶᠠᠨ ᠬᠥᠬᠢᠭᠦᠯᠵᠦ᠂ ᠠᠬᠢᠭᠤᠯᠤᠭᠰᠠᠨ ᠢᠶᠠᠷ ᠬᠦᠴᠦᠨ ᠦᠭᠡᠢ᠂ ᠦᠷ᠎ᠡ ᠪᠦᠲᠦᠮᠵᠢ ᠪᠠᠷ ᠬᠤᠴᠤᠷᠤᠩᠭᠤᠢ ᠪᠠᠶᠢᠬᠤ ᠶᠢ ᠨᠢ ᠮᠡᠳᠡᠭᠡᠯᠡᠬᠦ ᠪᠠ ᠬᠠᠷᠢᠭᠤᠴᠠᠯᠭ᠎ᠠ ᠬᠡᠯᠡᠯᠴᠡᠨ᠎ᠡ᠃ ᠬᠤᠲᠠ ᠶᠢᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠤᠨ ᠳᠦᠷᠢᠮ ᠢ ᠪᠠᠶᠢᠭᠤᠯᠵᠤ᠂ ᠲᠤᠰᠬᠠᠶᠢᠵᠢᠭᠰᠠᠨ ᠠᠵᠢᠯ ᠤᠨ ᠪᠠᠷᠢᠮᠵᠢᠶ᠎ᠠ ᠪᠠ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠬᠠᠮᠢᠶᠠᠷᠤᠯᠲᠠ ᠶᠢᠨ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠮᠲᠤᠪᠠᠷ ᠵᠠᠰᠠᠬᠤ ᠬᠦᠴᠦᠨ ᠴᠢᠳᠠᠪᠤᠷᠢ ᠶᠢ ᠬᠠᠮᠤᠭ ᠤᠨ ᠶᠡᠭᠡ ᠪᠠᠷ ᠪᠠᠳᠠᠷᠠᠭᠤᠯᠤᠨ᠎ᠠ᠃      ︵ᠭᠤᠷᠪᠠ︶ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠬᠤᠳᠠ ᠶᠢᠨ ᠬᠠᠮᠢᠶᠠᠷᠤᠯᠲᠠ ᠶᠢᠨ ᠨᠡᠶᠢᠯᠡᠮᠡᠯ ᠦᠷ᠎ᠡ ᠠᠰᠢᠭ ᠢ ᠳᠡᠭᠡᠭᠰᠢᠯᠡᠭᠦᠯᠵᠦ᠂ ᠠᠵᠢᠯ ᠲᠦᠷᠦᠯ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠡᠭᠦᠳᠡᠨ ᠡᠮᠦᠨ᠎ᠡ ᠬᠤᠶᠢᠨ᠎ᠠ ᠭᠤᠷᠪᠠ ᠶᠢ ᠳᠠᠭᠠᠭᠠᠴᠢᠯᠠᠭᠤᠯᠬᠤ︾ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠢᠨᠲ᠋ᠧᠷ ᠰᠦᠯᠵᠢᠶᠡᠨ ᠤ ᠮᠡᠷᠭᠡᠵᠢᠯ ᠳᠤ ᠲᠦᠰᠢᠭᠯᠡᠵᠦ᠂ ᠬᠤᠳᠠ ᠶᠢᠨ ᠠᠷᠠᠳ ᠤᠨ ᠬᠠᠷᠢᠯᠴᠠᠨ ᠬᠥᠳᠡᠯᠦᠯᠴᠡᠬᠦ ᠲᠠᠪᠴᠠᠩ ᠤᠨ ᠪᠠᠶᠢᠭᠤᠯᠤᠯᠲᠠ ᠶᠢ ᠴᠢᠨᠠᠭᠰᠢᠳᠠ ᠲᠡᠭᠦᠯᠳᠡᠷᠵᠢᠭᠦᠯᠵᠦ᠂ ᠬᠤᠳᠠ ᠶᠢᠨ ᠠᠷᠠᠳ ᠤᠨ ᠬᠤᠳᠠ ᠶᠢᠨ ᠬᠠᠮᠢᠶᠠᠷᠤᠯᠲᠠ ᠳᠤ ᠣᠷᠤᠯᠴᠠᠬᠤ ᠮᠡᠷᠭᠡᠵᠢᠯ ᠤᠨ ᠪᠠᠬᠢᠯᠡᠯᠲᠡ ᠶᠢ ᠨᠠᠪᠲᠠᠷᠡᠭᠦᠯᠵᠦ᠂ ︽ᠥᠪᠡᠷᠲᠡᠭᠡᠨ ᠵᠠᠰᠠᠬᠤ︾ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠳᠠ ᠶᠢᠨ ᠨᠠᠷᠢᠯᠢᠭᠵᠢᠭᠤᠯᠤᠨ ᠵᠠᠰᠠᠬᠤ ︽ᠳᠣᠲᠣᠭᠠᠳᠤ ᠬᠦᠴᠦᠨ︾᠎ ᠢ ᠳᠡᠭᠡᠭᠰᠢᠯᠡᠭᠦᠯᠬᠦ ᠬᠡᠷᠡᠭᠲᠡᠢ᠃ ᠬᠠᠤᠯᠢ ᠶᠢ ᠵᠣᠬᠢᠶᠠᠨ ᠪᠠᠶᠢᠭᠤᠯᠬᠤ᠂ ᠬᠠᠤᠯᠢ ᠶᠢ ᠬᠡᠷᠡᠭᠯᠡᠬᠦ ᠶᠢ ᠬᠥᠲᠥᠯᠥᠨ ᠵᠢᠯᠤᠭᠤᠳᠬᠤ᠂ ᠬᠠᠤᠯᠢ ᠶᠢ ᠰᠠᠬᠢᠬᠤ ᠶᠢ ᠳᠠᠶᠢᠴᠢᠯᠠᠬᠤ ᠵᠡᠷᠭᠡ ᠰᠠᠶᠢᠨ ᠨᠥᠬᠦᠴᠡᠯᠳᠦᠯ ᠢᠶᠠᠷ ᠳᠠᠮᠵᠢᠭᠤᠯᠤᠨ᠂ ᠬᠠᠤᠯᠢ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ︽ᠬᠠᠤᠯᠢ ᠪᠠᠷ ᠵᠠᠰᠠᠬᠤ︾ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠳᠠ ᠶᠢᠨ ᠨᠠᠷᠢᠯᠢᠭᠵᠢᠭᠤᠯᠤᠨ ᠵᠠᠰᠠᠬᠤ ︽ᠬᠠᠲᠠᠭᠤ ᠪᠣᠳᠠᠲᠤ ᠬᠦᠴᠦᠨ︾᠎ ᠢ ᠳᠡᠭᠡᠭᠰᠢᠯᠡᠭᠦᠯᠵᠦ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠢᠨ᠎ᠡ ᠪᠠᠶᠢᠷᠢᠰᠢᠯ ᠢ ᠪᠡᠶᠡᠯᠡᠭᠦᠯᠦᠨ᠎ᠡ᠃      ︵ᠳᠥᠷᠪᠡ︶ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠠᠷᠠᠳ ᠲᠦᠮᠡᠨ ᠤ ᠬᠡᠷᠡᠭᠴᠡᠭᠡ ᠪᠠᠷ ᠭᠤᠣᠯ ᠪᠣᠯᠭᠠᠨ᠂ ︽ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ᠂ ᠠᠯᠬᠤᠮ ᠠᠯᠬᠤᠮ ᠢᠶᠠᠷ ᠠᠬᠢᠭᠤᠯᠬᠤ᠂ ᠪᠦᠬᠦ ᠲᠠᠯ᠎ᠠ ᠪᠠᠷ ᠳᠡᠭᠡᠭᠰᠢᠯᠡᠭᠦᠯᠬᠦ︾ ᠰᠡᠳᠬᠢᠴᠡ ᠶᠣᠰᠣᠭᠠᠷ᠂ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ᠂ ᠨᠡᠮᠡᠭᠳᠡᠯ ᠣᠷᠣᠨ ᠵᠠᠢ ᠶᠢᠨ ᠥᠨᠳᠥᠷ ᠲᠦᠪᠰᠢᠨ ᠤ ᠵᠠᠰᠠᠯᠲᠠ ᠪᠠ ᠦᠯᠡᠳᠡᠭᠡᠯ ᠣᠷᠣᠨ ᠵᠠᠢ ᠶᠢᠨ ᠨᠠᠷᠢᠯᠢᠭ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ᠃ ︽ᠦᠵᠡᠰᠬᠦᠯᠡᠩᠲᠦ ᠰᠠᠶᠢᠬᠠᠨ ᠵᠢᠱᠢᠶ᠎ᠡ ᠦᠵᠡᠭᠦᠯᠬᠦ ᠵᠠᠮ︾᠂ ︽ᠦᠵᠡᠰᠬᠦᠯᠡᠩᠲᠦ ᠰᠠᠶᠢᠬᠠᠨ ᠵᠢᠱᠢᠶ᠎ᠡ ᠦᠵᠡᠭᠦᠯᠬᠦ ᠵᠡᠭᠡᠯᠢ ᠲᠣᠭᠤᠷᠢᠭ︾᠂ ︽ᠬᠠᠮᠤᠭ ᠤᠨ ᠭᠤᠶᠣ ᠬᠤᠳᠠᠯᠳᠤᠭᠠᠴᠢᠨ ᠡᠷᠦᠬᠡ︾᠂ ︽ᠬᠠᠮᠤᠭ ᠤᠨ ᠭᠤᠶᠣ ᠰᠠᠶᠢᠨ ᠳᠤᠷᠠᠴᠤᠤᠯ︾ ᠵᠡᠷᠭᠡ ᠡᠭᠦᠳᠦᠨ ᠪᠠᠶᠢᠭᠤᠯᠵᠤ ᠰᠢᠯᠭᠠᠷᠠᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠬᠤᠲᠠ ᠶᠢᠨ ᠨᠠᠷᠢᠯᠢᠭᠵᠢᠭᠤᠯᠤᠨ ᠵᠠᠰᠠᠬᠤ ᠪᠠᠷᠢᠮᠵᠢᠶ᠎ᠠ ᠳᠤ ᠨᠡᠶᠢᠴᠡᠬᠦ ᠵᠠᠮ᠂ ᠨᠡᠶᠢᠭᠡᠮ ᠲᠣᠭᠤᠷᠢᠭ᠂ ᠠᠭᠤᠳᠠᠮ ᠲᠠᠯᠠᠪᠠᠶ᠂ ᠬᠤᠳᠠᠯᠳᠤᠭᠠᠴᠢᠨ ᠢ ᠪᠣᠶ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠪᠥᠬᠦ ᠲᠠᠯ᠎ᠠ ᠪᠠᠷ ᠠᠬᠢᠭᠤᠯᠵᠤ᠂ ᠬᠠᠮᠲᠤᠪᠠᠷ ᠵᠠᠰᠠᠵᠤ ᠬᠠᠮᠲᠤᠪᠠᠷ ᠭᠥᠷᠳᠡᠬᠦ ᠳᠤᠮᠳᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠲᠠᠰᠤᠷᠠᠯᠲᠠ ᠦᠭᠡᠢ ᠴᠢᠩᠭᠠᠳᠬᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号