ᠴᠢᠩᠱᠠᠨ ᠵᠠᠰᠠᠭ ᠠᠯᠪᠠᠨ ᠲᠠᠷᠬᠠᠭᠠᠭᠰᠠᠨ 〔2022〕 9 ᠳ᠋ᠤᠭᠡᠷ ᠲᠣᠭᠠᠲᠤ | ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ | ︽ᠴᠢᠩᠱᠠᠨ ᠲᠣᠭᠤᠷᠢᠭ ᠤᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭᠠᠨ ᠤ ᠲᠥᠰᠥᠯ︾ | ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠬᠤᠯᠪᠣᠭᠳᠠᠯ ᠪᠦᠬᠦᠢ ᠨᠢᠭᠡᠴᠡ ᠨᠦᠭᠦᠳ᠄ | ︽ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭ᠎ᠠ ᠶᠢᠨ | ᠲᠥᠰᠥᠯ︾ ᠢ ᠲᠣᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2022 ᠣᠨ ᠤ 4 ᠰᠠᠷ᠎ᠠ ᠶᠢᠨ 12 ᠤ ᠡᠳᠦᠷ | ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭᠠᠨ ᠤ ᠲᠥᠰᠥᠯ | ᠠᠮᠤᠷ ᠲᠦᠪᠰᠢᠨ ᠡᠮᠬᠢ ᠳᠢᠭᠯᠢᠮ ᠲᠠᠢ᠂ ᠠᠷᠢᠭᠤᠨ ᠴᠡᠪᠡᠷ ᠬᠡᠭᠡᠨᠴᠢᠷ ᠰᠠᠶᠢᠬᠠᠨ ᠬᠤᠲᠠ ᠶᠢᠨ ᠦᠵᠡᠮᠵᠢ ᠶᠢᠨ | ᠣᠷᠴᠢᠨ ᠲᠣᠭᠤᠷᠢᠨ ᠢ ᠪᠤᠶ ᠪᠤᠯᠭᠠᠵᠦ᠂ ︽ᠬᠤᠸᠠᠷ ᠬᠠᠳᠬᠤᠬᠤ ᠡᠷᠳᠡᠮ︾ ᠢᠶᠠᠷ ᠬᠤᠲᠠ ᠶᠢᠨ ᠵᠠᠰᠠᠯᠲᠠ ᠶᠢ ᠰᠢᠨᠵᠢᠯᠡᠬᠦ | ᠤᠬᠠᠭᠠᠨᠴᠢᠯᠠᠬᠤ᠂ ᠨᠠᠷᠢᠯᠢᠭᠵᠢᠭᠤᠯᠬᠤ᠂ ᠣᠶᠤᠨᠴᠢᠯᠠᠬᠤ ᠶᠢ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ | ᠰᠢᠰᠲ᠋ᠧᠮ ᠢ ᠪᠠᠷᠢᠮᠵᠢᠶᠠᠵᠢᠭᠤᠯᠬᠤ᠂ ᠬᠤᠲᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ᠂ | ᠲᠤᠰᠬᠠᠢ ᠵᠦᠢᠯ ᠤᠨ ᠵᠠᠰᠠᠯᠲᠠ ᠶᠢ ᠲᠥᠷᠥᠯ ᠵᠦᠢᠯ ᠪᠣᠯᠭᠠᠬᠤ᠂ ᠡᠳᠦᠷ ᠲᠤᠲᠤᠮ ᠤᠨ ᠬᠠᠮᠢᠶᠠᠷᠤᠯᠲᠠ ᠶᠢ ᠤᠷᠲᠤ | ᠬᠤᠭᠤᠴᠠᠭ᠎ᠠ ᠬᠦᠴᠦᠨ ᠲᠠᠢ ᠪᠣᠯᠭᠠᠬᠤ᠂ ᠬᠠᠮᠢᠶᠠᠷᠤᠯᠲᠠ ᠶᠢᠨ ᠲᠠᠪᠴᠠᠩ ᠢ ᠤᠶᠤᠨᠵᠢᠭᠤᠯᠬᠤ᠂ ᠡᠩᠨᠡᠭᠡ ᠶᠢᠨ | ᠪᠠᠶᠢᠭᠤᠯᠤᠯᠲᠠ ᠶᠢ ᠵᠢᠷᠤᠮᠵᠢᠭᠤᠯᠬᠤ ᠵᠡᠷᠭᠡ ᠵᠢᠷᠭᠤᠭᠠᠨ ᠲᠠᠯ᠎ᠠ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠬᠤᠲᠠ ᠶᠢᠨ | ᠨᠠᠷᠢᠯᠢᠭᠵᠢᠭᠤᠯᠬᠤ᠂ ᠪᠠᠶᠢᠩᠭᠤᠵᠢᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠪᠠ ᠪᠠᠬᠢᠵᠢᠭᠦᠯᠵᠦ᠂ ᠬᠤᠲᠠ ᠶᠢᠨ ᠵᠠᠰᠠᠯᠲᠠ ᠶᠢᠨ ᠰᠢᠰᠲ᠋ᠧᠮᠵᠢ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠶᠢᠨ ᠲᠦᠯᠦᠭᠡ᠂ | ᠣᠨᠴᠠᠭᠠᠶᠢᠯᠠᠨ ᠲᠣᠰ ᠠᠵᠢᠯᠯᠠᠭ᠎ᠠ ᠶᠢᠨ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠤᠲᠠ ᠶᠢᠨ ᠬᠠᠮᠢᠶᠠᠷᠤᠯᠲᠠ | ᠬᠢᠭᠡᠳ ᠨᠡᠶᠢᠭᠡᠮ ᠤᠨ ᠵᠠᠰᠠᠯᠲᠠ ᠵᠡᠷᠭᠡ ᠶᠢᠨ ᠲᠤᠬᠠᠢ ᠰᠢᠷᠢᠰ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ︽ᠠᠷᠠᠳ ᠲᠦᠮᠡᠨ ᠤ ᠲᠥᠯᠥᠭᠡ ᠬᠤᠲᠠ ᠶᠢ ᠬᠠᠮᠢᠶᠠᠷᠬᠤ︾ ᠠᠵᠢᠯ ᠤᠨ ᠣᠶᠢᠯᠠᠭᠠᠭᠳᠠᠬᠤᠨ ᠢ | ᠪᠠᠲᠤ ᠪᠠᠬᠢ ᠪᠤᠶ ᠪᠣᠯᠭᠠᠵᠤ᠂ ︽ᠪᠠᠷᠢᠮᠵᠢᠶᠠᠵᠢᠭᠤᠯᠬᠤ᠂ ᠨᠠᠷᠢᠯᠢᠭᠵᠢᠭᠤᠯᠬᠤ᠂ ᠦᠢᠯᠡᠴᠢᠯᠡᠭᠦᠯᠬᠦ︾ ᠠᠵᠢᠯ ᠤᠨ ᠰᠡᠳᠬᠢᠴᠡ | ᠶᠣᠰᠣᠭᠠᠷ᠂ ᠲᠤᠤᠷᠴᠢᠯᠠᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠬᠤᠳᠠ ᠶᠢᠨ ᠪᠠᠶᠢᠩᠭᠤᠵᠢᠭᠰᠠᠨ | ᠬᠠᠮᠢᠶᠠᠷᠤᠯᠲᠠ ᠶᠢ ᠴᠢᠩᠭᠠᠳᠬᠠᠨ᠂ ᠬᠤᠳᠠ ᠶᠢᠨ ᠬᠠᠮᠢᠶᠠᠷᠤᠯᠲᠠ ᠶᠢᠨ ᠠᠷᠬᠠᠭ ᠭᠡᠮ ᠢ ᠵᠠᠰᠠᠬᠤ ᠠᠵᠢᠯ ᠢ ᠴᠢᠩᠭ᠎ᠠ | ᠠᠳᠬᠤᠵᠤ᠂ ᠨᠠᠷᠢᠯᠢᠭᠵᠢᠭᠤᠯᠤᠭᠰᠠᠨ᠂ ᠪᠠᠷᠢᠮᠵᠢᠶᠠᠵᠢᠭᠤᠯᠤᠭᠰᠠᠨ ᠦᠨᠳᠦᠰᠦᠯᠡᠯ ᠪᠠ ᠠᠷᠭ᠎ᠠ ᠪᠠᠷ ᠬᠤᠳᠠ ᠶᠢ | ᠬᠠᠮᠢᠶᠠᠷᠬᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠬᠤᠳᠠ ᠶᠢᠨ | ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠪᠠᠶᠢᠬᠤ ᠶᠢ | ᠠᠬᠢᠭᠤᠯᠵᠤ᠂ ︽ᠠᠷᠢᠭᠤᠨ ᠴᠡᠪᠡᠷ᠂ ᠡᠮᠬᠢ ᠵᠢᠷᠤᠮ ᠲᠠᠢ᠂ ᠬᠠᠯᠠᠭᠤᠨ ᠳᠣᠲᠣᠨᠣ᠂ ᠡᠶ᠎ᠡ ᠵᠣᠬᠢᠴᠠᠯ ᠲᠠᠢ︾ ᠬᠤᠳᠠ ᠶᠢᠨ | ᠣᠷᠴᠢᠨ ᠨᠥᠬᠦᠴᠡᠯ ᠢ ᠪᠤᠢ ᠪᠣᠯᠭᠠᠨ᠎ᠠ᠃ | ᠬᠤᠶᠠᠷ᠂ ᠠᠵᠢᠯᠯᠠᠭᠠᠨ ᠤ ᠬᠠᠷᠠᠯᠲᠠ | ᠬᠤᠳᠠ ᠶᠢ ᠨᠡᠩ ᠠᠮᠤᠷ ᠲᠦᠪᠰᠢᠨ ᠡᠮᠬᠢ ᠵᠢᠷᠤᠮ ᠲᠠᠢ᠂ ᠨᠡᠩ ᠠᠷᠢᠭᠤᠨ ᠴᠡᠪᠡᠷ ᠭᠤᠶᠤ ᠰᠠᠶᠢᠬᠠᠨ ᠪᠣᠯᠭᠠᠬᠤ | ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠲᠣᠣᠷᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ | ᠥᠷᠭᠡᠳᠬᠡᠵᠦ᠂ ᠬᠤᠳᠠ ᠶᠢᠨ ᠡᠮᠬᠢ ᠵᠠᠮᠪᠠᠷᠠᠭ᠎ᠠ ᠦᠭᠡᠢ ᠦᠵᠡᠭᠳᠡᠯ ᠤᠨ ᠬᠠᠮᠢᠶᠠᠷᠤᠯᠲᠠ ᠶᠢ ᠴᠢᠩᠭ᠎ᠠ ᠠᠳᠬᠤᠵᠤ᠂ | ᠬᠤᠳᠠ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠎ᠠ᠃ ︽ᠬᠤᠷᠸ᠎ᠠ ᠪᠠᠷᠢᠮᠵᠢᠶ᠎ᠠ ᠳᠥᠭᠦᠮ᠂ | ᠪᠢᠴᠢᠯ ᠬᠠᠮᠢᠶᠠᠷᠤᠯᠲᠠ ᠨᠠᠷᠢᠯᠢᠭ︾ ᠭᠡᠬᠦ ᠣᠶᠢᠯᠠᠭᠠᠭᠳᠠᠬᠤᠨ ᠢᠶᠠᠷ᠂ ᠬᠤᠲᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠢᠨᠵᠧᠨᠧᠷᠢᠩ ᠢ ᠡᠬᠢᠯᠡᠭᠦᠯᠵᠦ᠂ ︽ᠶᠡᠭᠡ ᠬᠤᠲᠠ ᠶᠢᠨ ᠬᠠᠮᠢᠶᠠᠷᠤᠯᠲᠠ︾ ᠶᠢᠨ ᠪᠠᠶᠢᠷᠢᠰᠢᠯ ᠢ | ᠪᠠᠶᠢᠭᠤᠯᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠪᠠᠷᠢᠮᠵᠢᠶ᠎ᠠ ᠪᠠ ᠵᠢᠷᠤᠮᠵᠢᠯ ᠢ ᠤᠯᠠᠮ ᠨᠢᠭᠡ ᠠᠯᠬᠤᠮ | ᠢᠯᠭᠠᠷᠠᠭᠤᠯᠤᠨ ᠨᠠᠷᠢᠯᠢᠭᠵᠢᠭᠤᠯᠵᠤ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠵᠥᠭᠡᠯᠡᠨ᠂ | ᠬᠠᠲᠠᠭᠤ ᠬᠡᠷᠡᠭᠰᠡᠯ ᠤᠨ ᠲᠦᠭᠦᠭᠡᠷᠦᠮᠵᠢ ᠶᠢ ᠳᠡᠭᠡᠭᠰᠢᠯᠡᠭᠦᠯᠵᠦ᠂ ᠬᠡᠷᠡᠭ ᠤᠨ ᠡᠮᠦᠨ᠎ᠡ ᠬᠡᠷᠡᠭ ᠤᠨ ᠳᠤᠮᠳᠠ ᠬᠡᠷᠡᠭ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ | ᠬᠤᠲᠠ ᠶᠢᠨ ᠬᠠᠮᠢᠶᠠᠷᠤᠯᠲᠠ ᠶᠢᠨ ᠠᠵᠢᠯ ᠨᠢᠭᠡᠪᠦᠷᠢ ᠶᠢᠨ ᠠᠭᠤᠯᠭ᠎ᠠ ᠶᠢ ᠪᠣᠳᠠᠲᠠᠢ᠂ ᠴᠤᠪᠤᠷᠠᠯ ᠢ ᠲᠣᠳᠣᠷᠬᠠᠢ᠂ | ᠪᠠᠷᠢᠮᠵᠢᠶ᠎ᠠ ᠶᠢ ᠨᠢᠭᠡᠳᠦᠯᠲᠡᠢ᠂ ᠦᠶᠯᠡ ᠠᠵᠢᠯᠯᠠᠭ᠎ᠠ ᠶᠢ ᠵᠢᠷᠤᠮᠵᠢᠯ ᠲᠠᠢ ᠪᠣᠯᠭᠠᠵᠤ᠂ ᠬᠤᠲᠠ ᠶᠢᠨ ᠦᠢᠯᠡᠴᠢᠯᠡᠭᠡᠨ ᠤ | ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠤᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ | ᠬᠤᠲᠠ ᠶᠢᠨ ᠳᠦᠷᠰᠦ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠳᠦᠷᠢ ᠲᠥᠷᠬᠦ ᠶᠢ ᠪᠣᠶ ᠪᠣᠯᠭᠠᠨ᠎ᠠ᠃ | ᠭᠤᠷᠪᠠ᠂ ᠠᠵᠢᠯ ᠤᠨ ᠵᠠᠷᠴᠢᠮ | ︵ᠨᠢᠭᠡ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠵᠠᠷᠴᠢᠮ᠃ ᠬᠤᠳᠠ ᠶᠢ ᠨᠠᠷᠢᠯᠢᠭᠵᠢᠭᠤᠯᠤᠨ ᠵᠠᠰᠠᠬᠤ | ᠳᠤᠮᠳᠠᠬᠢ ᠲᠣᠪᠣᠶᠢᠮ᠎ᠠ ᠠᠰᠠᠭᠤᠳᠠᠯ ᠪᠠ ᠵᠥᠷᠢᠶ᠎ᠡ ᠶᠢᠨ ᠳᠤᠲᠠᠭᠤᠳᠠᠯ ᠤᠨ ᠲᠣᠭᠤᠷᠢᠨ ᠳᠤ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠬᠦ ᠪᠠᠷ ᠪᠠᠷᠠᠬᠤ ᠦᠭᠡᠢ ᠦᠨᠳᠦᠰᠦ ᠰᠤᠷᠪᠤᠯᠵᠢ ᠶᠢ ᠨᠢ ᠭᠦᠨ ᠠᠭᠤᠳᠠᠯᠵᠤ᠂ | ᠦᠵᠡᠭᠳᠡᠯ ᠢ ᠰᠤᠳᠤᠯᠤᠨ ᠮᠠᠭᠠᠳᠯᠠᠬᠤ ᠮᠥᠷᠲᠡᠭᠡᠨ ᠮᠥᠨ ᠴᠢᠨᠠᠷ ᠢ ᠨᠢ ᠨᠡᠩ ᠡᠵᠡᠮᠳᠡᠬᠦ ᠬᠡᠷᠡᠭᠲᠡᠢ᠃ ︽ᠵᠠᠰᠠᠯᠲᠠ ᠨᠢ | ᠠᠰᠠᠭᠤᠳᠠᠯ ᠢ ᠲᠠᠭᠠᠨ ᠶᠠᠪᠤᠬᠤ︾ ᠵᠠᠷᠴᠢᠮ ᠶᠣᠰᠣᠭᠠᠷ᠂ ᠬᠡᠮ ᠰᠣᠭᠤᠭ ᠢ ᠨᠢ ᠣᠨᠣᠪᠴᠢᠲᠠᠢ ᠡᠷᠢᠵᠦ᠂ ᠪᠣᠳᠠᠲᠠᠢ ᠠᠷᠭ᠎ᠠ | ᠬᠡᠮᠵᠢᠶ᠎ᠡ ᠳᠤᠷᠠᠳᠴᠤ᠂ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠬᠤᠳᠠ ᠶᠢᠨ ᠵᠠᠰᠠᠯᠲᠠ ᠶᠢ ᠨᠠᠷᠢᠯᠢᠭᠵᠢᠭᠤᠯᠬᠤ | ᠬᠡᠷᠡᠭᠲᠡᠢ᠃ | ︵ᠬᠤᠶᠠᠷ︶ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠵᠠᠷᠴᠢᠮ᠃ ᠵᠠᠰᠠᠯᠲᠠ ᠶᠢᠨ ᠦᠷ᠎ᠡ ᠪᠦᠲᠦᠮᠵᠢ ᠪᠠᠷ | ᠠᠵᠢᠯ ᠢ ᠬᠡᠮᠵᠢᠬᠦ ᠬᠠᠮᠤᠭ ᠤᠨ ᠥᠨᠳᠥᠷ ᠪᠠᠷᠢᠮᠵᠢᠶ᠎ᠠ ᠪᠠ ᠴᠤᠷ ᠤᠨ ᠭᠠᠭᠴᠠ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠨ᠎ᠠ᠃ | ᠬᠠᠷᠠᠯᠲᠠ ᠶᠢ ᠴᠢᠩᠭ᠎ᠠ ᠠᠩᠬᠠᠷᠴᠤ᠂ ᠭᠤᠣᠯᠳᠠᠯᠭ᠎ᠠ ᠶᠢ ᠲᠣᠪᠤᠶᠢᠯᠭᠠᠨ᠂ ᠲᠥᠪᠯᠡᠷᠡᠯ ᠤᠨ ᠴᠡᠭ ᠤᠨ ᠲᠣᠭᠤᠷᠢᠨ ᠳᠤ | ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠢᠯᠠᠰ ᠴᠡᠭ ᠢ ᠡᠭᠦᠳᠴᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠣᠳᠣᠬᠠᠨ ᠤ ᠬᠤᠳᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠳᠤᠮᠳᠠᠬᠢ ᠠᠷᠬᠠᠭ ᠭᠡᠮ ᠪᠠ ᠪᠣᠭᠤᠮᠢ ᠶᠢ ᠦᠨᠡᠨᠬᠦ ᠰᠢᠢᠳᠪᠦᠷᠢᠯᠡᠵᠦ᠂ | ᠬᠤᠳᠠ ᠶᠢᠨ ᠨᠠᠷᠢᠯᠢᠭᠵᠢᠭᠤᠯᠤᠭᠰᠠᠨ ᠵᠠᠰᠠᠯᠲᠠ ᠶᠢᠨ ᠲᠦᠪᠰᠢᠨ ᠤ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ | ︵ᠭᠤᠷᠪᠠ︶ ᠬᠠᠮᠲᠤᠪᠠᠷ ᠵᠠᠰᠠᠬᠤ ᠤᠳᠤᠷᠢᠳᠤᠮᠵᠢ ᠶᠢᠨ ᠵᠠᠷᠴᠢᠮ᠃ ᠬᠤᠳᠠ ᠶᠢᠨ ᠨᠠᠷᠢᠯᠢᠭᠵᠢᠭᠤᠯᠤᠨ ᠵᠠᠰᠠᠬᠤ | ᠳᠦᠷᠢᠮ᠂ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ | ᠣᠷᠳᠣᠨ ᠬᠠᠷᠢᠭᠤᠴᠠᠬᠤ᠂ ᠨᠡᠶᠢᠭᠡᠮ ᠢᠶᠠᠷ ᠢᠶᠠᠨ ᠬᠠᠮᠵᠢᠯᠴᠠᠬᠤ᠂ ᠤᠯᠠᠨ ᠨᠡᠶᠢᠲᠡ ᠪᠠᠷ ᠢᠶᠠᠨ ᠣᠷᠤᠯᠴᠠᠬᠤ᠂ ᠬᠠᠤᠯᠢ ᠪᠠᠷ | ᠵᠠᠰᠠᠬᠤ ᠶᠢ ᠪᠠᠲᠤᠯᠠᠬᠤ︾ ᠬᠤᠳᠠ ᠶᠢᠨ ᠵᠠᠰᠠᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠬᠤᠳᠠ ᠶᠢᠨ | ᠨᠠᠷᠢᠯᠢᠭᠵᠢᠭᠤᠯᠤᠭᠰᠠᠨ ᠵᠠᠰᠠᠯᠲᠠ ᠶᠢᠨ ᠨᠡᠶᠢᠭᠡᠮᠴᠢᠯᠡᠭᠰᠡᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ | ᠬᠢᠨ ᠤ ᠣᠷᠤᠯᠴᠠᠬᠤ ᠶᠢ ᠭᠦᠢᠴᠡᠳ ᠳᠠᠶᠢᠴᠢᠯᠠᠨ᠂ ᠪᠥᠬᠦ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠳᠡᠪᠬᠢ ᠦᠢᠯᠡᠳᠦᠯ ᠢ ᠪᠠᠳᠠᠷᠠᠭᠤᠯᠤᠨ᠂ ᠠᠵᠤ ᠠᠬᠤᠶᠢᠯᠠᠯ ᠤᠨ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠰᠠᠭᠤᠭ᠎ᠠ ᠨᠢᠭᠡᠴᠡ ᠶᠢᠨ ᠬᠠᠮᠵᠢᠯᠴᠠᠬᠤ ᠶᠢ ᠠᠬᠢᠭᠤᠯᠤᠨ᠂ ᠣᠯᠠᠨ | ᠨᠡᠶᠢᠲᠡ ᠶᠢᠨ ᠡᠮᠬᠢ ᠵᠢᠷᠤᠮ ᠲᠠᠢ ᠣᠷᠤᠯᠴᠠᠬᠤ ᠶᠢ ᠥᠷᠭᠡᠳᠬᠡᠵᠦ᠂ ᠬᠠᠮᠲᠤᠪᠠᠷ ᠵᠠᠰᠠᠬᠤ ᠪᠠᠶᠢᠷᠢᠰᠢᠯ ᠢ ᠪᠡᠶᠡᠯᠡᠭᠦᠯᠦᠨ᠎ᠡ᠃ | ᠳᠥᠷᠪᠡ᠂ ᠭᠤᠣᠯᠳᠠᠯᠭ᠎ᠠ ᠲᠠᠢ ᠡᠭᠦᠷᠭᠡ | ︵ᠨᠢᠭᠡ︶ ᠬᠤᠳᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠷᠢᠮᠵᠢᠶᠠᠵᠢᠭᠤᠯᠬᠤ | ᠪᠠᠷᠢᠮᠵᠢᠶᠠᠵᠢᠭᠤᠯᠤᠨ ᠵᠠᠰᠠᠬᠤ ᠬᠤᠲᠠ ᠶᠢᠨ ᠣᠨᠣᠯᠵᠢᠬᠤᠨ ᠢ ᠪᠣᠶ ᠪᠣᠯᠭᠠᠵᠤ᠂ ᠮᠠᠨ ᠤ ᠲᠤᠭᠤᠷᠢᠭ ᠤᠨ | ᠪᠣᠳᠠᠲᠠᠢ ᠲᠠᠢ ᠪᠠᠨ ᠤᠶᠠᠯᠳᠤᠭᠤᠯᠤᠨ᠂ ᠬᠤᠲᠠ ᠶᠢᠨ ᠬᠠᠮᠢᠶᠠᠷᠤᠯᠲᠠ ᠶᠢᠨ ᠲᠠᠯ᠎ᠠ ᠳᠤ ᠬᠤᠯᠪᠣᠭᠳᠠᠬᠤ ᠵᠠᠰᠠᠬᠤ | ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠪᠠᠷᠢᠮᠵᠢᠶᠠᠵᠢᠭᠤᠯᠬᠤ ᠪᠠᠷ ᠬᠤᠲᠠ ᠶᠢᠨ ᠨᠠᠷᠢᠯᠢᠭᠵᠢᠭᠤᠯᠤᠨ | ᠵᠠᠰᠠᠬᠤ ᠶᠢ ᠠᠬᠢᠭᠤᠯᠤᠨ᠎ᠠ᠃ ᠥᠨᠳᠥᠷ ᠪᠠᠷᠢᠮᠵᠢᠶ᠎ᠠ᠂ ᠨᠠᠷᠢᠯᠢᠭᠵᠢᠭᠤᠯᠬᠤ᠂ ᠬᠡᠮᠵᠢᠶᠡᠵᠢᠭᠦᠯᠬᠦ᠂ ᠪᠣᠳᠠᠲᠠᠶᠢᠵᠢᠭᠤᠯᠬᠤ | ᠵᠠᠷᠴᠢᠮ ᠢ ᠪᠠᠷᠢᠮᠲᠠᠯᠠᠵᠤ᠂ ᠬᠤᠲᠠ ᠶᠢᠨ ᠵᠠᠮ ᠤᠨ ᠱᠠᠲᠤ ᠬᠤᠪᠢᠶᠠᠨ ᠬᠠᠮᠢᠶᠠᠷᠬᠤ ᠪᠠᠷᠢᠮᠵᠢᠶ᠎ᠠ ᠶᠢ ᠦᠨᠳᠦᠰᠦᠯᠡᠨ᠂ | ᠭᠤᠣᠯ ᠳᠡᠳ᠋ ᠵᠠᠮ ᠤᠨ ᠰᠠᠭᠤᠷᠢ ᠪᠡᠯᠡᠳᠬᠡᠮᠵᠢ᠂ ᠭᠠᠵᠠᠷ ᠳᠡᠭᠡᠷᠡᠬᠢ ᠠᠷᠢᠭᠤᠨ ᠴᠡᠪᠡᠷ᠂ ᠵᠡᠭᠡᠯᠢ ᠭᠤᠳᠤᠮᠵᠢ ᠶᠢᠨ ᠡᠮᠬᠢ | ᠳᠢᠭᠯᠢᠮ᠂ ᠣᠷᠣᠨ ᠪᠦᠰᠡ ᠶᠢᠨ ᠦᠵᠡᠮᠵᠢ ᠵᠡᠷᠭᠡ ᠲᠠᠯ᠎ᠠ ᠶᠢᠨ ᠬᠤᠲᠠ ᠶᠢᠨ ᠳᠦᠷᠰᠦ ᠪᠠᠶᠢᠳᠠᠯ ᠤᠨ ᠬᠠᠮᠢᠶᠠᠷᠤᠯᠲᠠ ᠶᠢᠨ | ᠪᠠᠷᠢᠮᠵᠢᠶ᠎ᠠ ᠶᠢ ᠣᠷᠣᠨ ᠬᠤᠪᠢᠶᠠᠵᠤ ᠲᠥᠷᠥᠯ ᠬᠤᠪᠢᠶᠠᠨ ᠲᠣᠭᠲᠠᠭᠠᠨ᠎ᠠ᠃ ᠣᠷᠣᠨ ᠵᠠᠢ ᠶᠢᠨ ᠡᠮᠬᠢ ᠳᠢᠭᠯᠢᠮ ᠢ ᠭᠤᠶᠣ | ᠰᠠᠶᠢᠬᠠᠨ᠂ ᠵᠢᠷᠤᠮᠵᠢᠯ ᠲᠠᠢ᠂ ᠡᠮᠬᠢ ᠵᠢᠷᠤᠮ ᠲᠠᠢ ᠪᠠᠶᠢᠯᠭᠠᠬᠤ ᠵᠠᠷᠴᠢᠮ ᠢ ᠪᠠᠷᠢᠮᠲᠠᠯᠠᠵᠤ᠂ ᠣᠲᠣ ᠶᠢᠨ ᠪᠠᠶᠢᠭ᠎ᠠ ᠣᠷᠣᠨ | ᠵᠠᠢ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢᠨ ᠠᠰᠠᠭᠤᠳᠠᠯ ᠢ ᠡᠮᠬᠢᠯᠡᠨ ᠳᠢᠭᠯᠡᠵᠦ᠂ ᠲᠡᠷᠢᠭᠦᠨ ᠤ ᠭᠠᠵᠠᠷ ᠣᠷᠣᠨ ᠤ | ᠬᠠᠮᠢᠶᠠᠷᠤᠯᠲᠠ ᠶᠢᠨ ᠪᠠᠷᠢᠮᠵᠢᠶ᠎ᠠ ᠲᠠᠢ ᠬᠠᠷᠢᠴᠠᠭᠤᠯᠵᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠷᠣᠨ ᠵᠠᠢ ᠶᠢᠨ | ᠡᠮᠬᠢ ᠳᠢᠭᠯᠢᠮ ᠤᠨ ᠪᠠᠷᠢᠮᠵᠢᠶ᠎ᠠ ᠶᠢ ᠲᠣᠭᠲᠠᠭᠠᠨ᠎ᠠ᠃ ᠪᠣᠰᠤᠭ᠎ᠠ ᠨᠢᠭᠤᠷ᠂ ᠣᠷᠣᠨ ᠵᠠᠢ ᠶᠢᠨ ᠭᠡᠷ ᠤᠨ ᠭᠠᠳᠠᠨᠠᠬᠢ ᠵᠠᠷ | ᠮᠡᠳᠡᠭᠡ᠂ ᠬᠤᠳᠠᠯᠳᠤᠭᠠᠨ ᠤ ᠫᠠᠶᠢᠰᠠ ᠵᠢᠭᠠᠯᠲᠠ ᠶᠢᠨ ᠫᠠᠶᠢᠰᠠ᠂ ᠬᠤᠳᠠ ᠶᠢᠨ ᠦᠵᠡᠮᠵᠢ ᠶᠢᠨ ᠱᠤᠭᠤᠮᠠᠯ ᠵᠡᠷᠭᠡ ᠭᠡᠷ ᠤᠨ | ᠭᠠᠳᠠᠨᠠᠬᠢ ᠣᠷᠣᠨ ᠵᠠᠢ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠵᠤ᠂ ᠬᠤᠳᠠ ᠶᠢᠨ | ᠦᠵᠡᠮᠵᠢ ᠶᠢᠨ ᠳᠦᠷᠰᠦ ᠪᠠᠶᠢᠳᠠᠯ ᠢ ᠲᠤᠪᠤᠶᠢᠯᠭᠠᠨ᠎ᠠ᠃ | ︵ᠬᠤᠶᠠᠷ︶ ᠬᠤᠳᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ | ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ᠂ ᠭᠤᠷᠪᠠᠳᠠᠭᠢ | ᠡᠲᠡᠭᠡᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ | ᠬᠠᠷᠢᠭᠤᠴᠠᠯᠭᠠᠵᠢᠭᠰᠠᠨ ᠬᠠᠮᠲᠤᠪᠠᠷ ᠵᠠᠰᠠᠬᠤ ᠰᠢᠰᠲ᠋ᠧᠮᠵᠢ ᠶᠢ ᠪᠠᠶᠢᠭᠤᠯᠤᠨ᠎ᠠ᠃ | 1᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠵᠦᠢ ᠵᠣᠬᠢᠰᠲᠠᠢ ᠵᠠᠭᠠᠭᠯᠠᠨ ᠲᠣᠭᠲᠠᠭᠠᠨ᠎ᠠ᠃ | ᠬᠤᠲᠠ ᠶᠢᠨ ᠬᠠᠮᠢᠶᠠᠷᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠨ ᠨᠠᠷᠢᠨ | ᠬᠠᠭᠤᠳᠠᠰᠤ ᠶᠢ ᠡᠮᠬᠢᠯᠡᠨ ᠳᠢᠭᠯᠡᠵᠦ ᠪᠠᠶᠢᠭᠤᠯᠤᠨ᠂ ᠡᠷᠬᠡ ᠶᠢᠨ ᠬᠠᠷᠢᠭᠤᠴᠠᠯᠭ᠎ᠠ ᠶᠢᠨ ᠬᠡᠯᠪᠡᠷᠢ ᠪᠠᠷ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠨ ᠨᠠᠷᠢᠯᠢᠭᠵᠢᠭᠤᠯᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ | ᠨᠠᠷᠢᠨ ᠬᠠᠭᠤᠳᠠᠰᠤ ᠶᠢᠨ ᠬᠥᠮᠥᠷᠭᠡ ᠶᠢ ᠲᠥᠷᠥᠯ ᠬᠤᠪᠢᠶᠠᠨ ᠪᠠᠶᠢᠭᠤᠯᠤᠨ᠎ᠠ᠃ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠵᠦᠢ ᠵᠣᠬᠢᠰᠲᠠᠢ ᠵᠠᠭᠠᠭᠯᠠᠨ ᠲᠣᠭᠲᠠᠭᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ | ᠵᠠᠭᠠᠭ ᠬᠢᠵᠠᠭᠠᠷ ᠢ ᠲᠣᠳᠣᠷᠬᠠᠢ ᠪᠣᠯᠭᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ | ᠦᠢᠯᠡᠳᠦᠯ ᠢ ᠴᠢᠩᠭᠠᠷᠠᠭᠤᠯᠤᠨ᠎ᠠ᠃ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠲᠣᠪᠴᠢᠶ᠎ᠠ ᠨᠢ ᠬᠤᠲᠠ ᠶᠢᠨ ᠦᠵᠡᠮᠵᠢ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠬᠠᠮᠢᠶᠠᠷᠤᠯᠲᠠ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ᠂ ᠬᠤᠲᠠ ᠬᠥᠳᠡᠭᠡ ᠶᠢᠨ ᠲᠥᠯᠦᠪᠵᠢᠭᠦᠯᠭᠡ ᠶᠢᠨ | ᠬᠠᠮᠢᠶᠠᠷᠤᠯᠲᠠ ᠵᠡᠷᠭᠡ ᠲᠠᠯ᠎ᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠡᠷᠬᠡ ᠶᠢ ᠬᠠᠷᠢᠭᠤᠴᠠᠨ ᠬᠡᠷᠡᠭᠵᠢᠭᠦᠯᠵᠦ᠂ | ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ ᠨᠢ ᠭᠤᠣᠯ ᠬᠤᠲᠠ ᠶᠢᠨ ᠲᠣᠭᠤᠷᠢᠭ ᠤᠨ ᠬᠤᠲᠠ ᠶᠢᠨ ᠦᠵᠡᠮᠵᠢ ᠶᠢᠨ | ᠬᠠᠮᠢᠶᠠᠷᠤᠯᠲᠠ᠂ ᠬᠤᠲᠠ ᠶᠢᠨ ᠲᠥᠯᠦᠪᠵᠢᠭᠦᠯᠭᠡ ᠶᠢᠨ ᠵᠠᠮ ︵ᠬᠤᠲᠠ ᠶᠢᠨ ᠬᠠᠮᠢᠶᠠᠷᠤᠯᠲᠠ ᠶᠢᠨ ᠵᠠᠮ ᠠᠴᠠ ᠪᠤᠰᠤᠳ︶ | ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠵᠠᠮ ᠤᠨ ᠬᠤᠶᠠᠷ ᠬᠠᠵᠠᠭᠤ ᠶᠢᠨ ᠴᠣᠩᠬᠤ | ᠭᠠᠷᠭᠠᠵᠦ ᠳᠡᠯᠭᠡᠭᠦᠷ ᠨᠡᠭᠡᠭᠡᠬᠦ ᠶᠢ ᠬᠠᠮᠢᠶᠠᠷᠤᠨ ᠡᠵᠡᠮᠳᠡᠬᠦ᠂ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠨᠡᠶᠢᠲᠡ ᠶᠢᠨ ᠵᠣᠷᠯᠣᠩ ᠤᠨ ᠳᠠᠮᠵᠢᠭᠤᠯᠤᠨ ᠲᠡᠭᠡᠭᠡᠪᠦᠷᠢᠯᠡᠬᠦ | ᠥᠷᠲᠡᠭᠡ ᠵᠡᠷᠭᠡ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠭᠤᠷᠢ ᠲᠦᠭᠦᠭᠡᠷᠦᠮᠵᠢ ᠶᠢᠨ ᠡᠳᠦᠷ ᠲᠤᠲᠤᠮ ᠤᠨ | ᠬᠠᠮᠢᠶᠠᠷᠤᠯᠲᠠ ᠵᠡᠷᠭᠡ ᠠᠵᠢᠯ ᠪᠣᠯᠣᠨ᠎ᠠ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠴᠡᠴᠡᠷᠯᠢᠭ ᠤᠨ ᠠᠭᠤᠳᠠᠮ ᠲᠠᠯᠠᠪᠠᠶ ᠶᠢᠨ ᠣᠷᠴᠢᠨ ᠲᠣᠭᠤᠷᠢᠨ ᠤ ᠵᠠᠮ ᠵᠢᠴᠢ | ᠬᠤᠶᠠᠷ ᠬᠠᠵᠠᠭᠤ ᠶᠢᠨ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠪᠠᠶᠢᠳᠠᠯ ᠢ ᠪᠦᠬᠦ | ᠲᠠᠯ᠎ᠠ ᠪᠠᠷ ᠪᠠᠶᠢᠴᠠᠭᠠᠵᠤ᠂ ᠡᠪᠳᠡᠷᠡᠵᠦ ᠰᠦᠢᠳᠦᠭᠰᠡᠨ ᠡᠯ᠎ᠡ ᠲᠥᠷᠥᠯ ᠤᠨ ᠬᠤᠳᠳᠤᠭ ᠤᠨ ᠪᠦᠷᠬᠦᠭᠡᠰᠦ᠂ ᠵᠠᠮ ᠤᠨ | ᠭᠠᠳᠠᠷᠭᠤ᠂ ᠳᠥᠭᠦᠮ ᠵᠠᠮ᠂ ᠬᠠᠵᠠᠭᠤ ᠴᠢᠯᠠᠭᠤ᠂ ᠨᠣᠭᠤᠭᠠᠨ ᠰᠢᠪᠡᠭᠡ᠂ ᠵᠠᠮ ᠳᠠᠭᠠᠭᠰᠠᠨ ᠮᠣᠳᠣ ᠵᠡᠷᠭᠡ ᠶᠢ ᠴᠠᠭ ᠲᠤᠨᠢ | ᠲᠣᠬᠢᠷᠠᠭᠤᠯᠤᠨ ᠰᠡᠯᠪᠢᠨ ᠵᠠᠰᠠᠵᠤ᠂ ᠪᠣᠷᠣᠭᠠᠨ ᠪᠣᠬᠢᠷ ᠤᠰᠤᠨ ᠤ ᠬᠤᠭᠤᠯᠠᠢ ᠶᠢ ᠴᠠᠭ ᠲᠤᠬᠠᠢ ᠳᠤᠨᠢ ᠨᠠᠪᠲᠠᠷᠡᠭᠦᠯᠵᠦ᠂ | ᠬᠠᠷᠢᠶ᠎ᠠ ᠣᠷᠣᠨ ᠤ ᠠᠳᠠᠯ ᠠᠬᠤᠢ ᠶᠢᠨ ᠺᠣᠮᠫᠠᠨᠢ ᠶᠢ ᠱᠠᠯᠠᠪᠳᠠᠭᠤᠯᠵᠦ ᠪᠠᠶᠢᠭᠠᠳ ᠲᠡᠭᠦᠨ ᠤ ᠬᠠᠮᠢᠶᠠᠷᠴᠤ ᠪᠦᠬᠦᠢ | ᠵᠢᠵᠢᠭ ᠲᠣᠭᠤᠷᠢᠭ ᠲᠠᠬᠢ ᠬᠤᠭ ᠨᠣᠪᠰᠢ᠂ ᠶᠠᠭᠤᠮ᠎ᠠ ᠣᠪᠣᠭᠠᠯᠠᠬᠤ᠂ ᠠᠷᠢᠭᠤᠨ ᠴᠡᠪᠡᠷ ᠤᠨ ᠥᠯᠥ ᠣᠨᠣᠭᠳᠠᠬᠤ | ᠭᠠᠵᠠᠷ ᠢ ᠴᠡᠪᠡᠷᠯᠡᠨ ᠲᠡᠭᠡᠭᠡᠪᠦᠷᠢᠯᠡᠵᠦ ᠰᠢᠢᠳᠪᠦᠷᠢᠯᠡᠨ᠂ ︽ᠵᠢᠷᠭᠤᠭᠠᠨ ᠵᠠᠭᠤᠨ ᠤ ᠵᠠᠭᠤ︾ ᠶᠢᠨ ᠱᠠᠭᠠᠷᠳᠠᠯᠭ᠎ᠠ ᠶᠣᠰᠣᠭᠠᠷ | ᠬᠠᠷᠢᠶ᠎ᠠ ᠣᠷᠣᠨ ᠤ ᠪᠠᠷᠢᠯᠭ᠎ᠠ ᠶᠢᠨ ᠠᠵᠢᠯ ᠤᠨ ᠭᠠᠵᠠᠷ ᠲᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ | ᠶᠠᠪᠤᠭᠤᠯᠵᠤ᠂ ᠲᠣᠭᠤᠰᠣ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠤᠨ᠎ᠠ᠃ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠶ᠎ᠠ ᠣᠷᠣᠨ ᠤ | ᠲᠠᠷᠢᠶᠠᠯᠠᠩ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠳᠡᠯᠭᠡᠭᠦᠷᠴᠢᠨ ᠤ | ᠡᠮᠬᠢ ᠳᠢᠭᠯᠢᠮ᠂ ᠪᠣᠯᠪᠠᠰᠤᠨ ᠪᠤᠰᠤ ᠦᠶᠯᠡ ᠠᠵᠢᠯᠯᠠᠭ᠎ᠠ ᠵᠡᠷᠭᠡ ᠶᠢ ᠴᠡᠭᠴᠡᠯᠡᠨ ᠵᠠᠰᠠᠬᠤ ᠠᠵᠢᠯ ᠳᠤ ᠬᠢᠨᠠᠯᠲᠠ | ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠲᠣᠭᠲᠠᠮᠠᠯ ᠲᠦᠭᠦᠬᠡᠢ ᠨᠡᠭᠦᠷᠡᠰᠦ ᠪᠣᠷᠣᠯᠠᠭᠤᠯᠬᠤ ᠲᠣᠣᠷ ᠴᠡᠭ ᠢ | ᠢᠯᠭᠠᠷᠠᠭᠤᠯᠤᠨ᠎ᠠ᠃ ᠴᠢᠩᠱᠠᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠵᠠᠮ ᠤᠨ | ᠬᠤᠶᠠᠷ ᠬᠠᠵᠠᠭᠤ ᠶᠢᠨ ᠲᠡᠷᠭᠡ ᠬᠥᠰᠬᠡ ᠵᠣᠭᠰᠤᠭᠠᠬᠤ ᠶᠢ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠵᠠᠮ ᠬᠠᠷᠢᠯᠴᠠᠭᠠᠨ ᠤ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠤᠨ᠂ | ᠮᠠᠰᠢᠨ ᠲᠡᠷᠭᠡ᠂ ᠮᠠᠰᠢᠨᠲᠤ ᠪᠤᠰᠤ ᠲᠡᠷᠭᠡ᠂ ᠬᠠᠮᠲᠤ ᠪᠠᠷ ᠡᠳ᠋ᠯᠡᠬᠦ ᠳᠤᠭᠤᠢ ᠲᠡᠷᠭᠡ ᠶᠢᠨ ᠵᠣᠭᠰᠣᠬᠤ ᠴᠡᠭ ᠢ ᠵᠦᠢ | ᠵᠣᠬᠢᠰᠲᠠᠢ ᠵᠠᠭᠠᠭᠯᠠᠨ ᠵᠢᠷᠤᠬᠤ ᠶᠢ ᠬᠠᠷᠢᠭᠤᠴᠠᠨ᠎ᠠ︔ ᠲᠡᠷᠭᠡ ᠬᠥᠰᠬᠡ᠂ ᠬᠥᠮᠥᠨ ᠤ ᠤᠷᠤᠰᠬᠠᠯ ᠨᠢᠭᠲᠠᠷᠠᠭᠰᠠᠨ | ᠵᠠᠮ ᠤᠨ ᠬᠡᠰᠡᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠰᠢᠯᠤᠭᠤᠳᠬᠠᠨ ᠵᠢᠯᠤᠭᠤᠳᠬᠤ ᠶᠢ ᠴᠢᠩᠭᠠᠳᠬᠠᠬᠤ | ᠬᠡᠷᠡᠭᠲᠡᠢ᠃ | 2᠂ ᠵᠡᠭᠡᠯᠢ ᠭᠤᠳᠤᠮᠵᠢ ᠶᠢᠨ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠨ᠎ᠠ᠃ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠶᠢᠨ ᠬᠤᠲᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠮᠬᠢᠯᠡᠨ ᠲᠣᠭᠲᠠᠭᠠᠵᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠬᠠᠷᠢᠶ᠎ᠠ ᠭᠠᠵᠠᠷ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ | ᠬᠦᠴᠢᠷᠳᠡᠯ ᠢ ᠦᠨᠡᠨᠬᠦ ᠪᠦᠲᠦᠮᠵᠢᠲᠡᠶ ᠰᠢᠢᠳᠪᠦᠷᠢᠯᠡᠨ᠎ᠡ᠃ ᠲᠡᠦᠬᠡᠨ ᠠᠴᠠ ᠦᠯᠡᠳᠡᠭᠳᠡᠵᠦ ᠢᠷᠡᠭᠰᠡᠨ ᠳᠤᠷ᠎ᠠ ᠪᠠᠷ ᠢᠶᠠᠨ | ᠪᠠᠶᠢᠭᠤᠯᠤᠭᠰᠠᠨ ᠠᠰᠠᠭᠤᠳᠠᠯ ᠳᠤ᠂ ︽ᠵᠡᠭᠡᠯᠢ ᠭᠤᠳᠤᠮᠵᠢ ᠬᠠᠷᠢᠭᠤᠴᠠᠵᠤ᠂ ᠰᠠᠯᠠᠭ᠎ᠠ ᠮᠥᠴᠢᠷ ᠬᠠᠮᠵᠢᠯᠴᠠᠬᠤ︾ | ᠵᠠᠷᠴᠢᠮ ᠤᠨ ᠶᠣᠰᠣᠭᠠᠷ᠂ ᠡᠯ᠎ᠡ ᠵᠡᠭᠡᠯᠢ ᠪᠠᠯᠭᠠᠰᠤ ᠲᠦᠷᠦᠭᠦᠯᠡᠨ᠂ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ | ᠬᠠᠮᠲᠤᠷᠠᠨ ᠬᠠᠤᠯᠢ ᠬᠡᠷᠡᠭᠵᠢᠭᠦᠯᠵᠦ ᠴᠡᠭᠴᠡᠯᠡᠨ ᠵᠠᠰᠠᠵᠤ ᠨᠤᠷᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠎ᠠ︔ | ᠶᠠᠭ ᠪᠠᠶᠢᠭᠤᠯᠵᠤ ᠪᠠᠶᠢᠭ᠎ᠠ ᠰᠢᠨ᠎ᠡ ᠪᠠᠷ ᠨᠡᠮᠡᠭᠳᠡᠭᠰᠡᠨ ᠬᠤᠪᠢ ᠪᠠᠷ ᠢᠶᠠᠨ ᠳᠤᠷ᠎ᠠ ᠪᠠᠷ ᠪᠠᠶᠢᠭᠤᠯᠤᠭᠰᠠᠨ ᠠᠰᠠᠭᠤᠳᠠᠯ ᠢ | ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠡᠶᠢᠭᠡᠮ ᠲᠣᠭᠤᠷᠢᠭ ᠤᠨ ᠲᠠᠪᠴᠠᠩ ᠵᠢᠴᠢ ᠣᠯᠠᠨ ᠲᠦᠮᠡᠨ ᠤ | ᠢᠯᠡᠴᠢᠯᠡᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠲᠡᠷᠡ ᠳᠠᠷᠤᠢ ᠳᠤᠨᠢ ᠲᠤᠬᠠᠢ ᠶᠢᠨ ᠲᠠᠯᠠᠪᠤᠷ ᠲᠤ ᠬᠦᠷᠴᠦ | ᠢᠯᠭᠠᠷᠠᠭᠤᠯᠤᠨ ᠰᠡᠷᠭᠦᠭᠡᠵᠦ᠂ ᠡᠯ᠎ᠡ ᠨᠡᠶᠢᠭᠡᠮ ᠲᠣᠭᠤᠷᠢᠭ ᠤᠨ ᠬᠢᠨ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠨ᠂ ᠰᠢᠨ᠎ᠡ ᠪᠠᠷ ᠨᠡᠮᠡᠭᠳᠡᠭᠦᠯᠬᠦ ᠶᠢ ᠡᠷᠡᠰ ᠪᠦᠲᠦᠮᠵᠢᠲᠡᠶ ᠬᠤᠷᠢᠭᠯᠠᠵᠤ᠂ ᠡᠬᠢ | ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠢ᠃ | 3᠂ ᠣᠯᠠᠨ ᠲᠠᠯ᠎ᠠ ᠶᠢᠨ ᠬᠢᠨ ᠤ ᠬᠠᠮᠲᠤᠪᠠᠷ ᠣᠷᠤᠯᠴᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ᠂ ᠰᠠᠶᠢᠨ ᠳᠤᠷᠠᠴᠤᠤᠯ᠂ ᠵᠠᠬ᠎ᠠ | ᠳᠡᠯᠭᠡᠭᠦᠷ ᠤᠨ ᠭᠤᠣᠯ ᠴᠣᠭᠴᠠ᠂ ᠨᠡᠶᠢᠭᠡᠮ ᠤᠨ ᠣᠯᠠᠨ ᠨᠡᠶᠢᠲᠡ ᠵᠡᠷᠭᠡ ᠣᠯᠠᠨ ᠲᠠᠯ᠎ᠠ ᠶᠢᠨ ᠭᠤᠣᠯ ᠴᠣᠭᠴᠠ ᠶᠢᠨ | ᠣᠷᠤᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠰᠦᠯᠵᠢᠶᠡᠨ ᠤ | ᠠᠵᠢᠯᠲᠠᠨ᠂ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠳ ᠵᠡᠷᠭᠡ ᠣᠯᠠᠨ ᠲᠠᠯ᠎ᠠ ᠶᠢᠨ ᠬᠦᠴᠦᠨ ᠢ ᠳᠠᠶᠢᠴᠢᠯᠠᠨ᠂ | ᠣᠯᠠᠨ ᠢᠶᠠᠷ ᠢᠶᠠᠨ ᠲᠣᠰ ᠲᠣᠰ ᠤᠨ ᠣᠷᠣᠨ ᠪᠦᠰᠡ ᠶᠢᠨ ᠳᠣᠲᠣᠷᠠᠬᠢ ᠵᠠᠮ ᠳᠠᠭᠠᠤ ᠣᠷᠣᠰᠢᠵᠤ ᠪᠠᠶᠢᠭ᠎ᠠ ᠡᠯ᠎ᠡ | ᠵᠦᠢᠯ ᠤᠨ ᠠᠰᠠᠭᠤᠳᠠᠯ ᠢ ᠭᠠᠷ ᠤᠨ ᠠᠶ᠎ᠠ ᠪᠠᠷ ᠰᠡᠭᠦᠳᠡᠷᠯᠡᠬᠦ ᠶᠢᠨ ᠬᠠᠮᠲᠤ ᠳᠡᠭᠡᠭᠰᠢ ᠳᠠᠮᠵᠢᠭᠤᠯᠵᠤ᠂ ᠬᠠᠮᠢᠶ᠎ᠠ ᠪᠦᠬᠦᠢ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨ ᠲᠦᠷᠭᠡᠨ ᠲᠠᠨᠢᠵᠤ᠂ ᠴᠠᠭ ᠲᠤᠬᠠᠢ ᠳᠤᠨᠢ ᠰᠢᠢᠳᠪᠦᠷᠢᠯᠡᠬᠦ | ᠬᠡᠷᠡᠭᠲᠡᠢ᠃ ᠰᠣᠨᠢᠨ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢᠶᠠᠷ | ᠠᠴᠢᠶᠠᠯᠠᠪᠤᠷᠢ ᠪᠣᠯᠭᠠᠵᠤ᠂ ᠬᠤᠳᠠ ᠶᠢᠨ ᠵᠠᠰᠠᠯᠲᠠ ᠶᠢᠨ ᠲᠤᠰᠬᠠᠢ ᠪᠤᠯᠤᠩ᠂ ᠲᠤᠰᠬᠠᠢ ᠰᠡᠳᠦᠪ᠂ ᠬᠠᠯᠠᠮᠰᠢᠯ ᠤᠲᠠᠰᠤ | ᠵᠡᠷᠭᠡ ᠶᠢ ᠨᠡᠭᠡᠭᠡᠵᠦ᠂ ᠤᠯᠠᠨ ᠲᠠᠯ᠎ᠠ ᠶᠢᠨ ᠣᠷᠤᠯᠴᠠᠬᠤ ᠠᠷᠭ᠎ᠠ ᠵᠠᠮ ᠢ ᠥᠷᠭᠡᠳᠬᠡᠵᠦ᠂ ᠤᠯᠠᠨ ᠲᠠᠯ᠎ᠠ ᠶᠢᠨ ᠬᠢᠨ ᠤ | ᠣᠷᠤᠯᠴᠠᠬᠤ ᠬᠠᠮᠲᠤᠷᠠᠯ ᠤᠨ ᠬᠦᠴᠦᠨ ᠢ ᠥᠷᠭᠡᠨ ᠢᠶᠠᠷ ᠲᠥᠪᠯᠡᠷᠡᠭᠦᠯᠵᠦ᠂ ᠬᠠᠮᠲᠤᠪᠠᠷ ᠵᠠᠰᠠᠬᠤ ᠶᠢᠨ ᠳᠤᠮᠳᠠ | ᠪᠣᠳᠠᠲᠠᠶᠢᠵᠢᠭᠤᠯᠤᠨ᠎ᠠ᠃ | ︵ᠭᠤᠷᠪᠠ︶ ᠲᠤᠰᠬᠠᠢ ᠵᠦᠢᠯ ᠤᠨ ᠵᠠᠰᠠᠯᠲᠠ ᠶᠢ ᠲᠥᠷᠥᠯ ᠵᠦᠢᠯ ᠪᠣᠯᠭᠠᠬᠤ | ︽ᠲᠥᠷᠥᠯ ᠵᠦᠢᠯ ᠢ ᠬᠠᠷᠠᠯᠲᠠ ᠲᠠᠢ ᠪᠣᠯᠭᠠᠬᠤ᠂ ᠬᠠᠷᠠᠯᠲᠠ ᠶᠢ ᠬᠠᠷᠢᠭᠤᠴᠠᠯᠭ᠎ᠠ ᠲᠠᠢ ᠪᠣᠯᠭᠠᠬᠤ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠴᠠᠭ ᠤᠨ ᠳᠠᠷᠠᠭᠠᠯᠠᠯ ᠲᠠᠢ ᠪᠣᠯᠭᠠᠬᠤ︾ ᠵᠠᠷᠴᠢᠮ ᠶᠣᠰᠣᠭᠠᠷ ᠲᠤᠰᠬᠠᠶᠢᠯᠠᠨ | ᠵᠠᠰᠠᠬᠤ ᠲᠥᠷᠥᠯ ᠵᠦᠢᠯ ᠢ ᠨᠠᠶᠢᠷᠠᠭᠤᠯᠤᠨ ᠵᠣᠬᠢᠶᠠᠵᠤ᠂ ᠲᠥᠷᠥᠯ ᠵᠦᠢᠯ ᠤᠨ ᠰᠢᠪᠲᠤᠯᠤᠯᠲᠠ ᠶᠢᠨ ᠴᠠᠭ ᠤᠨ | ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠭᠲᠠᠭᠠᠨ᠎ᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠪᠠᠷᠢᠮᠵᠢᠶ᠎ᠠ ᠶᠢ ᠴᠢᠩᠳᠠᠯᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠬᠤᠲᠠ ᠶᠢᠨ ᠳᠦᠷᠰᠦ | ᠪᠠᠶᠢᠳᠠᠯ ᠤᠨ ᠡᠮᠬᠢ ᠳᠢᠭᠯᠢᠮ ᠢ ᠳᠡᠭᠡᠭᠰᠢᠯᠡᠭᠦᠯᠬᠦ ᠠᠵᠢᠯ ᠢ ᠬᠠᠤᠯᠢ ᠲᠣᠭᠲᠠᠭᠠᠯ ᠶᠣᠰᠣᠭᠠᠷ ᠠᠬᠢᠭᠤᠯᠤᠨ᠎ᠠ᠃ ᠲᠥᠷᠥᠯ | ᠵᠦᠢᠯ ᠢ ᠬᠠᠷᠢᠯᠴᠠᠵᠤ ᠵᠢᠯᠤᠭᠤᠳᠬᠤ᠂ ᠳᠠᠭᠠᠵᠤ ᠦᠢᠯᠡᠴᠢᠯᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ | ᠪᠠᠶᠢᠴᠠᠭᠠᠬᠤ ᠵᠡᠷᠭᠡ ᠲᠣᠭᠲᠠᠴᠠ ᠶᠢ ᠪᠠᠶᠢᠭᠤᠯᠵᠤ᠂ ᠲᠤᠰᠬᠠᠢ ᠰᠡᠳᠦᠪᠲᠦ ᠲᠣᠭᠲᠠᠮᠠᠯ ᠬᠤᠷᠠᠯ ᠬᠤᠷᠠᠯᠳᠤᠭᠤᠯᠬᠤ᠂ | ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠪᠠᠶᠢᠴᠠᠭᠠᠯᠲᠠ ᠬᠢᠬᠦ ᠪᠠ ᠲᠤᠬᠠᠢ ᠶᠢᠨ ᠲᠠᠯᠠᠪᠤᠷ ᠤᠨ ᠬᠤᠷᠠᠯ | ᠬᠤᠷᠠᠯᠳᠤᠭᠤᠯᠬᠤ ᠵᠡᠷᠭᠡ ᠬᠡᠯᠪᠡᠷᠢ ᠶᠢ ᠠᠪᠴᠤ᠂ ᠲᠥᠷᠥᠯ ᠵᠦᠢᠯ ᠢ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ | ᠴᠡᠭ ᠢᠶᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠲᠥᠷᠥᠯ ᠵᠦᠢᠯ ᠢ ᠬᠢᠨᠠᠨ ᠵᠢᠯᠤᠭᠤᠳᠬᠤ ᠪᠠ ᠰᠢᠯᠭᠠᠨ ᠠᠪᠬᠤ | ᠳᠦᠷᠢᠮ ᠢ ᠬᠡᠷᠡᠭᠵᠢᠭᠦᠯᠵᠦ᠂ ᠲᠤᠰᠬᠠᠢ ᠵᠦᠢᠯ ᠢᠶᠠᠷ ᠵᠠᠰᠠᠬᠤ ᠠᠵᠢᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠳᠤᠮᠳᠠ | ᠣᠷᠣᠰᠢᠵᠤ ᠪᠠᠶᠢᠭ᠎ᠠ ᠪᠠᠭᠤᠷᠠᠢ ᠲᠠᠯ᠎ᠠ ᠳᠤ ᠴᠢᠭᠯᠡᠭᠦᠯᠦᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠲᠦᠯᠬᠢᠨ | ᠠᠬᠢᠭᠤᠯᠬᠤ ᠶᠠᠪᠤᠴᠠ ᠳᠤ᠂ 3 ᠲᠤᠰᠬᠠᠢ ᠵᠠᠰᠠᠬᠤ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠄ | 1᠂ ᠵᠡᠭᠡᠯᠢ ᠶᠢᠨ ᠠᠷᠦ ᠶᠢᠨ ᠵᠢᠵᠢᠭ ᠭᠤᠳᠤᠮᠵᠢ ᠶᠢ ᠶᠡᠷᠦᠩᠬᠡᠶᠢᠯᠡᠨ ᠵᠠᠰᠠᠬᠤ | ︽ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ᠂ ᠴᠡᠭᠴᠡᠯᠡᠨ ᠵᠠᠰᠠᠬᠤ ᠪᠠ | ᠵᠢᠷᠤᠮᠵᠢᠭᠤᠯᠬᠤ ᠶᠢ ᠵᠡᠷᠭᠡᠪᠡᠷ ᠶᠠᠪᠤᠭᠤᠯᠬᠤ︾ ᠵᠠᠷᠴᠢᠮ ᠢ ᠪᠠᠷᠢᠮᠲᠠᠯᠠᠨ᠂ ᠵᠡᠭᠡᠯᠢ ᠶᠢᠨ ᠠᠷᠦ ᠶᠢᠨ ᠵᠢᠵᠢᠭ ᠭᠤᠳᠤᠮᠵᠢ ᠶᠢ | ᠶᠡᠷᠦᠩᠬᠡᠶᠢᠯᠡᠨ ᠵᠠᠰᠠᠬᠤ ᠶᠢ ᠭᠤᠣᠯᠳᠠᠯᠭ᠎ᠠ ᠲᠠᠢ ᠲᠤᠰᠬᠠᠢ ᠵᠦᠢᠯ ᠢᠶᠠᠷ ᠵᠠᠰᠠᠬᠤ ᠲᠥᠷᠥᠯ ᠵᠦᠢᠯ ᠪᠣᠯᠭᠠᠵᠤ᠂ ᠠᠵᠢᠯ ᠤᠨ | ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠵᠠᠰᠠᠯᠲᠠ ᠶᠢᠨ ᠦᠷ᠎ᠡ ᠪᠦᠲᠦᠮᠵᠢ ᠶᠢ ᠳᠣᠪᠤᠶᠢᠯᠭᠠᠵᠤ᠂ ᠣᠷᠳᠣ | ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠂ ᠴᠡᠭᠴᠡᠯᠡᠨ ᠵᠠᠰᠠᠬᠤ ᠴᠢᠬᠤᠯᠠᠲᠠᠢ | ᠠᠰᠠᠭᠤᠳᠠᠯ ᠤᠨ ᠬᠠᠷᠢᠭᠤᠴᠠᠯᠭ᠎ᠠ ᠶᠢ ᠬᠥᠮᠥᠨ ᠳᠤᠨᠢ ᠬᠦᠷᠲᠡᠯ᠎ᠡ ᠬᠤᠪᠢᠶᠠᠷᠢᠯᠠᠵᠤ᠂ ᠵᠡᠭᠡᠯᠢ ᠶᠢᠨ ᠠᠷᠦ ᠶᠢᠨ ᠵᠢᠵᠢᠭ | ᠭᠤᠳᠤᠮᠵᠢ ᠶᠢ ᠶᠡᠷᠦᠩᠬᠡᠶᠢᠯᠡᠨ ᠵᠠᠰᠠᠬᠤ ᠡᠭᠦᠷᠭᠡ ᠶᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠦᠨ᠎ᠡ᠃ | 2022 ᠣᠨ ᠳᠤ ᠤᠣ ᠭᠧᠨ ᠵᠠᠮ ︵ᠴᠢᠯᠦᠭᠡᠲᠦ ᠵᠠᠮ ︱ ᠬᠠᠮᠲᠤᠷᠠᠯᠴᠠᠭᠠᠨ ᠤ ᠵᠠᠮ ᠤᠨ ᠬᠡᠰᠡᠭ︶᠂ ᠴᠢᠯᠦᠭᠡᠲᠦ ᠵᠠᠮ | ︵ᠤᠣ ᠭᠧᠨ ᠵᠠᠮ ︱ ᠴᠢᠩᠱᠠᠨ ᠵᠠᠮ ᠤᠨ ᠬᠡᠰᠡᠭ︶ ᠤᠨ ᠵᠠᠮ ᠤᠨ ᠬᠤᠶᠠᠷ ᠬᠠᠵᠠᠭᠤ ᠶᠢᠨ ᠬᠡᠷᠡᠮ ᠡᠪᠳᠡᠵᠦ ᠳᠡᠯᠭᠡᠭᠦᠷ | ᠨᠡᠭᠡᠭᠡᠭᠰᠡᠨ ᠳᠦᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠴᠡᠭᠴᠡᠯᠡᠨ | ᠵᠠᠰᠠᠬᠤ ᠪᠠᠷ ᠳᠡᠮᠵᠢᠨ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠪᠦᠲᠦᠮᠵᠢᠲᠡᠶ | ᠰᠠᠶᠢᠵᠢᠷᠠᠭᠤᠯᠵᠤ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠵᠡᠭᠡᠯᠢ ᠶᠢᠨ ᠠᠷᠦ ᠶᠢᠨ ᠵᠢᠵᠢᠭ ᠭᠤᠳᠤᠮᠵᠢ ᠶᠢ ᠶᠡᠷᠦᠩᠬᠡᠶᠢᠯᠡᠨ ᠵᠠᠰᠠᠬᠤ | ᠶᠠᠪᠤᠳᠠᠯ ᠢ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠭᠠᠷᠳᠠᠴᠠ ᠪᠣᠯᠭᠠᠨ ᠴᠥᠬᠦᠷᠡᠰᠢ ᠦᠭᠡᠢ | ᠠᠳᠬᠤᠵᠤ᠂ ᠵᠢᠯ ᠪᠦᠷᠢ 2 ︱ 3 ᠵᠡᠭᠡᠯᠢ ᠶᠢᠨ ᠠᠷᠦ ᠶᠢᠨ ᠵᠢᠵᠢᠭ ᠭᠤᠳᠤᠮᠵᠢ ᠶᠢ ᠰᠣᠩᠭᠤᠨ ᠶᠡᠷᠦᠩᠬᠡᠶᠢᠯᠡᠨ | ᠵᠠᠰᠠᠵᠤ᠂ ᠵᠠᠰᠠᠬᠤ ᠪᠠᠷ ᠳᠡᠮᠵᠢᠨ ᠭᠠᠵᠠᠷ ᠤᠨ ᠭᠠᠳᠠᠷᠭᠤ ᠶᠢ ᠬᠠᠲᠠᠭᠤᠷᠠᠭᠤᠯᠬᠤ᠂ ᠬᠡᠷᠡᠮ ᠢ ᠭᠤᠶᠣᠵᠢᠭᠤᠯᠬᠤ᠂ ᠴᠠᠬᠢᠯᠭᠠᠨ | ᠤᠲᠠᠰᠦ ᠶᠢ ᠡᠮᠬᠢ ᠵᠢᠷᠤᠮ ᠲᠠᠢ ᠪᠣᠯᠭᠠᠬᠤ᠂ ᠨᠡᠪᠲᠡᠷᠡᠬᠦ ᠵᠠᠮ ᠢ ᠴᠡᠪᠡᠷᠰᠢᠭᠦᠯᠬᠦ᠂ ᠭᠡᠷᠡᠯᠲᠦᠭᠦᠯᠭᠡ᠂ ᠵᠠᠰᠠᠭᠰᠠᠨ ᠦᠷ᠎ᠡ | ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠵᠡᠭᠡᠯᠢ ᠭᠤᠳᠤᠮᠵᠢ ᠶᠢ ᠪᠦᠬᠦᠨ ᠢ ᠵᠢᠷᠤᠮᠵᠢᠭᠤᠯᠤᠨ ᠬᠠᠮᠢᠶᠠᠷᠬᠤ | ᠱᠠᠭᠠᠷᠳᠠᠯᠭ᠎ᠠ ᠳᠤ ᠬᠦᠷᠦᠭᠦᠯᠬᠦ ᠶᠢ ᠠᠬᠢᠭᠤᠯᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | 2᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ | ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ | ᠠᠷᠢᠭᠤᠨ ᠴᠡᠪᠡᠷ ᠢᠶᠠᠷ ᠰᠠᠭᠤᠷᠢ ᠪᠣᠯᠭᠠᠭᠰᠠᠨ᠂ ᠵᠠᠰᠠᠭ ᠤᠨ ᠣᠷᠳᠣᠨ ᠠᠴᠠ ᠲᠦᠯᠬᠢᠨ ᠠᠬᠢᠭᠤᠯᠤᠭᠰᠠᠨ᠂ ᠪᠥᠬᠦ | ᠠᠷᠠᠳ ᠢᠶᠠᠷ ᠢᠶᠠᠨ ᠣᠷᠣᠯᠴᠠᠭᠰᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ᠂ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠭᠰᠠᠨ ᠬᠤᠭ ᠨᠣᠪᠰᠢ ᠶᠢ ᠲᠥᠷᠥᠯ ᠬᠤᠪᠢᠶᠠᠬᠤ ᠳᠦᠷᠢᠮ ᠢ ᠪᠣᠶ ᠪᠣᠯᠭᠠᠵᠤ᠂ ᠬᠤᠭ ᠨᠣᠪᠰᠢ ᠶᠢ | ᠲᠥᠷᠥᠯ ᠬᠤᠪᠢᠶᠠᠨ ᠬᠠᠮᠤᠷᠬᠤ ᠬᠡᠪᠴᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ 2022 ᠣᠨ ᠳᠤ | ᠴᠢᠩᠱᠠᠨ ᠲᠣᠭᠤᠷᠢᠭ ᠤᠨ 20 ᠵᠢᠵᠢᠭ ᠲᠣᠭᠤᠷᠢᠭ ᠢ ᠰᠣᠩᠭᠤᠨ ᠬᠤᠭ ᠨᠣᠪᠰᠢ ᠶᠢ ᠲᠥᠷᠥᠯ ᠬᠤᠪᠢᠶᠠᠬᠤ | ᠠᠵᠢᠯ ᠤᠨ ᠲᠤᠷᠰᠢᠯᠲᠠ ᠶᠢᠨ ᠴᠡᠭ ᠪᠣᠯᠭᠠᠵᠤ᠂ ᠭᠤᠷᠪᠠᠳᠠᠭᠢ ᠡᠲᠡᠭᠡᠳ ᠤᠨ ᠠᠵᠤ ᠠᠬᠤᠶᠢᠯᠠᠯ ᠳᠤ ᠨᠠᠶᠢᠳᠠᠵᠤ | ᠥᠨᠳᠥᠷ ᠪᠠᠷᠢᠮᠵᠢᠶ᠎ᠠ ᠪᠠᠷ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠬᠦ ᠶᠢᠨ ᠬᠠᠮᠲᠤ ᠪᠥᠬᠦ ᠲᠤᠭᠤᠷᠢᠭ | ᠤᠨ 200 ᠵᠢᠵᠢᠭ ᠲᠣᠭᠤᠷᠢᠭ ᠲᠤ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠬᠤᠭ ᠨᠣᠪᠰᠢ ᠶᠢ ᠲᠥᠷᠥᠯ | ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠦᠷᠪᠡᠨ ᠲᠥᠷᠥᠯ ᠬᠤᠪᠢᠶᠠᠭᠰᠠᠨ ᠬᠤᠭ ᠨᠣᠪᠰᠢ ᠶᠢᠨ ᠰᠠᠪᠠ ᠵᠢᠴᠢ ᠬᠤᠭ | ᠨᠣᠪᠰᠢ ᠶᠢ ᠲᠥᠷᠥᠯ ᠬᠤᠪᠢᠶᠠᠭᠰᠠᠨ ᠬᠠᠮᠢᠶ᠎ᠠ ᠪᠦᠬᠦᠢ ᠲᠥᠬᠦᠭᠡᠷᠦᠮᠵᠢ ᠶᠢ ᠲᠣᠬᠢᠷᠠᠭᠤᠯᠵᠤ᠂ ᠲᠣᠭᠤᠭᠠᠨ ᠭᠡᠷ ᠤᠨ | ᠬᠤᠭ ᠨᠣᠪᠰᠢ ᠲᠥᠷᠥᠯ ᠬᠤᠪᠢᠶᠠᠨ ᠰᠢᠢᠳᠪᠦᠷᠢᠯᠡᠬᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠲᠤᠰᠬᠠᠢ ᠬᠥᠮᠥᠨ | ᠬᠠᠷᠢᠭᠤᠴᠠᠨ ᠲᠡᠭᠡᠭᠡᠪᠦᠷᠢᠯᠡᠵᠦ᠂ ᠪᠤᠰᠤᠳ ᠬᠤᠭ ᠨᠣᠪᠰᠢ ᠶᠢᠨ ᠵᠣᠬᠢᠶᠠᠨ ᠪᠠᠶᠢᠭᠤᠯᠤᠯᠲᠠ ᠴᠢᠩᠱᠠᠨ ᠲᠣᠭᠤᠷᠢᠭ ᠤᠨ | ᠡᠯ᠎ᠡ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡᠨ ᠳᠤ ᠣᠷᠣᠵᠤ᠂ ᠬᠤᠲᠠ ᠴᠢᠩᠱᠠᠨ ᠬᠦᠨᠳᠡᠯᠡᠨ | ᠲᠤᠭᠤᠷᠢᠭ ᠤᠨ ᠬᠤᠭ ᠨᠣᠪᠰᠢ ᠪᠤᠯᠠᠬᠤ ᠲᠠᠯᠠᠪᠠᠶ ᠪᠠ ᠫᠯᠠᠲ ᠴᠠᠬᠢᠯᠭᠠᠨ ᠭᠠᠷᠭᠠᠬᠤ ᠦᠢᠯᠡᠳᠪᠦᠷᠢ ᠠᠴᠠ ᠤᠯᠤᠰ ᠤᠨ | ᠰᠢᠢᠳᠪᠦᠷᠢᠯᠡᠬᠦ ᠱᠠᠭᠠᠷᠳᠠᠯᠭ᠎ᠠ ᠶᠣᠰᠣᠭᠠᠷ ᠰᠢᠢᠳᠪᠦᠷᠢᠯᠡᠵᠦ᠂ ᠬᠤᠷᠢᠶᠠᠨ ᠠᠪᠴᠤ ᠪᠣᠯᠬᠤ ᠬᠤᠭ ᠨᠣᠪᠰᠢ ᠶᠢ ᠲᠤᠰᠬᠠᠢ | ᠪᠠᠶᠢᠭᠤᠯᠤᠮᠵᠢ ᠠᠴᠠ ᠰᠢᠢᠳᠪᠦᠷᠢᠯᠡᠵᠦ᠂ ᠬᠤᠣᠷ ᠬᠥᠨᠥᠭᠡᠯ ᠲᠠᠢ ᠬᠤᠭ ᠨᠣᠪᠰᠢ ᠶᠢ ᠨᠢᠭᠡᠳᠦᠯᠲᠡᠢ ᠪᠠᠷ ᠴᠢᠩᠱᠠᠨ | ᠲᠣᠭᠤᠷᠢᠭ ᠤᠨ ᠡᠯ᠎ᠡ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢᠨ ᠬᠤᠣᠷ ᠬᠥᠨᠥᠭᠡᠯ ᠲᠠᠢ ᠬᠤᠭ ᠨᠣᠪᠰᠢ ᠶᠢᠨ | ᠰᠠᠪᠠᠨ ᠳᠤ ᠬᠤᠷᠢᠶᠠᠨ ᠠᠪᠴᠢᠷᠠᠵᠤ᠂ ᠬᠢᠷᠢ ᠬᠡᠮ ᠲᠠᠢ ᠭᠤᠷᠪᠠᠳᠠᠭᠢ ᠡᠲᠡᠭᠡᠳ ᠤᠨ ᠠᠵᠤ ᠠᠬᠤᠶᠢᠯᠠᠯ ᠠᠴᠠ | ᠰᠢᠢᠳᠪᠦᠷᠢᠯᠡᠵᠦ᠂ ᠬᠤᠭ ᠨᠣᠪᠰᠢ ᠶᠢ ᠡᠬᠢ ᠪᠠᠶᠠᠯᠢᠭᠵᠢᠭᠤᠯᠬᠤ᠂ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ | ᠱᠠᠭᠠᠷᠳᠠᠯᠭ᠎ᠠ ᠳᠤ ᠬᠦᠷᠦᠭᠦᠯᠦᠨ᠎ᠡ᠃ ᠴᠢᠩᠱᠠᠨ ᠲᠣᠭᠤᠷᠢᠭ ᠤᠨ ᠵᠢᠵᠢᠭ ᠬᠠᠭᠤᠴᠢᠨ ᠲᠣᠭᠤᠷᠢᠭ ᠢ ᠥᠭᠡᠷᠡᠴᠢᠯᠡᠬᠦ | ᠢᠨᠵᠧᠨᠧᠷᠢᠩ ᠲᠠᠢ ᠤᠶᠠᠯᠳᠤᠭᠤᠯᠤᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ | ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠵᠢᠵᠢᠭ ᠲᠣᠭᠤᠷᠢᠭ ᠢ ᠥᠭᠡᠷᠡᠴᠢᠯᠡᠬᠦ ᠶᠠᠪᠤᠴᠠ ᠳᠤ ᠵᠣᠬᠢᠬᠤ | ᠴᠢᠳᠠᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠴᠢᠩᠱᠠᠨ ᠲᠣᠭᠤᠷᠢᠭ ᠤᠨ ᠶᠡᠭᠡ ᠰᠤᠷᠭᠠᠭᠤᠯᠢ᠂ ᠳᠤᠮᠳᠠᠳᠤ ᠰᠤᠷᠭᠠᠭᠤᠯᠢ᠂ | ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠵᠢᠴᠢ ᠰᠤᠷᠭᠠᠨ ᠬᠥᠮᠦᠵᠢᠯ ᠤᠨ ᠪᠠᠶᠢᠭᠤᠯᠤᠮᠵᠢ᠂ ᠨᠠᠮ ᠵᠠᠰᠠᠭ ᠤᠨ | ᠪᠠᠶᠢᠭᠤᠯᠭ᠎ᠠ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ᠂ ᠲᠣᠮᠣ ᠬᠡᠯᠪᠡᠷᠢ ᠶᠢᠨ | ᠬᠤᠳᠠᠯᠳᠤᠭᠠᠨ ᠤ ᠬᠡᠳᠦ ᠳᠡᠯᠭᠡᠭᠦᠷ ᠵᠡᠷᠭᠡ ᠨᠢ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠦᠬᠦ ᠲᠠᠯ᠎ᠠ ᠪᠠᠷ | ᠥᠷᠨᠢᠭᠦᠯᠵᠦ᠂ ᠠᠵᠢᠯᠲᠠᠨ ᠤ ᠪᠣᠯᠪᠠᠰᠤᠷᠠᠭᠤᠯᠤᠯ ᠵᠢᠴᠢ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ | ᠠᠵᠢᠯ ᠤᠨ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ᠂ ᠸᠢᠴᠠᠲ ᠤᠨ | ᠨᠡᠶᠢᠲᠡ ᠶᠢᠨ ᠳ᠋ᠤᠭᠠᠷ᠂ ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡ ᠶᠢᠨ ᠫᠠᠶᠢᠰᠠ ᠶᠢᠨ ᠤᠬᠠᠭᠤᠯᠭ᠎ᠠ ᠶᠢᠨ ᠪᠤᠯᠤᠩ᠂ | ᠵᠠᠮ ᠳᠠᠭᠠᠤ ᠶᠢᠨ ᠤᠬᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ | ᠬᠦᠷᠢᠶᠡᠯᠡᠨ ᠬᠠᠰᠢᠬᠤ ᠵᠡᠷᠭᠡ ᠬᠡᠯᠪᠡᠷᠢ ᠶᠢ ᠠᠰᠢᠭᠯᠠᠨ᠂ ᠥᠷᠭᠡᠨ ᠢᠶᠠᠷ ᠤᠬᠠᠭᠤᠯᠤᠨ ᠬᠥᠲᠥᠯᠥᠨ ᠵᠢᠯᠤᠭᠤᠳᠴᠤ᠂ ᠬᠤᠭ | ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠢᠳᠡᠪᠬᠢᠲᠡᠢ ᠲᠦᠭᠡᠮᠡᠯᠵᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ | ᠣᠷᠤᠯᠴᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ | 3᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ᠂ ᠬᠤᠲᠠ ᠶᠢᠨ ᠬᠠᠮᠢᠶᠠᠷᠤᠯᠲᠠ ᠶᠢ ᠵᠠᠬ᠎ᠠ | ᠳᠡᠯᠭᠡᠭᠦᠷᠴᠢᠯᠡᠨ ᠠᠵᠢᠯᠯᠠᠭᠤᠯᠤᠨ᠎ᠠ | ᠮᠠᠨ ᠤ ᠲᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ | ᠬᠠᠮᠢᠶᠠᠷᠤᠯᠲᠠ ᠶᠢᠨ ᠲᠣᠭᠲᠠᠴᠠ ᠶᠢ ᠭᠦᠨᠵᠡᠭᠡᠶᠢᠷᠡᠭᠦᠯᠦᠨ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ | ᠪᠠ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠬᠠᠮᠢᠶ᠎ᠠ | ᠪᠦᠬᠦᠢ ᠬᠠᠮᠢᠶᠠᠷᠤᠯᠲᠠ ᠶᠢᠨ ᠲᠣᠭᠲᠠᠭᠠᠯ ᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ | ᠤᠶᠠᠯᠳᠤᠭᠤᠯᠤᠨ ᠴᠢᠩᠱᠠᠨ ᠲᠣᠭᠤᠷᠢᠭ ᠤᠨ ᠲᠥᠪ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠪᠡᠷᠯᠡᠬᠦ᠂ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠪᠠ ᠳᠠᠮᠵᠢᠭᠤᠯᠤᠨ | ᠲᠡᠭᠡᠭᠡᠪᠦᠷᠢᠯᠡᠬᠦ ᠥᠷᠲᠡᠭᠡ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢᠨ | ᠬᠠᠮᠢᠶᠠᠷᠤᠯᠲᠠ᠂ ᠬᠠᠮᠲᠤᠪᠠᠷ ᠭᠥᠷᠳᠡᠬᠦ ᠳᠤᠭᠤᠢ ᠲᠡᠷᠭᠡ ᠶᠢ ᠲᠠᠯᠪᠢᠬᠤ︔ ᠴᠢᠩᠱᠠᠨ ᠲᠣᠭᠤᠷᠢᠭ ᠤᠨ ᠬᠠᠷᠢᠶ᠎ᠠ ᠣᠷᠣᠨ ᠤ | ᠳᠣᠲᠣᠷᠠᠬᠢ ᠵᠦᠯᠭᠡ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ ᠤᠨ | ᠨᠣᠭᠤᠭᠠᠷᠠᠭᠤᠯᠤᠯᠲᠠ ᠶᠢ ᠶᠡᠷᠦᠩᠬᠡᠶᠢᠯᠡᠨ ᠠᠷᠠᠴᠢᠯᠠᠨ ᠬᠠᠮᠠᠭᠠᠯᠠᠬᠤ᠂ ᠬᠤᠲᠠ ᠶᠢᠨ ᠶᠠᠪᠤᠳᠠᠯ ᠤᠨ ᠵᠠᠮ ᠢ ᠶᠡᠷᠦᠩᠬᠡᠶᠢᠯᠡᠨ | ᠬᠠᠮᠠᠭᠠᠯᠠᠵᠤ ᠰᠡᠯᠪᠢᠨ ᠵᠠᠰᠠᠬᠤ᠂ ᠭᠤᠣᠯ ᠤᠨ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠳ᠋ᠧᠩ ᠢ ᠶᠡᠷᠦᠩᠬᠡᠶᠢᠯᠡᠨ | ᠬᠠᠮᠠᠭᠠᠯᠠᠵᠤ ᠰᠡᠯᠪᠢᠨ ᠵᠠᠰᠠᠬᠤ︔ ᠴᠢᠩ ᠹᠦ᠋ ᠪᠠᠯᠭᠠᠰᠤ ᠪᠠ ᠰᠢᠩ ᠱᠧᠩ ᠪᠠᠯᠭᠠᠰᠤ ᠶᠢᠨ 10 ᠵᠠᠰᠠᠭ ᠵᠠᠬᠢᠷᠭᠠᠨ ᠤ | ᠲᠣᠰᠬᠤᠨ ᠤ ᠭᠤᠣᠯ ᠳᠡᠳ᠋ ᠵᠠᠮ ᠢ ᠴᠡᠪᠡᠷᠯᠡᠬᠦ ᠠᠵᠢᠯ᠂ ᠠᠮᠢᠳᠤᠷᠠᠯ ᠤᠨ ᠬᠤᠭ ᠨᠣᠪᠰᠢ ᠶᠢᠨ ᠨᠢᠭᠡᠳᠦᠭᠡᠷ ᠳᠡᠰ ᠤᠨ | ᠬᠤᠷᠢᠶᠠᠨ ᠵᠥᠭᠡᠭᠡᠪᠦᠷᠢᠯᠡᠬᠦ᠂ ᠬᠤᠭ ᠨᠣᠪᠰᠢ ᠶᠢ ᠲᠦᠷᠦᠯ ᠬᠤᠪᠢᠶᠠᠬᠤ᠂ ᠪᠠᠷᠢᠯᠭ᠎ᠠ ᠶᠢᠨ ᠬᠤᠭ ᠨᠣᠪᠰᠢ ︵ᠲᠡᠵᠢᠭᠡᠨ | ᠦᠷᠡᠵᠢᠭᠦᠯᠬᠦ ᠬᠤᠭ ᠨᠣᠪᠰᠢ︶ ᠶᠢ ᠰᠢᠢᠳᠪᠦᠷᠢᠯᠡᠬᠦ᠂ ᠤᠢ ᠰᠢᠭᠤᠢ ᠤᠨ ᠭᠠᠵᠠᠷ ᠢ ᠴᠡᠪᠡᠷᠯᠡᠬᠦ᠂ ᠭᠤᠣᠯ ᠤᠨ ᠵᠠᠮ ᠢ | ᠴᠡᠪᠡᠷᠯᠡᠬᠦ᠂ ᠬᠥᠮᠥᠨ ᠦᠭᠡᠢ ᠲᠣᠭᠤᠷᠢᠭ ᠢ ᠴᠡᠪᠡᠷᠯᠡᠬᠦ᠂ ᠨᠡᠶᠢᠲᠡ ᠶᠢᠨ ᠵᠣᠷᠯᠣᠩ ᠢ ᠬᠠᠮᠢᠶᠠᠷᠬᠤ᠂ ᠬᠡᠷᠡᠮ ᠤᠨ ᠵᠠᠷ ᠮᠡᠳᠡᠭᠡ᠂ | ᠪᠠᠯᠭᠠᠰᠤᠨ ᠤ ᠳᠣᠲᠣᠷᠠᠬᠢ ᠵᠠᠮ ᠢ ᠴᠡᠪᠡᠷᠯᠡᠬᠦ ᠵᠡᠷᠭᠡ ᠬᠠᠮᠢᠶ᠎ᠠ ᠪᠦᠬᠦᠢ ᠠᠵᠢᠯ ᠢ᠂ ᠢᠯᠡ ᠪᠠᠷ ᠳᠠᠭᠠᠭᠠᠴᠢᠯᠠᠯᠲᠠ | ᠵᠠᠷᠯᠠᠬᠤ ᠬᠡᠯᠪᠡᠷᠢ ᠪᠠᠷ ᠳᠠᠮᠵᠢᠭᠤᠯᠤᠨ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ᠵᠠᠬ᠎ᠠ ᠳᠡᠯᠭᠡᠭᠦᠷᠴᠢᠯᠡᠬᠦ ᠪᠠᠷ | ᠳᠠᠮᠵᠢᠭᠤᠯᠤᠨ ᠲᠤᠰᠬᠠᠶᠢᠵᠢᠭᠰᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠢᠨᠠᠯᠲᠠ ᠲᠠᠯᠪᠢᠵᠤ ᠬᠢᠨᠠᠨ ᠰᠢᠯᠭᠠᠬᠤ ᠠᠵᠢᠯ ᠢ ᠴᠢᠩᠭᠠᠳᠬᠠᠵᠤ᠂ ᠬᠢᠨᠠᠨ ᠰᠢᠯᠭᠠᠵᠤ ᠱᠠᠩᠨᠠᠵᠤ ᠲᠣᠷᠭᠠᠬᠤ ᠶᠢ | ᠪᠡᠶᠡᠯᠡᠭᠦᠯᠵᠦ᠂ ︽ᠴᠢᠩᠱᠠᠨ ᠲᠣᠭᠤᠷᠢᠭ ᠤᠨ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠴᠡᠴᠡᠷᠯᠢᠭ᠂ ᠬᠤᠲᠠ ᠶᠢᠨ ᠶᠠᠪᠤᠳᠠᠯ ᠢ ᠨᠢᠭᠡ ᠴᠣᠭᠴᠠᠵᠢᠭᠤᠯᠤᠭᠰᠠᠨ ᠵᠠᠬ᠎ᠠ ᠳᠡᠯᠭᠡᠭᠦᠷ ᠤᠨ ᠠᠵᠢᠯᠯᠠᠭᠠᠨ ᠢ ᠰᠢᠯᠭᠠᠨ | ᠬᠢᠨᠠᠬᠤ ᠠᠷᠭ᠎ᠠ︾ ᠶᠢ ᠦᠨᠳᠦᠰᠦᠯᠡᠪᠡᠯ᠂ ᠬᠢᠨᠠᠨ ᠰᠢᠯᠭᠠᠬᠤ ᠶᠡᠷᠦᠩᠬᠡᠢ ᠬᠤᠪᠢ ᠶᠢᠨ ᠬᠡᠮᠵᠢᠭᠳᠡᠯ ᠨᠢ 100 ᠬᠤᠪᠢ | ︵ᠡᠭᠦᠨ ᠳᠤ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠨᠠᠨ ᠰᠢᠯᠭᠠᠯᠲᠠ ᠨᠢ | ᠶᠡᠷᠦᠩᠬᠡᠢ ᠬᠤᠪᠢ ᠶᠢᠨ ᠬᠡᠮᠵᠢᠭᠳᠡᠯ ᠤᠨ 60% ᠶᠢ ᠡᠵᠡᠯᠡᠵᠦ᠂ ᠴᠡᠴᠡᠷᠯᠢᠭ᠂ ᠨᠣᠭᠤᠭᠠᠷᠠᠭᠤᠯᠤᠯᠲᠠ᠂ ᠬᠤᠲᠠ ᠶᠢᠨ | ᠶᠠᠪᠤᠳᠠᠯ ᠤᠨ ᠬᠢᠨᠠᠨ ᠰᠢᠯᠭᠠᠯᠲᠠ ᠨᠢ ᠶᠡᠷᠦᠩᠬᠡᠢ ᠬᠤᠪᠢ ᠶᠢᠨ ᠬᠡᠮᠵᠢᠭᠳᠡᠯ ᠤᠨ 30% ᠶᠢ ᠡᠵᠡᠯᠡᠵᠦ᠂ ᠴᠢᠩ ᠹᠦ᠋ | ᠪᠠᠯᠭᠠᠰᠤᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠨᠠᠨ ᠰᠢᠯᠭᠠᠯᠲᠠ ᠨᠢ | ᠶᠡᠷᠦᠩᠬᠡᠢ ᠬᠤᠪᠢ ᠶᠢᠨ ᠬᠡᠮᠵᠢᠭᠳᠡᠯ ᠤᠨ 2% ᠢ ᠡᠵᠡᠯᠡᠵᠦ᠂ ᠰᠢᠩ ᠱᠧᠩ ᠪᠠᠯᠭᠠᠰᠤᠨ ᠤ ᠬᠥᠳᠡᠭᠡ ᠲᠣᠰᠬᠤᠨ ᠤ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠨᠠᠨ ᠰᠢᠯᠭᠠᠯᠲᠠ ᠨᠢ ᠶᠡᠷᠦᠩᠬᠡᠢ ᠬᠤᠪᠢ ᠶᠢᠨ ᠬᠡᠮᠵᠢᠭᠳᠡᠯ ᠤᠨ | 8% ᠶᠢ ᠡᠵᠡᠯᠡᠨ᠎ᠡ︶᠂ ᠬᠢᠨᠠᠨ ᠰᠢᠯᠭᠠᠯᠲᠠ ᠳᠤ 100 ᠬᠤᠪᠢ ᠶᠢᠨ ᠪᠦᠷᠢᠨ ᠬᠤᠪᠢ ᠶᠢᠨ ᠳᠦᠷᠢᠮ ᠤᠨ ᠭᠡᠳᠡᠷᠭᠦ | ᠰᠠᠭᠤᠳᠬᠠᠬᠤ ᠠᠷᠭ᠎ᠠ ᠶᠢ ᠬᠡᠷᠡᠭᠵᠢᠭᠦᠯᠵᠦ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ ︽ᠴᠢᠩᠱᠠᠨ ᠲᠣᠭᠤᠷᠢᠭ ᠤᠨ ᠬᠤᠲᠠ ᠶᠢᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠬᠢᠨᠠᠨ ᠰᠢᠯᠭᠠᠵᠤ ᠬᠤᠪᠢ ᠲᠣᠭᠲᠠᠭᠠᠬᠤ ᠱᠠᠭᠠᠷᠳᠠᠯᠭ᠎ᠠ︾ ︽ᠴᠢᠩᠱᠠᠨ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠬᠤᠲᠠ ᠶᠢᠨ ᠶᠠᠪᠤᠳᠠᠯ ᠬᠢᠭᠡᠳ ᠨᠣᠭᠤᠭᠠᠷᠠᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠭᠠᠳᠠᠭᠰᠢ | ᠳᠠᠭᠠᠭᠠᠴᠢᠯᠠᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠬᠢᠨᠠᠨ ᠰᠢᠯᠭᠠᠬᠤ ᠪᠠᠷᠢᠮᠵᠢᠶ᠎ᠠ ᠵᠢᠴᠢ ᠨᠠᠷᠢᠨ ᠳᠦᠷᠢᠮ︾ | ︽ᠴᠢᠩᠱᠠᠨ ᠲᠣᠭᠤᠷᠢᠭ ᠤᠨ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠬᠢᠨᠠᠨ | ᠰᠢᠯᠭᠠᠵᠤ ᠬᠤᠪᠢ ᠲᠣᠭᠲᠠᠭᠠᠬᠤ ᠱᠠᠭᠠᠷᠳᠠᠯᠭ᠎ᠠ︾ ᠶᠢᠨ ᠲᠣᠭᠲᠠᠭᠠᠯ ᠶᠣᠰᠣᠭᠠᠷ ᠪᠣᠳᠠᠲᠠᠢ ᠬᠤᠪᠢ ᠬᠡᠮᠵᠢᠶ᠎ᠡ ᠶᠢ | ᠲᠤᠭᠲᠠᠭᠠᠵᠦ᠂ ᠡᠳᠦᠷ ᠲᠤᠲᠤᠮ ᠤᠨ ᠪᠠᠶᠢᠴᠠᠭᠠᠯᠲᠠ ᠪᠠᠷ ᠰᠠᠭᠤᠷᠢ ᠪᠣᠯᠭᠠᠵᠤ᠂ ᠲᠠᠰᠢᠷᠠᠮ ᠳᠠᠭᠠᠤ ᠰᠤᠭᠤᠴᠢᠨ | ᠪᠠᠶᠢᠴᠠᠭᠠᠬᠤ᠂ ᠣᠯᠠᠨ ᠲᠦᠮᠡᠨ ᠤ ᠵᠠᠭᠠᠯᠳᠤᠯᠭ᠎ᠠ᠂ ᠳ᠋ᠢᠶᠠᠩᠬᠤᠸᠠ᠂ ᠵᠠᠭᠤᠴᠢᠯᠠᠭᠤᠷ ᠤᠨ ᠢᠯᠡᠴᠢᠯᠡᠯ ᠵᠡᠷᠭᠡ | ᠶᠡᠷᠦᠩᠬᠡᠶᠢᠯᠡᠭᠰᠡᠨ ᠶᠡᠷᠦᠩᠬᠡᠢ ᠬᠤᠪᠢ ᠲᠣᠭᠲᠠᠭᠠᠬᠤ ᠲᠠᠢ ᠤᠶᠠᠯᠳᠤᠭᠤᠯᠤᠨ᠎ᠠ᠃ ᠶᠡᠷᠦᠩᠬᠡᠶᠢᠯᠡᠭᠰᠡᠨ ᠶᠡᠷᠦᠩᠬᠡᠢ ᠬᠤᠪᠢ | ᠲᠣᠭᠲᠠᠭᠠᠬᠤ ᠶᠣᠰᠣᠭᠠᠷ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠵᠠᠷᠤᠳᠠᠯ ᠢ ᠪᠡᠶᠡᠯᠡᠭᠦᠯᠵᠦ᠂ ᠣᠷᠴᠢᠨ | ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠶᠠᠰᠤ ᠴᠢᠨᠠᠷ ᠵᠢᠴᠢ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ | ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠳᠥᠷᠪᠡ︶ ᠡᠳᠦᠷ ᠲᠤᠲᠤᠮ ᠤᠨ ᠬᠠᠮᠢᠶᠠᠷᠤᠯᠲᠠ ᠶᠢ ᠣᠷᠳᠣ ᠬᠤᠭᠤᠴᠠᠭ᠎ᠠ ᠪᠠᠷ ᠬᠦᠴᠦᠨ ᠲᠠᠢ ᠪᠤᠯᠭᠠᠨ᠎ᠠ | ᠬᠠᠮᠢᠶᠠᠷᠤᠯᠲᠠ ᠶᠢᠨ ᠣᠶᠢᠯᠠᠭᠠᠭᠳᠠᠬᠤᠨ ᠳᠤ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠪᠠᠷᠢᠮᠵᠢᠶ᠎ᠠ ᠶᠢ | ᠲᠡᠭᠦᠯᠳᠡᠷᠵᠢᠭᠦᠯᠬᠦ᠂ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠭᠦᠭᠡᠷᠦᠮᠵᠢ᠂ ᠵᠡᠭᠡᠯᠢ ᠳᠠᠭᠠᠤ ᠶᠢᠨ | ᠪᠠᠷᠢᠯᠭ᠎ᠠ ᠶᠢᠨ ᠨᠢᠭᠤᠷ᠂ ᠵᠠᠮ ᠬᠠᠷᠢᠯᠴᠠᠭᠠᠨ ᠤ ᠬᠠᠪᠲᠠᠭᠠᠢ᠂ ᠣᠯᠠᠨ ᠨᠡᠶᠢᠲᠡ ᠶᠢᠨ ᠣᠷᠣᠨ ᠵᠠᠢ ᠶᠢᠨ ᠡᠮᠬᠢ ᠳᠢᠭᠯᠢᠮ᠂ | ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠵᠡᠷᠭᠡ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠪᠠᠶᠢᠩᠭᠤᠵᠢᠭᠰᠠᠨ ᠣᠷᠳᠣ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠬᠤᠲᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠷᠳᠣ ᠬᠤᠭᠤᠴᠠᠭᠠᠨ ᠤ | ᠪᠦᠲᠦᠮᠵᠢᠲᠡᠶ ᠪᠠᠶᠢᠬᠤ ᠰᠠᠭᠤᠷᠢ ᠶᠢ ᠪᠠᠬᠢᠵᠢᠭᠦᠯᠵᠦ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ | ᠬᠠᠮᠢᠶᠠᠷᠤᠯᠲᠠ ᠶᠢᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠡᠭᠦᠳᠡᠨ ᠡᠮᠦᠨ᠎ᠡ ᠬᠤᠶᠢᠨ᠎ᠠ ᠭᠤᠷᠪᠠ ᠶᠢ | ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠲᠣᠥᠷᠵᠢᠭᠤᠯᠤᠭᠰᠠᠨ | ᠬᠠᠮᠢᠶᠠᠷᠤᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠨᠠᠷᠢᠯᠢᠭ ᠨᠠᠶᠢᠷᠠᠭᠤᠯᠵᠤ | ᠲᠣᠥᠷᠵᠢᠭᠤᠯᠤᠨ ᠠᠵᠢᠯ ᠤᠨ ᠪᠠᠶᠢᠷᠢ ᠲᠣᠬᠢᠷᠠᠭᠤᠯᠵᠤ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ | ᠲᠣᠭᠤᠷᠢᠭ ᠤᠨ ᠳᠡᠳ᠋ ᠳᠠᠷᠤᠭ᠎ᠠ ᠪᠠᠷ ᠶᠡᠷᠦᠩᠬᠡᠢ ᠵᠡᠭᠡᠯᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠴᠢᠩᠱᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠭᠤᠣᠯ ᠤᠳᠤᠷᠢᠳᠤᠯᠭ᠎ᠠ ᠪᠠᠷ | ᠶᠡᠷᠦᠩᠬᠡᠢ ᠵᠡᠭᠡᠯᠢ ᠶᠢᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠳᠣᠣᠷ᠎ᠠ ᠨᠢ ᠨᠢᠭᠡᠳᠦᠭᠡᠷ ᠳᠡᠰ ᠤᠨ | ᠵᠡᠭᠡᠯᠢ ᠶᠢᠨ ᠳᠠᠷᠤᠭ᠎ᠠ᠂ ᠬᠤᠶᠠᠳᠤᠭᠠᠷ ᠳᠡᠰ ᠤᠨ ᠵᠡᠭᠡᠯᠢ ᠶᠢᠨ ᠳᠠᠷᠤᠭ᠎ᠠ᠂ ᠭᠤᠷᠪᠠᠳᠤᠭᠠᠷ ᠳᠡᠰ ᠤᠨ ᠵᠡᠭᠡᠯᠢ ᠶᠢᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ ᠬᠠᠮᠢᠶᠠᠷᠤᠯᠲᠠ ᠶᠢᠨ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠶᠡᠷᠦᠩᠬᠡᠢ ᠵᠡᠭᠡᠯᠢ ᠶᠢᠨ ᠳᠠᠷᠤᠭ᠎ᠠ᠂ ᠶᠡᠷᠦᠩᠬᠡᠢ ᠵᠡᠭᠡᠯᠢ ᠶᠢᠨ ᠳᠡᠳ᠋ ᠳᠠᠷᠤᠭ᠎ᠠ ᠨᠢ ᠬᠠᠷᠢᠶ᠎ᠠ | ᠣᠷᠣᠨ ᠤ ᠪᠠᠨ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠬᠤᠲᠠ ᠶᠢᠨ ᠶᠠᠪᠤᠳᠠᠯ ᠤᠨ ᠪᠡᠯᠡᠳᠬᠡᠮᠵᠢ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠵᠡᠷᠭᠡ | ᠬᠤᠲᠠ ᠶᠢᠨ ᠬᠠᠮᠢᠶᠠᠷᠤᠯᠲᠠ ᠶᠢᠨ ᠠᠵᠢᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ | ᠶᠡᠷᠦᠩᠬᠡᠢ ᠳᠤᠨᠢ ᠵᠢᠯᠤᠭᠤᠳᠴᠤ ᠲᠣᠬᠢᠷᠠᠭᠤᠯᠤᠨ᠎ᠠ᠃ ᠨᠢᠭᠡᠳᠦᠭᠡᠷ ᠳᠡᠰ ᠤᠨ ᠵᠡᠭᠡᠯᠢ ᠶᠢᠨ ᠳᠠᠷᠤᠭ᠎ᠠ ᠨᠢ ᠥᠪᠡᠷ | ᠥᠪᠡᠷ ᠤᠨ ᠠᠵᠢᠯ ᠤᠨ ᠬᠤᠪᠢᠶᠠᠷᠢᠯᠠᠯ ᠢᠶᠠᠷ ᠢᠶᠠᠨ ᠬᠡᠰᠡᠭ ᠳᠠᠭᠠᠭᠠᠴᠢᠯᠠᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ | ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠱᠠᠯᠠᠪᠳᠠᠭᠤᠯᠤᠨ ᠰᠢᠢᠳᠪᠦᠷᠢᠯᠡᠬᠦ ᠬᠡᠷᠡᠭᠲᠡᠢ᠃ ᠬᠤᠶᠠᠳᠤᠭᠠᠷ ᠳᠡᠰ ᠤᠨ ᠵᠡᠭᠡᠯᠢ ᠶᠢᠨ ᠳᠠᠷᠤᠭ᠎ᠠ᠂ ᠭᠤᠷᠪᠠᠳᠤᠭᠠᠷ ᠳᠡᠰ ᠤᠨ | ᠵᠡᠭᠡᠯᠢ ᠶᠢᠨ ᠳᠠᠷᠤᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠨ᠂ | ᠥᠪᠡᠰᠦᠪᠡᠨ ᠰᠢᠢᠳᠪᠦᠷᠢᠯᠡᠵᠦ ᠳᠡᠶᠢᠯᠬᠦ ᠦᠭᠡᠢ ᠪᠣᠯ ︽ᠵᠡᠭᠡᠯᠢ ᠶᠢᠨ ᠳᠠᠷᠤᠭ᠎ᠠ ᠵᠠᠯᠭᠠᠯᠳᠤᠬᠤ᠂ ᠰᠠᠯᠠᠭ᠎ᠠ ᠮᠥᠴᠢᠷ | ᠶᠡᠭᠡ ᠪᠠᠷ ᠬᠠᠮᠲᠤᠷᠠᠨ ᠬᠥᠳᠡᠯᠦᠯᠴᠡᠬᠦ︾ ᠵᠠᠭᠪᠤᠷ ᠢ ᠠᠪᠴᠤ᠂ ᠬᠠᠮᠲᠤ ᠪᠠᠷ ᠰᠢᠢᠳᠪᠦᠷᠢᠯᠡᠨ᠎ᠡ᠃ ᠵᠡᠭᠡᠯᠢ ᠶᠢᠨ | ᠳᠠᠷᠤᠭ᠎ᠠ ᠶᠢᠨ ᠳᠦᠷᠢᠮ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠬᠤᠲᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠳᠤᠮᠳᠠᠬᠢ ᠭᠤᠣᠯᠳᠠᠯᠭ᠎ᠠ ᠲᠠᠢ᠂ ᠬᠦᠴᠢᠷ ᠠᠰᠠᠭᠤᠳᠠᠯ ᠢ ᠲᠤᠰᠬᠠᠢ | ᠰᠡᠳᠦᠪ ᠢᠶᠠᠷ ᠰᠤᠳᠤᠯᠤᠨ ᠰᠢᠢᠳᠪᠦᠷᠢᠯᠡᠨ᠎ᠡ᠃ ᠬᠠᠮᠢᠶᠠᠷᠤᠯᠲᠠ ᠶᠢᠨ ᠶᠠᠪᠤᠴᠠ ᠶᠢ ᠴᠢᠩᠳᠠᠯᠠᠵᠤ᠂ ︽ᠲᠣᠭᠤᠷᠢᠨ | ᠪᠠᠶᠢᠴᠠᠭᠠᠬᠤ ︱ ᠰᠢᠢᠳᠪᠦᠷᠢᠯᠡᠬᠦ ︱ ᠬᠠᠷᠢᠭᠤ ᠲᠤᠰᠬᠠᠬᠤ ︱ ᠵᠣᠬᠢᠴᠠᠭᠤᠯᠬᠤ ︱ ᠱᠠᠯᠠᠪᠳᠠᠭᠤᠯᠤᠨ ᠪᠠᠶᠢᠴᠠᠭᠠᠬᠤ | ︱ ᠬᠠᠷᠢᠭᠤ ᠰᠤᠷᠪᠤᠯᠵᠢᠯᠠᠬᠤ︾ ᠪᠠᠷ ᠳᠠᠮᠵᠢᠭᠤᠯᠤᠨ ᠬᠠᠮᠢᠶᠠᠷᠤᠯᠲᠠ ᠶᠢᠨ ᠬᠥᠳᠡᠯᠦᠩᠭᠦᠢ ᠪᠠᠶᠢᠳᠠᠯ ᠢ | ᠰᠢᠯᠢᠳᠡᠭᠵᠢᠭᠦᠯᠵᠦ᠂ ᠬᠥᠨᠳᠡᠯᠡᠨ ᠢᠶᠠᠷ ᠡᠴᠦᠰ ᠲᠤᠨᠢ ᠲᠤᠯᠲᠠᠯ᠎ᠠ ᠭᠤᠯᠳᠤ ᠪᠠᠷ ᠵᠠᠬ᠎ᠠ ᠬᠢᠵᠠᠭᠠᠷ ᠬᠦᠷᠲᠡᠯ᠎ᠡ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠵᠡᠭᠡᠯᠢ ᠪᠣᠯᠭᠠᠨ ᠳᠤ ᠬᠠᠮᠢᠶᠠᠷᠬᠤ ᠬᠥᠮᠥᠨ ᠲᠠᠢ᠂ ᠠᠰᠠᠭᠤᠳᠠᠯ | ᠪᠣᠯᠭᠠᠨ ᠳᠤ ᠨᠠᠶᠢᠳᠠᠪᠤᠷᠢᠵᠢᠭᠤᠯᠤᠯᠲᠠ ᠲᠠᠢ᠂ ᠬᠠᠷᠢᠭᠤ ᠲᠤᠰᠬᠠᠯ ᠪᠣᠯᠭᠠᠨ ᠳᠤ ᠬᠠᠷᠢᠭᠤ ᠲᠤᠰᠬᠠᠯ ᠲᠠᠢ᠂ ᠤᠷᠳᠤ | ᠬᠤᠭᠤᠴᠠᠭᠠᠨ ᠤ ᠪᠦᠲᠦᠮᠵᠢᠲᠡᠢ ᠬᠡᠪ ᠤᠨ ᠵᠠᠰᠠᠯᠲᠠ ᠶᠢᠨ ᠲᠣᠭᠲᠠᠴᠠ ᠶᠢ ᠠᠩᠬ᠎ᠠ ᠠᠯᠬᠤᠮ ᠪᠦᠷᠢᠯᠳᠦᠭᠦᠯᠬᠦ ᠶᠢ | ᠪᠠᠲᠤᠯᠠᠬᠤ ᠬᠡᠷᠡᠭᠲᠡᠢ᠃ | ᠡᠳᠦᠷ ᠲᠤᠲᠤᠮ ᠤᠨ ᠠᠵᠢᠯ ᠤᠨ ᠳᠤᠮᠳᠠ᠂ ︽ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠸᠢᠴᠠᠲ ᠤᠨ ᠰᠦᠷᠦᠭᠵᠢᠯ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢᠨ ᠲᠣᠭᠤᠷᠢᠨ ᠳᠤ᠂ ᠡᠯ᠎ᠡ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ | ᠠᠰᠠᠭᠤᠳᠠᠯ ᠢ ᠦᠳᠲᠡᠷ ᠲᠦᠷᠭᠡᠨ ᠲᠠᠨᠢᠵᠤ ᠠᠪᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ | ᠰᠢᠢᠳᠪᠦᠷᠢᠯᠡᠵᠦ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠢ ᠳᠤᠨᠢ ᠠᠵᠢᠯ ᠤᠨ ᠰᠦᠷᠦᠭᠵᠢᠯ ᠳᠤ ᠬᠠᠷᠢᠭᠤ | ᠲᠤᠰᠬᠠᠬᠤ ᠬᠡᠷᠡᠭᠲᠡᠢ᠃ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠲᠦᠷᠦᠭᠦᠯᠡᠨ ᠡᠯ᠎ᠡ ᠰᠠᠯᠠᠭ᠎ᠠ | ᠮᠥᠴᠢᠷ ᠤᠨ ᠠᠰᠠᠭᠤᠳᠠᠯ ᠢ ᠲᠠᠨᠢᠵᠤ ᠠᠪᠬᠤ ᠶᠢ ᠱᠠᠯᠠᠪᠳᠠᠭᠤᠯᠵᠦ᠂ ᠭᠦᠢᠴᠡᠳᠬᠡᠭᠰᠡᠨ ᠦᠷ᠎ᠡ ᠳ᠋ᠦᠩ ᠢ ᠬᠠᠷᠢᠭᠤ | ᠲᠤᠰᠬᠠᠵᠤ᠂ ᠭᠦᠢᠴᠡᠳᠬᠡᠬᠦ ᠴᠤᠪᠤᠷᠠᠯ ᠢ ᠵᠢᠷᠤᠮᠵᠢᠭᠤᠯᠤᠨ᠂ ︽ᠠᠵᠢᠯ ᠢ ᠠᠳᠬᠤᠬᠤ ᠬᠥᠮᠥᠨ ᠲᠠᠢ᠂ ᠠᠰᠠᠭᠤᠳᠠᠯ ᠢ | ᠬᠠᠮᠢᠶᠠᠷᠬᠤ ᠬᠥᠮᠥᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠥᠨ ᠲᠠᠢ︾ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ | ︵ᠲᠠᠪᠤ︶ ᠬᠠᠮᠢᠶᠠᠷᠤᠯᠲᠠ ᠶᠢᠨ ᠲᠠᠪᠴᠠᠩ ᠢ ᠤᠶᠤᠨᠵᠢᠭᠤᠯᠬᠤ | ᠣᠶᠤᠨᠲᠤ ᠬᠤᠲᠠ ᠶᠢᠨ ᠬᠠᠮᠢᠶᠠᠷᠤᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠴᠢᠩᠱᠠᠨ ᠲᠣᠭᠤᠷᠢᠭ ᠤᠨ ᠣᠳᠣᠬᠢᠴᠢᠯᠠᠭᠰᠠᠨ ᠬᠤᠲᠠ ᠶᠢᠨ ᠬᠡᠪᠴᠢᠶᠡᠨ ᠤ | ᠨᠡᠶᠢᠭᠡᠮ ᠤᠨ ᠵᠠᠰᠠᠯᠲᠠ ᠶᠢᠨ ᠲᠥᠪ ᠪᠠ ᠨᠡᠶᠢᠭᠡᠮ ᠤᠨ ᠵᠠᠰᠠᠯᠲᠠ ᠶᠢᠨ ᠵᠢᠯᠣᠭᠤᠳᠤᠨ ᠲᠣᠬᠢᠷᠠᠭᠤᠯᠬᠤ ᠲᠠᠪᠴᠠᠩ ᠢ | ᠭᠦᠢᠴᠡᠳ ᠠᠰᠢᠭᠯᠠᠨ᠂ ᠣᠶᠤᠨᠲᠤ ᠬᠤᠲᠠ ᠶᠢᠨ ᠬᠠᠮᠢᠶᠠᠷᠤᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ | ᠬᠢᠭᠡᠳ ᠨᠡᠪᠲᠡᠷᠡᠯᠴᠡᠨ ᠬᠠᠮᠵᠢᠯᠴᠠᠬᠤ ᠶᠢ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠥᠳᠡᠯᠦᠩᠭᠦᠢ ᠳ᠋ᠠᠶᠢᠲ᠋ᠠ ᠶᠢᠨ | ᠬᠥᠮᠥᠷᠭᠡ ᠶᠢ ᠪᠦᠷᠢᠨᠰᠢᠭᠦᠯᠦᠨ᠎ᠡ᠃ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠮᠡᠳᠡᠭᠡ ᠵᠠᠩᠭᠢ ᠶᠢ ᠴᠤᠭᠯᠠᠭᠤᠯᠬᠤ᠂ ᠬᠡᠷᠡᠭ ᠪᠣᠯᠭᠠᠨ ᠳᠠᠩᠰᠠᠯᠠᠬᠤ᠂ ᠲᠣᠮᠢᠯᠠᠬᠤ᠂ ᠰᠢᠢᠳᠪᠦᠷᠢᠯᠡᠬᠦ᠂ ᠬᠢᠨᠠᠨ ᠪᠠᠶᠢᠴᠠᠭᠠᠬᠤ᠂ | ᠬᠡᠷᠡᠭ ᠢ ᠳᠠᠭᠤᠰᠬᠠᠬᠤ᠂ ᠬᠠᠷᠢᠭᠤ ᠲᠤᠰᠬᠠᠬᠤ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ | ᠪᠦᠷᠢᠯᠳᠦᠭᠦᠯᠵᠦ᠂ ︽ᠮᠡᠳᠡᠭᠡ ᠵᠠᠩᠭᠢᠵᠢᠭᠤᠯᠤᠨ ᠬᠠᠮᠢᠶᠠᠷᠬᠤ᠂ ᠬᠡᠮᠵᠢᠶᠡᠵᠢᠭᠦᠯᠬᠦ ᠪᠠᠷ ᠭᠤᠣᠯ ᠪᠣᠯᠭᠠᠭᠰᠠᠨ᠂ ᠶᠡᠷᠦᠩᠬᠡᠶᠢᠯᠡᠨ | ᠰᠢᠯᠭᠠᠨ ᠦᠨᠡᠯᠡᠭᠰᠡᠨ︾ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠳᠦᠯ ᠢ ᠪᠠᠳᠠᠷᠠᠭᠤᠯᠵᠤ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠵᠡᠷᠭᠡ | ᠢᠨᠲ᠋ᠧᠷ ᠰᠦᠯᠵᠢᠶᠡᠨ ᠤ ᠮᠡᠷᠭᠡᠵᠢᠯ ᠳᠤ ᠲᠦᠰᠢᠭᠯᠡᠨ᠂ ᠴᠢᠩᠱᠠᠨ ᠲᠣᠭᠤᠷᠢᠭ ᠤᠨ ᠬᠤᠲᠠ ᠶᠢᠨ ᠬᠡᠪᠴᠢᠶᠡᠨ ᠳᠠᠬᠢ | ᠨᠡᠶᠢᠭᠡᠮ ᠤᠨ ᠵᠠᠰᠠᠯᠲᠠ ᠶᠢᠨ ᠲᠥᠪ ᠤᠨ ᠬᠠᠷᠠᠭᠠᠨ ᠳᠠᠪᠲᠠᠮᠵᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠲᠠᠪᠴᠠᠩ ᠳᠤ ᠲᠦᠰᠢᠭᠯᠡᠨ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠰᠢᠯᠵᠢᠮᠡᠯ ᠮᠡᠳᠡᠭᠡ | ᠬᠤᠯᠪᠣᠭ᠎ᠠ᠂ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠡᠷᠭᠡ ᠬᠤᠲᠠ ᠶᠢᠨ ᠲᠣᠣᠷ ᠤᠨ ᠪᠡᠯᠡᠳᠬᠡᠮᠵᠢ ᠶᠢᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠨ᠂ ︽ᠴᠠᠭ ᠲᠤᠬᠠᠢ ᠳᠤᠨᠢ ᠬᠥᠳᠡᠯᠦᠩᠭᠦᠢ ᠪᠠᠷ᠂ ᠬᠠᠷᠢᠯᠴᠠᠨ ᠬᠤᠯᠪᠣᠭᠠᠯᠠᠵᠤ | ᠬᠠᠮᠲᠤᠪᠠᠷ ᠭᠥᠷᠳᠡᠬᠦ᠂ ᠪᠥᠬᠦ ᠲᠠᠯ᠎ᠠ ᠪᠠᠷ ᠨᠠᠷᠢᠨ ᠪᠣᠳᠠᠲᠠᠢ︾ ᠰᠠᠭᠤᠷᠢ ᠮᠡᠳᠡᠭᠡ ᠵᠠᠩᠭᠢ ᠶᠢ ᠬᠠᠮᠲᠤᠪᠠᠷ ᠭᠥᠷᠳᠡᠬᠦ | ᠰᠢᠰᠲ᠋ᠧᠮᠵᠢ ᠶᠢ ᠪᠠᠶᠢᠭᠤᠯᠤᠨ᠎ᠠ᠃ ᠲᠣᠥᠷᠵᠢᠭᠤᠯᠤᠭᠰᠠᠨ ᠮᠡᠳᠡᠭᠡ ᠵᠠᠩᠭᠢ ᠶᠢᠨ ᠬᠠᠮᠢᠶᠠᠷᠤᠯᠲᠠ᠂ ᠲᠣᠪᠶᠤᠭ ᠮᠠᠶ᠋ᠢᠭ ᠤᠨ | ᠲᠦᠷᠭᠡᠨ ᠰᠢᠢᠳᠪᠦᠷᠢᠯᠡᠬᠦ᠂ ᠥᠯᠥ ᠬᠦᠷᠦᠯᠴᠡᠬᠦ ᠴᠢᠨᠠᠷᠲᠠᠢ ᠬᠠᠤᠯᠢ ᠬᠡᠷᠡᠭᠵᠢᠭᠦᠯᠬᠦ ᠵᠡᠷᠭᠡ ᠰᠢᠨ᠎ᠡ ᠬᠡᠯᠪᠡᠷᠢ ᠶᠢᠨ ᠠᠷᠭ᠎ᠠ | ᠮᠠᠶ᠋ᠢᠭ ᠢ ᠪᠠᠶᠢᠭᠤᠯᠤᠨ ᠲᠡᠭᠦᠯᠳᠡᠷᠵᠢᠭᠦᠯᠵᠦ᠂ ᠵᠠᠮ ᠤᠨ ᠨᠢᠭᠤᠷ ᠤᠨ ᠬᠠᠷᠠᠭᠠᠨ ᠳᠠᠪᠲᠠᠮᠵᠢ ᠶᠢᠨ ᠪᠥᠬᠦ ᠲᠠᠯ᠎ᠠ ᠶᠢᠨ | ᠬᠢᠨᠠᠯᠲᠠ ᠬᠠᠮᠢᠶᠠᠷᠤᠯᠲᠠ᠂ ᠰᠢᠯᠵᠢᠮᠡᠯ ᠲᠥᠬᠦᠭᠡᠷᠦᠮᠵᠢ ᠶᠢᠨ ᠪᠠᠯᠠᠢ ᠴᠡᠭ ᠢ ᠨᠥᠬᠦᠪᠦᠷᠢᠯᠡᠬᠦ᠂ ᠭᠠᠭᠴᠠ ᠴᠡᠷᠢᠭ ᠤᠨ | ᠲᠣᠨᠣᠭᠯᠠᠯ ᠤᠨ ᠪᠥᠬᠦ ᠶᠠᠪᠤᠴᠠ ᠶᠢ ᠲᠡᠮᠳᠡᠭᠯᠡᠬᠦ᠂ ᠵᠢᠯᠤᠭᠤᠳᠬᠤ ᠲᠥᠪ ᠤᠨ ᠪᠥᠬᠦ ᠴᠠᠷᠠᠭᠠᠨ ᠳᠠᠬᠢ ᠵᠢᠯᠤᠭᠤᠳᠴᠤ | ᠬᠢᠨᠠᠯᠲᠠ ᠲᠠᠯᠪᠢᠬᠤ ᠣᠶᠤᠨᠴᠢᠯᠠᠭᠰᠠᠨ ᠬᠠᠮᠢᠶᠠᠷᠤᠯᠲᠠ ᠶᠢᠨ ᠵᠠᠭᠪᠤᠷ ᠢ ᠪᠡᠶᠡᠯᠡᠭᠦᠯᠦᠨ᠂ ᠵᠠᠰᠠᠯᠲᠠ ᠶᠢᠨ ᠬᠦᠴᠦᠨ | ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠡᠩᠨᠡᠭᠡᠨ ᠤ ᠪᠠᠶᠢᠭᠤᠯᠤᠯᠲᠠ ᠶᠢ ᠵᠢᠷᠤᠮᠵᠢᠭᠤᠯᠬᠤ | ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠣᠲᠣᠭᠠᠳᠤ ᠳᠠᠭᠠᠨ ᠬᠡᠪ ᠴᠢᠨᠠᠷ ᠢᠶᠠᠨ | ᠴᠢᠩᠭᠠᠳᠬᠠᠵᠤ᠂ ᠭᠠᠳᠠᠨ᠎ᠠ ᠪᠠᠨ ᠳᠦᠷᠢ ᠲᠥᠷᠬᠦ ᠶᠢ ᠪᠤᠢ ᠪᠣᠯᠭᠠᠵᠤ᠂ ᠡᠩᠨᠡᠭᠡᠨ ᠤ ᠪᠠᠶᠢᠭᠤᠯᠤᠯᠲᠠ ᠪᠠ | ᠬᠠᠮᠢᠶᠠᠷᠤᠯᠲᠠ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠤᠨ ᠲᠤᠬᠠᠶᠢᠯᠠᠭᠰᠠᠨ ᠠᠵᠢᠯ ᠤᠨ | ᠣᠨᠣᠯ ᠤᠨ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠬᠤ ᠪᠠᠷ ᠳᠠᠮᠵᠢᠭᠤᠯᠤᠨ᠂ ᠰᠢᠯᠭᠠᠨ ᠬᠢᠨᠠᠬᠤ | ᠬᠠᠮᠢᠶᠠᠷᠤᠯᠲᠠ ᠶᠢ ᠴᠢᠩᠳᠠᠯᠠᠵᠤ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠤᠨ᠂ ᠬᠠᠤᠯᠢ | ᠬᠡᠷᠡᠭᠵᠢᠭᠦᠯᠬᠦ ᠶᠢᠨ ᠲᠤᠰᠬᠠᠶᠢᠵᠢᠯᠲᠠ᠂ ᠵᠢᠷᠦᠮᠵᠢᠯᠲᠡ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ︽ᠶᠣᠰᠣᠯᠠᠯ ᠢᠶᠠᠨ | ᠬᠦᠨᠳᠦᠳᠬᠡᠨ ᠦᠨᠡᠮᠯᠡᠯ ᠢᠶᠠᠨ ᠲᠣᠳᠣᠷᠠᠭᠤᠯᠵᠤ ᠬᠠᠤᠯᠢ ᠬᠡᠷᠡᠭᠵᠢᠭᠦᠯᠬᠦ︾ ᠪᠠᠷ ᠳᠦᠷᠢ ᠲᠥᠷᠬᠦ ᠶᠢ ᠪᠣᠶ ᠪᠣᠯᠭᠠᠵᠤ᠂ | ᠦᠢᠯᠡᠴᠢᠯᠡᠭᠡ ᠪᠠᠷ ᠬᠠᠮᠢᠶᠠᠷᠤᠯᠲᠠ ᠶᠢ ᠠᠬᠢᠭᠤᠯᠤᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠰᠤᠷᠤᠯᠴᠠᠯᠭ᠎ᠠ ᠪᠣᠯᠪᠠᠰᠤᠷᠠᠭᠤᠯᠤᠯ ᠢ ᠪᠠᠶᠢᠩᠭᠤᠵᠢᠭᠤᠯᠬᠤ ᠶᠢ ᠪᠠᠷᠢᠮᠲᠠᠯᠠᠵᠤ᠂ ᠭᠠᠷᠠᠭ ᠪᠦᠷᠢ ᠨᠢᠭᠡ | ᠤᠳᠠᠭ᠎ᠠ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠰᠠᠷ᠎ᠠ ᠪᠦᠷᠢ | ᠨᠢᠭᠡ ᠤᠳᠠᠭ᠎ᠠ ᠲᠤᠰᠬᠠᠢ ᠰᠡᠳᠦᠪᠲᠦ ᠲᠠᠶᠢᠯᠤᠮᠵᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠤᠯᠠᠷᠢᠯ ᠪᠦᠷᠢ ᠨᠢᠭᠡ | ᠤᠳᠠᠭ᠎ᠠ ᠰᠤᠷᠤᠯᠴᠠᠯᠭ᠎ᠠ ᠪᠣᠯᠪᠠᠰᠤᠷᠠᠭᠤᠯᠤᠯ ᠤᠨ ᠦᠷ᠎ᠡ ᠪᠦᠲᠦᠭᠡᠯ ᠢ ᠳ᠋ᠦᠩᠨᠡᠵᠦ᠂ ᠬᠠᠭᠠᠰ ᠵᠢᠯ ᠪᠦᠷᠢ | ᠰᠢᠯᠭᠠᠯᠲᠠ ᠪᠠᠷ ᠳᠡᠮᠵᠢᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠢᠭᠡ ᠤᠳᠠᠭ᠎ᠠ ᠰᠢᠯᠭᠠᠨ ᠪᠠᠶᠢᠴᠠᠭᠠᠨ᠎ᠠ᠃ | ᠬᠤᠶᠠᠷ ᠲᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠶᠡᠭᠡ ᠰᠤᠷᠭᠠᠭᠤᠯᠢᠯᠠᠯ ᠤᠨ ᠠᠵᠢᠯᠯᠠᠭ᠎ᠠ ᠶᠢ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠦᠷ᠎ᠡ ᠪᠦᠲᠦᠭᠡᠯ ᠤᠨ ᠬᠠᠷᠢᠭᠤ | ᠮᠡᠳᠡᠭᠦᠯᠦᠯᠲᠡ ᠬᠢᠵᠦ᠂ ᠪᠣᠳᠠᠲᠠᠢ ᠠᠵᠢᠯ ᠲᠠᠢ ᠨᠢᠭᠲᠠ ᠤᠶᠠᠯᠳᠤᠭᠤᠯᠤᠨ᠂ ᠡᠩᠨᠡᠭᠡ ᠶᠢᠨ ᠠᠵᠢᠯᠲᠠᠨ ᠤ | ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠷᠪᠠ ᠳᠤ᠂ ᠨᠠᠮ ᠤᠨ ᠪᠠᠶᠢᠭᠤᠯᠤᠯᠲᠠ ᠶᠢᠨ | ᠶᠡᠷᠦᠩᠬᠡᠶᠢᠯᠡᠨ ᠵᠢᠯᠤᠭᠤᠳᠬᠤ ᠦᠢᠯᠡᠳᠦᠯ ᠢ ᠭᠦᠨᠵᠡᠭᠡᠶᠢᠷᠡᠭᠦᠯᠵᠦ᠂ ᠬᠤᠳᠠ ᠶᠢᠨ ᠨᠠᠷᠢᠯᠢᠭᠵᠢᠭᠤᠯᠤᠭᠰᠠᠨ ᠨᠠᠮ ᠤᠨ | ᠪᠠᠶᠢᠭᠤᠯᠤᠯᠲᠠ ᠶᠢᠨ ᠬᠤᠯᠪᠣᠭ᠎ᠠ ᠶᠢ ᠪᠠᠶᠢᠭᠤᠯᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ | ᠶᠡᠷᠦᠩᠬᠡᠶᠢᠯᠡᠨ ᠬᠠᠤᠯᠢ ᠬᠡᠷᠡᠭᠵᠢᠭᠦᠯᠬᠦ᠂ ᠰᠠᠶᠢᠨ ᠳᠤᠷ᠎ᠠ ᠠᠴᠠ ᠪᠠᠨ ᠦᠢᠯᠡᠴᠢᠯᠡᠬᠦ︾ ᠪᠠᠷ ᠠᠵᠢᠯ ᠤᠨ ᠬᠡᠪ ᠵᠠᠭᠪᠤᠷ | ᠪᠣᠯᠭᠠᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠬᠤᠳᠠ ᠶᠢᠨ ᠬᠠᠮᠢᠶᠠᠷᠤᠯᠲᠠ ᠪᠠ | ᠨᠡᠶᠢᠭᠡᠮ ᠲᠣᠭᠤᠷᠢᠭ ᠤᠨ ᠵᠠᠰᠠᠯᠲᠠ ᠶᠢᠨ ︽ᠶᠡᠭᠡ ᠬᠤᠳᠠ ᠶᠢᠨ ᠣᠶᠤᠨᠲᠤ ᠬᠠᠮᠢᠶᠠᠷᠤᠯᠲᠠ︾᠂ ︽ᠶᠡᠭᠡ ᠬᠤᠳᠠ ᠶᠢᠨ | ᠤᠯᠠᠨ ᠢᠶᠠᠷ ᠢᠶᠠᠨ ᠬᠠᠮᠢᠶᠠᠷᠬᠤ︾᠂ ︽ᠶᠡᠭᠡ ᠬᠤᠳᠠ ᠶᠢᠨ ᠨᠠᠷᠢᠨ ᠬᠠᠮᠢᠶᠠᠷᠤᠯᠲᠠ︾ ᠶᠢᠨ ᠬᠠᠮᠲᠤᠪᠠᠷ ᠬᠠᠮᠢᠶᠠᠷᠬᠤ᠂ | ᠬᠠᠮᠲᠤᠪᠠᠷ ᠵᠠᠰᠠᠬᠤ᠂ ᠬᠠᠮᠲᠤᠪᠠᠷ ᠡᠳ᠋ᠯᠡᠬᠦ ᠬᠡᠪ ᠵᠠᠭᠪᠤᠷ ᠢ ᠪᠠᠶᠢᠭᠤᠯᠤᠨ ᠪᠦᠷᠢᠯᠳᠦᠭᠦᠯᠵᠦ᠂ ᠪᠦᠬᠦᠨ ᠢ ᠬᠠᠮᠤᠷᠬᠤ | ᠠᠵᠢᠯ ᠤᠨ ᠪᠠᠶᠢᠷᠢᠰᠢᠯ ᠤᠨ ᠰᠢᠰᠲ᠋ᠧᠮ ᠢ ᠲᠦᠷᠭᠡᠨ ᠪᠦᠷᠢᠯᠳᠦᠭᠦᠯᠦᠨ᠎ᠡ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠵᠣᠭᠰᠣᠴᠠ ᠪᠠᠨ | ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠴᠢᠭᠯᠡᠯ ᠢ | ᠡᠵᠡᠮᠳᠡᠵᠦ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠬᠤ ᠬᠡᠷᠡᠭᠲᠡᠢ᠃ | ᠬᠤᠲᠠ ᠶᠢᠨ ᠨᠠᠷᠢᠯᠢᠭᠵᠢᠭᠤᠯᠤᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠯᠠᠭ᠎ᠠ ᠮᠥᠴᠢᠷ ᠤᠨ | ᠠᠵᠢᠯ ᠤᠨ ᠲᠣᠭᠲᠠᠴᠠ ᠶᠢ ᠰᠢᠯᠤᠭᠤᠳᠬᠠᠵᠤ᠂ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠᠬᠢ ᠬᠦᠴᠢᠷᠳᠡᠯ᠂ | ᠬᠦᠴᠢᠷᠳᠡᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠵᠣᠬᠢᠴᠠᠭᠤᠯᠵᠤ᠂ ᠴᠢᠩᠱᠠᠨ ᠲᠣᠭᠤᠷᠢᠭ ᠤᠨ ᠪᠣᠳᠠᠲᠤ | ᠪᠠᠶᠢᠳᠠᠯ ᠲᠤ ᠨᠡᠶᠢᠴᠡᠬᠦ ᠲᠤᠰᠬᠠᠢ ᠵᠦᠢᠯ ᠤᠨ ᠲᠥᠰᠥᠯ ᠢ ᠲᠣᠭᠲᠠᠭᠠᠨ᠂ ᠠᠵᠢᠯ ᠨᠢᠭᠡᠪᠦᠷᠢ ᠲᠤᠨᠢ ᠴᠥᠮ ︽ᠨᠢᠭᠡ | ᠬᠡᠷᠡᠭᠵᠢᠭᠦᠯᠬᠦ ᠭᠤᠣᠯ ᠴᠣᠭᠴᠠ᠂ ᠨᠢᠭᠡ ᠭᠤᠣᠯᠴᠢᠯᠠᠨ ᠬᠠᠮᠢᠶᠠᠷᠬᠤ ᠤᠳᠤᠷᠢᠳᠤᠯᠭ᠎ᠠ᠂ ᠨᠢᠭᠡ ᠴᠠᠭ ᠤᠨ ᠬᠦᠰᠦᠨᠦᠭᠲᠦ᠂ | ᠨᠢᠭᠡ ᠠᠬᠢᠭᠤᠯᠬᠤ ᠲᠣᠭᠲᠠᠴᠠ᠂ ᠨᠢᠭᠡ ᠢᠵᠢ ᠱᠠᠯᠠᠪᠳᠠᠭᠤᠯᠤᠨ ᠪᠠᠶᠢᠴᠠᠭᠠᠵᠤ ᠦᠨᠡᠯᠡᠨ ᠵᠢᠱᠢᠵᠦ ᠬᠠᠷᠢᠭᠤ ᠲᠤᠰᠬᠠᠬᠤ | ᠳᠦᠷᠢᠮ ᠲᠠᠢ᠂ ᠲᠤᠤᠱᠲᠠᠢ ᠠᠳᠬᠤᠪᠠᠯ ᠨᠠᠶᠢᠳᠠᠪᠤᠷᠢᠵᠢᠭᠤᠯᠬᠤ ᠲᠠᠢ ᠪᠠᠶᠢᠬᠤ︾ ︽ᠵᠢᠷᠭᠤᠭᠠᠨ ᠨᠢᠭᠡ︾ ᠶᠢᠨ ᠠᠵᠢᠯ ᠤᠨ | ᠲᠣᠭᠲᠠᠴᠠ ᠶᠢ ᠪᠠᠶᠢᠭᠤᠯᠬᠤ ᠬᠡᠷᠡᠭᠲᠡᠢ᠃ | ︵ᠬᠤᠶᠠᠷ︶ ᠱᠠᠯᠠᠪᠳᠠᠭᠤᠯᠤᠨ ᠵᠢᠯᠤᠭᠤᠳᠴᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ ᠱᠠᠯᠠᠪᠳᠠᠭᠤᠯᠤᠨ | ᠰᠢᠯᠭᠠᠬᠤ ᠶᠠᠪᠤᠴᠠ ᠪᠠᠷ ᠭᠠᠷᠳᠠᠴᠠ ᠪᠣᠯᠭᠠᠵᠤ᠂ ᠬᠤᠲᠠ ᠶᠢᠨ ᠨᠠᠷᠢᠯᠢᠭᠵᠢᠭᠤᠯᠤᠨ ᠵᠠᠰᠠᠬᠤ ᠠᠵᠢᠯ ᠤᠨ ᠥᠷᠨᠢᠯᠲᠡ ᠶᠢ | ᠠᠬᠢᠭᠤᠯᠵᠤ᠂ ︽ᠪᠥᠬᠦ ᠶᠠᠪᠤᠴᠠ᠂ ᠪᠥᠬᠦ ᠴᠠᠭ᠂ ᠣᠯᠠᠨ ᠬᠦᠷᠢᠶ᠎ᠡ ᠴᠠᠷᠠᠭ᠎ᠠ᠂ ᠥᠷᠭᠡᠨ ᠢᠶᠠᠷ ᠬᠠᠮᠤᠷᠬᠤ︾ ᠱᠠᠯᠠᠪᠳᠠᠭᠤᠯᠤᠨ | ᠰᠢᠯᠭᠠᠬᠤ ᠪᠠᠶᠢᠷᠢᠰᠢᠯ ᠢ ᠪᠣᠶ ᠪᠣᠯᠭᠠᠵᠤ᠂ ᠢᠯᠡ ᠪᠠᠷ ᠪᠠᠶᠢᠴᠠᠭᠠᠬᠤ᠂ ᠳᠠᠯᠳᠠᠭᠤᠷ ᠪᠠᠶᠢᠴᠠᠭᠠᠬᠤ᠂ ᠰᠤᠭᠤᠴᠢᠨ | ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠬᠤ᠂ ᠰᠢᠯᠭᠠᠨ ᠪᠠᠶᠢᠴᠠᠭᠠᠬᠤ ᠵᠡᠷᠭᠡ ᠣᠯᠠᠨ ᠬᠡᠯᠪᠡᠷᠢ ᠪᠠᠷ ᠱᠠᠯᠠᠪᠳᠠᠭᠤᠯᠤᠨ | ᠰᠢᠯᠭᠠᠬᠤ ᠠᠵᠢᠯ ᠢ ᠥᠷᠨᠢᠭᠦᠯᠬᠦ ᠶᠢ ᠴᠢᠩᠭᠠᠳᠬᠠᠬᠤ ᠬᠡᠷᠡᠭᠲᠡᠢ᠃ ᠬᠢᠨᠠᠨ ᠵᠢᠯᠤᠭᠤᠳᠴᠤ ᠬᠠᠷᠢᠭᠤ ᠲᠤᠰᠬᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠤᠣᠯᠳᠠᠯᠭ᠎ᠠ ᠲᠠᠢ ᠠᠵᠢᠯ ᠳᠤ ︽ᠠᠬᠢᠴᠠ ᠶᠢ ᠴᠠᠭ ᠲᠤᠬᠠᠢ ᠳᠤᠨᠢ | ᠰᠢᠨᠡᠳᠬᠡᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠠᠰᠠᠭᠤᠳᠠᠯ ᠢ ᠴᠠᠭ ᠲᠤᠬᠠᠢ ᠳᠤᠨᠢ | ᠬᠠᠷᠢᠭᠤ ᠲᠤᠰᠬᠠᠵᠤ᠂ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ︾ ᠶᠢ ᠪᠡᠶᠡᠯᠡᠭᠦᠯᠬᠦ ᠬᠡᠷᠡᠭᠲᠡᠢ᠃ ᠲᠣᠭᠲᠠᠮᠠᠯ | ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠬᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ | ᠪᠠᠶᠢᠴᠠᠭᠠᠬᠤ ᠶᠢ ᠥᠷᠨᠢᠭᠦᠯᠵᠦ᠂ ᠭᠤᠣᠯᠳᠠᠯᠭ᠎ᠠ ᠲᠠᠢ ᠱᠠᠯᠠᠪᠳᠠᠭᠤᠯᠤᠨ ᠵᠢᠯᠤᠭᠤᠳᠴᠤ᠂ ᠬᠦᠷᠦᠯᠴᠡᠬᠦ ᠦᠭᠡᠢ ᠲᠠᠯ᠎ᠠ ᠪᠠᠨ | ᠡᠷᠢᠵᠦ᠂ ᠲᠤᠷᠰᠢᠯᠭ᠎ᠠ ᠪᠠᠨ ᠳ᠋ᠦᠩᠨᠡᠬᠦ ᠬᠡᠷᠡᠭᠲᠡᠢ᠃ ᠠᠵᠢᠯ ᠳᠠᠭᠠᠨ ᠲᠣᠪᠣᠶᠢᠮ᠎ᠠ ᠦᠷ᠎ᠡ ᠪᠦᠲᠦᠮᠵᠢ ᠲᠠᠢ ᠶᠢ ᠨᠢ | ᠰᠠᠶᠢᠰᠢᠶᠠᠨ ᠬᠥᠬᠢᠭᠦᠯᠵᠦ᠂ ᠠᠬᠢᠭᠤᠯᠤᠭᠰᠠᠨ ᠢᠶᠠᠷ ᠬᠦᠴᠦᠨ ᠦᠭᠡᠢ᠂ ᠦᠷ᠎ᠡ ᠪᠦᠲᠦᠮᠵᠢ ᠪᠠᠷ ᠬᠤᠴᠤᠷᠤᠩᠭᠤᠢ | ᠪᠠᠶᠢᠬᠤ ᠶᠢ ᠨᠢ ᠮᠡᠳᠡᠭᠡᠯᠡᠬᠦ ᠪᠠ ᠬᠠᠷᠢᠭᠤᠴᠠᠯᠭ᠎ᠠ ᠬᠡᠯᠡᠯᠴᠡᠨ᠎ᠡ᠃ ᠬᠤᠲᠠ ᠶᠢᠨ ᠬᠠᠮᠢᠶᠠᠷᠤᠯᠲᠠ ᠶᠢᠨ ᠬᠦᠷᠢᠶ᠎ᠡ | ᠴᠠᠷᠠᠭ᠎ᠠ ᠶᠢᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠤᠨ ᠳᠦᠷᠢᠮ ᠢ ᠪᠠᠶᠢᠭᠤᠯᠵᠤ᠂ ᠲᠤᠰᠬᠠᠶᠢᠵᠢᠭᠰᠠᠨ | ᠠᠵᠢᠯ ᠤᠨ ᠪᠠᠷᠢᠮᠵᠢᠶ᠎ᠠ ᠪᠠ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠬᠠᠮᠢᠶᠠᠷᠤᠯᠲᠠ ᠶᠢᠨ ᠠᠷᠭ᠎ᠠ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠪᠤᠴᠠᠭᠠᠨ | ᠭᠠᠷᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠮᠲᠤᠪᠠᠷ ᠵᠠᠰᠠᠬᠤ ᠬᠦᠴᠦᠨ ᠴᠢᠳᠠᠪᠤᠷᠢ ᠶᠢ ᠬᠠᠮᠤᠭ ᠤᠨ | ᠶᠡᠭᠡ ᠪᠠᠷ ᠪᠠᠳᠠᠷᠠᠭᠤᠯᠤᠨ᠎ᠠ᠃ | ︵ᠭᠤᠷᠪᠠ︶ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠬᠤᠳᠠ ᠶᠢᠨ ᠬᠠᠮᠢᠶᠠᠷᠤᠯᠲᠠ ᠶᠢᠨ ᠨᠡᠶᠢᠯᠡᠮᠡᠯ ᠦᠷ᠎ᠡ | ᠠᠰᠢᠭ ᠢ ᠳᠡᠭᠡᠭᠰᠢᠯᠡᠭᠦᠯᠵᠦ᠂ ᠠᠵᠢᠯ ᠲᠦᠷᠦᠯ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠡᠭᠦᠳᠡᠨ ᠡᠮᠦᠨ᠎ᠡ ᠬᠤᠶᠢᠨ᠎ᠠ ᠭᠤᠷᠪᠠ ᠶᠢ | ᠳᠠᠭᠠᠭᠠᠴᠢᠯᠠᠭᠤᠯᠬᠤ︾ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠢᠨᠲ᠋ᠧᠷ ᠰᠦᠯᠵᠢᠶᠡᠨ ᠤ ᠮᠡᠷᠭᠡᠵᠢᠯ ᠳᠤ | ᠲᠦᠰᠢᠭᠯᠡᠵᠦ᠂ ᠬᠤᠳᠠ ᠶᠢᠨ ᠠᠷᠠᠳ ᠤᠨ ᠬᠠᠷᠢᠯᠴᠠᠨ ᠬᠥᠳᠡᠯᠦᠯᠴᠡᠬᠦ ᠲᠠᠪᠴᠠᠩ ᠤᠨ ᠪᠠᠶᠢᠭᠤᠯᠤᠯᠲᠠ ᠶᠢ ᠴᠢᠨᠠᠭᠰᠢᠳᠠ | ᠲᠡᠭᠦᠯᠳᠡᠷᠵᠢᠭᠦᠯᠵᠦ᠂ ᠬᠤᠳᠠ ᠶᠢᠨ ᠠᠷᠠᠳ ᠤᠨ ᠬᠤᠳᠠ ᠶᠢᠨ ᠬᠠᠮᠢᠶᠠᠷᠤᠯᠲᠠ ᠳᠤ ᠣᠷᠤᠯᠴᠠᠬᠤ ᠮᠡᠷᠭᠡᠵᠢᠯ ᠤᠨ | ᠪᠠᠬᠢᠯᠡᠯᠲᠡ ᠶᠢ ᠨᠠᠪᠲᠠᠷᠡᠭᠦᠯᠵᠦ᠂ ︽ᠥᠪᠡᠷᠲᠡᠭᠡᠨ ᠵᠠᠰᠠᠬᠤ︾ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠤᠳᠠ ᠶᠢᠨ ᠨᠠᠷᠢᠯᠢᠭᠵᠢᠭᠤᠯᠤᠨ ᠵᠠᠰᠠᠬᠤ ︽ᠳᠣᠲᠣᠭᠠᠳᠤ ᠬᠦᠴᠦᠨ︾ ᠢ ᠳᠡᠭᠡᠭᠰᠢᠯᠡᠭᠦᠯᠬᠦ ᠬᠡᠷᠡᠭᠲᠡᠢ᠃ | ᠬᠠᠤᠯᠢ ᠶᠢ ᠵᠣᠬᠢᠶᠠᠨ ᠪᠠᠶᠢᠭᠤᠯᠬᠤ᠂ ᠬᠠᠤᠯᠢ ᠶᠢ ᠬᠡᠷᠡᠭᠯᠡᠬᠦ ᠶᠢ ᠬᠥᠲᠥᠯᠥᠨ ᠵᠢᠯᠤᠭᠤᠳᠬᠤ᠂ ᠬᠠᠤᠯᠢ ᠶᠢ ᠰᠠᠬᠢᠬᠤ ᠶᠢ | ᠳᠠᠶᠢᠴᠢᠯᠠᠬᠤ ᠵᠡᠷᠭᠡ ᠰᠠᠶᠢᠨ ᠨᠥᠬᠦᠴᠡᠯᠳᠦᠯ ᠢᠶᠠᠷ ᠳᠠᠮᠵᠢᠭᠤᠯᠤᠨ᠂ ᠬᠠᠤᠯᠢ ᠳᠦᠷᠢᠮ ᠤᠨ ᠪᠠᠲᠤᠯᠠᠭ᠎ᠠ ᠶᠢ | ᠴᠢᠩᠭᠠᠳᠬᠠᠵᠤ᠂ ︽ᠬᠠᠤᠯᠢ ᠪᠠᠷ ᠵᠠᠰᠠᠬᠤ︾ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠬᠤᠳᠠ ᠶᠢᠨ ᠨᠠᠷᠢᠯᠢᠭᠵᠢᠭᠤᠯᠤᠨ ᠵᠠᠰᠠᠬᠤ ︽ᠬᠠᠲᠠᠭᠤ ᠪᠣᠳᠠᠲᠤ ᠬᠦᠴᠦᠨ︾ ᠢ ᠳᠡᠭᠡᠭᠰᠢᠯᠡᠭᠦᠯᠵᠦ᠂ ᠬᠠᠮᠲᠤ ᠪᠠᠷ ᠵᠠᠰᠠᠵᠤ | ᠬᠠᠮᠲᠤ ᠪᠠᠷ ᠡᠳ᠋ᠯᠡᠬᠦ ᠰᠢᠨ᠎ᠡ ᠪᠠᠶᠢᠷᠢᠰᠢᠯ ᠢ ᠪᠡᠶᠡᠯᠡᠭᠦᠯᠦᠨ᠎ᠡ᠃ | ︵ᠳᠥᠷᠪᠡ︶ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠠᠷᠠᠳ ᠲᠦᠮᠡᠨ ᠤ | ᠬᠡᠷᠡᠭᠴᠡᠭᠡ ᠪᠠᠷ ᠭᠤᠣᠯ ᠪᠣᠯᠭᠠᠨ᠂ ︽ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ᠂ ᠠᠯᠬᠤᠮ ᠠᠯᠬᠤᠮ ᠢᠶᠠᠷ | ᠠᠬᠢᠭᠤᠯᠬᠤ᠂ ᠪᠦᠬᠦ ᠲᠠᠯ᠎ᠠ ᠪᠠᠷ ᠳᠡᠭᠡᠭᠰᠢᠯᠡᠭᠦᠯᠬᠦ︾ ᠰᠡᠳᠬᠢᠴᠡ ᠶᠣᠰᠣᠭᠠᠷ᠂ ᠰᠢᠪᠲᠤᠯᠤᠯᠲᠠ ᠶᠢᠨ ᠴᠡᠭ ᠢ ᠣᠨᠣᠪᠴᠢᠲᠠᠢ | ᠡᠷᠢᠵᠦ᠂ ᠨᠡᠮᠡᠭᠳᠡᠯ ᠣᠷᠣᠨ ᠵᠠᠢ ᠶᠢᠨ ᠥᠨᠳᠥᠷ ᠲᠦᠪᠰᠢᠨ ᠤ ᠵᠠᠰᠠᠯᠲᠠ ᠪᠠ ᠦᠯᠡᠳᠡᠭᠡᠯ ᠣᠷᠣᠨ ᠵᠠᠢ ᠶᠢᠨ ᠨᠠᠷᠢᠯᠢᠭ | ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ᠃ ︽ᠦᠵᠡᠰᠬᠦᠯᠡᠩᠲᠦ ᠰᠠᠶᠢᠬᠠᠨ ᠵᠢᠱᠢᠶ᠎ᠡ ᠦᠵᠡᠭᠦᠯᠬᠦ ᠵᠠᠮ︾᠂ | ︽ᠦᠵᠡᠰᠬᠦᠯᠡᠩᠲᠦ ᠰᠠᠶᠢᠬᠠᠨ ᠵᠢᠱᠢᠶ᠎ᠡ ᠦᠵᠡᠭᠦᠯᠬᠦ ᠵᠡᠭᠡᠯᠢ ᠲᠣᠭᠤᠷᠢᠭ︾᠂ ︽ᠬᠠᠮᠤᠭ ᠤᠨ ᠭᠤᠶᠣ ᠬᠤᠳᠠᠯᠳᠤᠭᠠᠴᠢᠨ | ᠡᠷᠦᠬᠡ︾᠂ ︽ᠬᠠᠮᠤᠭ ᠤᠨ ᠭᠤᠶᠣ ᠰᠠᠶᠢᠨ ᠳᠤᠷᠠᠴᠤᠤᠯ︾ ᠵᠡᠷᠭᠡ ᠡᠭᠦᠳᠦᠨ ᠪᠠᠶᠢᠭᠤᠯᠵᠤ ᠰᠢᠯᠭᠠᠷᠠᠭᠤᠯᠬᠤ ᠰᠢᠷᠢᠰ | ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠬᠤᠲᠠ ᠶᠢᠨ ᠨᠠᠷᠢᠯᠢᠭᠵᠢᠭᠤᠯᠤᠨ ᠵᠠᠰᠠᠬᠤ ᠪᠠᠷᠢᠮᠵᠢᠶ᠎ᠠ ᠳᠤ ᠨᠡᠶᠢᠴᠡᠬᠦ | ᠵᠠᠮ᠂ ᠨᠡᠶᠢᠭᠡᠮ ᠲᠣᠭᠤᠷᠢᠭ᠂ ᠠᠭᠤᠳᠠᠮ ᠲᠠᠯᠠᠪᠠᠶ᠂ ᠬᠤᠳᠠᠯᠳᠤᠭᠠᠴᠢᠨ ᠢ ᠪᠣᠶ ᠪᠣᠯᠭᠠᠵᠤ᠂ ᠴᠡᠭ ᠢᠶᠠᠷ ᠨᠡᠶᠢᠳᠡᠮ ᠢ | ᠳᠠᠶᠢᠴᠢᠯᠠᠨ᠂ ᠪᠥᠬᠦ ᠲᠠᠯ᠎ᠠ ᠪᠠᠷ ᠠᠬᠢᠭᠤᠯᠵᠤ᠂ ᠬᠠᠮᠲᠤᠪᠠᠷ ᠵᠠᠰᠠᠵᠤ ᠬᠠᠮᠲᠤᠪᠠᠷ ᠭᠥᠷᠳᠡᠬᠦ ᠳᠤᠮᠳᠠ ᠵᠢᠱᠢᠶ᠎ᠡ | ᠦᠵᠡᠭᠦᠯᠦᠨ ᠬᠥᠲᠥᠯᠥᠨ ᠳᠠᠭᠠᠭᠤᠯᠬᠤ ᠶᠢ ᠲᠠᠰᠤᠷᠠᠯᠲᠠ ᠦᠭᠡᠢ ᠴᠢᠩᠭᠠᠳᠬᠠᠨ᠎ᠠ᠃ | | | | |