︽ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭᠠᠨ ᠤ ᠲᠥᠰᠥᠯ︾᠎ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/6/13
     ᠨᠢᠭᠡ᠂ ︽ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭᠠᠨ ᠤ ᠲᠥᠰᠥᠯ︾᠎ ᠢ ᠲᠣᠭᠲᠠᠭᠠᠭᠰᠠᠨ ᠵᠣᠷᠢᠯᠭ᠎ᠠ ᠨᠢ ᠶᠠᠭᠤ ᠪᠣᠶ︖      ᠠᠮᠤᠷ ᠲᠦᠪᠰᠢᠨ ᠡᠮᠬᠢ ᠳᠢᠭᠯᠢᠮ ᠲᠠᠢ᠂ ᠠᠷᠢᠭᠤᠨ ᠴᠡᠪᠡᠷ ᠬᠡᠭᠡᠨᠴᠢᠷ ᠰᠠᠶᠢᠬᠠᠨ ᠬᠤᠲᠠ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ᠪᠤᠶ ᠪᠣᠯᠭᠠᠬᠤ ᠶᠢᠨ ᠲᠥᠯᠥᠭᠡ᠂ ︽ᠬᠤᠸᠠᠷ ᠬᠠᠳᠬᠤᠬᠤ ᠡᠷᠳᠡᠮ︾᠎ ᠢᠶᠠᠷ ᠬᠤᠲᠠ ᠶᠢᠨ ᠵᠠᠰᠠᠯᠲᠠ ᠶᠢ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ᠂ ᠣᠶᠤᠨᠴᠢᠯᠠᠬᠤ ᠶᠢ ᠠᠬᠢᠭᠤᠯᠵᠤ᠂ ᠬᠤᠳᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠷᠢᠮᠵᠢᠶᠠᠵᠢᠭᠤᠯᠬᠤ᠂ ᠬᠤᠳᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ᠂ ᠲᠤᠰᠬᠠᠢ ᠲᠦᠷᠦᠯ ᠤᠨ ᠵᠠᠰᠠᠯᠲᠠ ᠶᠢ ᠲᠦᠷᠦᠯ ᠵᠦᠢᠴᠢᠯᠡᠯ᠂ ᠡᠳᠦᠷ ᠳᠤᠳᠤᠮ ᠤᠨ ᠬᠠᠮᠢᠶᠠᠷᠤᠯᠲᠠ ᠶᠢ ᠤᠷᠳᠤ ᠬᠤᠭᠤᠴᠠᠭᠠᠲᠦ ᠴᠢᠨᠠᠷ ᠢ ᠪᠦᠲᠦᠮᠵᠢᠲᠡᠢ ᠪᠣᠯᠭᠠᠬᠤ᠂ ᠬᠠᠮᠢᠶᠠᠷᠤᠯᠲᠠ ᠶᠢᠨ ᠲᠠᠪᠴᠠᠩ ᠤᠨ ᠤᠶᠤᠨᠴᠢᠯᠠᠯᠲᠠ᠂ ᠡᠩᠨᠡᠭᠡ ᠶᠢᠨ ᠪᠠᠶᠢᠭᠤᠯᠤᠯᠲᠠ ᠶᠢᠨ ᠳᠦᠷᠢᠮᠵᠢᠭᠦᠯᠦᠯᠲᠡ ᠵᠡᠷᠭᠡ ᠵᠢᠷᠭᠤᠭᠠᠨ ᠲᠠᠯ᠎ᠠ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠬᠤᠳᠠ ᠶᠢᠨ ᠨᠠᠷᠢᠯᠢᠭᠵᠢᠭᠤᠯᠤᠭᠰᠠᠨ᠂ ᠪᠠᠶᠢᠩᠭᠤᠵᠢᠭᠤᠯᠤᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠪᠠ ᠪᠠᠬᠢᠵᠢᠭᠦᠯᠵᠦ᠂ ᠬᠤᠳᠠ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠠᠰᠤᠷᠠᠯᠳᠠ ᠦᠭᠡᠢ ᠠᠬᠢᠭᠤᠯᠤᠨ᠎ᠠ᠃      ᠬᠤᠶᠠᠷ᠂ ︽ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭᠠᠨ ᠤ ᠲᠥᠰᠥᠯ︾᠎ ᠤᠨ ᠲᠥᠬᠦᠮ ᠲᠠᠨᠢᠯᠴᠠᠭᠤᠯᠭ᠎ᠠ      ︽ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭᠠᠨ ᠤ ᠲᠥᠰᠥᠯ︾᠎ ᠢ ᠵᠢᠯᠤᠭᠤᠳᠬᠤ ᠦᠵᠡᠯ ᠰᠠᠨᠠᠭ᠎ᠠ᠂ ᠠᠵᠢᠯᠯᠠᠭᠠᠨ ᠤ ᠬᠠᠷᠠᠯᠲᠠ᠂ ᠠᠵᠢᠯ ᠤᠨ ᠵᠠᠷᠴᠢᠮ᠂ ᠭᠤᠣᠯᠳᠠᠯᠭ᠎ᠠ ᠲᠠᠢ ᠡᠭᠦᠷᠭᠡ᠂ ᠠᠵᠢᠯ ᠤᠨ ᠱᠠᠭᠠᠷᠳᠠᠯᠭ᠎ᠠ ᠵᠡᠷᠭᠡ ᠲᠠᠪᠤᠨ ᠶᠡᠭᠡ ᠬᠡᠰᠡᠭ ᠠᠭᠤᠯᠭ᠎ᠠ ᠬᠤᠪᠢᠶᠠᠪᠠ᠃      ᠨᠢᠭᠡᠳᠦᠭᠡᠷ ᠬᠡᠰᠡᠭ ᠵᠢᠯᠤᠭᠤᠳᠬᠤ ᠦᠵᠡᠯ ᠰᠠᠨᠠᠭ᠎ᠠ ᠳᠤ᠂ ᠲᠤᠰ ᠠᠵᠢᠯᠯᠠᠭ᠎ᠠ ᠶᠢᠨ ᠲᠥᠰᠥᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠤᠲᠠ ᠶᠢᠨ ᠬᠠᠮᠢᠶᠠᠷᠤᠯᠲᠠ ᠬᠢᠭᠡᠳ ᠨᠡᠶᠢᠭᠡᠮ ᠤᠨ ᠵᠠᠰᠠᠯᠲᠠ ᠵᠡᠷᠭᠡ ᠲᠠᠯ᠎ᠠ ᠶᠢᠨ ᠰᠢᠷᠢᠰ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠲᠦᠮᠡᠨ ᠤ ᠲᠥᠯᠥᠭᠡ ᠬᠤᠲᠠ ᠶᠢ ᠬᠠᠮᠢᠶᠠᠷᠬᠤ︾ ᠠᠵᠢᠯ ᠤᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ︽ᠪᠠᠷᠢᠮᠵᠢᠶᠠᠵᠢᠭᠤᠯᠬᠤ᠂ ᠨᠠᠷᠢᠯᠢᠭᠵᠢᠭᠤᠯᠬᠤ᠂ ᠦᠢᠯᠡᠴᠢᠯᠡᠭᠦᠯᠬᠦ︾ ᠠᠵᠢᠯ ᠤᠨ ᠰᠡᠳᠬᠢᠴᠡ ᠶᠣᠰᠣᠭᠠᠷ᠂ ᠲᠤᠤᠷᠴᠢᠯᠠᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠬᠤᠳᠠ ᠶᠢᠨ ᠪᠠᠶᠢᠩᠭᠤᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠬᠤᠳᠠ ᠶᠢᠨ ᠬᠠᠮᠢᠶᠠᠷᠤᠯᠲᠠ ᠶᠢᠨ ᠠᠷᠬᠠᠭ ᠭᠡᠮ ᠢ ᠵᠠᠰᠠᠬᠤ ᠠᠵᠢᠯ ᠢ ᠴᠢᠩᠭ᠎ᠠ ᠠᠳᠬᠤᠵᠤ᠂ ᠨᠠᠷᠢᠯᠢᠭᠵᠢᠭᠤᠯᠤᠭᠰᠠᠨ᠂ ᠪᠠᠷᠢᠮᠵᠢᠶᠠᠵᠢᠭᠤᠯᠤᠭᠰᠠᠨ ᠦᠨᠳᠦᠰᠦᠯᠡᠯ ᠪᠠ ᠠᠷᠭ᠎ᠠ ᠪᠠᠷ ᠬᠤᠳᠠ ᠶᠢ ᠬᠠᠮᠢᠶᠠᠷᠬᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠬᠤᠳᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠪᠠᠶᠢᠬᠤ ᠶᠢ ᠠᠬᠢᠭᠤᠯᠵᠤ᠂ ︽ᠠᠷᠢᠭᠤᠨ ᠴᠡᠪᠡᠷ᠂ ᠡᠮᠬᠢ ᠵᠢᠷᠤᠮ ᠲᠠᠢ᠂ ᠬᠠᠯᠠᠭᠤᠨ ᠳᠣᠲᠣᠨᠣ᠂ ᠡᠶ᠎ᠡ ᠵᠣᠬᠢᠴᠠᠯ ᠲᠠᠢ︾ ᠬᠤᠳᠠ ᠶᠢᠨ ᠣᠷᠴᠢᠨ ᠨᠥᠬᠦᠴᠡᠯ ᠢ ᠪᠤᠢ ᠪᠤᠯᠭᠠᠬᠤ ᠶᠢ ᠰᠢᠰᠲ᠋ᠧᠮ ᠲᠠᠢ ᠲᠣᠳᠣᠷᠬᠠᠶᠢᠯᠠᠨ ᠦᠬᠦᠯᠡᠪᠡ᠃      ᠬᠤᠶᠠᠳᠤᠭᠠᠷ ᠬᠡᠰᠡᠭ ᠠᠵᠢᠯ ᠤᠨ ᠬᠠᠷᠠᠯᠲᠠ ᠳᠤ᠂ ᠬᠤᠲᠠ ᠶᠢ ᠨᠠᠩ ᠠᠮᠤᠷ ᠲᠦᠪᠰᠢᠨ ᠪᠥᠭᠡᠳ ᠡᠮᠬᠢ ᠵᠢᠷᠤᠮ ᠲᠠᠢ᠂ ᠨᠠᠩ ᠠᠷᠢᠭᠤᠨ ᠴᠡᠪᠡᠷ ᠪᠥᠭᠡᠳ ᠬᠡᠭᠡᠨᠴᠢᠷ ᠰᠠᠶᠢᠬᠠᠨ ᠪᠣᠯᠭᠠᠬᠤ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠲᠣᠥᠷᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠬᠤᠲᠠ ᠶᠢᠨ ᠡᠷᠦᠢ ᠬᠤᠷᠤᠢ ᠦᠭᠡᠢ ᠦᠵᠡᠭᠳᠡᠯ ᠤᠨ ᠬᠠᠮᠢᠶᠠᠷᠤᠯᠲᠠ ᠶᠢ ᠴᠢᠩᠭ᠎ᠠ ᠠᠳᠬᠤᠨ᠂ ᠬᠤᠲᠠ ᠶᠢᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠎ᠠ᠃ ᠬᠠᠮᠢᠶ᠎ᠠ ᠪᠦᠬᠦᠢ ᠬᠠᠮᠢᠶᠠᠷᠤᠯᠲᠠ ᠶᠢᠨ ᠪᠠᠷᠢᠮᠵᠢᠶ᠎ᠠ ᠪᠠ ᠵᠢᠷᠤᠮᠵᠢᠯ ᠢ ᠤᠯᠠᠮ ᠨᠢᠭᠡ ᠠᠯᠬᠤᠮ ᠢᠯᠭᠠᠷᠠᠭᠤᠯᠤᠨ ᠨᠠᠷᠢᠯᠢᠭᠵᠢᠭᠤᠯᠵᠤ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠵᠥᠭᠡᠯᠡᠨ᠂ ᠬᠠᠲᠠᠭᠤ ᠲᠣᠨᠤᠭ ᠤᠨ ᠪᠡᠯᠡᠳᠬᠡᠮᠵᠢ ᠶᠢ ᠳᠡᠭᠡᠭᠰᠢᠯᠡᠭᠦᠯᠵᠦ᠂ ᠬᠡᠷᠡᠭ ᠤᠨ ᠡᠮᠦᠨ᠎ᠡ ᠬᠡᠷᠡᠭ ᠤᠨ ᠳᠤᠮᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠨᠢᠭᠡᠪᠦᠷᠢ ᠶᠢᠨ ᠠᠭᠤᠯᠭ᠎ᠠ ᠶᠢ ᠪᠣᠳᠠᠲᠠᠢ᠂ ᠴᠤᠪᠤᠷᠠᠯ ᠢ ᠲᠣᠳᠣᠷᠬᠠᠢ᠂ ᠪᠠᠷᠢᠮᠵᠢᠶ᠎ᠠ ᠶᠢ ᠨᠢᠭᠡᠳᠦᠯᠲᠡᠢ᠂ ᠦᠶᠯᠡ ᠠᠵᠢᠯᠯᠠᠭ᠎ᠠ ᠶᠢ ᠵᠢᠷᠤᠮᠵᠢᠯ ᠲᠠᠢ ᠪᠣᠯᠭᠠᠵᠤ᠂ ᠬᠤᠲᠠ ᠶᠢᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠤᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠲᠠ ᠶᠢᠨ ᠳᠦᠷᠰᠦ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠳᠦᠷᠢ ᠲᠥᠷᠬᠦ ᠶᠢ ᠪᠣᠶ ᠪᠣᠯᠭᠠᠨ᠎ᠠ᠃      ᠭᠤᠷᠪᠠᠳᠤᠭᠠᠷ ᠬᠡᠰᠡᠭ ᠠᠵᠢᠯ ᠤᠨ ᠵᠠᠷᠴᠢᠮ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ᠂ ᠬᠠᠮᠲᠤᠪᠠᠷ ᠵᠠᠰᠠᠬᠤ ᠤᠳᠤᠷᠢᠳᠤᠮᠵᠢ ᠪᠠᠷ ᠵᠠᠷᠴᠢᠮ ᠪᠣᠯᠭᠠᠬᠤ ᠶᠢ ᠲᠣᠳᠣᠷᠬᠠᠶᠢᠯᠠᠪᠠ᠃      ᠳᠥᠷᠪᠡᠳᠦᠭᠡᠷ ᠬᠡᠰᠡᠭ ᠭᠤᠣᠯᠳᠠᠯᠭ᠎ᠠ ᠲᠠᠢ ᠡᠭᠦᠷᠭᠡ᠂ ᠡᠭᠦᠨ ᠳᠤ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠠᠷᠢᠮᠵᠢᠶᠠᠵᠢᠭᠤᠯᠤᠯᠲᠠ ︵ᠴᠢᠩᠱᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠪᠠ︶ ᠪᠠᠭᠲᠠᠵᠤ᠂ ᠬᠤᠲᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ ︵ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠵᠣᠬᠢᠰᠲᠠᠢ ᠵᠠᠭᠠᠭᠯᠠᠨ ᠲᠣᠭᠲᠠᠭᠠᠵᠤ᠂ ᠵᠡᠭᠡᠯᠢ ᠭᠤᠳᠤᠮᠵᠢ ᠶᠢᠨ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠣᠯᠠᠨ ᠲᠠᠯ᠎ᠠ ᠶᠢᠨ ᠬᠠᠮᠲᠤ ᠪᠠᠷ ᠣᠷᠤᠯᠴᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︶᠂ ᠲᠤᠰᠬᠠᠢ ᠵᠦᠢᠯ ᠤᠨ ᠵᠠᠰᠠᠯᠲᠠ ᠶᠢ ᠲᠥᠷᠥᠯ ᠵᠦᠢᠯ ᠪᠣᠯᠭᠠᠬᠤ ︵ᠵᠡᠭᠡᠯᠢ ᠵᠢᠨ‌ᠠᠷᠦ ᠶᠢᠨ ᠵᠢᠵᠢᠭ ᠭᠤᠳᠤᠮᠵᠢ ᠶᠢ ᠶᠡᠷᠦᠩᠬᠡᠶᠢᠯᠡᠨ ᠵᠠᠰᠠᠬᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠯᠠᠭᠠᠨ ᠤ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ 3 ᠲᠤᠰᠬᠠᠢ ᠵᠦᠢᠯ ᠤᠨ ᠵᠠᠰᠠᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ︶᠂ ᠡᠳᠦᠷ ᠲᠤᠲᠤᠮ ᠤᠨ ᠬᠠᠮᠢᠶᠠᠷᠤᠯᠲᠠ ᠶᠢ ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ᠂ ᠬᠠᠮᠢᠶᠠᠷᠤᠯᠲᠠ ᠶᠢᠨ ᠲᠠᠪᠴᠠᠩ ᠢ ᠣᠶᠤᠨᠵᠢᠭᠤᠯᠬᠤ᠂ ᠡᠩᠨᠡᠭᠡ ᠶᠢᠨ ᠪᠠᠶᠢᠭᠤᠯᠤᠯᠲᠠ ᠶᠢ ᠵᠢᠷᠤᠮᠵᠢᠭᠤᠯᠬᠤ ᠵᠡᠷᠭᠡ ᠵᠢᠷᠭᠤᠭᠠᠨ ᠲᠠᠯ᠎ᠠ ᠪᠠᠷ ᠭᠤᠣᠯᠳᠠᠯᠭ᠎ᠠ ᠲᠠᠢ ᠶᠠᠪᠤᠭᠳᠠᠭᠤᠯᠤᠨ᠎ᠠ᠃      ᠲᠠᠪᠤᠳᠤᠭᠠᠷ ᠬᠡᠰᠡᠭ ᠠᠵᠢᠯ ᠤᠨ ᠱᠠᠭᠠᠷᠳᠠᠯᠭ᠎ᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠨᠠᠶᠢᠳᠠᠪᠤᠷᠢᠵᠢᠭᠤᠯᠬᠤ᠂ ᠬᠢᠨᠠᠨ ᠵᠢᠯᠤᠭᠤᠳᠴᠤ ᠬᠢᠨᠠᠨ ᠰᠢᠯᠭᠠᠬᠤ ᠶᠢ ᠴᠢᠩᠭᠠᠳᠬᠠᠬᠤ᠂ ᠶᠡᠷᠦᠩᠬᠡᠶᠢᠯᠡᠨ ᠵᠠᠰᠠᠬᠤ ᠶᠢ ᠴᠢᠩᠭᠠᠳᠬᠠᠬᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠵᠡᠷᠭᠡ ᠳᠥᠷᠪᠡᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号