ᠦᠪᠦᠷ ᠮᠤᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠮᠣᠳᠣᠨ ᠮᠥᠬᠦᠯᠢᠭ ᠤᠨ ᠨᠡᠶᠢᠯᠡᠮᠡᠯ ᠱᠠᠯᠠ ᠶᠢ ᠪᠥᠭᠡᠮ ᠢᠶᠠᠷ ᠦᠢᠯᠡᠳᠪᠦᠷᠢᠯᠡᠬᠦ ᠪᠤᠯᠪᠠ
ᠨᠡᠶᠢᠲᠡᠯᠡᠭᠰᠡᠨ ᠴᠠᠭ᠄
2022/6/15
     ᠣᠶᠢᠷ᠎ᠠ ᠳᠤ᠂ ᠦᠪᠦᠷ ᠮᠤᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠤᠮᠠᠷᠠᠲᠤ ᠶᠢᠨ ᠦᠢᠯᠡᠰ ᠪᠦᠲᠦᠭᠡᠬᠦ ᠺᠣᠮᠫᠠᠨᠢ ᠳᠤᠮᠳᠠᠳᠤ ᠤᠯᠤᠰ ᠤᠨ ᠲᠡᠮᠦᠷ ᠵᠠᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠡᠮᠦᠷ ᠵᠠᠮ ᠤᠨ ᠬᠠᠪᠲᠠᠭᠠᠢ ᠲᠡᠷᠭᠡᠨ ᠳᠤ ᠬᠡᠷᠡᠭᠯᠡᠬᠦ ᠮᠣᠳᠣᠨ ᠮᠥᠬᠦᠯᠢᠭ ᠤᠨ ᠨᠡᠶᠢᠯᠡᠮᠡᠯ ᠱᠠᠯᠠ ᠶᠢᠨ ᠮᠡᠷᠭᠡᠵᠢᠯ ᠤᠨ ᠵᠥᠪᠰᠢᠶᠡᠷᠡᠯ ᠤᠨ ᠲᠥᠷᠥᠯ ᠵᠦᠢᠯ ᠳᠤ ᠠᠮᠵᠢᠯᠲᠠ ᠲᠠᠢ ᠪᠠᠷ ᠳᠠᠭᠠᠭᠠᠴᠢᠯᠠᠯᠲᠠ ᠣᠯᠵᠤ᠂ ᠵᠢᠩᠬᠢᠨᠢ ᠪᠠᠷ ᠤᠯᠤᠰ ᠤᠨ ᠲᠡᠮᠦᠷ ᠵᠠᠮ ᠤᠨ ᠪᠦᠯᠦᠭᠯᠡᠯ ᠺᠣᠮᠫᠠᠨᠢ ᠶᠢᠨ ᠵᠢᠭᠠᠨ ᠲᠣᠭᠲᠠᠭᠠᠭᠰᠠᠨ ᠦᠢᠯᠡᠳᠪᠦᠷᠢᠯᠡᠯ ᠤᠨ ᠬᠠᠩᠭᠠᠯᠭ᠎ᠠ ᠶᠢᠨ ᠬᠤᠳᠠᠯᠳᠤᠭᠠᠴᠢᠨ ᠪᠤᠯᠪᠠ᠃ ᠲᠣᠰ ᠰᠢᠨ᠎ᠡ ᠬᠡᠯᠪᠡᠷᠢ ᠶᠢᠨ ᠨᠡᠶᠢᠯᠡᠮᠡᠯ ᠮᠣᠳᠣᠨ ᠱᠠᠯᠠ ᠨᠢ ᠲᠡᠷᠭᠡᠨ ᠤ ᠰᠣᠯᠢᠵᠤ ᠠᠴᠢᠶᠠᠯᠠᠬᠤ ᠳᠤ ᠥᠷᠭᠡᠨ ᠢᠶᠠᠷ ᠬᠡᠷᠡᠭᠯᠡᠭᠳᠡᠵᠦ᠂ ᠲᠡᠷᠭᠡᠨ ᠤ ᠬᠡᠷᠡᠭᠯᠡᠬᠦ ᠠᠮᠢ ᠨᠠᠰᠤ ᠶᠢ ᠶᠡᠭᠡ ᠪᠠᠷ ᠳᠡᠭᠡᠭᠰᠢᠯᠡᠭᠦᠯᠵᠦ᠂ ᠪᠠᠶᠢᠴᠠᠭᠠᠨ ᠵᠠᠰᠠᠬᠤ ᠦᠶᠡᠯᠡᠯ ᠤᠨ ᠬᠤᠭᠤᠴᠠᠭ᠎ᠠ ᠶᠢ ᠤᠷᠲᠤᠳᠬᠠᠨ᠎ᠠ︔ ᠵᠠᠬ᠎ᠠ ᠳᠡᠯᠭᠡᠭᠦᠷ ᠤᠨ ᠢᠷᠡᠭᠡᠳᠦᠢ ᠥᠷᠭᠡᠨ ᠠᠭᠤᠳᠠᠮ ᠪᠠᠶᠢᠵᠤ᠂ ᠤᠮᠠᠷᠠᠲᠤ ᠶᠢᠨ ᠦᠢᠯᠡᠰ ᠪᠦᠲᠦᠭᠡᠬᠦ ᠺᠣᠮᠫᠠᠨᠢ ᠳᠤ ᠰᠢᠨ᠎ᠡ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢ ᠥᠷᠭᠡᠳᠬᠡᠨ ᠥᠭᠴᠦ᠂ ᠰᠢᠨ᠎ᠡ ᠨᠡᠮᠡᠭᠳᠡᠯ ᠤᠨ  ᠵᠦᠢᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃ ᠣᠳᠣᠬᠠᠨ ᠳᠤ᠂ ᠦᠢᠯᠡᠳᠬᠦᠨ ᠢ ᠨᠢᠭᠡᠨᠲᠡ ᠦᠢᠯᠡᠳᠪᠦᠷᠢᠯᠡᠯ ᠳᠤ ᠣᠷᠣᠭᠤᠯᠵᠤ᠂ ᠲᠦᠷᠦᠭᠦᠦ ᠪᠦᠯᠦᠭ ᠲᠤ 100 ᠬᠤᠪᠢ ᠲᠤᠰᠢᠶᠠᠬᠤ ᠪᠠᠷ ᠲᠥᠯᠥᠪᠯᠡᠵᠦ᠂ ᠵᠠᠯᠭᠠᠭᠠᠳ ᠶᠡᠭᠡ ᠬᠡᠮᠵᠢᠶᠡᠨ ᠤ ᠦᠢᠯᠡᠳᠪᠦᠷᠢᠯᠡᠯ ᠢ ᠲᠤᠰᠢᠶᠠᠵᠤ᠂ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠲᠡᠮᠦᠷ ᠵᠠᠮ ᠤᠨ ᠮᠣᠳᠣᠨ ᠱᠠᠯᠠ ᠶᠢᠨ ᠮᠡᠷᠭᠡᠵᠢᠯ ᠢ ᠲᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠦᠬᠦ ᠲᠠᠯ᠎ᠠ ᠪᠠᠷ ᠳᠡᠮᠵᠢᠯᠭᠡ ᠦᠵᠡᠭᠦᠯᠬᠦ ᠪᠠᠷ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号