1—5 ᠰᠠᠷ᠎ᠠ ᠳᠤ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠬᠥᠭᠵᠢᠯᠲᠡ ᠶᠢᠨ ᠠᠮᠢᠳᠤᠯᠢᠭ ᠬᠦᠴᠦᠨ ᠢ ᠦᠷᠭᠦᠯᠵᠢᠯᠡᠨ ᠪᠠᠳᠠᠷᠠᠪᠠ
ᠨᠡᠶᠢᠲᠡᠯᠡᠭᠰᠡᠨ ᠴᠠᠭ᠄
2022/6/21
     ᠣᠶᠢᠷ᠎ᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠶᠡᠷᠦᠩᠬᠡᠢ ᠳᠡᠭᠡᠨ ᠰᠠᠶᠢᠵᠢᠷᠠᠵᠤ᠂ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠴᠢᠩᠭᠠᠷᠠᠬᠤ ᠶᠢ ᠳᠠᠭᠠᠯᠳᠤᠨ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠠᠵᠢᠯ ᠡᠮᠬᠢ ᠵᠢᠷᠤᠮ ᠲᠠᠢ ᠠᠬᠢᠵᠤ᠂ ᠴᠢᠩᠱᠠᠨ ᠲᠣᠭᠤᠷᠢᠭ ᠤᠨ ᠬᠢᠨ ︽ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠠᠰᠠᠭᠤᠬᠤ︾ ᠲᠤᠰᠬᠠᠢ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠦᠶᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ ᠪᠠᠶᠢᠨ᠎ᠠ᠃ 1—5 ᠰᠠᠷ᠎ᠠ ᠳᠤ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠢ ᠶᠢᠨ ᠶᠡᠷᠦᠩᠬᠡᠢ ᠬᠥᠭᠵᠢᠯᠲᠡ ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠪᠠᠳᠠᠷᠠᠪᠠ᠃      ᠨᠢᠭᠡ᠂ ᠶᠡᠷᠦᠩᠬᠡᠢ ᠪᠠᠶᠢᠳᠠᠯ      1—5 ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.1%᠎ ᠪᠠᠷ ᠨᠡᠮᠡᠭᠳᠡᠵᠦ᠂ ᠲᠣᠰ ᠲᠣᠰ ᠪᠥᠬᠦ ᠤᠯᠤᠰ ︵3.3%︶᠂ ᠥᠪᠡᠷᠲᠡᠭᠡᠨ ᠵᠠᠰᠠᠬᠤ ᠣᠷᠣᠨ ︵8.0%︶᠂ ᠪᠥᠬᠦ ᠬᠤᠲᠠ ︵17.8%︶ 23.8 ᠵᠠᠭᠤᠨ ᠤ ᠨᠢᠭᠡᠴᠢ᠂ 19.1 ᠵᠠᠭᠤᠨ ᠤ ᠨᠢᠭᠡᠴᠢ ᠪᠠ 9.3 ᠵᠠᠭᠤᠨ ᠤ ᠨᠢᠭᠡᠴᠢ ᠥᠨᠳᠥᠷ ᠪᠠᠶᠢᠵᠤ᠂ ᠬᠤᠲᠠ ᠶᠢᠨ ᠲᠠᠪᠤᠨ ᠲᠣᠭᠤᠷᠢᠭ ᠤᠨ 2 ᠳ᠋ᠤᠭᠠᠷ ᠲᠤ᠂ ᠪᠥᠬᠦ ᠬᠤᠲᠠ ᠶᠢᠨ 2 ᠳ᠋ᠤᠭᠠᠷ ᠲᠤ ᠪᠠᠶᠢᠷᠢᠯᠠᠪᠠ᠃      1—5 ᠰᠠᠷ᠎ᠠ ᠳᠤ ᠪᠥᠬᠦ ᠭᠠᠵᠠᠷ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 48.2%᠎ ᠢᠶᠠᠷ ᠨᠡᠮᠡᠭᠳᠡᠵᠦ᠂ 5 ᠰᠠᠷ᠎ᠠ ᠳᠤ ᠪᠥᠬᠦ ᠭᠠᠵᠠᠷ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 49.3%᠎ ᠪᠠᠷ ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ 12.2%᠎ ᠢᠶᠠᠷ ᠨᠡᠮᠡᠭᠳᠡᠪᠡ᠃ ᠡᠭᠦᠨ ᠳᠤ᠂ 1—5 ᠰᠠᠷ᠎ᠠ ᠳᠤ ᠰᠦᠯᠵᠢᠶ᠎ᠡ ᠪᠠᠷ ᠰᠢᠭᠤᠳ ᠮᠡᠳᠡᠭᠦᠯᠦᠭᠰᠡᠨ ᠠᠵᠤ ᠠᠬᠤᠶᠢᠯᠠᠯ ᠤᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 70.5%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1—4 ᠰᠠᠷ᠎ᠠ ᠶᠢᠨ ᠨᠡᠮᠡᠭᠳᠡᠯ ᠤᠨ ᠬᠤᠷᠳᠤᠴᠠ ᠠᠴᠠ 1.7 ᠵᠠᠭᠤᠨ ᠤ ᠨᠢᠭᠡᠴᠢ ᠪᠠᠭᠤᠷᠠᠪᠠ᠃ 5 ᠰᠠᠷ᠎ᠠ ᠲᠣᠰ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 64.2% ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ 5.7% ᠨᠡᠮᠡᠭᠳᠡᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 97.6% ᠬᠦᠷᠴᠡᠢ᠃      ᠬᠤᠶᠠᠷ᠂ ᠠᠵᠢᠯᠯᠠᠭᠠᠨ ᠤ ᠪᠠᠶᠢᠳᠠᠯ      ︵ᠨᠢᠭᠡ︶ ᠬᠤᠶᠠᠷ ᠶᠡᠭᠡ ᠲᠥᠷᠥᠯ ᠴᠥᠮ ᠳᠡᠭᠡᠳᠦ ᠬᠤᠷᠳᠤᠴᠠ ᠪᠠᠷ ᠬᠥᠭᠵᠢᠬᠦ ᠶᠢ ᠪᠡᠶᠡᠯᠡᠭᠦᠯᠪᠡ᠃ 1—5 ᠰᠠᠷ᠎ᠠ ᠳᠤ ᠴᠢᠩᠱᠠᠨ ᠲᠤᠭᠤᠷᠢᠭ ᠤᠨ ᠪᠥᠬᠦ ᠭᠠᠵᠠᠷ ᠣᠷᠣᠨ ᠤ ᠦᠶᠯᠡᠳᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 55.1% ᠨᠡᠮᠡᠭᠳᠡᠵᠦ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ ᠨᠡᠮᠡᠭᠳᠡᠯ ᠢ 39.7 ᠵᠠᠭᠤᠨ ᠤ ᠨᠢᠭᠡᠴᠢ ᠳᠠᠶᠢᠴᠢᠯᠠᠨ᠂ ᠬᠤᠪᠢ ᠨᠡᠮᠡᠷᠢ ᠶᠢᠨ ᠨᠣᠷᠮ᠎ᠠ ᠨᠢ 82.4% ᠬᠦᠷᠴᠡᠢ︔ ᠡᠭᠦᠨ ᠳᠤ ᠲᠣᠨᠤᠭ ᠲᠥᠬᠦᠭᠡᠷᠦᠮᠵᠢ ᠦᠶᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 41.3% ᠨᠡᠮᠡᠭᠳᠡᠵᠦ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠳᠬᠦᠨ ᠤ ᠶᠡᠷᠦᠩᠬᠡᠢ ᠥᠷᠲᠡᠭ ᠤᠨ ᠨᠡᠮᠡᠭᠳᠡᠯ ᠢ 21.7 ᠵᠠᠭᠤᠨ ᠤ ᠨᠢᠭᠡᠴᠢ ᠳᠠᠶᠢᠴᠢᠯᠠᠨ᠂ ᠬᠤᠪᠢ ᠨᠡᠮᠡᠷᠢ ᠶᠢᠨ ᠨᠣᠷᠮ᠎ᠠ ᠨᠢ 45.0% ᠬᠦᠷᠴᠡᠢ᠃ ᠴᠠᠬᠢᠯᠭᠠᠨ ᠬᠦᠴᠦᠨ᠂ ᠰᠢᠲᠠᠮᠠᠬᠠᠢ ᠬᠡᠢ  ᠪᠠ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 30.4% ᠨᠡᠮᠡᠭᠳᠡᠵᠦ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ ᠨᠡᠮᠡᠭᠳᠡᠯ ᠢ 8.5 ᠵᠠᠭᠤᠨ ᠤ ᠨᠢᠭᠡᠴᠢ ᠳᠠᠶᠢᠴᠢᠯᠠᠵᠤ᠂ ᠬᠤᠪᠢ ᠨᠡᠮᠡᠷᠢ ᠶᠢᠨ ᠨᠣᠷᠮ᠎ᠠ ᠨᠢ 17.6% ᠬᠥᠷᠪᠡ᠃      ︵ᠬᠤᠶᠠᠷ︶ ᠵᠢᠷᠭᠤᠭᠠᠨ ᠬᠤᠪᠢ ᠠᠴᠠ ᠳᠠᠪᠠᠭᠰᠠᠨ ᠠᠵᠢᠯ ᠲᠥᠷᠥᠯ ᠵᠢᠩᠬᠢᠨᠢ ᠨᠡᠮᠡᠭᠳᠡᠯ ᠢ ᠪᠡᠶᠡᠯᠡᠭᠦᠯᠪᠡ᠃ 1—5ᠰᠠᠷ᠎ᠠ ᠳᠤ᠂ ᠪᠥᠬᠦ ᠭᠠᠵᠠᠷ ᠣᠷᠣᠨ ᠤ 14 ᠠᠵᠢᠯ ᠲᠥᠷᠥᠯ ᠤᠨ ᠳᠣᠲᠣᠷᠠᠬᠢ 9 ᠠᠵᠢᠯ ᠲᠥᠷᠥᠯ ᠤᠨ ᠦᠢᠯᠡᠳᠬᠦᠨ ᠤ ᠥᠷᠲᠡᠭ ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 64.3% ᠪᠠᠶᠢᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠣᠲᠣᠷ᠎ᠠ ᠨᠡᠯᠢᠶᠡᠳ ᠥᠨᠳᠥᠷ ᠡᠵᠡᠯᠡᠵᠦ ᠪᠠᠶᠢᠭ᠎ᠠ ᠳᠦᠷᠪᠡᠨ ᠠᠵᠢᠯ ᠲᠦᠷᠦᠯ ᠪᠣᠯ ᠲᠤᠰ ᠲᠤᠰ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ᠂ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ᠂ ᠲᠡᠮᠦᠷᠯᠢᠭ ᠪᠦᠲᠦᠭᠡᠭᠳᠡᠬᠦᠨ ᠤ ᠦᠢᠯᠡᠰ ᠵᠢᠴᠢ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠪᠣᠯᠣᠨ᠎ᠠ᠃ ᠡᠭᠦᠨ ᠳᠤ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 120.3% ᠨᠡᠮᠡᠭᠳᠡᠵᠦ᠂ ᠮᠠᠨ ᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 18.3 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠨ᠂ ᠬᠤᠪᠢ ᠨᠡᠮᠡᠷᠢ ᠶᠢᠨ ᠨᠣᠷᠮ᠎ᠠ ᠨᠢ 38.0% ᠪᠣᠯᠪᠠ︔ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠶᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 181.8% ᠨᠡᠮᠡᠭᠳᠡᠵᠦ᠂ ᠮᠠᠨ ᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 16.9 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠨ᠂ ᠬᠤᠪᠢ ᠨᠡᠮᠡᠷᠢ ᠶᠢᠨ ᠨᠣᠷᠮ᠎ᠠ ᠨᠢ 35.0%᠎ ᠳᠤ ᠬᠥᠷᠪᠡ︔ ᠲᠡᠮᠦᠷᠯᠢᠭ ᠤᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 12.7% ᠨᠡᠮᠡᠭᠳᠡᠵᠦ᠂ ᠮᠠᠨ ᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ 2.9 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠨ᠂ ᠬᠤᠪᠢ ᠨᠡᠮᠡᠷᠢ ᠶᠢᠨ ᠨᠣᠷᠮ᠎ᠠ ᠨᠢ 6.0% ᠪᠣᠯᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 30.7% ᠨᠡᠮᠡᠭᠳᠡᠵᠦ᠂ ᠮᠠᠨ ᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 8.5 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠨ᠂ ᠬᠤᠪᠢ ᠨᠡᠮᠡᠷᠢ ᠶᠢᠨ ᠨᠣᠷᠮ᠎ᠠ ᠨᠢ 17.7% ᠪᠣᠯᠪᠠ᠃      ︵ᠭᠤᠷᠪᠠ︶ ᠭᠤᠣᠯ ᠪᠣᠯᠬᠤ ᠦᠢᠯᠡᠳᠬᠦᠨ ᠤ ᠭᠠᠷᠤᠯᠲᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃1—5 ᠰᠠᠷ᠎ᠠ ᠳᠤ ᠪᠥᠬᠦ ᠭᠠᠵᠠᠷ ᠣᠷᠣᠨ ᠤ 9 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠦᠷᠭᠦᠯᠵᠢᠯᠡᠨ 5 ᠨᠡᠮᠡᠭᠳᠡᠯ 4 ᠪᠠᠭᠤᠷᠠᠯᠲᠠ ᠪᠠᠨ ᠪᠠᠲᠤᠯᠠᠵᠤ᠂ ᠡᠭᠦᠨ ᠳᠤ ᠲᠠᠩ ᠲᠠᠯᠠᠰᠲᠤ ᠴᠠᠬᠢᠭᠤᠷ ᠤᠨ ᠭᠠᠷᠤᠯᠲᠠ ᠮᠥᠨ ᠬᠦ ᠨᠡᠮᠡᠭᠳᠡᠯ ᠢᠶᠠᠨ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 68.1%᠎ ᠪᠠᠷ ᠨᠡᠮᠡᠭᠳᠡᠭᠰᠡᠨ ᠪᠣᠯᠪᠠᠴᠤ ᠨᠡᠮᠡᠭᠳᠡᠯ ᠤᠨ ᠬᠤᠷᠳᠤᠴᠠ ᠨᠢ ᠲᠦᠷᠦᠭᠦᠸ ᠰᠠᠷ᠎ᠠ ᠶᠢᠨ ᠬᠢ ᠠᠴᠠ ᠮᠥᠨ ᠬᠦ ᠪᠠᠭᠤᠷᠠᠯᠲᠠ ᠪᠠᠨ ᠪᠠᠲᠤᠯᠠᠭᠰᠠᠭᠠᠷ ᠪᠠᠶᠢᠨ᠎ᠠ︔ ᠮᠠᠰᠢᠨ ᠲᠡᠷᠭᠡ ᠪᠠ ᠥᠭᠡᠷᠡᠴᠢᠯᠡᠨ ᠤᠭᠰᠠᠷᠠᠭᠰᠠᠨ ᠮᠠᠰᠢᠨ ᠲᠡᠷᠭᠡᠨ ᠤ ᠭᠠᠷᠤᠯᠲᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠮᠥᠨ ᠬᠦ ᠳᠣᠣᠷ᠎ᠠ ᠬᠡᠮᠵᠢᠶᠡᠨ ᠳᠤ ᠪᠠᠶᠢᠵᠤ᠂ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ 56.3% ᠪᠠ 51.7%᠎ ᠪᠠᠷ ᠪᠠᠭᠤᠷᠠᠭᠰᠠᠨ ᠪᠣᠯᠪᠠᠴᠤ ᠲᠦᠷᠦᠭᠦᠸ ᠰᠠᠷ᠎ᠠ ᠶᠢᠨ ᠬᠢ ᠠᠴᠠ ᠡᠳᠦᠢ ᠲᠡᠳᠦᠢ ᠰᠡᠷᠭᠦᠯᠲᠡ ᠲᠠᠢ ᠪᠣᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号