ᠴᠢᠩᠱᠠᠨ ᠲᠣᠭᠤᠷᠢᠭ ᠤᠨ ︽ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠬᠤ︾ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢ ᠲᠤᠤᠱᠯᠠᠭᠤᠯᠬᠤ ᠵᠢᠴᠢ ᠠᠵᠤ ᠠᠬᠤᠶᠢᠯᠠᠯ ᠤᠨ ᠣᠶᠤᠨᠴᠢ ᠦᠶᠯᠡᠳᠬᠦ ᠦᠢᠯᠡᠰ ᠤᠨ ᠪᠣᠯᠪᠠᠰᠤᠷᠠᠩᠭᠤᠢ ᠪᠣᠯᠤᠭᠰᠠᠨ ᠬᠡᠮᠵᠢᠶ᠎ᠡ ᠶᠢ ᠦᠨᠡᠯᠡᠨ ᠵᠢᠱᠢᠬᠦ ᠪᠤᠯᠪᠠᠰᠤᠷᠠᠯ
ᠨᠡᠶᠢᠲᠡᠯᠡᠭᠰᠡᠨ ᠴᠠᠭ᠄
2022/6/21
     6  ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠠᠵᠤ ᠦᠢᠯᠡᠳᠪᠦᠷᠢ  ᠪᠠ ᠮᠡᠳᠡᠭᠡ ᠵᠠᠩᠭᠢᠵᠢᠯᠲᠠ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ︽ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠬᠤ︾ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢ ᠲᠤᠤᠱᠯᠠᠭᠤᠯᠬᠤ ᠵᠢᠴᠢ ᠠᠵᠤ ᠠᠬᠤᠶᠢᠯᠠᠯ ᠤᠨ ᠣᠶᠤᠨᠴᠢ ᠦᠶᠯᠡᠳᠬᠦ ᠦᠢᠯᠡᠰ ᠤᠨ ᠪᠣᠯᠪᠠᠰᠤᠷᠠᠩᠭᠤᠢ ᠪᠣᠯᠤᠭᠰᠠᠨ ᠬᠡᠮᠵᠢᠶ᠎ᠡ ᠶᠢ ᠦᠨᠡᠯᠡᠨ ᠵᠢᠱᠢᠬᠦ ᠪᠤᠯᠪᠠᠰᠤᠷᠠᠯ ᠤᠨ ᠬᠤᠷᠠᠯ ᠢ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠳᠤ ᠠᠮᠵᠢᠯᠲᠠ ᠲᠠᠢ ᠡᠷᠭᠢᠯᠡᠵᠦ᠂ ᠴᠢᠩᠱᠠᠨ ᠲᠣᠭᠤᠷᠢᠭ ᠤᠨ 31 ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠤᠯᠪᠠᠰᠤᠷᠠᠯ ᠳᠤ ᠣᠷᠣᠯᠴᠠᠵᠠᠢ᠃      ᠬᠤᠷᠠᠯ ᠠᠴᠠ᠂ ︽ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠬᠤ︾ ᠠᠵᠢᠯ ᠪᠣᠯ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠢᠶᠠᠷ ᠭᠤᠣᠯᠯᠠᠭᠤᠯᠤᠭᠰᠠᠨ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠳᠡᠭᠡᠳᠦ ᠲᠡᠰ ᠳᠠᠪᠬᠤᠷᠭ᠎ᠠ ᠶᠢᠨ ᠭᠦᠨᠵᠡᠭᠡᠢ ᠤᠶᠠᠯᠳᠤᠯ ᠢ ᠠᠬᠢᠭᠤᠯᠵᠤ᠂ ᠮᠡᠳᠡᠭᠡ ᠵᠠᠩᠭᠢᠵᠢᠯᠲᠠ ᠪᠠᠷ ᠠᠵᠤ ᠦᠢᠯᠡᠳᠪᠦᠷᠢᠵᠢᠯᠲᠡ ᠶᠢ ᠳᠠᠶᠢᠴᠢᠯᠠᠵᠤ᠂ ᠠᠵᠤ ᠦᠢᠯᠡᠳᠪᠦᠷᠢᠵᠢᠯᠲᠡ ᠪᠠᠷ ᠮᠡᠳᠡᠭᠡ ᠵᠠᠩᠭᠢᠵᠢᠯᠲᠠ ᠶᠢ ᠠᠬᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠠᠮ ᠢᠶᠠᠷ ᠵᠠᠮᠨᠠᠬᠤ ᠨᠢᠭᠡ ᠵᠦᠢᠯ ᠤᠨ ᠠᠵᠢᠯ ᠪᠣᠯᠣᠨ᠎ᠠ᠃ ᠡᠯ᠎ᠡ ᠬᠠᠮᠢᠶ᠎ᠠ ᠪᠦᠬᠦᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠨᠢᠭᠡ ᠳᠤ ︽ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠬᠤ︾᠎ ᠶᠢᠨ ᠪᠠᠷᠢᠮᠵᠢᠶ᠎ᠠ ᠶᠢ ᠲᠤᠤᠱᠯᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ︔ ᠬᠤᠶᠠᠷ ᠲᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠰᠤᠷᠤᠯᠴᠠᠨ ᠡᠵᠡᠮᠰᠢᠬᠦ ᠬᠡᠷᠡᠭᠲᠡᠢ︔ ᠭᠤᠷᠪᠠ ᠳᠤ ᠪᠤᠯᠪᠠᠰᠤᠷᠠᠯ ᠳᠤ ᠬᠢᠨᠠᠮᠠᠭᠠᠢ ᠣᠷᠣᠯᠴᠠᠵᠤ᠂ ︽ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠬᠤ︾ ᠪᠠᠷᠢᠮᠵᠢᠶ᠎ᠠ ᠶᠢ ᠲᠤᠤᠱᠯᠠᠭᠤᠯᠤᠨ ᠭᠡᠷᠡᠴᠢᠯᠡᠬᠦ ᠶᠢ ᠢᠳᠡᠪᠬᠢᠲᠡᠢ ᠦᠷᠨᠢᠭᠦᠯᠬᠦ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃      ᠲᠤᠰ ᠤᠳᠠᠭᠠᠨ ᠤ ᠪᠣᠯᠪᠠᠰᠤᠷᠠᠯ ᠤᠨ ᠵᠣᠷᠢᠯᠭ᠎ᠠ ᠨᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠬᠤᠶᠠᠷ ᠱᠠᠲᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠶᠢᠨ ᠬᠠᠮᠲᠤ ᠪᠠᠰᠠ ᠪᠤᠭᠤᠲᠤ ᠬᠤᠲᠠ ᠶᠢᠨ ︽ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ ᠮᠡᠷᠭᠡᠵᠢᠯ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠣᠶ ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠪᠤᠵᠠᠭᠠᠶᠢᠷᠠᠭᠤᠯᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠴᠢᠬᠤᠯᠠ ᠰᠠᠭᠤᠷᠢ ᠪᠣᠯᠣᠨ᠎ᠠ᠃      ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠳ᠂ ᠲᠣᠰ ᠤᠳᠠᠭᠠᠨ ᠤ ᠪᠣᠯᠪᠠᠰᠤᠷᠠᠯ ᠨᠢ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠪᠠ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠢᠯᠡᠷᠬᠡᠶᠢᠯᠡᠵᠠᠢ᠃ ᠣᠶᠢᠷ᠎ᠠ ᠳᠤ᠂ ᠴᠢᠩᠱᠠᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠰᠢᠨᠵᠢᠯᠡᠬᠦ ᠤᠬᠠᠭᠠᠨ ᠤ ᠲᠣᠪᠴᠢᠶ᠎ᠠ ᠪᠠᠰᠠ ᠦᠷᠭᠦᠯᠵᠢᠯᠡᠨ ᠠᠳᠠᠯᠢ ᠲᠥᠷᠥᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠠᠵᠤ ᠠᠬᠤᠶᠢᠯᠠᠯ ᠤᠨ ᠤᠬᠠᠭᠤᠯᠭ᠎ᠠ ᠶᠢ ᠪᠣᠳᠠᠲᠠᠶᠢᠵᠢᠭᠤᠯᠵᠤ᠂ ᠲᠠᠶᠢᠯᠪᠤᠷᠢᠯᠠᠯᠲᠠ ᠶᠢ ᠪᠣᠳᠠᠲᠠᠶᠢᠵᠢᠭᠤᠯᠤᠨ᠎ᠠ᠃ ᠴᠢᠩᠱᠠᠨ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号