ᠲᠦᠷᠦᠭᠦᠦ 5 ᠰᠠᠷ᠎ᠠ ᠳᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠵᠡᠷᠭᠡ ᠵᠢᠱᠢᠯᠲᠡ ᠠᠴᠠ ᠳᠠᠪᠠᠭᠰᠠᠨ | ᠬᠦᠴᠦᠨ ᠵᠦᠢᠯ ᠤᠨ ᠨᠥᠯᠥᠭᠡ ᠪᠠ ᠪᠦᠬᠦ ᠤᠯᠤᠰ ᠤᠨ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠨᠡᠮᠡᠭᠳᠡᠭᠰᠡᠨ | ᠠᠬᠤᠢ ᠪᠠᠶᠢᠳᠠᠯ ᠳᠣᠣᠷ᠎ᠠ᠂ ᠪᠥᠬᠦ ᠲᠤᠭᠤᠷᠢᠭ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ | ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠥᠨᠳᠥᠷ ᠦᠷ᠎ᠡ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠨ᠂ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠰᠢᠢᠳᠪᠦᠷᠢᠯᠡᠬᠦ ᠪᠠ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ | ᠡᠷᠴᠢᠮ ᠢ ᠴᠢᠩᠭᠠᠷᠠᠭᠤᠯᠵᠤ᠂ ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠦᠨᠳᠦᠰᠦᠨ ᠪᠠᠶᠢᠳᠠᠯ ᠢ | ︽ᠲᠣᠭᠲᠠᠭᠤᠨ︾ ᠪᠠᠶᠢᠯᠭᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ︽ᠥᠷᠭᠡᠳᠬᠡᠨ︾᠂ ᠠᠵᠤ ᠠᠬᠤᠢ ᠶᠢᠨ | ᠰᠡᠷᠭᠦᠯᠲᠡ ᠬᠥᠭᠵᠢᠯᠲᠡ ᠳᠤ ᠨᠡᠯᠢᠶᠡᠳ ᠰᠠᠶᠢᠨ ᠬᠠᠨᠳᠤᠰᠢ ᠲᠠᠢ ᠪᠣᠯᠭᠠᠪᠠ᠃ | ᠨᠢᠭᠡ᠂ ᠰᠠᠭᠤᠷᠢ ᠠᠵᠤ ᠦᠢᠯᠡᠳᠪᠦᠷᠢ ᠦᠰᠦᠯᠲᠡ ᠶᠢ ᠲᠤᠭᠲᠠᠪᠦᠷᠢᠵᠢᠭᠤᠯᠬᠤ ᠭᠤᠣᠯ ᠦᠢᠯᠡᠳᠦᠯ ᠢ | ᠪᠠᠳᠠᠷᠠᠭᠤᠯᠵᠤ᠂ ᠲᠦᠷᠦ ᠶᠢᠨ ᠪᠣᠳᠣᠯᠭ᠎ᠠ ᠶᠢᠨ ᠨᠦᠯᠦᠭᠡᠯᠡᠯ ᠤᠨ ᠦᠷ᠎ᠡ ᠪᠦᠲᠦᠮᠵᠢ ᠢᠯᠡᠳᠲᠡ | 1 ︱ 5 ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.1% ᠨᠡᠮᠡᠭᠳᠡᠪᠡ᠃ ᠲᠦᠷᠦᠭᠦᠦ 5 ᠰᠠᠷ᠎ᠠ ᠳᠤ᠂ | ᠲᠥᠯᠦᠪᠵᠢᠭᠦᠯᠭᠡ ᠠᠴᠠ ᠳᠡᠭᠡᠭᠰᠢᠬᠢ ᠠᠵᠤ ᠦᠢᠯᠡᠳᠪᠦᠷᠢ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠪᠡ᠃ ᠨᠢᠭᠡ | ᠲᠠᠯ᠎ᠠ ᠪᠠᠷ᠂ ᠭᠠᠵᠠᠷ ᠣᠷᠣᠨ ᠤ ᠲᠣᠭᠲᠠᠭᠠᠭᠰᠠᠨ ᠠᠵᠤ ᠦᠢᠯᠡᠳᠪᠦᠷᠢ ᠶᠢᠨ ᠶᠡᠷᠦᠩᠬᠡᠢ ᠨᠡᠮᠡᠭᠳᠡᠯ ᠨᠡᠯᠢᠶᠡᠳ ᠲᠦᠷᠭᠡᠨ | ᠪᠠᠶᠢᠵᠤ᠂ ᠶᠡᠷᠦᠩᠬᠡᠢ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 48.2% ᠢᠶᠠᠷ ᠨᠡᠮᠡᠭᠳᠡᠪᠡ᠃ | ᠡᠭᠦᠨ ᠳᠤ᠂ ᠰᠦᠯᠵᠢᠶ᠎ᠡ ᠪᠠᠷ ᠰᠢᠭᠤᠳ ᠮᠡᠳᠡᠭᠦᠯᠦᠭᠰᠡᠨ ᠠᠵᠤ ᠠᠬᠤᠶᠢᠯᠠᠯ ᠤᠨ ᠦᠢᠯᠡᠳᠬᠦᠨ ᠤ ᠪᠥᠬᠦ ᠥᠷᠲᠡᠭ ᠨᠢ | ᠠᠳᠠᠯᠢ ᠬᠤᠭᠤᠴᠠᠭᠠᠨ ᠤ ᠬᠢ ᠠᠴᠠ 70.5% ᠪᠠᠷ ᠨᠡᠮᠡᠭᠳᠡᠵᠦ᠂ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠨᠢ | 64.3% ᠳᠤ ᠬᠦᠷᠴᠡᠢ᠃ ᠨᠥᠭᠦᠭᠡ ᠲᠠᠯ᠎ᠠ ᠪᠠᠷ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠰᠢᠢᠳᠪᠦᠷᠢᠯᠡᠬᠦ | ᠲᠥᠷᠥ ᠶᠢᠨ ᠪᠣᠳᠣᠯᠭ᠎ᠠ ᠪᠠᠷ ᠠᠷᠠᠳ ᠤᠨ ᠡᠵᠡᠩᠨᠡᠭᠰᠡᠨ ᠠᠵᠤ ᠠᠬᠤᠶᠢᠯᠠᠯ ᠵᠢᠴᠢ ᠵᠢᠵᠢᠭ ᠪᠢᠴᠢᠯ ᠠᠵᠤ | ᠠᠬᠤᠶᠢᠯᠠᠯ ᠤᠨ ᠰᠡᠷᠭᠦᠯᠲᠡ ᠶᠢ ᠠᠬᠢᠭᠤᠯᠪᠠ᠃ ᠪᠥᠬᠦ ᠲᠤᠭᠤᠷᠢᠭ ᠤᠨ ᠲᠣᠭᠲᠠᠭᠠᠭᠰᠠᠨ ᠠᠵᠤ ᠦᠢᠯᠡᠳᠪᠦᠷᠢ ᠳᠠᠬᠢ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ | ᠬᠢ ᠠᠴᠠ 130.6% ᠨᠡᠮᠡᠭᠳᠡᠵᠦ᠂ ᠪᠥᠬᠦ ᠲᠣᠭᠲᠠᠭᠠᠭᠰᠠᠨ ᠠᠵᠤ ᠦᠢᠯᠡᠳᠪᠦᠷᠢ ᠠᠴᠠ 60.1 ᠵᠠᠭᠤᠨ ᠤ ᠨᠢᠭᠡᠴᠢ | ᠲᠦᠷᠭᠡᠨ ᠪᠣᠯᠪᠠ︔ ᠵᠢᠵᠢᠭ ᠪᠢᠴᠢᠯ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ | ᠬᠤᠭᠤᠴᠠᠭᠠᠨ ᠤ ᠬᠢ ᠠᠴᠠ 52.3% ᠪᠠᠷ ᠨᠡᠮᠡᠭᠳᠡᠪᠡ᠃ ᠬᠤᠶᠠᠷ ᠶᠡᠭᠡ ᠲᠦᠷᠦᠯ ᠠᠴᠠ ᠦᠵᠡᠪᠡᠯ᠂ ᠦᠢᠯᠡᠳᠬᠦ | ᠦᠢᠯᠡᠰ ᠤᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 55.1% ᠨᠡᠮᠡᠭᠳᠡᠪᠡ︔ | ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 30.4% | ᠨᠡᠮᠡᠭᠳᠡᠪᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠦᠷ᠎ᠡ ᠠᠰᠢᠭ ᠠᠴᠠ ᠠᠪᠴᠤ ᠦᠵᠡᠪᠡᠯ᠂ 1— 4 | ᠰᠠᠷ᠎ᠠ ᠳᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠮᠠᠰᠢ ᠰᠠᠶᠢᠨ ᠬᠥᠭᠵᠢᠪᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ | ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ 51.6% ᠪᠠᠷ ᠨᠡᠮᠡᠭᠳᠡᠪᠡ᠃ ᠪᠡᠶᠡᠯᠡᠭᠦᠯᠦᠭᠰᠡᠨ ᠠᠰᠢᠭ | ᠬᠤᠨᠵᠢᠪᠤᠷᠢ ᠶᠢᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 36.6% ᠪᠠᠷ ᠨᠡᠮᠡᠭᠳᠡᠪᠡ᠃ | ᠡᠨᠧᠷᠭᠢ ᠶᠢᠨ ᠬᠡᠷᠡᠭᠯᠡᠭᠡᠨ ᠤ ᠶᠡᠷᠦᠩᠬᠡᠶᠢᠯᠡᠭᠰᠡᠨ ᠬᠡᠮᠵᠢᠶ᠎ᠡ ᠠᠴᠠ ᠦᠵᠡᠪᠡᠯ᠂ 1—5 ᠰᠠᠷ᠎ᠠ ᠳᠤ᠂ ᠰᠦᠯᠵᠢᠶ᠎ᠡ ᠪᠠᠷ | ᠰᠢᠭᠤᠳ ᠮᠡᠳᠡᠭᠦᠯᠦᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠨᠡᠶᠢᠲᠡ 62.59 ᠲᠦᠮᠡᠨ ᠲᠣᠨ ᠪᠠᠷᠢᠮᠵᠢᠶᠠᠲᠤ ᠨᠡᠭᠦᠷᠡᠰᠦ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 29% ᠪᠠᠷ ᠨᠡᠮᠡᠭᠳᠡᠨ᠂ ᠲᠦᠷᠦᠭᠦᠸ ᠰᠠᠷ᠎ᠠ ᠶᠢᠨ ᠨᠡᠮᠡᠭᠳᠡᠯ ᠤᠨ | ᠬᠤᠷᠳᠤᠴᠠ ᠠᠴᠠ 4.5 ᠵᠠᠭᠤᠨ ᠤ ᠨᠢᠭᠡᠴᠢ ᠥᠨᠳᠥᠷ ᠪᠣᠯᠵᠤ᠂ ᠣᠳᠣᠬᠠᠨ ᠤ ᠲᠣᠭᠲᠠᠭᠠᠭᠰᠠᠨ ᠠᠵᠤ | ᠦᠢᠯᠡᠳᠪᠦᠷᠢ ᠶᠢᠨ ᠪᠦᠬᠦᠯᠢ ᠴᠣᠭᠴᠠ ᠶᠢᠨ ᠦᠢᠯᠡᠳᠪᠦᠷᠢᠯᠡᠯ ᠤᠨ ᠪᠠᠶᠢᠳᠠᠯ ᠲᠠᠢ ᠨᠡᠶᠢᠴᠡᠵᠦ᠂ ᠳᠤᠮᠳᠠ ᠳᠡᠭᠡᠳᠦ | ᠬᠤᠷᠳᠤᠴᠠ ᠶᠢᠨ ᠠᠵᠢᠯᠯᠠᠭᠠᠨ ᠤ ᠬᠡᠪᠴᠢᠶᠡᠨ ᠳᠤ ᠣᠷᠣᠰᠢᠵᠤ ᠪᠠᠶᠢᠨ᠎ᠠ᠃ | ᠬᠤᠶᠠᠷ᠂ ᠪᠦᠲᠦᠮᠵᠢᠲᠡᠶ ᠪᠡᠯᠡ ᠣᠷᠣᠭᠤᠯᠤᠯᠲᠠ ᠶᠢ ᠤᠨᠢᠨ ᠳᠡᠭᠡᠷ᠎ᠡ ᠨᠢ ᠬᠦᠴᠦᠯᠡᠵᠦ᠂ ᠪᠡᠯᠡ | ᠣᠷᠣᠭᠤᠯᠤᠯᠲᠠ ᠶᠢᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠪᠡ | 5 ᠳ᠋ᠤᠭᠠᠷ ᠰᠠᠷ᠎ᠠ ᠪᠣᠯ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠰᠢᠵᠢᠷ ᠠᠯᠲᠠᠨ ᠬᠤᠭᠤᠴᠠᠭ᠎ᠠ᠂ | ᠮᠠᠨ ᠤ ᠲᠤᠭᠤᠷᠢᠭ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠨ ᠡᠯ᠎ᠡ ᠲᠥᠷᠥᠯ ᠤᠨ ᠴᠢᠬᠤᠯᠠ ᠶᠡᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ 1—5 ᠰᠠᠷ᠎ᠠ ᠳᠤ᠂ ᠪᠥᠬᠦ ᠲᠤᠭᠤᠷᠢᠭ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19.9% ᠨᠡᠮᠡᠭᠳᠡᠪᠡ᠃ | ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠮᠡᠳᠡᠭᠳᠡᠬᠦᠶᠢᠴᠡ ᠪᠣᠯᠪᠠ᠃ ᠪᠥᠬᠦ ᠲᠤᠭᠤᠷᠢᠭ | ᠤᠨ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 50.8% ᠪᠠᠷ ᠨᠡᠮᠡᠭᠳᠡᠵᠦ᠂ ᠭᠤᠷᠪᠠᠳᠤᠭᠠᠷ ᠠᠵᠤ | ᠦᠢᠯᠡᠰ ᠤᠨ ᠪᠡᠯᠡ ᠣᠷᠣᠭᠤᠯᠤᠯᠲᠠ 14.3% ᠪᠠᠷ ᠪᠠᠭᠤᠷᠠᠪᠠ᠃ ᠢᠯᠠᠩᠭᠤᠶ᠎ᠠ ᠦᠶᠯᠡᠳᠬᠦ ᠦᠢᠯᠡᠰ ᠤᠨ ᠪᠡᠯᠡ | ᠣᠷᠣᠭᠤᠯᠤᠯᠲᠠ ᠨᠢᠳᠤᠨᠤᠨ ᠤ ᠵᠢᠯ ᠤᠨ ᠡᠬᠢᠨ ᠠᠴᠠ ᠨᠠᠰᠢᠬᠢ ᠥᠨᠳᠥᠷ ᠨᠡᠮᠡᠭᠳᠡᠯ ᠤᠨ ᠪᠠᠶᠢᠳᠠᠯ ᠢᠶᠠᠨ | ᠦᠷᠭᠦᠯᠵᠢᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 49.2% ᠢᠶᠠᠷ ᠨᠡᠮᠡᠭᠳᠡᠵᠦ᠂ ᠡᠭᠦᠨ ᠳᠤ ᠴᠠᠬᠢᠯᠭᠠᠨ ᠤ | ᠮᠧᠬᠠᠨᠢᠭ ᠪᠠ ᠪᠠᠭᠠᠵᠢ ᠬᠡᠷᠡᠭᠰᠡᠯ ᠦᠶᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠲᠤᠭ᠎ᠠ ᠨᠢ ᠠᠳᠠᠯᠢ | ᠬᠤᠭᠤᠴᠠᠭᠠᠨ ᠤ ᠬᠢ ᠠᠴᠠ 8.2 ᠳᠠᠬᠢᠨ ᠪᠣᠯᠵᠠᠢ︔ ᠳᠡᠭᠡᠳᠦ ᠮᠡᠷᠭᠡᠵᠢᠯ ᠤᠨ ᠦᠶᠯᠡᠳᠬᠦ ᠦᠢᠯᠡᠰ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25.8% ᠪᠠᠭᠤᠷᠠᠪᠠ᠃ ᠰᠠᠭᠤᠷᠢ ᠲᠥᠬᠦᠭᠡᠷᠦᠮᠵᠢ ᠶᠢᠨ ᠪᠡᠯᠡ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ᠃ ᠲᠦᠷᠦᠭᠦᠸ 5 ᠰᠠᠷ᠎ᠠ ᠳᠤ᠂ ᠰᠠᠭᠤᠷᠢ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.3% ᠪᠠᠷ ᠪᠠᠭᠤᠷᠠᠵᠤ᠂ ᠪᠥᠬᠦ | ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.5 | ᠵᠠᠭᠤᠨ ᠤ ᠨᠢᠭᠡᠴᠢ ᠪᠠᠭᠤᠷᠠᠪᠠ᠃ ᠡᠭᠦᠨ ᠳᠤ᠂ ᠤᠰᠤᠨ ᠠᠰᠢᠭᠯᠠᠯᠲᠠ ᠶᠢᠨ ᠣᠷᠴᠢᠨ ᠲᠣᠭᠤᠷᠢᠨ ᠪᠠ ᠤᠯᠠᠨ | ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ 9.2% ᠪᠠᠷ ᠪᠠᠭᠤᠷᠠᠵᠤ᠂ ᠤᠯᠠᠨ ᠨᠡᠶᠢᠲᠡ ᠶᠢᠨ | ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ 13.9% ᠪᠠᠷ ᠨᠡᠮᠡᠭᠳᠡᠪᠡ᠃ ᠪᠡᠯᠡ ᠣᠷᠣᠭᠤᠯᠤᠯᠲᠠ ᠶᠢ | ᠤᠷᠢᠳᠠᠪᠠᠷ ᠭᠦᠢᠴᠡᠳᠬᠡᠬᠦ ᠲᠤᠭ᠎ᠠ ᠨᠡᠯᠢᠶᠡᠳ ᠰᠠᠶᠢᠨ ᠪᠠᠶᠢᠨ᠎ᠠ᠃ ᠤᠷᠢᠳ ᠢᠶᠠᠷ ᠬᠡᠷᠡᠭᠵᠢᠭᠦᠯᠦᠭᠰᠡᠨ ᠭᠦᠢᠴᠡᠳᠬᠡᠯ | ᠲᠤᠭ᠎ᠠ ᠠᠴᠠ ᠦᠵᠡᠪᠡᠯ᠂ 1—5 ᠰᠠᠷ᠎ᠠ ᠳᠤ᠂ ᠲᠣᠰ ᠵᠢᠯ ᠤᠨ ᠰᠢᠨ᠎ᠡ ᠪᠠᠷ ᠠᠵᠢᠯ ᠡᠬᠢᠯᠡᠭᠦᠯᠦᠭᠰᠡᠨ ᠪᠡᠯᠡ | ᠣᠷᠣᠭᠤᠯᠤᠯᠲᠠ ᠶᠢᠨ ᠵᠦᠢᠯᠡᠰ ᠤᠨ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 6 ᠬᠠᠰᠤᠭᠳᠠᠭᠰᠠᠨ | ᠪᠣᠯᠪᠠᠴᠤ ᠰᠢᠨ᠎ᠡ ᠪᠠᠷ ᠠᠵᠢᠯ ᠡᠬᠢᠯᠡᠭᠦᠯᠦᠭᠰᠡᠨ ᠵᠦᠢᠯᠡᠰ ᠤᠨ ᠲᠥᠯᠥᠪᠯᠡᠭᠡ ᠶᠢᠨ ᠪᠥᠬᠦ ᠪᠡᠯᠡ ᠣᠷᠣᠭᠤᠯᠤᠯᠲᠠ ᠨᠢ | ᠠᠳᠠᠯᠢ ᠬᠤᠭᠤᠴᠠᠭᠠᠨ ᠤ ᠬᠢ ᠠᠴᠠ 81.0% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ | ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠲᠠᠢ ᠶᠤᠮ᠃ | ᠭᠤᠷᠪᠠ᠂ ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠰᠡᠷᠭᠦᠯᠲᠡ ᠶᠢᠨ ᠬᠠᠨᠳᠤᠰᠢ ᠤᠳᠠᠭᠠᠰᠢᠷᠠᠵᠤ᠂ ᠲᠠᠸᠠᠷ ᠤᠨ | ᠵᠢᠵᠢᠭᠯᠡᠨ ᠬᠤᠳᠠᠯᠳᠤᠬᠤ ᠠᠵᠢᠯᠯᠠᠭ᠎ᠠ ᠳᠣᠣᠷ᠎ᠠ ᠬᠡᠮᠵᠢᠶᠡᠨ ᠳᠤ ᠬᠥᠷᠪᠡ | 1 ︱ 5 ᠰᠠᠷ᠎ᠠ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 100.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 3.4% ᠪᠠᠭᠤᠷᠠᠪᠠ᠃ ᠡᠭᠦᠨ ᠤ ᠳᠣᠲᠣᠷ᠎ᠠ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 31.5 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 5.5% ᠳᠣᠷᠣᠭᠰᠢᠯᠠᠵᠠᠢ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠂ | ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 28.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.6% ᠪᠠᠭᠤᠷᠠᠪᠠ︔ ᠢᠳᠡᠭᠡᠨ ᠤᠮᠳᠠᠭᠠᠨ ᠤ ᠣᠷᠣᠯᠭ᠎ᠠ 2.7 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.8% ᠪᠠᠷ ᠪᠠᠭᠤᠷᠠᠪᠠ᠃ ᠶᠡᠭᠡ ᠬᠡᠮᠵᠢᠶᠡᠨ ᠤ | ᠲᠠᠸᠠᠷ ᠤᠨ ᠵᠢᠵᠢᠭᠯᠡᠨ ᠬᠤᠳᠠᠯᠳᠤᠬᠤ ᠠᠵᠢᠯ ᠤᠨ ᠲᠤᠯᠭᠠᠭᠤᠷᠢᠯᠠᠯ ᠬᠦᠴᠦᠲᠡᠢ᠃ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠨᠢᠭᠡᠴᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ | 8.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.2% ᠨᠡᠮᠡᠭᠳᠡᠨ᠂ ᠪᠤᠰᠤᠳ | ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠴᠠ 32.8 ᠵᠠᠭᠤᠨ ᠤ ᠨᠢᠭᠡᠴᠢ ᠲᠦᠷᠭᠡᠨ ᠪᠣᠯᠵᠠᠢ᠃ | ᠶᠡᠷᠦᠩᠬᠡᠢ ᠳᠤᠨᠢ ᠠᠪᠴᠤ ᠦᠵᠡᠪᠡᠯ᠂ 1—5 ᠰᠠᠷ᠎ᠠ ᠳᠤ ᠮᠠᠨ ᠤ ᠲᠤᠭᠤᠷᠢᠭ ᠤᠨ ᠠᠵᠤ ᠠᠬᠤᠢ | ᠲᠣᠭᠲᠠᠭᠤᠨ ᠤ ᠳᠤᠮᠳᠠ ᠤᠷᠤᠭᠰᠢᠯᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠰᠠᠶᠢᠵᠢᠷᠠᠵᠤ᠂ | ᠪᠦᠲᠦᠮᠵᠢᠲᠡᠶ ᠪᠡᠯᠡ ᠣᠷᠣᠭᠤᠯᠤᠯᠲᠠ ᠶᠢᠨ ᠨᠠᠷᠢᠯᠢᠭ ᠣᠨᠣᠴᠠᠲᠠᠢ ᠪᠠᠷ ᠬᠦᠴᠦᠯᠡᠵᠦ᠂ ᠬᠡᠰᠡᠭ ᠭᠦᠢᠴᠡᠳᠬᠡᠯ ᠲᠤᠭ᠎ᠠ ᠨᠢ | ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠨᠢ ᠬᠡᠷᠡᠭᠯᠡᠭᠡᠨ ᠤ | ᠵᠠᠬ᠎ᠠ ᠳᠡᠯᠭᠡᠭᠦᠷ ᠪᠠ ᠬᠡᠰᠡᠭ ᠬᠦᠷᠦᠯᠴᠡᠬᠦ ᠴᠢᠨᠠᠷᠲᠠᠢ ᠦᠢᠯᠡᠴᠢᠯᠡᠭᠡᠨ ᠤ ᠦᠢᠯᠡᠰ ᠲᠤ ᠣᠬᠤᠷᠬᠠᠨ ᠬᠤᠭᠤᠴᠠᠭᠠᠨ ᠤ | ᠳᠣᠲᠣᠷ᠎ᠠ ᠵᠣᠬᠢᠬᠤ ᠬᠡᠮᠵᠢᠶᠡᠨ ᠤ ᠳᠠᠭᠠᠷᠢᠯᠲᠠ ᠶᠢ ᠤᠴᠠᠷᠠᠭᠤᠯᠤᠭᠰᠠᠨ ᠪᠣᠯᠪᠠᠴᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠬᠤ ᠶᠢ ᠳᠠᠭᠠᠯᠳᠤᠨ᠂ ᠪᠥᠬᠦ ᠲᠤᠭᠤᠷᠢᠭ ᠤᠨ | ᠠᠵᠤ ᠠᠬᠤᠢ ᠤᠯᠠᠮ ᠨᠢᠭᠡ ᠠᠯᠬᠤᠮ ᠰᠡᠷᠭᠦᠬᠦ ᠪᠣᠯᠣᠮᠵᠢ ᠲᠠᠢ ᠪᠠᠶᠢᠬᠤ ᠶᠢ ᠣᠯᠵᠤ ᠬᠠᠷᠠᠪᠠ᠃ ᠲᠠᠷᠠᠭᠠᠴᠢ ᠶᠢᠨ | ᠱᠠᠲᠤᠨ ᠳᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠤ᠂ ᠪᠥᠬᠦ | ᠲᠤᠭᠤᠷᠢᠭ ᠤᠨ ᠠᠵᠤ ᠠᠬᠤᠢ ᠶᠢᠨ ︽ᠬᠠᠭᠠᠰ ᠵᠢᠯ ᠳᠤ ᠲᠣᠭᠲᠠᠭᠤᠨ ᠪᠠᠶᠢᠯᠭᠠᠬᠤ︾᠂ ︽ᠬᠤᠶᠠᠷ ᠢ | ᠬᠠᠭᠠᠰ ᠥᠩᠭᠡᠷᠡᠭᠦᠯᠬᠦ︾ ᠶᠢ ᠪᠡᠶᠡᠯᠡᠭᠦᠯᠬᠦ ᠶᠢ ᠠᠬᠢᠭᠤᠯᠤᠨ᠎ᠠ᠃ |