ᠬᠠᠷᠢᠯᠴᠠᠨ ᠠᠭᠤᠰᠤᠯᠴᠠᠵᠤ ᠬᠠᠮᠲᠤᠪᠠᠷ ᠠᠬᠢᠭᠤᠯᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2022/6/22
     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ︽2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠳᠤᠮᠳᠠᠲᠦ ᠤᠯᠤᠰ ᠤᠨ ᠡᠪ ᠬᠠᠮᠲᠦ ᠨᠠᠮ ᠤᠨ ᠲᠦᠪ ᠬᠤᠷᠢᠶᠠᠨ ᠤ ᠰᠠᠨᠠᠯ︾᠎ ᠢ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ᠂ ᠵᠢᠴᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠪᠣᠳᠠᠲᠠᠢ ᠠᠵᠢᠯ ᠤᠨ ᠱᠠᠭᠠᠷᠳᠠᠯᠭ᠎ᠠ ᠶᠤᠰᠤᠭᠠᠷ᠂ ᠳ᠋ᠦᠩ ᠳ᠋ᠡ ᠭᠧᠦ ᠲᠣᠰᠬᠤᠨ᠂ ᠰᠢ ᠪᠢᠶᠠᠨ ᠴᠢᠶᠠᠩ ᠲᠣᠰᠬᠤᠨ᠂ ᠹᠦ᠋ ᠾᠧ ᠳ᠋ᠠᠩ ᠲᠣᠰᠬᠤᠨ ᠤ ᠰᠣᠶᠣᠯ ᠵᠤᠭᠠᠴᠠᠯ ᠤᠨ ᠡᠬᠢ ᠪᠠᠶᠠᠯᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠵᠥᠷᠢᠴᠡᠯ ᠳᠤ ᠵᠣᠷᠢᠭᠲᠠᠢ ᠪᠠᠷ ᠴᠣᠬᠢᠯᠲᠠ ᠥᠭᠴᠦ᠂ ᠬᠦᠴᠢᠷ ᠪᠡᠷᠬᠡᠰᠢᠶᠡᠯ ᠳᠤ ᠵᠣᠷᠢᠭᠲᠠᠢ ᠪᠠᠷ ᠲᠠᠶᠢᠨ ᠵᠠᠷᠯᠠᠬᠤ︾ ᠰᠢᠨ᠎ᠡ ᠶᠢ ᠡᠭᠦᠳᠬᠦ ᠡᠷᠴᠢ ᠵᠣᠷᠢᠭ ᠢ ᠪᠠᠳᠠᠷᠠᠭᠤᠯᠵᠤ᠂ ᠢᠳᠡᠪᠬᠢᠲᠡᠢ ᠪᠠᠷ ᠬᠢᠴᠢᠶᠡᠯ ᠨᠥᠬᠦᠪᠦᠷᠢᠯᠡᠨ᠂ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠨᠥᠭᠡᠴᠡ ᠪᠠᠨ ᠲᠠᠰᠤᠷᠠᠯᠳᠡ ᠦᠭᠡᠢ ᠪᠠᠶᠠᠯᠢᠭᠵᠢᠭᠤᠯᠵᠤ᠂ ᠡᠯ᠎ᠡ ᠣᠷᠣᠨ ᠪᠦᠰᠡ ᠶᠢᠨ ᠠᠵᠤ ᠦᠢᠯᠡᠰ ᠤᠨ ᠲᠥᠯᠦᠪᠵᠢᠭᠦᠯᠭᠡ ᠶᠢ ᠲᠡᠭᠦᠯᠳᠡᠷᠵᠢᠭᠦᠯᠵᠦ᠂ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠤ ᠪᠦᠬᠦᠯᠢ ᠴᠣᠭᠴᠠ ᠶᠢᠨ ᠡᠵᠡᠩᠨᠡᠯᠲᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃      ᠬᠡᠷᠡᠭᠯᠡᠭᠡᠨ ᠤ ᠡᠬᠢ ᠪᠠᠶᠠᠯᠢᠭ ᠢ ᠲᠥᠪᠯᠡᠷᠡᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠢ ᠬᠦᠭᠵᠢᠭᠦᠯᠦᠨ᠎ᠡ      ᠬᠤᠷᠠᠯ ᠦᠵᠡᠰᠬᠦᠯᠡᠩ ᠤᠨ ᠲᠥᠪ ᠤᠨ ᠬᠢᠨ ᠳ᠋ᠦᠩ ᠳ᠋ᠡ ᠭᠧᠦ ᠲᠣᠰᠬᠤᠨ᠂ ᠰᠢ ᠪᠢᠶᠠᠨ ᠴᠢᠶᠠᠩ ᠲᠣᠰᠬᠤᠨ᠂ ᠹᠦ᠋ ᠡᡁᠸ ᠳ᠋ᠠᠩ ᠲᠣᠰᠬᠤᠨ ᠤ ᠰᠣᠶᠣᠯ ᠵᠤᠭᠠᠴᠠᠯ ᠤᠨ ᠡᠬᠢ ᠪᠠᠶᠠᠯᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠪᠦᠬᠦ ᠲᠠᠯ᠎ᠠ ᠶᠢᠨ ᠲᠥᠯᠦᠪᠵᠢᠭᠦᠯᠭᠡ ᠬᠢᠵᠦ᠂ ᠬᠥᠳᠡᠭᠡ ᠲᠣᠰᠬᠤᠨ ᠤ ᠰᠡᠯᠡᠭᠦᠴᠡᠯ ᠵᠤᠭᠠᠴᠠᠯ᠂ ᠬᠥᠳᠡᠭᠡ ᠲᠣᠰᠬᠤᠨ ᠤ ᠠᠷᠠᠳ ᠤᠨ ᠰᠠᠭᠤᠴᠠ ᠵᠡᠷᠭᠡ ᠵᠤᠭᠠᠴᠠᠯ ᠤᠨ ᠠᠵᠤ ᠦᠢᠯᠡᠰ ᠢ ᠬᠦᠴᠦᠯᠡᠨ ᠴᠣᠭᠴᠠᠯᠠᠨ᠎ᠠ᠃ ᠣᠲᠣ ᠪᠣᠯᠲᠠᠯ᠎ᠠ᠂ ᠹᠦ᠋ ᠾᠧ ᠳ᠋ᠠᠩ᠂ ᠰᠢ ᠪᠢᠶᠠᠨ ᠴᠢᠶᠠᠩ᠂ ᠳ᠋ᠦᠩ ᠳ᠋ᠡ ᠭᠧᠦ ᠲᠣᠰᠬᠤᠨ ᠵᠢᠴᠢ ᠲᠣᠨᠣᠭᠯᠠᠯ ᠶᠡᠭᠡ ᠵᠠᠮ ᠤᠨ ᠳ᠋ᠧᠩ ᠤᠨ ᠱᠣᠩ ᠵᠠᠮ ᠤᠨ ᠲᠤᠭ ᠢ ᠨᠢᠭᠡᠨᠲᠡ ᠪᠦᠬᠦᠨ ᠢ ᠡᠯᠭᠦᠪᠡ︔ ᠹᠦ᠋ ᠡᡁᠸ ᠳ᠋ᠠᠩ ᠠᠷᠠᠳ ᠤᠨ ᠣᠷᠣᠨ ᠰᠠᠭᠤᠴᠠ ᠶᠢᠨ ᠠᠵᠢᠯ ᠦᠨᠳᠦᠰᠦᠨ ᠳᠡᠭᠡᠨ ᠳᠠᠭᠤᠰᠴᠤ᠂ ᠠᠷᠠᠳ ᠤᠨ ᠣᠷᠣᠨ ᠰᠠᠭᠤᠴᠠ ᠶᠢᠨ ᠠᠩᠬᠠᠨ ᠤ ᠪᠦᠯᠦᠭ ᠤᠨ ᠠᠵᠢᠯᠲᠠᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢᠶᠠᠨ ᠳᠠᠭᠤᠰᠬᠠᠵᠤ᠂ ᠳ᠋ᠦᠩ ᠳ᠋ᠡ ᠱᠠᠨ ᠲᠤᠰᠬᠤᠨ ᠤ ᠠᠷᠠᠳ ᠤᠨ ᠰᠠᠭᠤᠴᠠ᠂ ᠬᠤᠮᠵᠢᠶ᠎ᠠ ᠶᠢᠨ ᠰᠠᠭᠤᠴᠠ ᠶᠢᠨ ᠠᠵᠢᠯ ᠢᠶᠠᠨ ᠳᠠᠭᠤᠰᠬᠠᠬᠤ ᠪᠠᠷ ᠪᠠᠶᠢᠨ᠎ᠠ︔ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠤᠨ ᠲᠥᠯᠥᠪᠯᠡᠭᠡ ᠶᠢᠨ ᠵᠢᠷᠤᠭ ᠢ ᠨᠢᠭᠡᠨᠲᠡ ᠲᠥᠯᠥᠪᠯᠡᠵᠦ ᠳᠠᠭᠤᠰᠬᠠᠭᠠᠳ ᠣᠳᠣ ᠶᠠᠭ ᠪᠠᠶᠢᠭᠤᠯᠵᠦ ᠪᠠᠶᠢᠨ᠎ᠠ᠃      ᠡᠭᠦᠨ ᠤ ᠬᠠᠮᠲᠤ᠂ ︽ᠳ᠋ᠦᠩ ᠳ᠋ᠡ ᠱᠠᠨ ᠠᠭᠤᠯᠠᠨ ᠳᠤ ᠬᠠᠶᠢᠷᠠᠲᠠᠢ︾ ᠠᠯᠪᠠᠨ ᠤ ᠲᠠᠯ᠎ᠠ ᠶᠢᠨ ᠬᠤᠪᠢ ᠶᠢᠨ ᠵᠠᠭᠤᠴᠢᠯᠠᠭᠤᠷ ᠤᠨ ᠲᠠᠪᠴᠠᠩ ᠢ ᠪᠠᠶᠢᠭᠤᠯᠵᠤ᠂ ᠸᠢᠴᠠᠲ᠂ ᠸᠢᠳᠢᠤ᠋ ᠶᠢᠨ ᠨᠣᠮᠧᠷ᠂ ᠲᠢᠭ᠋ ᠲᠤᠭ ᠨᠣᠮᠧᠷ᠂ ᠬᠤᠷᠳᠤᠨ ᠭᠠᠷ ᠤᠨ ᠨᠣᠮᠧᠷ ᠵᠡᠷᠭᠡ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠤᠰ ᠭᠠᠵᠠᠷ ᠤᠨ ᠨᠡᠷᠡᠲᠦ ᠬᠤᠪᠢ ᠶᠢᠨ ᠵᠠᠭᠤᠴᠢᠯᠠᠭᠤᠷ ᠤᠨ ᠬᠢᠨ ᠢ ᠤᠷᠢᠵᠤ ᠳ᠋ᠦᠩ ᠳ᠋ᠡ ᠱᠠᠨ ᠲᠤᠰᠬᠤᠨ ᠢ ᠰᠡᠭᠦᠳᠡᠷᠯᠡᠭᠦᠯᠵᠦ᠂ ︽ᠰᠦᠯᠵᠢᠶᠡᠨ ᠳᠡᠭᠡᠷ᠎ᠡ︾ ᠤᠷᠢᠳᠴᠢᠯᠠᠨ ᠤᠬᠠᠭᠤᠯᠬᠤ ᠪᠠ ︽ᠰᠦᠯᠵᠢᠶᠡᠨ ᠭᠠᠳᠠᠨᠠᠬᠢ︾ ᠪᠣᠳᠠᠲᠤ ᠴᠣᠭᠴᠠ ᠶᠢᠨ ᠦᠵᠡᠮᠵᠢ ᠶᠢᠨ ᠬᠠᠷᠢᠯᠴᠠᠨ ᠠᠭᠤᠰᠤᠯᠴᠠᠬᠤ ᠶᠢ ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠳᠡᠭᠡ ᠲᠣᠰᠬᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠶᠡᠷᠦᠩᠬᠡᠶᠢᠯᠡᠨ ᠳᠠᠶᠢᠴᠢᠯᠠᠬᠤ ᠦᠢᠯᠡᠳᠦᠯ ᠢ ᠴᠢᠩᠭᠠᠳᠬᠠᠵᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮ ᠢ ᠠᠯᠬᠤᠮ ᠠᠯᠬᠤᠮ ᠢᠶᠠᠷ ᠪᠣᠶ ᠪᠣᠯᠭᠠᠵᠤ᠂ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠢ ᠪᠤᠭᠤᠲᠤ ᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠡᠶᠢᠲᠡᠯᠢᠭ ᠵᠢᠱᠢᠶ᠎ᠡ ᠪᠣᠯᠭᠠᠬᠤ ᠪᠠᠷ ᠴᠢᠷᠮᠠᠶᠢᠨ᠎ᠠ᠃      ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠨ᠎ᠠ      ᠬᠤᠷᠠᠯ ᠦᠵᠡᠰᠬᠦᠯᠡᠩ ᠤᠨ ᠲᠥᠪ ᠤᠨ ᠬᠢᠨ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠤ ᠪᠦᠬᠦᠯᠢ ᠴᠣᠭᠴᠠ ᠶᠢᠨ ᠡᠵᠡᠩᠨᠡᠯᠲᠡ ᠶᠢᠨ ᠰᠡᠳᠬᠢᠴᠡ ᠶᠢᠨ ᠲᠣᠭᠤᠷᠢᠨ ᠳᠤ᠂ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠤ ᠡᠮᠦᠨᠡᠬᠢ ᠬᠤᠭᠤᠴᠠᠭᠠᠨ ᠤ ᠡᠵᠡᠩᠨᠡᠯᠲᠡ ᠶᠢᠨ ᠪᠡᠯᠡᠳᠬᠡᠯ ᠠᠵᠢᠯ ᠢ ᠰᠠᠶᠢᠲᠤᠷ ᠬᠢᠪᠠ᠃ ᠡᠨᠡ ᠵᠢᠯ ᠤᠨ ᠳ᠋ᠦᠩ ᠳ᠋ᠡ ᠱᠠᠨ ᠠᠭᠤᠯᠠᠨ ᠤ ᠤᠷᠠᠯᠢᠭ ᠤᠨ ᠪᠠᠶᠠᠷ ᠤᠨ ᠬᠤᠭᠤᠴᠠᠭᠠᠨ ᠳᠤ᠂ ᠡᠯ᠎ᠡ ᠲᠥᠷᠥᠯ ᠤᠨ ᠠᠵᠢᠯᠯᠠᠭ᠎ᠠ᠂ ᠲᠣᠭᠯᠠᠯᠲᠠ ᠳᠤ ᠬᠠᠪᠰᠤᠷᠤᠯᠭ᠎ᠠ ᠳᠡᠮᠵᠢᠯᠭᠡ ᠬᠠᠩᠭᠠᠵᠤ᠂ ᠦᠵᠡᠮᠵᠢ ᠶᠢᠨ ᠣᠷᠣᠨ ᠤ ᠦᠵᠡᠭᠦᠯᠭᠡ᠂ ᠲᠡᠷᠭᠡ ᠬᠥᠰᠬᠡ ᠶᠢᠨ ᠪᠠᠲᠤᠯᠠᠭ᠎ᠠ᠂ ᠠᠵᠢᠯᠯᠠᠭ᠎ᠠ ᠶᠢᠨ ᠤᠬᠠᠭᠠᠯᠠᠭ᠎ᠠ ᠵᠡᠷᠭᠡ ᠶᠢ ᠪᠠᠭᠲᠠᠭᠠᠵᠤ᠂ ᠳ᠋ᠦᠩ ᠳ᠋ᠡ ᠱᠠᠨ ᠠᠭᠤᠯᠠᠨ ᠤ ᠤᠷᠠᠯᠢᠭ ᠤᠨ ᠪᠠᠶᠠᠷ ᠤᠨ ᠠᠮᠵᠢᠯᠲᠠ ᠲᠠᠢ ᠶᠠᠪᠤᠭᠳᠠᠬᠤ ᠳᠤ ᠬᠦᠴᠦᠨ ᠨᠡᠮᠡᠷᠢᠯᠡᠪᠡ᠃ ᠪᠤᠭᠤᠲᠤ ᠶᠢᠨ ᠲᠤᠰ ᠭᠠᠵᠠᠷ ᠤᠨ ᠰᠦᠯᠵᠢᠶᠡᠨ ᠤ ᠨᠡᠷᠡᠲᠦ ᠬᠦᠮᠦᠰ ᠢ ᠤᠷᠢᠨ ᠲᠤᠬᠠᠢ ᠶᠢᠨ ᠲᠠᠯᠠᠪᠠᠶ ᠳᠤ ᠰᠡᠭᠦᠳᠡᠷᠯᠡᠭᠦᠯᠵᠦ᠂ ᠪᠡᠶᠡᠴᠢᠯᠡᠨ ᠣᠶᠢᠯᠠᠭᠠᠬᠤ᠂ ᠰᠤᠷᠪᠤᠯᠵᠢᠯᠠᠬᠤ᠂ ᠬᠠᠷᠢᠯᠴᠠᠨ ᠬᠥᠳᠡᠯᠦᠯᠴᠡᠬᠦ ᠵᠡᠷᠭᠡ ᠬᠡᠯᠪᠡᠷᠢ ᠪᠠᠷ ᠳ᠋ᠦᠩ ᠳ᠋ᠡ ᠱᠠᠨ ᠤᠷᠠᠯᠢᠭ ᠤᠨ ᠪᠠᠶᠠᠷ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯᠯᠠᠭ᠎ᠠ ᠳᠤ ᠤᠬᠠᠭᠤᠯᠭ᠎ᠠ ᠬᠢᠵᠦ᠂ ᠬᠤᠲᠠ ᠶᠢᠨ ᠠᠷᠠᠳ ᠲᠤ ᠭᠤᠸ᠎ᠠ ᠲᠠᠭᠠᠰᠢᠶᠠᠯ᠂ ᠣᠶᠢᠯᠠᠭᠠᠯᠲᠠ᠂ ᠦᠵᠡᠭᠦᠯᠭᠡ᠂ ᠪᠣᠷᠤᠯᠠᠭᠤᠯᠭ᠎ᠠ᠂ ᠦᠢᠯᠡᠳᠦᠯᠴᠡᠯ ᠢ ᠨᠢᠭᠡ ᠴᠣᠭᠴᠠᠵᠢᠭᠤᠯᠤᠭᠰᠠᠨ ᠴᠢᠨᠠᠷ ᠰᠠᠶᠢᠲᠠᠢ ᠰᠣᠶᠣᠯ ᠤᠷᠠᠯᠢᠭ ᠤᠨ ᠦᠵᠡᠭᠦᠯᠭᠡ ᠶᠢᠨ ᠠᠵᠢᠯᠯᠠᠭ᠎ᠠ ᠶᠢ ᠳᠡᠯᠭᠡᠨ ᠦᠵᠡᠭᠦᠯᠵᠦ᠂ ᠳ᠋ᠦᠩ ᠳ᠋ᠡ ᠱᠠᠨ ᠤ ᠤᠷᠠᠯᠢᠭ ᠤᠨ ᠲᠣᠭᠤᠷᠢᠭ ᠵᠢᠴᠢ ᠡᠷᠭᠢᠨ ᠲᠣᠭᠤᠷᠢᠨ ᠤ ᠠᠶᠢᠯ ᠲᠣᠰᠬᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠲᠤᠶᠢᠯ ᠤᠨ ᠶᠡᠭᠡ ᠪᠠᠷ ᠳᠠᠶᠢᠴᠢᠯᠠᠨ᠂ ︽ᠳ᠋ᠦᠩ ᠳ᠋ᠡ ᠱᠠᠨ ᠤ ᠤᠷᠠᠯᠢᠭ ᠤᠨ ᠨᠠᠶᠢᠷ︾᠎ ᠤᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠳᠠᠬᠢᠨᠲᠠ ᠳᠡᠭᠡᠭᠰᠢᠯᠡᠭᠦᠯᠦᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠬᠤᠷᠠᠯ ᠦᠵᠡᠰᠬᠦᠯᠡᠩ ᠤᠨ ᠲᠥᠪ ᠤᠨ ᠬᠢᠨ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠳ᠋ᠦᠩ ᠳ᠋ᠡ ᠭᠧᠦ ᠲᠣᠰᠬᠤᠨ᠂ ᠰᠢ ᠪᠢᠶᠠᠨ ᠴᠢᠶᠠᠩ ᠲᠣᠰᠬᠤᠨ᠂ ᠹᠦ᠋ ᠾᠧ ᠳ᠋ᠠᠩ ᠲᠣᠰᠬᠤᠨ ᠤ ᠬᠥᠳᠡᠭᠡ ᠲᠣᠰᠬᠤᠨ ᠤ ᠰᠣᠶᠣᠯ ᠵᠤᠭᠠᠴᠠᠯ ᠤᠨ ᠡᠬᠢ ᠪᠠᠶᠠᠯᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠡᠮᠬᠢ ᠵᠢᠷᠤᠮ ᠲᠠᠢ ᠪᠠᠷ ᠥᠷᠭᠡᠳᠬᠡᠵᠦ᠂ ᠬᠥᠳᠡᠭᠡ ᠲᠣᠰᠬᠤᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠡᠯ᠎ᠡ ᠲᠦᠷᠦᠯ ᠤᠨ ᠵᠤᠭᠠᠴᠠᠯ᠂ ᠪᠣᠯᠪᠠᠰᠤᠷᠠᠯ ᠤᠨ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠳᠠᠪᠠᠭᠤᠯᠢᠭ ᠠᠵᠤ ᠦᠢᠯᠡᠰ ᠤᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠠᠮᠠᠷᠠᠯᠲᠠ ᠶᠢᠨ ᠲᠣᠰᠬᠤᠨ ᠤ ᠠᠭᠤᠰᠤᠯᠴᠠᠯ ᠤᠨ ᠬᠡᠮᠵᠢᠶ᠎ᠡ ᠪᠠ ᠵᠣᠬᠢᠴᠠᠩᠭᠤᠢ ᠴᠢᠨᠠᠷ ᠢ ᠳᠡᠭᠡᠭᠰᠢᠯᠡᠭᠦᠯᠵᠦ᠂ ᠪᠦᠬᠦᠯᠢ ᠴᠣᠭᠴᠠ ᠶᠢᠨ ᠪᠦᠲᠦᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠳ᠋ᠦᠩ ᠳ᠋ᠡ ᠱᠠᠨ ᠤ ᠲᠦᠷᠦᠯ ᠵᠦᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号