ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠳᠦᠷᠢᠮ ᠤᠨ ᠪᠤᠯᠪᠠᠰᠤᠷᠠᠯ ᠤᠨ ᠬᠤᠷᠠᠯ ᠢ ᠦᠷᠨᠢᠭᠦᠯᠪᠡ
ᠨᠡᠶᠢᠲᠡᠯᠡᠭᠰᠡᠨ ᠴᠠᠭ᠄
2022/6/23
     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠶᠡᠷᠦᠩᠬᠡᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠬᠡᠷᠡᠭ ᠰᠢᠢᠳᠪᠦᠷᠢᠯᠡᠬᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠳᠦᠷᠢᠮ ᠤᠨ ᠪᠤᠯᠪᠠᠰᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠦᠨᠳᠦᠰᠦᠨ ᠱᠠᠲᠤᠨ ᠤ ᠬᠢᠨᠠᠨ ᠬᠠᠮᠢᠶᠠᠷᠬᠤ ᠭᠠᠵᠠᠷ ᠤᠨ ᠬᠠᠤᠯᠢ ᠳᠦᠷᠢᠮ ᠤᠨ ᠠᠵᠢᠯᠲᠠᠨ ᠪᠤᠯᠪᠠᠰᠤᠷᠠᠯ ᠳᠤ ᠣᠷᠣᠯᠴᠠᠵᠠᠢ᠃ ᠲᠣᠰ ᠤᠳᠠᠭᠠᠨ ᠤ ᠪᠤᠯᠪᠠᠰᠤᠷᠠᠯ ᠳᠤ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠤᠨ ᠪᠢᠴᠢᠭ ᠬᠠᠷ᠎ᠠ ᠶᠢᠨ ᠵᠠᠭᠪᠤᠷ ᠤᠨ ᠥᠯᠢᠭᠡᠷ ᠳᠡᠪᠲᠡᠷ ᠵᠢᠴᠢ ᠬᠡᠷᠡᠭᠯᠡᠬᠦ ᠵᠦᠭᠯᠡᠭᠦᠷ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ︾ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠤᠨ ᠵᠢᠷᠤᠮ ᠤᠨ ᠲᠣᠭᠲᠠᠭᠠᠯ︾᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠵᠡᠷᠭᠡ ᠠᠭᠤᠯᠭ᠎ᠠ ᠶᠢᠨ ᠲᠤᠬᠠᠢ ᠨᠠᠷᠢᠨ ᠲᠠᠶᠢᠯᠤᠮᠵᠢ ᠬᠢᠭᠰᠡᠨ ᠪᠥᠭᠡᠳ ᠪᠤᠯᠪᠠᠰᠤᠷᠠᠯ ᠳᠤ ᠣᠷᠣᠯᠴᠠᠭᠰᠠᠳ ᠲᠠᠢ ᠪᠣᠳᠠᠲᠠᠢ ᠠᠵᠢᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠤᠨ ᠲᠤᠬᠠᠢ ᠶᠠᠷᠢᠯᠴᠠᠵᠤ ᠰᠣᠯᠢᠯᠴᠠᠪᠠ᠃ ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ᠂ ᠬᠠᠤᠯᠢ ᠳᠦᠷᠢᠮ ᠤᠨ ᠠᠵᠢᠯᠲᠠᠨ ᠤ ᠬᠠᠤᠯᠢ ᠬᠡᠷᠡᠭᠵᠢᠭᠦᠯᠬᠦ ᠠᠵᠢᠯ ᠤᠨ ᠲᠤᠬᠠᠢ ᠲᠠᠨᠢᠯᠲᠠ ᠶᠢᠨ ᠬᠢᠷᠢ ᠲᠦᠪᠰᠢᠨ ᠪᠠ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠲᠠᠰ ᠳᠠᠷᠠᠭᠠᠯᠠᠯ ᠤᠨ ᠦᠵᠡᠯ ᠤᠬᠠᠮᠰᠠᠷ᠂ ᠭᠡᠷᠡᠴᠢ ᠪᠠᠷᠢᠮᠲᠠ ᠶᠢᠨ ᠦᠵᠡᠯ ᠤᠬᠠᠮᠰᠠᠷ᠂ ᠬᠦᠴᠦᠨ ᠲᠠᠢ ᠬᠤᠭᠤᠴᠠᠭ᠎ᠠ ᠶᠢᠨ ᠦᠵᠡᠯ ᠤᠬᠠᠮᠰᠠᠷ ᠢ ᠴᠢᠩᠭᠠᠳᠬᠠᠵᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠳᠦᠷᠢᠮ ᠤᠨ ᠪᠠᠶᠢᠭᠤᠯᠤᠯᠲᠠ ᠬᠢᠭᠡᠳ ᠬᠠᠤᠯᠢ ᠬᠡᠷᠡᠭᠵᠢᠭᠦᠯᠬᠦ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号