ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠠᠩᠬᠠᠳᠠᠭᠴᠢ ᠬᠡᠳᠦ ᠬᠢᠵᠠᠭᠠᠷ ᠤᠨ ᠭᠠᠳᠠᠭᠠᠳᠤ ᠳᠠᠬᠢ ᠲᠦᠷᠦᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ
ᠨᠡᠶᠢᠲᠡᠯᠡᠭᠰᠡᠨ ᠴᠠᠭ᠄
2022/6/24
     ᠣᠶᠢᠷ᠎ᠠ ᠳᠤ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ P92 ᠮᠠᠲ᠋ᠧᠷᠢᠶᠠᠯ ᠤᠨ ᠥᠨᠳᠥᠷ ᠳᠤᠯᠠᠭᠠᠨ ᠤ ᠬᠤᠭᠤᠯᠠᠢ ᠪᠠᠷ ᠪᠠᠷᠠᠭ᠎ᠠ ᠬᠠᠩᠭᠠᠵᠤ ᠪᠠᠶᠢᠭ᠎ᠠ ᠫᠠᠺᠢᠰᠲ᠋ᠠᠨ ᠤ ᠠᠭᠠᠷ ᠤᠨ ᠠᠶᠠᠯᠠᠯ ᠤᠨ ᠰᠢᠲᠠᠭᠠᠯᠭ᠎ᠠ ᠶᠢᠨ ᠮᠠᠰᠢᠨ ᠴᠠᠬᠢᠯᠭᠠᠨ ᠤ ᠥᠷᠲᠡᠭᠡ ᠶᠢᠨ 1263MW ᠲᠥᠷᠥᠯ ᠵᠦᠢᠯ ᠳᠤ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠺᠣᠮᠫᠠᠨᠢ ᠶᠢᠨ ᠪᠠᠷᠠᠭ᠎ᠠ ᠬᠠᠩᠭᠠᠬᠤ ᠠᠩᠬᠠᠳᠠᠭᠴᠢ ᠭᠠᠳᠠᠭᠠᠳᠤ ᠶᠢᠨ ᠬᠡᠲᠦ ᠬᠢᠵᠠᠭᠠᠷ ᠤᠨ ᠴᠠᠬᠢᠯᠭᠠᠨ ᠥᠷᠲᠡᠭᠡ ᠶᠢᠨ ᠠᠰᠢᠭᠯᠠᠯᠲᠠ ᠳᠤ ᠣᠷᠣᠭᠤᠯᠬᠤ ᠲᠥᠷᠥᠯ ᠵᠦᠢᠯ ᠪᠣᠯᠤᠭᠰᠠᠨ ᠪᠠᠶᠢᠨ᠎ᠠ᠃ ᠲᠤᠰ ᠤᠳᠠᠭ᠎ᠠ ᠶᠢᠨ ᠲᠦᠷᠦᠯ ᠵᠦᠢᠯ ᠢ ᠠᠮᠵᠢᠯᠲᠠ ᠲᠠᠢ ᠠᠰᠢᠭᠯᠠᠯᠲᠠ ᠳᠤ ᠣᠷᠣᠭᠤᠯᠤᠭᠰᠠᠨ ᠨᠢ ᠬᠡᠷᠡᠭᠯᠡᠭᠴᠢ ᠶᠢᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠡᠳᠦ ᠬᠢᠵᠠᠭᠠᠷ ᠤᠨ ᠴᠠᠬᠢᠯᠭᠠᠨ ᠦᠷᠳᠡᠭᠡ ᠶᠢᠨ P92 ᠮᠠᠲ᠋ᠧᠷᠢᠶᠠᠯ ᠤᠨ ᠳᠦᠷᠪᠡᠨ ᠶᠡᠭᠡ ᠳᠠᠮᠵᠢᠭᠤᠯᠬᠤ ᠬᠤᠭᠤᠯᠠᠢ ᠶᠢᠨ ᠦᠢᠯᠡᠳᠬᠦᠨ ᠤ ᠶᠠᠰᠤ ᠴᠢᠨᠠᠷ  ᠪᠠ ᠦᠢᠯᠡᠴᠢᠯᠡᠭᠡ ᠶᠢ ᠮᠡᠳᠡᠷᠡᠭᠰᠡᠨ ᠢ ᠳᠠᠬᠢᠨᠲᠠ ᠭᠡᠷᠡᠴᠢᠯᠡᠵᠦ᠂ ᠡᠨᠡᠳᠬᠡᠭ᠂ ᠫᠠᠺᠢᠰᠲ᠋ᠠᠨ᠂ ᠢᠷᠠᠺ᠂ ᠽᠢᠮᠪᠠᠪᠦ᠋ᠸᠧᠢ᠂ ᠪᠠᠭᠠᠷᠢᠨ ᠵᠡᠷᠭᠡ ᠤᠯᠤᠰ ᠤᠨ ᠭᠠᠳᠠᠭᠠᠳᠤ ᠶᠢᠨ ᠵᠠᠬ᠎ᠠ ᠳᠡᠯᠭᠡᠭᠦᠷ ᠢ ᠦᠷᠭᠦᠯᠵᠢᠯᠡᠨ ᠨᠡᠭᠡᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠭᠠᠳᠠᠭᠠᠳᠤ ᠶᠢᠨ ᠲᠦᠷᠦᠯ ᠵᠦᠢᠯ ᠢ ᠨᠡᠭᠡᠭᠡᠬᠦ ᠳᠤ ︽ᠤᠮᠠᠷᠠᠲᠤ ᠶᠢᠨ ᠬᠦᠨᠳᠦ ᠠᠵᠤ ᠦᠢᠯᠡᠳᠪᠦᠷᠢ︾ ᠶᠢᠨ ᠲᠦᠷᠦᠯ ᠲᠡᠮᠳᠡᠭ ᠤᠨ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号