1—5 ᠰᠠᠷ᠎ᠠ ᠳᠤ ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠪᠠᠭ᠎ᠠ ᠬᠡᠮᠵᠢᠶ᠎ᠡ ᠪᠠᠷ ᠪᠠᠭᠤᠷᠠᠪᠠ
ᠨᠡᠶᠢᠲᠡᠯᠡᠭᠰᠡᠨ ᠴᠠᠭ᠄
2022/6/27
     1—5 ᠰᠠᠷ᠎ᠠ ᠳᠤ᠂ ᠴᠢᠩᠱᠠᠨ ᠲᠣᠭᠤᠷᠢᠭ ᠤᠨ ᠬᠢᠨ ᠬᠢᠵᠢᠭ ᠳᠡᠯᠭᠡᠷᠡᠭᠰᠡᠨ ᠵᠡᠷᠭᠡ ᠬᠦᠴᠦᠨ ᠵᠦᠢᠯ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠤ ᠦᠵᠡᠭᠦᠯᠬᠦ ᠳᠠᠭᠠᠷᠢᠯᠲᠠ ᠶᠢ ᠢᠳᠡᠪᠬᠢᠲᠡᠢ ᠪᠠᠷ ᠠᠷᠭᠠᠴᠠᠵᠤ᠂ ᠮᠠᠰᠢᠨ ᠲᠡᠷᠭᠡ᠂ ᠬᠤᠳᠠᠯᠳᠤᠭᠠᠨ ᠤ ᠬᠡᠲᠦ ᠳᠡᠯᠭᠡᠭᠦᠷ᠂ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠪᠣᠳᠣᠯᠭ᠎ᠠ ᠶᠢ ᠥᠷᠨᠢᠭᠦᠯᠵᠦ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠰᠠᠶᠢᠨ ᠡᠷᠬᠢᠯᠲᠡ ᠪᠠ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃      ᠨᠢᠭᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠪᠠᠭ᠎ᠠ ᠬᠡᠮᠵᠢᠶ᠎ᠡ ᠪᠠᠷ ᠪᠠᠭᠤᠷᠠᠪᠠ      1—5 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 100.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 3.4% ᠪᠠᠭᠤᠷᠠᠵᠤ᠂ ᠳᠡᠭᠡᠷ᠎ᠡ ᠰᠠᠷ᠎ᠠ ᠶᠢᠨ ᠬᠢ ᠠᠴᠠ 0.8 ᠵᠠᠭᠤᠨ ᠤ ᠨᠢᠭᠡᠴᠢ ᠤᠳᠠᠭᠠᠰᠢᠷᠠᠪᠠ᠃ ᠬᠡᠷᠡᠭᠯᠡᠭᠡᠨ ᠤ ᠬᠡᠯᠪᠡᠷᠢ ᠪᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 90.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5%᠎ ᠪᠠᠷ ᠪᠠᠭᠤᠷᠠᠪᠠ︔ ᠢᠳᠡᠭᠡᠨ ᠤᠮᠳᠠᠭᠠᠨ ᠤ ᠣᠷᠣᠯᠭ᠎ᠠ 10.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.7%᠎ ᠪᠠᠷ ᠪᠠᠭᠤᠷᠠᠪᠠ᠃      ᠬᠤᠶᠠᠷ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠨᠢᠭᠡᠴᠡ ᠶᠢᠨ ᠡᠷᠬᠢᠯᠲᠡ ᠶᠢᠨ ᠬᠠᠨᠳᠤᠰᠢ ᠤᠳᠠᠭᠠᠰᠢᠷᠠᠪᠠ      ︵ᠨᠢᠭᠡ︶ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠭᠤᠷᠪᠠᠨ ᠲᠦᠷᠦᠯ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ︽ᠨᠢᠭᠡ ᠶᠢ ᠨᠡᠮᠡᠭᠳᠡᠭᠦᠯᠦᠨ ᠬᠤᠶᠠᠷ ᠢ ᠪᠠᠭᠤᠷᠠᠭᠤᠯᠵᠦ︾᠂ ᠪᠦᠬᠦᠯᠢ ᠴᠣᠭᠴᠠ ᠶᠢᠨ ᠳᠠᠶᠢᠴᠢᠯᠠᠬᠤ ᠴᠢᠨᠠᠷ ᠢᠶᠠᠷ ᠬᠦᠷᠦᠯᠴᠡᠬᠦ ᠦᠭᠡᠢ      ᠮᠠᠨ ᠤ ᠲᠤᠭᠤᠷᠢᠭ ᠤᠨ ᠪᠦᠷᠢᠨ ᠪᠠᠷᠠᠭ᠎ᠠ᠂ ᠴᠢᠯᠠᠭᠤᠨ ᠲᠣᠰᠣ ᠪᠠ ᠮᠠᠰᠢᠨ ᠲᠡᠷᠭᠡ ᠵᠡᠷᠭᠡ ᠭᠤᠷᠪᠠᠨ ᠲᠥᠷᠥᠯ ᠤᠨ ᠲᠤᠯᠭᠠᠭᠤᠷᠢᠯᠠᠬᠤ ᠴᠢᠨᠠᠷᠲᠠᠢ ᠠᠵᠤ ᠠᠬᠤᠶᠢᠯᠠᠯ ᠳᠤ ᠵᠥᠪᠬᠡᠨ ᠴᠢᠯᠠᠭᠤᠨ ᠲᠣᠰᠣᠨ ᠤ ᠬᠤᠳᠠᠯᠳᠤᠭᠠᠨ ᠤ ᠡᠶᠡᠷᠬᠦ ᠨᠡᠮᠡᠭᠳᠡᠯ ᠢ ᠪᠡᠶᠡᠯᠡᠭᠦᠯᠪᠡ᠃ ᠪᠣᠳᠠᠲᠠᠢ ᠪᠠᠷ ᠦᠵᠡᠪᠡᠯ᠄ ᠨᠢᠭᠡ ᠳᠤ ᠪᠦᠷᠢᠨ ᠪᠠᠷᠠᠭᠠᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 8.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 6.5%᠎ ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠎ ᠬᠢ ᠠᠴᠠ 23.1 ᠵᠠᠭᠤᠨ ᠤ ᠨᠢᠭᠡᠴᠢ ᠪᠠᠭᠤᠷᠠᠪᠠ᠃ ᠬᠤᠶᠠᠷ ᠲᠤ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 8.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.2%᠎ ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.2 ᠵᠠᠭᠤᠨ ᠤ ᠨᠢᠭᠡᠴᠢ ᠪᠠᠭᠤᠷᠠᠪᠠ᠃ ᠭᠤᠷᠪᠠ ᠳᠤ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 7.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.1%᠎ ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 54.8 ᠵᠠᠭᠤᠨ ᠤ ᠨᠢᠭᠡᠴᠢ ᠪᠠᠭᠤᠷᠠᠪᠠ᠃ ᠳᠡᠭᠡᠷᠡᠬᠢ ᠭᠤᠷᠪᠠᠨ ᠲᠥᠷᠥᠯ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢᠨ ᠡᠷᠬᠢᠯᠲᠡ ᠶᠢᠨ ᠬᠠᠨᠳᠤᠰᠢ ᠠᠴᠠ ᠦᠵᠡᠪᠡᠯ᠂ ᠴᠢᠯᠠᠭᠤᠨ ᠲᠣᠰᠣᠨ ᠤ ᠲᠥᠷᠥᠯ ᠤᠨ ᠶᠡᠷᠦᠩᠬᠡᠢ ᠬᠡᠮᠵᠢᠶ᠎ᠡ ᠠᠯᠬᠤᠮ ᠠᠯᠬᠤᠮ ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠭᠲᠠᠭᠤᠨ ᠢᠶᠠᠷ ᠨᠡᠮᠡᠭᠳᠡᠪᠡ︔ ᠪᠦᠷᠢᠨ ᠪᠠᠷᠠᠭ᠎ᠠ ᠪᠠ ᠮᠠᠰᠢᠨ ᠲᠡᠷᠭᠡᠨ ᠤ ᠲᠥᠷᠥᠯ ᠤᠨ ᠶᠡᠷᠦᠩᠬᠡᠢ ᠬᠡᠮᠵᠢᠶ᠎ᠡ ᠨᠡᠯᠢᠶᠡᠳ ᠶᠡᠭᠡ ᠪᠣᠯᠪᠠᠴᠤ ᠣᠲᠣ ᠶᠢᠨ ᠪᠠᠶᠢᠭ᠎ᠠ ᠠᠵᠤ ᠠᠬᠤᠶᠢᠯᠠᠯ ᠨᠢᠳᠤᠨᠤᠨ ᠤ ᠬᠢ ᠠᠴᠠ ᠢᠯᠡᠳᠲᠡ ᠨᠡᠮᠡᠭᠳᠡᠭᠰᠡᠨ ᠦᠭᠡᠢ᠂ ᠡᠨᠡ ᠪᠣᠯ ᠠᠵᠢᠯ ᠲᠥᠷᠥᠯ ᠤᠨ ᠪᠠᠭᠤᠷᠠᠯᠲᠠ ᠶᠢᠨ ᠭᠤᠣᠯ ᠬᠦᠴᠦᠨ ᠵᠦᠢᠯ ᠮᠥᠨ᠃      ︵ᠬᠤᠶᠠᠷ︶ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠲᠠᠸᠠᠷ ᠤᠨ ᠵᠢᠵᠢᠭᠯᠡᠨ ᠬᠤᠳᠠᠯᠳᠤᠬᠤ ᠲᠦᠷᠦᠯ ᠤᠨ ᠦᠷᠳᠡᠭ ᠤᠨ ᠬᠠᠭᠠᠰ ᠲᠤᠭ᠎ᠠ ᠠᠴᠠ ᠢᠯᠡᠭᠦᠦ ᠠᠵᠦ ᠦᠢᠯᠡᠰ ᠳᠣᠷᠣᠭᠰᠢᠯᠠᠬᠤ ᠬᠠᠨᠳᠤᠰᠢ ᠲᠠᠢ ᠪᠣᠯᠪᠠ      ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ 19 ᠲᠠᠸᠠᠷ ᠤᠨ ᠵᠢᠵᠢᠭᠯᠡᠨ ᠬᠤᠳᠠᠯᠳᠤᠬᠤ ᠲᠦᠷᠦᠯ ᠤᠨ ᠦᠷᠳᠡᠭ ᠤᠨ ᠳᠣᠲᠣᠷ᠎ᠠ᠂ ᠵᠥᠪᠬᠡᠨ 7 ᠲᠦᠷᠦᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠡᠶᠡᠷᠭᠦ ᠨᠡᠮᠡᠭᠳᠡᠯ ᠢ ᠪᠡᠶᠡᠯᠡᠭᠦᠯᠪᠡ᠃ ᠡᠭᠦᠨ ᠳᠤ᠂ ᠮᠠᠰᠢᠨ ᠴᠠᠬᠢᠯᠭᠠᠨ ᠤ ᠦᠢᠯᠡᠳᠬᠦᠨ ᠵᠢᠴᠢ ᠲᠥᠬᠦᠭᠡᠷᠦᠮᠵᠢ ᠶᠢᠨ ᠲᠥᠷᠥᠯ᠂ ᠰᠣᠶᠣᠯ ᠤᠨ ᠠᠯᠪᠠᠨ ᠭᠡᠷ ᠤᠨ ᠬᠡᠷᠡᠭᠰᠡᠯ ᠤᠨ ᠲᠥᠷᠥᠯ ᠪᠠ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠶᠡᠭᠡ ᠨᠡᠮᠡᠭᠳᠡᠵᠦ᠂ ᠲᠣᠰ ᠲᠣᠰ 208%᠂ 25.2% ᠪᠠ 22.2% ᠪᠣᠯᠪᠠ︔ ᠪᠤᠰᠤᠳ ᠵᠢᠭᠰᠠᠭᠠᠨ ᠲᠣᠳᠣᠷᠬᠠᠶᠢᠯᠠᠭᠰᠠᠨ ᠦᠭᠡᠢ ᠲᠠᠸᠠᠷ ᠤᠨ ᠲᠥᠷᠥᠯ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠪᠠᠭᠤᠷᠠᠯᠲᠠ ᠶᠢᠨ ᠬᠡᠮᠵᠢᠶ᠎ᠡ ᠢᠯᠡᠳᠲᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 72.1%᠂ 61.4%᠎ ᠪᠠᠷ ᠪᠠᠭᠤᠷᠠᠪᠠ᠃      ︵ᠭᠤᠷᠪᠠ︶ ᠢᠳᠡᠭᠡᠨ ᠤᠮᠳᠠᠭᠠᠨ ᠤ ᠦᠢᠯᠡᠰ ᠤᠨ ᠪᠠᠭᠤᠷᠠᠯᠲᠠ ᠶᠢᠨ ᠬᠡᠮᠵᠢᠶ᠎ᠡ ᠪᠠᠭᠠᠰᠴᠤ᠂ ᠠᠵᠢᠯ ᠲᠥᠷᠥᠯ ᠤᠨ ᠪᠠᠶᠢᠳᠠᠯ ᠰᠠᠶᠢᠵᠢᠷᠠᠪᠠ      5 ᠳ᠋ᠤᠭᠠᠷ ᠰᠠᠷ᠎ᠠ ᠶᠢᠨ ᠲᠣᠰ ᠰᠠᠷ᠎ᠠ ᠳᠤ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠤ ᠬᠡᠷᠡᠭᠯᠡᠭᠡ ᠶᠢᠨ ᠳᠠᠭᠠᠭᠤᠯᠭ᠎ᠠ ᠳᠣᠣᠷ᠎ᠠ᠂ ᠮᠠᠨ ᠤ ᠲᠤᠭᠤᠷᠢᠭ ᠤᠨ ᠬᠢᠵᠠᠭᠠᠷᠯᠠᠭᠰᠠᠨ ᠲᠤᠭ᠎ᠠ  ᠎ ᠠᠴᠠ ᠳᠡᠭᠡᠭᠰᠢᠬᠢ ᠬᠤᠭᠤᠯᠠᠨ ᠤ ᠵᠠᠷᠤᠳᠠᠯ ᠤᠨ ᠣᠷᠣᠯᠭ᠎ᠠ ᠦᠷᠭᠦᠯᠵᠢᠯᠡᠨ ᠪᠠᠭᠠᠰᠴᠤ᠂ ᠲᠣᠰ ᠰᠠᠷ᠎ᠠ ᠶᠢᠨ ᠲᠦᠷᠦᠭᠦᠸ ᠰᠠᠷ᠎ᠠ ᠶᠢᠨ ᠎ ᠬᠢ ᠠᠴᠠ ᠪᠠᠨ 15%᠎ ᠪᠠᠷ ᠨᠡᠮᠡᠭᠳᠡᠪᠡ᠃ 1 ︱ 5 ᠳ᠋ᠤᠭᠠᠷ ᠰᠠᠷ᠎ᠠ ᠳᠤ᠂ ᠮᠠᠨ ᠤ ᠲᠤᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠢᠳᠡᠭᠡᠨ ᠤᠮᠳᠠᠭᠠᠨ ᠤ ᠦᠢᠯᠡᠰ ᠤᠨ ᠬᠤᠭᠤᠯᠠᠨ ᠤ ᠵᠠᠷᠤᠳᠠᠯ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 13.8%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 ︱ 4  ᠳ᠋ᠤᠭᠡᠷ ᠰᠠᠷ᠎ᠠ ᠶᠢᠨ ᠬᠢ ᠠᠴᠠ 0.9 ᠵᠠᠭᠤᠨ ᠤ ᠨᠢᠭᠡᠴᠢ ᠪᠠᠭᠠᠰᠴᠠᠢ᠃      ᠭᠤᠷᠪᠠ᠂ ᠪᠥᠬᠦ ᠲᠤᠭᠤᠷᠢᠭ ᠤᠨ ᠳᠥᠷᠪᠡᠨ ᠶᠡᠭᠡ ᠠᠵᠢᠯ ᠲᠥᠷᠥᠯ ᠤᠨ ᠬᠠᠨᠳᠤᠰᠢ ᠮᠠᠭᠤᠳᠠᠵᠤ ᠪᠠᠶᠢᠨ᠎ᠠ      ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠪᠥᠭᠡᠮ ᠢᠶᠠᠷ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 60.4%᠎ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠎ ᠬᠢ ᠠᠴᠠ 37.2 ᠵᠠᠭᠤᠨ ᠤ ᠨᠢᠭᠡᠴᠢ ᠳᠡᠭᠡᠭᠰᠢᠯᠡᠵᠡᠢ᠃      ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠵᠢᠵᠢᠭᠯᠡᠨ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 2.8%᠎ ᠪᠠᠷ ᠪᠠᠭᠤᠷᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠎ ᠬᠢ ᠠᠴᠠ 24.2 ᠵᠠᠭᠤᠨ ᠤ ᠨᠢᠭᠡᠴᠢ ᠪᠠᠭᠤᠷᠠᠪᠠ᠃      ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠨᠣᠷᠮ᠎ᠠ‌ᠠᠳᠠᠯᠢ ᠬᠤᠭᠤᠴᠠᠭᠠᠨ ᠤ  ᠎ ᠬᠢ ᠠᠴᠠ 24%᠎ ᠪᠠᠷ ᠪᠠᠭᠤᠷᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 97.1 ᠵᠠᠭᠤᠨ ᠤ ᠨᠢᠭᠡᠴᠢ ᠪᠠᠭᠤᠷᠠᠪᠠ᠃      ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠬᠢ ᠠᠴᠠ 10.2%᠎ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 177 ᠵᠠᠭᠤᠨ ᠤ ᠨᠢᠭᠡᠴᠢ ᠪᠠᠭᠤᠷᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号