ᠣᠶᠢᠷ᠎ᠠ ᠳᠤ᠂ ᠴᠢᠩᠱᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠲᠥᠷᠥ ᠶᠢᠨ ᠪᠣᠳᠣᠯᠭ᠎ᠠ ᠶᠢᠨ ᠣᠨᠣᠯ ᠢ ᠤᠬᠠᠭᠤᠯᠤᠨ ᠲᠠᠶᠢᠯᠪᠤᠷᠢᠯᠠᠬᠤ ᠰᠠᠶᠢᠨ ᠳᠤᠷᠠᠴᠤᠤᠯ ᠤᠨ ᠠᠩᠭᠢ ᠶᠢᠨ ᠠᠵᠤ | ᠠᠬᠤᠶᠢᠯᠠᠯ ᠪᠠ ᠹᠦ᠋ ᠳ᠋ᠡ ᠨᠡᠶᠢᠭᠡᠮ ᠲᠣᠭᠤᠷᠢᠭ᠂ ᠳᠡᠭᠡᠳᠦ ᠰᠤᠷᠭᠠᠭᠤᠯᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠳᠤ ᠬᠦᠷᠴᠦ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ | ᠲᠠᠯ᠎ᠠ ᠳᠤ ᠦᠢᠯᠡᠴᠢᠯᠡᠬᠦ᠂ ᠣᠯᠠᠨ ᠲᠦᠮᠡᠨ ᠲᠠᠢ ᠣᠶᠢᠷᠠᠳᠬᠤ ᠵᠠᠷᠴᠢᠮ ᠶᠣᠰᠣᠭᠠᠷ᠂ ︽ᠣᠨᠣᠯ ᠢ ᠤᠬᠠᠭᠤᠯᠤᠨ | ᠲᠠᠶᠢᠯᠪᠤᠷᠢᠯᠠᠬᠤ ᠶᠢ ᠦᠨᠳᠦᠰᠦᠨ ᠱᠠᠲᠤᠨ ᠳᠤ ᠣᠷᠣᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠪᠡ᠃ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾᠂ ︽2022 ᠣᠨ ᠤ ᠪᠦᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠵᠡᠷᠭᠡ ᠲᠠᠯ᠎ᠠ ᠶᠢᠨ ᠰᠤᠷᠤᠯᠴᠠᠬᠤ | ᠠᠭᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠵᠤ᠂ ᠨᠠᠮ ᠤᠨ ᠲᠥᠷᠥ ᠶᠢᠨ ᠪᠣᠳᠣᠯᠭ᠎ᠠ ᠶᠢᠨ ᠣᠨᠣᠯ ᠢ | ᠨᠡᠶᠢᠭᠡᠮ ᠲᠣᠭᠤᠷᠢᠭ ᠲᠤ ᠬᠦᠷᠭᠡᠵᠦ᠂ ᠠᠵᠤ ᠠᠬᠤᠶᠢᠯᠠᠯ ᠳᠤ ᠬᠦᠷᠭᠡᠵᠦ᠂ ᠣᠨᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ᠴᠢᠩᠱᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ | ᠦᠢᠯᠡᠳᠦᠯᠭᠡ ᠶᠢᠨ ᠲᠥᠷᠥ ᠶᠢᠨ ᠪᠣᠳᠣᠯᠭ᠎ᠠ ᠶᠢᠨ ᠣᠨᠣᠯ ᠢ ᠤᠬᠠᠭᠤᠯᠤᠨ ᠲᠠᠶᠢᠯᠪᠤᠷᠢᠯᠠᠬᠤ ᠰᠠᠶᠢᠨ ᠳᠤᠷᠠᠴᠤᠤᠯ ᠤᠨ | ᠠᠩᠭᠢ ᠶᠢᠨ ᠠᠵᠢᠯ ᠤᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠡᠭᠦᠳᠴᠦ᠂ ᠣᠨᠣᠯ ᠤᠨ ᠦᠢᠯᠡᠴᠢᠯᠡᠭᠡ ᠶᠢᠨ | ᠣᠯᠠᠨ ᠲᠦᠮᠡᠨ ᠢ ᠪᠠᠶᠢᠩᠭᠤᠵᠢᠭᠤᠯᠬᠤ᠂ ᠲᠤᠭᠳᠠᠴᠠᠵᠢᠭᠤᠯᠬᠤ ᠶᠢ ᠠᠬᠢᠭᠤᠯᠤᠨ᠎ᠠ᠃ | ᠤᠬᠠᠭᠤᠯᠤᠨ ᠲᠠᠶᠢᠯᠪᠤᠷᠢᠯᠠᠬᠤ ᠳᠤᠮᠳᠠ᠂ ᠲᠦᠷᠦ ᠶᠢᠨ ᠪᠣᠳᠣᠯᠭ᠎ᠠ ᠶᠢᠨ ᠤᠨᠤᠯ ᠢ ᠤᠬᠠᠭᠤᠯᠤᠨ | ᠲᠠᠶᠢᠯᠪᠤᠷᠢᠯᠠᠬᠤ ᠰᠠᠶᠢᠨ ᠳᠤᠷᠠᠴᠤᠤᠯ ᠤᠨ ᠠᠩᠭᠢ ᠶᠢᠨ ᠳᠠᠷᠤᠭ᠎ᠠ ᠪᠠᠢ ᠰᠢᠤᠸᠠᠢ ︽2022 ᠣᠨ ᠤ ᠪᠦᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾ ᠲᠤᠬᠠᠢ ᠪᠦᠬᠦ ᠲᠠᠯ᠎ᠠ ᠶᠢᠨ | ᠲᠠᠶᠢᠯᠤᠮᠵᠢ ᠬᠢᠵᠦ᠂ ︽ᠢᠲᠡᠭᠡᠯ ᠳᠦᠭᠦᠷᠡᠩ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ︾ ᠠᠭᠤᠯᠭ᠎ᠠ | ᠭᠤᠣᠯ ᠰᠡᠳᠦᠪ ᠢᠶᠠᠷ ᠰᠤᠷᠤᠯᠴᠠᠯᠭ᠎ᠠ ᠪᠠᠨ ᠥᠷᠭᠡᠳᠬᠡᠵᠦ᠂ ᠪᠢᠳᠠ ᠢᠲᠡᠭᠡᠯ ᠳᠦᠭᠦᠷᠡᠩ ᠪᠠᠶᠢᠪᠠᠯ ᠰᠠᠢᠢ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠦᠨᠡᠨᠬᠦ ᠪᠡᠶᠡᠯᠡᠭᠦᠯᠵᠦ᠂ ᠡᠯ᠎ᠡ ᠲᠠᠯ᠎ᠠ ᠶᠢᠨ ᠠᠵᠢᠯ ᠢᠶᠠᠨ | ᠰᠠᠶᠢᠲᠤᠷ ᠬᠢᠬᠦ ᠶᠢᠨ ᠬᠠᠮᠲᠤ ᠪᠣᠳᠠᠲᠠᠢ ᠳᠤ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠵᠠᠮ ᠢᠶᠠᠷ ᠢᠮᠠᠭᠲᠠ ᠭᠤᠶᠢᠪᠢᠰᠢ ᠦᠭᠡᠢ ᠵᠠᠮᠨᠠᠳᠠᠭ ᠯᠠ ᠶᠤᠮ ᠪᠣᠯ ᠪᠢᠳᠡ ᠯᠠᠪᠳᠠᠶ᠎ᠠ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠵᠦ᠂ | ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠲᠠᠰᠤᠷᠠᠯᠳᠠ ᠦᠭᠡᠢ ᠲᠦᠯᠬᠢᠨ ᠠᠬᠢᠭᠤᠯᠵᠤ | ᠴᠢᠳᠠᠬᠤ ᠶᠤᠮ ᠭᠡᠵᠦ ᠴᠢᠬᠤᠯᠠᠴᠢᠯᠠᠪᠠ᠃ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠨ ᠬᠤᠤ ᠰᠢᠶᠣᠣ ᠵᠢᠩ ᠹᠦ᠋ ᠳ᠋ᠡ ᠨᠡᠶᠢᠭᠡᠮ | ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡᠨ ᠳᠤ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ︾ ᠶᠢ ᠤᠬᠠᠭᠤᠯᠤᠨ ᠲᠠᠶᠢᠯᠪᠤᠷᠢᠯᠠᠵᠤ᠂ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠦ᠂ ᠠᠵᠢᠯ ᠢ ᠠᠳᠬᠤᠬᠤ᠂ ᠬᠥᠭᠵᠢᠯᠲᠡ ᠶᠢ ᠡᠷᠢᠯᠬᠢᠯᠡᠬᠦ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠭᠦᠳᠡ ᠬᠤᠷᠠᠯ ᠤᠨ | ᠵᠣᠷᠢᠭ ᠰᠠᠨᠠᠭ᠎ᠠ ᠲᠠᠢ ᠨᠢᠭᠡᠳᠬᠡᠵᠦ᠂ ᠰᠤᠷᠤᠯᠴᠠᠨ ᠲᠤᠤᠱᠯᠠᠭᠤᠯᠤᠭᠰᠠᠨ ᠦᠷ᠎ᠡ ᠪᠦᠲᠦᠮᠵᠢ ᠪᠠᠨ ᠪᠣᠳᠠᠲᠠᠢ ᠠᠵᠢᠯ ᠤᠨ | ᠳᠤᠮᠳᠠ ᠪᠠᠨ ᠢᠯᠡᠷᠡᠭᠦᠯᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠴᠢᠩᠱᠠᠨ ᠲᠤᠭᠤᠷᠢᠭ ᠲᠤ | ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠬᠡᠷᠡᠭᠲᠡᠢ ᠭᠡᠵᠦ ᠦᠵᠡᠪᠡ᠃ | ᠴᠢᠩᠱᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠦᠷᠦ ᠶᠢᠨ ᠪᠣᠳᠣᠯᠭ᠎ᠠ | ᠤᠨᠤᠯ ᠢ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠦᠠᠩᠭᠢ ᠤᠳᠤ ᠨᠢᠭᠡᠨᠲᠡ ᠦᠨᠳᠦᠰᠦᠨ | ᠱᠠᠲᠤᠨ ᠤ ᠤᠯᠠᠨ ᠲᠦᠮᠡᠨ ᠳᠤ ᠬᠠᠨᠳᠤᠭᠤᠯᠤᠭᠰᠠᠨ ᠬᠠᠮᠤᠭ ᠤᠨ ᠡᠮᠦᠨ᠎ᠡ ᠵᠠᠬ᠎ᠠ ᠶᠢᠨ ᠤᠬᠠᠭᠤᠯᠭ᠎ᠠ ᠶᠢᠨ | ᠵᠢᠭᠰᠠᠭᠠᠯ ᠤᠨ ᠭᠠᠵᠠᠷ ᠪᠤᠯᠵᠦ᠂ ᠲᠠᠷᠠᠭᠠᠴᠢ ᠶᠢᠨ ᠠᠯᠬᠤᠮ ᠳᠤ ᠨᠢᠭᠡ ᠪᠦᠯᠦᠭ ᠭᠤᠣᠯ ᠰᠡᠳᠦᠪ ᠨᠢ ᠢᠯᠡ ᠲᠣᠳᠣ᠂ | ᠬᠡᠯᠪᠡᠷᠢ ᠨᠢ ᠰᠢᠨ᠎ᠡ ᠰᠣᠷᠭᠤᠭ᠂ ᠤᠯᠠᠨ ᠲᠦᠮᠡᠨ ᠤ ᠳᠤᠷ᠎ᠠ ᠪᠠᠬ᠎ᠠ ᠶᠢ ᠲᠠᠲᠠᠭᠰᠠᠨ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠶᠢᠨ ᠲᠦᠷᠦᠯ ᠲᠡᠮᠳᠡᠭ ᠢ ᠦᠷᠭᠦᠯᠵᠢᠯᠡᠨ ᠦᠢᠯᠡᠳᠦᠯᠭᠡᠵᠢᠭᠦᠯᠬᠦ᠂ ᠰᠦᠪᠡᠭᠴᠢᠯᠡᠬᠦ᠂ ᠳ᠋ᠦᠩᠨᠡᠬᠦ ᠶᠢ | ᠦᠷᠭᠦᠯᠵᠢᠯᠡᠨ ᠪᠠᠷᠢᠮᠲᠠᠯᠠᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠪᠠ ᠠᠷᠠᠳ ᠲᠤ ᠠᠰᠢᠭ ᠬᠦᠷᠲᠡᠭᠡᠬᠦ | ᠲᠦᠷᠦ ᠶᠢᠨ ᠪᠣᠳᠣᠯᠭ᠎ᠠ ᠶᠢ ︽ᠡᠭᠡᠯ ᠠᠷᠠᠳ ᠤᠨ ᠭᠡᠷ ᠲᠤ ᠣᠷᠣᠭᠤᠯᠬᠤ︾ ᠶᠢ ᠦᠨᠡᠨᠬᠦ ᠪᠡᠶᠡᠯᠡᠭᠦᠯᠦᠨ᠎ᠡ᠃ | |