ᠪᠤᠭᠤᠲᠤ ᠶᠢᠨ ᠰᠦᠢᠳᠬᠡᠯ ᠬᠤᠷᠢᠶᠠᠬᠤ ᠭᠠᠵᠠᠷ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠶᠢᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/28
     ᠣᠶᠢᠷ᠎ᠠ ᠳᠤ᠂ ᠥᠪᠥᠷ ᠮᠣᠩᠭᠤᠯ ᠤᠨ ᠳᠡᠭᠡᠳᠦ ᠬᠤᠷᠳᠤᠴᠠᠲᠤ ᠵᠠᠰᠠᠮᠠᠯ ᠵᠠᠮ ᠤᠨ ᠪᠦᠯᠦᠭᠯᠡᠯ ᠤᠨ ᠪᠤᠭᠤᠲᠤ ᠶᠢᠨ ᠬᠤᠪᠢᠶᠠᠷᠢ ᠺᠣᠮᠫᠠᠨᠢ ᠶᠢᠨ ᠪᠤᠭᠤᠲᠤ ᠶᠢᠨ ᠰᠦᠢᠳᠬᠡᠯ ᠬᠤᠷᠢᠶᠠᠬᠤ ᠭᠠᠵᠠᠷ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠶᠢᠨ ᠰᠢᠷᠢᠰ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠲᠣᠰ ᠤᠳᠠᠭᠠᠨ ᠤ ᠠᠵᠢᠯᠯᠠᠭ᠎ᠠ ᠳᠤ ᠰᠦᠯᠵᠢᠶᠡᠨ ᠳᠡᠭᠡᠷᠡᠬᠢ᠂ ᠰᠦᠯᠵᠢᠶᠡᠨ ᠭᠠᠳᠠᠨᠠᠬᠢ ᠬᠤᠷᠠᠯ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ᠂ ᠵᠠᠷᠯᠠᠯ ᠵᠣᠬᠢᠶᠠᠬᠤ᠂ ᠦᠵᠡᠭᠦᠯᠭᠡ ᠶᠢᠨ ᠰᠠᠮᠪᠠᠷ᠎ᠠ᠂ ᠠᠵᠢᠯ ᠤᠨ ᠸᠢᠴᠠᠲ ᠤᠨ ᠪᠦᠯᠦᠭ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ ᠤᠬᠠᠭᠤᠯᠭ᠎ᠠ ᠬᠥᠮᠦᠵᠢᠯ ᠢ ᠶᠡᠭᠡ ᠪᠠᠷ ᠥᠷᠨᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠡᠭᠦᠷᠭᠡᠯᠡᠨ᠂ ᠠᠵᠢᠯᠯᠠᠭ᠎ᠠ ᠳᠡᠭᠡᠷ᠎ᠡ ᠪᠠᠨ ᠨᠠᠶᠢᠲᠠᠪᠦᠷᠢᠵᠢᠭᠤᠯᠪᠠ᠃ ᠡᠭᠦᠨ ᠤ ᠬᠠᠮᠲᠤ ᠡᠯ᠎ᠡ ᠰᠠᠯᠠᠭ᠎ᠠ ᠮᠥᠴᠢᠷ ᠤᠨ ᠠᠵᠢᠯᠲᠠᠳ ᠠᠶᠦᠯᠭᠦᠢ ᠠᠵᠢᠯ ᠤᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠠᠯᠪᠠᠯᠠᠬᠤ ᠣᠷᠣᠨ ᠳᠤ ᠲᠣᠣᠷ ᠲᠠᠲᠠᠬᠤ ᠬᠡᠯᠪᠡᠷᠢ ᠶᠢᠨ ᠪᠠᠶᠢᠴᠠᠭᠠᠯᠲᠠ ᠬᠢᠬᠦ ᠶᠢᠨ ᠬᠠᠮᠲᠤ ᠭᠠᠯ ᠤᠨᠲᠠᠷᠠᠭᠠᠬᠤ ᠶᠡᠭᠡ ᠠᠩᠭᠢ ᠲᠠᠢ ᠬᠠᠮᠲᠤᠷᠠᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯᠯᠠᠭ᠎ᠠ ᠶᠢ ᠦᠷᠨᠢᠭᠦᠯᠪᠡ᠃ ᠲᠠᠷᠠᠭᠠᠴᠢ ᠶᠢᠨ ᠠᠯᠬᠤᠮ ᠳᠤ᠂ ᠪᠤᠭᠤᠲᠤ ᠶᠢᠨ ᠰᠦᠢᠳᠬᠡᠯ ᠬᠤᠷᠢᠶᠠᠬᠤ ᠭᠠᠵᠠᠷ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠡᠩ ᠤᠨ ᠴᠠᠭ ᠲᠠᠭᠠᠨ ᠠᠩᠬᠠᠷᠴᠦ᠂ ᠪᠠᠶᠢᠩᠭᠤ ᠴᠢᠩᠭ᠎ᠠ ᠪᠠᠶᠢᠯᠭᠠᠵᠤ᠂ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠤᠨ᠎ᠠ᠃ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠲᠤ ᠪᠠᠬᠢ ᠪᠠᠶᠢᠭᠤᠯᠵᠤ᠂ ᠥᠷᠭᠡᠨ ᠣᠯᠠᠨ ᠵᠢᠯᠣᠭᠤᠴᠢ ᠪᠠ ᠰᠠᠭᠤᠳᠠᠯ ᠤᠨ ᠮᠠᠰᠢᠨ ᠳᠤ ᠰᠠᠶᠢᠨ ᠰᠠᠶᠢᠬᠠᠨ ᠲᠡᠷᠭᠡ ᠶᠠᠪᠤᠬᠤ ᠣᠷᠴᠢᠨ ᠲᠣᠭᠤᠷᠢᠨ ᠢ ᠪᠣᠶ ᠪᠣᠯᠭᠠᠨ ᠥᠭᠴᠦ᠂ ᠦᠵᠡᠰᠬᠦᠯᠡᠩᠲᠦ ᠰᠠᠶᠢᠬᠠᠨ᠂ ᠠᠮᠤᠷ ᠠᠮᠤᠭᠤᠯᠠᠩ ᠪᠤᠭᠤᠲᠤ ᠶᠢ ᠪᠦᠲᠦᠭᠡᠨ ᠪᠠᠶᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号