ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 | ᠳ᠋ᠤᠭᠠᠷ ᠰᠠᠷ᠎ᠠ ᠶᠢᠨ 24 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ | ᠣᠶᠢᠷ᠎ᠠ ᠳᠤ ᠬᠢᠵᠢᠭ ᠤᠨ ᠪᠠᠶᠢᠳᠠᠯ ᠶᠠᠮᠠᠷ ᠪᠠᠶᠢᠨ᠎ᠠ︖ ᠠᠷᠠᠳ ᠤᠯᠠᠨ ᠤ ᠠᠮᠤᠷ ᠲᠦᠪᠰᠢᠨ ᠪᠥᠭᠡᠳ ᠡᠮᠬᠢ ᠵᠢᠷᠤᠮ ᠲᠠᠢ | ᠶᠠᠪᠤᠵᠤ ᠰᠠᠭᠤᠬᠤ ᠶᠢ ᠬᠡᠷᠬᠢᠨ ᠪᠠᠲᠤᠯᠠᠬᠤ ᠪᠤᠢ︖ ᠬᠠᠮᠲᠤ ᠪᠠᠷ ᠣᠶᠢᠯᠠᠭᠠᠵᠠᠭᠠᠶ᠎ᠠ︕ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ | ●ᠭᠠᠳᠠᠭᠰᠢ ᠭᠠᠷᠬᠤ ᠶᠢ ᠬᠢᠵᠠᠭᠠᠷᠯᠠᠬᠤ ᠬᠡᠪᠴᠢᠶ᠎ᠡ ᠶᠢ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ | ᠣᠷᠣᠨ ᠠᠴᠠ ᠪᠤᠰᠤᠳ ᠭᠠᠵᠠᠷ ᠣᠷᠣᠨ ᠲᠡᠶᠢᠰᠢ ᠳᠤᠷ᠎ᠠ ᠪᠠᠷ ᠥᠷᠭᠡᠳᠬᠡᠵᠦ ᠪᠣᠯᠬᠤ ᠦᠭᠡᠢ᠃ | ●ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠬᠥᠮᠥᠰ ᠲᠤ ᠠᠯᠪᠠᠳᠠᠯᠭ᠎ᠠ ᠪᠠᠷ ᠢᠳᠬᠠᠨ | ᠪᠤᠴᠠᠭᠠᠯᠭᠠᠬᠤ᠂ ᠲᠤᠰᠠᠭᠠᠷᠯᠠᠬᠤ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃ | ●ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠠᠮᠢᠶᠠᠷᠤᠨ ᠡᠵᠡᠮᠳᠡᠬᠦ ᠴᠠᠭ ᠢ ᠳᠤᠷ᠎ᠠ ᠪᠠᠷ | ᠤᠷᠲᠤᠳᠬᠠᠵᠤ ᠪᠣᠯᠬᠤ ᠦᠭᠡᠢ᠃ | ●ᠲᠤᠰᠠᠭᠠᠷᠯᠠᠬᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠲᠦᠭᠰᠢᠭᠦᠷᠢᠲᠦ ᠬᠥᠮᠥᠰ ᠤᠨ ᠬᠡᠪᠴᠢᠶ᠎ᠡ ᠶᠢ | ᠳᠤᠷ᠎ᠠ ᠪᠠᠷ ᠥᠷᠭᠡᠳᠬᠡᠵᠦ ᠪᠣᠯᠬᠤ ᠦᠭᠡᠢ᠃ | ●ᠲᠦᠭᠰᠢᠭᠦᠷᠢᠲᠦ ᠬᠥᠮᠥᠰ ᠢ ᠲᠤᠰᠠᠭᠠᠷᠯᠠᠬᠤ ᠪᠠ ᠡᠷᠡᠭᠦᠯ ᠮᠡᠨᠳᠦ ᠶᠢ ᠬᠢᠨᠠᠨ ᠰᠢᠨᠵᠢᠯᠡᠬᠦ ᠴᠠᠭ ᠢ ᠳᠤᠷ᠎ᠠ ᠪᠠᠷ | ᠤᠷᠲᠤᠳᠬᠠᠵᠤ ᠪᠣᠯᠬᠤ ᠦᠭᠡᠢ᠃ | ●ᠳᠤᠷ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭ ᠪᠣᠯᠭᠠᠵᠤ᠂ ᠪᠠᠴᠢᠮ ᠲᠦᠭᠰᠢᠭᠦᠷᠢᠲᠡᠢ | ᠬᠦᠨᠳᠦ ᠡᠪᠡᠳᠴᠢᠨ ᠪᠠ ᠵᠢᠮ᠎ᠡ ᠶᠣᠰᠣᠴᠢ ᠴᠢᠨᠠᠷᠲᠠᠢ ᠣᠨᠣᠰᠢᠯᠠᠨ ᠡᠮᠨᠡᠬᠦ ᠴᠢᠬᠤᠯᠠᠲᠠᠢ ᠡᠪᠡᠳᠴᠢᠲᠡᠨ ᠳᠤ ᠡᠮᠴᠢᠯᠡᠭᠡᠨ ᠤ | ᠦᠢᠯᠡᠴᠢᠯᠡᠭᠡ ᠬᠠᠩᠭᠠᠬᠤ ᠶᠢ ᠲᠡᠪᠴᠢᠵᠦ ᠪᠣᠯᠬᠤ ᠦᠭᠡᠢ᠃ | ●ᠨᠥᠬᠦᠴᠡᠯ ᠳᠤ ᠨᠡᠶᠢᠴᠡᠭᠰᠡᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢᠳ ᠲᠤ ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃ | ●ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠢ ᠳᠤᠷ᠎ᠠ ᠪᠠᠷ ᠲᠣᠬᠢᠷᠠᠭᠤᠯᠵᠤ ᠪᠣᠯᠬᠤ ᠦᠭᠡᠢ᠂ ᠨᠥᠬᠦᠴᠡᠯ ᠳᠤ | ᠨᠡᠶᠢᠴᠡᠭᠰᠡᠨ ᠠᠶᠠᠨᠴᠢᠨ ᠤ ᠲᠡᠷᠭᠡ ᠪᠠ ᠪᠠᠷᠠᠭᠠᠨ ᠤ ᠲᠡᠷᠭᠡ ᠶᠢᠨ ᠵᠢᠯᠣᠭᠤᠴᠢ ᠪᠠ ᠠᠶᠠᠨᠴᠢᠳ ᠤᠨ ᠶᠠᠪᠤᠵᠤ ᠰᠠᠭᠤᠬᠤ ᠶᠢ | ᠬᠢᠵᠠᠭᠠᠷᠯᠠᠬᠤ ᠪᠣᠯᠬᠤ ᠦᠭᠡᠢ᠃ | ●ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ | ᠲᠠᠯᠠᠪᠤᠷ ᠭᠠᠵᠠᠷ ᠢ ᠳᠤᠷ᠎ᠠ ᠪᠠᠷ ᠬᠠᠭᠠᠵᠤ ᠪᠣᠯᠬᠤ ᠦᠭᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ | ᠶᠡᠷᠦᠩᠬᠡᠶᠢᠯᠡᠭᠰᠡᠨ ᠳᠤᠭᠤᠶᠢᠯᠠᠩ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠶᠢᠰᠦ ᠶᠢ ᠥᠯᠥ ᠵᠥᠪᠰᠢᠶᠡᠷᠡᠬᠦ︾ | ᠱᠠᠭᠠᠷᠳᠠᠯᠭ᠎ᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠪᠣᠯᠣᠨ᠎ᠠ᠃ | ︽ᠶᠢᠰᠦ ᠶᠢ ᠦᠯᠦ ᠵᠥᠪᠰᠢᠶᠡᠷᠡᠬᠦ︾ ᠱᠠᠭᠠᠷᠳᠠᠯᠭ᠎ᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ | ᠾᠧᠪᠧᠢ ᠮᠤᠵᠢ ᠶᠢᠨ ᠪᠤᠤᠳᠢᠩ ᠬᠤᠲᠠ᠂ ᠬᠠᠨᠳᠠᠨ ᠬᠤᠲᠠ᠂ ᠱᠢ ᠵᠢᠶᠠ ᠵᠤᠸᠠᠩ ᠬᠤᠲᠠ᠂ ᠴᠢᠭᠤᠯᠤᠯᠲᠤ ᠬᠠᠭᠠᠯᠭ᠎ᠠ | ᠬᠤᠲᠠ ᠵᠡᠷᠭᠡ 4 ᠲᠤᠰᠬᠠᠢ ᠣᠷᠣᠨ ᠶᠢᠨ ᠳᠡᠰ ᠤᠨ ᠬᠤᠲᠠ ᠳᠤ ᠬᠢᠵᠢᠭ ᠢ ᠬᠡᠲᠦ ᠰᠡᠷᠭᠡᠶᠢᠯᠡᠬᠦ᠂ ᠨᠢᠭᠡ ᠯᠡ ᠪᠠᠷᠢᠮᠵᠢᠶ᠎ᠠ ᠪᠠᠷ | ᠱᠠᠭᠠᠷᠳᠠᠬᠤ ᠵᠡᠷᠭᠡ ᠪᠠᠶᠢᠳᠠᠯ ᠣᠷᠣᠰᠢᠵᠤ᠂ ᠾᠧᠪᠧᠢ ᠳᠤ ᠪᠤᠴᠠᠵᠤ ᠢᠷᠡᠭᠰᠡᠨ ᠬᠥᠮᠥᠰ᠂ ᠢᠯᠠᠩᠭᠤᠶ᠎ᠠ ᠱᠠᠩᠬᠠᠢ᠂ ᠪᠡᠭᠡᠵᠢᠩ᠂ | ᠲᠢᠶᠠᠨᠵᠢᠨ ᠵᠡᠷᠭᠡ ᠭᠠᠵᠠᠷ ᠣᠷᠣᠨ ᠠᠴᠠ ᠢᠷᠡᠭᠰᠡᠨ ᠬᠥᠮᠥᠰ ᠲᠤ ᠰᠣᠬᠤᠷ ᠪᠠᠯᠠᠢ ᠪᠠᠷ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠠᠪᠴᠤ᠂ ᠬᠥᠮᠥᠰ ᠤᠨ ᠬᠠᠮᠢᠶᠠᠷᠤᠯᠲᠠ ᠶᠢᠨ ᠬᠡᠪᠴᠢᠶ᠎ᠡ ᠶᠢ ᠥᠷᠭᠡᠳᠬᠡᠭᠰᠡᠨ ᠪᠠᠶᠢᠨ᠎ᠠ᠃ | ᠬᠥᠬᠡᠨᠠᠭᠤᠷ ᠮᠤᠵᠢ ᠶᠢᠨ ᠬᠢᠨ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠪᠤᠴᠠᠵᠤ ᠢᠷᠡᠭᠰᠡᠨ | ᠬᠥᠮᠥᠰ ᠲᠤ 24 ᠴᠠᠭ ᠤᠨ ᠡᠮᠦᠨ᠎ᠡ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ᠂ ᠬᠥᠬᠡᠨᠠᠭᠤᠷ ᠲᠤ ᠬᠦᠷᠦᠭᠰᠡᠨ ᠤ ᠳᠠᠷᠠᠭ᠎ᠠ | ᠲᠤᠬᠠᠢ ᠶᠢᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ᠂ ᠰᠠᠭᠤᠵᠤ ᠪᠠᠶᠢᠭ᠎ᠠ ᠨᠡᠶᠢᠭᠡᠮ ᠲᠣᠭᠤᠷᠢᠭ ᠲᠤ ᠪᠠᠨ | ᠪᠤᠴᠠᠭᠰᠠᠨ ᠤ ᠳᠠᠷᠠᠭ᠎ᠠ ᠠᠵᠢᠯᠲᠠᠳ ᠡᠭᠦᠳᠡᠨ ᠳᠤ ᠨᠢ ᠪᠢᠲᠡᠭᠦᠮᠵᠢᠯᠡᠬᠦ ᠬᠠᠭᠤᠳᠠᠰᠤ ᠨᠠᠭᠠᠬᠤ᠂ ᠭᠤᠷᠪᠠᠨ ᠡᠳᠦᠷ ᠤᠨ ᠳᠣᠲᠣᠷ᠎ᠠ | ᠬᠤᠶᠠᠷ ᠤᠳᠠᠭᠠᠨ ᠤ ᠪᠠᠶᠢᠴᠠᠭᠠᠯᠲᠠ ᠬᠢᠵᠦ ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷ ᠲᠠᠢ ᠪᠣᠯᠪᠠᠯ ᠰᠠᠶ᠋ᠢ ᠭᠠᠳᠠᠭᠰᠢ | ᠭᠠᠷᠬᠤ ᠶᠢ ᠵᠥᠪᠰᠢᠶᠡᠷᠡᠬᠦ ᠭᠡᠬᠦ ᠮᠡᠲᠦ ᠠᠷᠭ᠎ᠠ ᠬᠡᠮᠵᠢᠶ᠎ᠡ ᠠᠪᠴᠠᠢ᠃ | ᠯᠢᠶᠣᠤᠨᠢᠩ ᠮᠤᠵᠢ ᠶᠢᠨ ᠴᠣᠣᠶᠠᠩ ᠬᠤᠲᠠ᠂ ᠵᠢᠨᠵᠧᠦ ᠬᠤᠲᠠ ᠶᠢᠨ ᠥᠨᠳᠥᠷ ᠬᠤᠷᠳᠤᠴᠠᠲᠤ ᠲᠡᠮᠦᠷ ᠵᠠᠮ ᠤᠨ | ᠥᠷᠲᠡᠭᠡ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷ ᠤᠨ ᠭᠡᠷᠡᠴᠢ ᠲᠠᠢ ᠠᠶᠠᠨᠴᠢᠳ ᠢᠶᠠᠷ ᠮᠥᠨ | ᠬᠦ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠶᠢᠨ ᠬᠠᠮᠲᠤ ᠠᠶᠠᠨᠴᠢᠳ ᠬᠥᠮᠥᠨ ᠪᠦᠷᠢ ᠠᠴᠠ 19 ᠲᠥᠭᠦᠷᠢᠭ ᠤᠨ | ᠰᠦᠢᠳᠬᠡᠯ ᠬᠤᠷᠢᠶᠠᠬᠤ ᠪᠠᠷ ᠱᠠᠭᠠᠷᠳᠠᠵᠠᠢ᠃ | ᠳᠡᠭᠡᠷᠡᠬᠢ ᠭᠠᠵᠠᠷ ᠣᠷᠣᠨ ᠪᠣᠯᠣᠨ ᠪᠠᠶᠢᠭᠤᠯᠭ᠎ᠠ ᠨᠢᠭᠡᠴᠢ ᠶᠢᠨ ᠬᠢᠳᠡᠯ ᠨᠢ ᠤᠯᠤᠰ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠵᠤ᠂ ᠣᠳᠣᠬᠠᠨ ᠳᠤ ᠨᠢᠭᠡᠨᠲᠡ | ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ ᠪᠠᠶᠢᠨ᠎ᠠ᠃ ᠪᠤᠰᠤᠳ ᠭᠠᠵᠠᠷ ᠣᠷᠣᠨ ᠨᠤᠭᠤᠳ | ᠡᠭᠦᠨ ᠢᠶᠠᠷ ᠴᠡᠭᠡᠷᠯᠡᠯ ᠪᠣᠯᠭᠠᠵᠤ᠂ ᠥᠪᠡᠷ ᠢ ᠪᠠᠨ ᠪᠠᠶᠢᠴᠠᠭᠠᠵᠤ ᠬᠢᠨᠠᠨ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠲᠤᠷ ᠬᠢᠬᠦ | ᠬᠡᠷᠡᠭᠲᠡᠢ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠪᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠠᠵᠢᠯ ᠤᠨ ᠠᠬᠢᠴᠠ ᠶᠢ ᠦᠷᠭᠦᠯᠵᠢᠯᠡᠨ ᠠᠩᠬᠠᠷᠴᠤ᠂ | ᠢᠯᠡᠷᠡᠭᠦᠯᠵᠦ ᠬᠢᠨᠠᠨ ᠬᠠᠷᠭᠤᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠦᠷᠭᠦᠯᠵᠢᠯᠡᠨ ᠢᠯᠡᠴᠢᠯᠡᠬᠦ ᠪᠠ ᠵᠠᠷᠯᠠᠨ | ᠮᠡᠳᠡᠭᠳᠡᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠭᠠᠳᠠᠨᠠᠬᠢ ᠬᠦᠴᠦᠨ ᠵᠦᠢᠯ ᠢᠶᠠᠷ ᠰᠢᠯᠲᠠᠭ ᠪᠣᠯᠭᠠᠵᠤ ᠡᠷᠡᠭᠦᠯ | ᠮᠡᠨᠳᠦ ᠶᠢᠨ ᠺᠣᠳ᠋ ᠲᠤ ᠺᠣᠳ᠋ ᠣᠯᠭᠤᠬᠤ ᠺᠣᠳ᠋ ᠬᠤᠪᠢᠷᠠᠭᠤᠯᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ | ᠡᠷᠡᠭᠦᠯ ᠮᠡᠨᠳᠦ ᠶᠢᠨ ᠺᠣᠳ᠋ ᠨᠢ ᠲᠦᠭᠰᠢᠭᠦᠷᠢᠲᠦ ᠬᠥᠮᠥᠰ ᠢ ᠢᠯᠭᠠᠨ ᠲᠠᠨᠢᠬᠤ ᠪᠠ ᠬᠠᠮᠢᠶᠠᠷᠬᠤ ᠲᠠᠯ᠎ᠠ ᠪᠠᠷ ᠴᠢᠬᠤᠯᠠ | ᠦᠢᠯᠡᠳᠦᠯ ᠦᠵᠡᠭᠦᠯᠵᠦ᠂ ᠮᠥᠨ ᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠷᠠᠳ ᠣᠯᠠᠨ ᠤ | ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠶᠢ ᠪᠠᠲᠤᠯᠠᠬᠤ ᠴᠢᠬᠤᠯᠠ ᠪᠠᠭᠠᠵᠢ ᠪᠣᠯᠵᠤ ᠪᠠᠶᠢᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ | ᠡᠷᠡᠭᠦᠯ ᠮᠡᠨᠳᠦ ᠶᠢᠨ ᠺᠣᠳ᠋ ᠤᠨ ᠬᠡᠷᠡᠭᠯᠡᠯᠲᠡ ᠬᠠᠮᠢᠶᠠᠷᠤᠯᠲᠠ᠂ ᠠᠵᠢᠯᠯᠠᠭᠠᠨ ᠤ ᠪᠠᠲᠤᠯᠠᠭ᠎ᠠ ᠪᠠ ᠮᠡᠳᠡᠭᠡ ᠵᠠᠩᠭᠢ ᠶᠢᠨ ᠠᠮᠤᠷ | ᠲᠦᠪᠰᠢᠨ ᠵᠡᠷᠭᠡ ᠡᠯ᠎ᠡ ᠵᠦᠢᠯ ᠤᠨ ᠲᠣᠭᠲᠠᠭᠠᠯ ᠢ ᠲᠣᠳᠣᠷᠬᠠᠢ ᠲᠣᠭᠲᠠᠭᠠᠵᠤ᠂ ᠡᠯ᠎ᠡ ᠭᠠᠵᠠᠷ ᠤᠨ ᠬᠢᠨ ᠬᠢᠵᠢᠭ ᠤᠨ | ᠪᠠᠶᠢᠳᠠᠯ ᠤᠨ ᠠᠳᠠᠯᠢ ᠪᠤᠰᠤ ᠲᠦᠭᠰᠢᠭᠦᠷᠢ ᠶᠢᠨ ᠲᠠᠰ ᠢ ᠦᠨᠳᠦᠰᠦᠯᠡᠨ ᠬᠤᠯᠪᠣᠭᠳᠠᠯ ᠪᠦᠬᠦᠢ ᠬᠥᠮᠥᠰ ᠲᠤ ᠨᠠᠷᠢᠯᠢᠭ | ᠣᠨᠣᠴᠠᠲᠠᠢ ᠪᠠᠷ ᠺᠣᠳ᠋ ᠣᠯᠭᠤᠬᠤ ᠬᠡᠷᠡᠭᠲᠡᠢ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾ ︽ᠺᠣᠳ᠋ ᠳᠡᠭᠡᠷ᠎ᠡ ᠺᠣᠳ᠋ ᠨᠡᠮᠡᠬᠦ︾ | ᠪᠠᠶᠢᠳᠠᠯ ᠶᠠᠭᠠᠬᠢᠭᠰᠠᠨ ᠴᠦ ᠪᠠᠶᠢᠵᠤ ᠪᠣᠯᠬᠤ ᠦᠭᠡᠢ ᠭᠡᠵᠦ ᠱᠠᠭᠠᠷᠳᠠᠪᠠ᠃ | ᠡᠷᠡᠭᠦᠯ ᠮᠡᠨᠳᠦ ᠶᠢᠨ ᠺᠣᠳ᠋ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠴᠢᠩᠳᠠᠯᠠᠵᠤ᠂ ᠬᠡᠷᠡᠭᠯᠡᠬᠦ ᠬᠡᠪᠴᠢᠶ᠎ᠡ ᠶᠢ | ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠭᠠᠳᠠᠨᠠᠬᠢ ᠬᠦᠴᠦᠨ | ᠵᠦᠢᠯ ᠢᠶᠠᠷ ᠰᠢᠯᠲᠠᠭ ᠪᠣᠯᠭᠠᠵᠤ ᠣᠯᠠᠨ ᠲᠦᠮᠡᠨ ᠤ ᠡᠷᠡᠭᠦᠯ ᠮᠡᠨᠳᠦ ᠶᠢᠨ ᠺᠣᠳ᠋ ᠲᠤ ᠺᠣᠳ᠋ ᠣᠯᠭᠤᠵᠤ ᠺᠣᠳ᠋ | ᠬᠤᠪᠢᠷᠠᠭᠤᠯᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ᠭᠡᠵᠦ ᠲᠣᠳᠣᠷᠬᠠᠢ ᠱᠠᠭᠠᠷᠳᠠᠪᠠ᠃ | ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ | ᠣᠶᠢᠷ᠎ᠠ ᠶᠢᠨ ᠡᠳᠦᠷ ᠤᠳ ᠲᠤ᠂ ᠪᠦᠬᠦ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠲᠣᠭᠲᠠᠭᠤᠨ ᠤ ᠳᠤᠮᠳᠠ | ᠪᠠᠭᠠᠰᠬᠤ ᠬᠠᠨᠳᠤᠰᠢ ᠲᠠᠢ ᠪᠠᠶᠢᠵᠤ᠂ ᠡᠳᠦᠷ ᠪᠦᠷᠢ ᠶᠢᠨ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ | ᠬᠠᠯᠳᠠᠪᠤᠷᠢᠯᠠᠭᠰᠠᠳ ᠤᠨ ᠲᠤᠭ᠎ᠠ 40 ᠠᠴᠠ ᠳᠣᠷᠣᠭᠰᠢ ᠪᠣᠯᠵᠤ᠂ ᠣᠶᠢᠷ᠎ᠠ ᠶᠢᠨ ᠭᠤᠷᠪᠠᠨ ᠡᠳᠦᠷ ᠲᠤ ᠳᠤᠮᠳᠠᠴᠢ ᠪᠠᠷ ᠡᠳᠦᠷ | ᠪᠦᠷᠢ 28 ᠬᠠᠯᠳᠠᠪᠤᠷᠢᠯᠠᠭᠰᠠᠳ ᠢ ᠮᠡᠳᠡᠭᠦᠯᠵᠦ᠂ ᠲᠤᠰ ᠰᠠᠷ᠎ᠠ ᠠᠴᠠ ᠨᠠᠭᠠᠰᠢ ᠮᠡᠳᠡᠭᠦᠯᠦᠭᠰᠡᠨ ᠬᠠᠯᠳᠠᠪᠤᠷᠢᠯᠠᠭᠰᠠᠳ ᠤᠨ | ᠲᠤᠭ᠎ᠠ ᠬᠠᠮᠤᠭ ᠤᠨ ᠳᠣᠣᠷ᠎ᠠ ᠬᠡᠮᠵᠢᠶᠡᠨ ᠳᠤ ᠬᠦᠷᠴᠦ᠂ ᠪᠦᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ | ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠳᠤ ᠣᠷᠣᠰᠢᠵᠤ ᠪᠠᠶᠢᠨ᠎ᠠ᠃ ᠭᠡᠪᠡᠴᠦ ᠬᠡᠰᠡᠭ ᠭᠠᠵᠠᠷ ᠣᠷᠣᠨ ᠳᠤ | ᠬᠢᠵᠢᠭ ᠤᠨ ᠪᠠᠶᠢᠳᠠᠯ ᠮᠥᠨ ᠬᠦ ᠲᠣᠭᠲᠠᠪᠤᠷᠢ ᠦᠭᠡᠢ ᠪᠠᠶᠢᠵᠤ᠂ ᠣᠨᠴᠠ ᠵᠠᠷᠢᠮ ᠭᠠᠵᠠᠷ ᠣᠷᠣᠨ ᠳᠤ ᠬᠢᠵᠢᠭ ᠤᠨ ᠪᠠᠶᠢᠳᠠᠯ | ᠨᠡᠯᠢᠶᠡᠳ ᠤᠷᠳᠤ ᠬᠤᠭᠤᠴᠠᠭ᠎ᠠ ᠪᠠᠷ ᠦᠷᠭᠦᠯᠵᠢᠯᠡᠵᠦ ᠪᠠᠶᠢᠨ᠎ᠠ᠃ | ᠪᠡᠭᠡᠵᠢᠩ ᠳᠤ ᠬᠠᠯᠳᠠᠪᠤᠷᠢᠯᠠᠭᠰᠠᠳ ᠢ ᠦᠷᠭᠦᠯᠵᠢᠯᠡᠨ ᠢᠯᠡᠷᠡᠭᠦᠯᠵᠦ᠂ ᠬᠤᠲᠠ ᠶᠢᠨ ᠳᠣᠲᠣᠷᠠᠬᠢ ᠣᠯᠠᠨ ᠲᠣᠭᠤᠷᠢᠭ ᠢ | ᠬᠠᠮᠤᠷᠴᠤ᠂ ᠣᠳᠣᠬᠠᠨ ᠳᠤ ᠳᠣᠣᠷ᠎ᠠ ᠲᠦᠪᠰᠢᠨ ᠤ ᠬᠡᠯᠪᠡᠯᠵᠡᠯ ᠤᠨ ᠱᠠᠲᠤᠨ ᠳᠤ ᠣᠷᠣᠰᠢᠵᠤ ᠪᠠᠶᠢᠨ᠎ᠠ︔ | ᠱᠠᠩᠬᠠᠢ ᠳᠤ ᠣᠶᠢᠷ᠎ᠠ ᠶᠢᠨ ᠬᠤᠭᠤᠴᠠᠭᠠᠨ ᠳᠤ ᠨᠡᠶᠢᠭᠡᠮ ᠤᠨ ᠬᠡᠪᠴᠢᠶᠡᠨ ᠳᠠᠬᠢ ᠬᠢᠵᠢᠭ ᠤᠨ ᠪᠠᠶᠢᠳᠠᠯ ᠪᠠᠶᠢᠨ ᠳᠠᠬᠢᠨ | ᠡᠭᠦᠰᠴᠦ᠂ ᠬᠡᠰᠡᠭ ᠣᠷᠣᠨ ᠬᠡᠪᠴᠢᠶᠡᠨ ᠳᠤ ᠮᠥᠨ ᠬᠦ ᠨᠡᠶᠢᠭᠡᠮ ᠲᠣᠭᠤᠷᠢᠭ ᠤᠨ ᠬᠠᠯᠳᠠᠪᠤᠷᠢᠯᠠᠬᠤ ᠠᠶᠤᠯ ᠲᠦᠭᠰᠢᠭᠦᠷᠢ | ᠣᠷᠣᠰᠢᠵᠤ ᠪᠠᠶᠢᠨ᠎ᠠ︔ | ᠯᠢᠶᠣᠤᠨᠢᠩ ᠤᠨ ᠳ᠋ᠠᠨᠳᠦᠶᠢᠩ᠂ ᠭᠤᠸᠠᠩᠳᠦ᠋ᠩ ᠤᠨ ᠱᠧᠨᠵᠧᠨ᠂ ᠭᠤᠸᠠᠩᠰᠢ ᠶᠢᠨ ᠹᠠᠩ ᠴᠧᠩ ᠭᠠᠩ ᠭᠠᠷᠠᠮ ᠵᠡᠷᠭᠡ | ᠭᠠᠵᠠᠷ ᠲᠤ ᠮᠥᠨ ᠬᠦ ᠬᠡᠰᠡᠭ ᠪᠤᠰᠠᠭ ᠢᠶᠠᠷ ᠬᠠᠯᠳᠠᠪᠤᠷᠢᠯᠠᠭᠰᠠᠳ ᠢ ᠮᠡᠳᠡᠭᠦᠯᠵᠦ᠂ ᠣᠨᠴᠠ ᠵᠠᠷᠢᠮ ᠰᠢᠨ᠎ᠡ ᠪᠠᠷ ᠨᠡᠮᠡᠭᠳᠡᠭᠰᠡᠨ | ᠬᠠᠯᠳᠠᠪᠤᠷᠢᠯᠠᠭᠰᠠᠳ ᠨᠢ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠬᠥᠮᠥᠰ ᠪᠢᠰᠢ ᠪᠠᠶᠢᠵᠤ᠂ ᠵᠣᠬᠢᠬᠤ ᠬᠡᠮᠵᠢᠶᠡᠨ ᠤ | ᠨᠡᠶᠢᠭᠡᠮ ᠲᠣᠭᠤᠷᠢᠭ ᠤᠨ ᠬᠠᠯᠳᠠᠪᠤᠷᠢᠯᠠᠯ ᠤᠨ ᠲᠦᠭᠰᠢᠭᠦᠷᠢ ᠣᠷᠣᠰᠢᠵᠤ ᠪᠠᠶᠢᠨ᠎ᠠ︔ | ᠭᠢᠷᠢᠨ ᠮᠤᠵᠢ ᠶᠢᠨ ᠭᠢᠷᠢᠨ ᠬᠤᠲᠠ ᠳᠤ ᠣᠷᠴᠢᠮᠬᠠᠨ ᠲᠥᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ ᠡᠭᠦᠰᠴᠦ᠂ | ᠡᠭᠦᠨ ᠳᠤ ᠲᠦᠭᠰᠢᠭᠦᠷᠢᠲᠦ ᠲᠠᠯᠠᠪᠤᠷ ᠪᠣᠯᠣᠨ ᠲᠦᠭᠰᠢᠭᠦᠷᠢᠲᠦ ᠬᠥᠮᠥᠰ ᠢ ᠪᠦᠬᠦ ᠲᠠᠯ᠎ᠠ ᠪᠠᠷ ᠪᠠᠶᠢᠴᠠᠭᠠᠬᠤ ᠪᠠ ᠬᠠᠮᠢᠶᠠᠷᠤᠨ | ᠡᠵᠡᠮᠳᠡᠵᠦ᠂ ᠬᠢᠵᠢᠭ ᠤᠨ ᠪᠠᠶᠢᠳᠠᠯ ᠤᠨ ᠤᠯᠠᠮ ᠨᠢᠭᠡ ᠠᠯᠬᠤᠮ ᠬᠥᠭᠵᠢᠬᠦ ᠶᠢ ᠰᠡᠷᠭᠡᠶᠢᠯᠡᠬᠦ ᠬᠡᠷᠡᠭᠲᠡᠢ᠃ | ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠤᠨ ᠠᠮᠤᠷ ᠲᠦᠪᠰᠢᠨ ᠪᠥᠭᠡᠳ ᠡᠮᠬᠢ | ᠵᠢᠷᠤᠮ ᠲᠠᠢ ᠪᠠᠷ ᠭᠠᠳᠠᠭᠰᠢ ᠭᠠᠷᠬᠤ ᠶᠢ ᠬᠡᠷᠬᠢᠨ ᠪᠠᠲᠤᠯᠠᠬᠤ ᠪᠣᠶ︖ | ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠨ᠂ ᠥᠨᠳᠥᠷ ᠳᠡᠰ ᠤᠨ ᠲᠦᠭᠰᠢᠭᠦᠷᠢᠲᠦ ᠭᠠᠵᠠᠷ | ᠣᠷᠣᠨ ᠤ ᠬᠡᠪᠴᠢᠶ᠎ᠡ ᠶᠢ ᠨᠠᠷᠢᠯᠢᠭ ᠣᠨᠣᠴᠠᠲᠠᠢ ᠪᠠᠷ ᠵᠠᠭᠠᠭᠯᠠᠨ ᠲᠣᠭᠲᠠᠭᠠᠵᠤ᠂ ᠭᠠᠳᠠᠭᠰᠢ ᠭᠠᠷᠬᠤ ᠶᠢ ᠬᠢᠵᠠᠭᠠᠷᠯᠠᠬᠤ | ᠬᠡᠪᠴᠢᠶ᠎ᠡ ᠶᠢ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠪᠤᠰᠤᠳ ᠭᠠᠵᠠᠷ ᠣᠷᠣᠨ ᠲᠡᠶᠢᠰᠢ | ᠳᠤᠷ᠎ᠠ ᠪᠠᠷ ᠥᠷᠭᠡᠳᠬᠡᠵᠦ ᠪᠣᠯᠬᠤ ᠦᠭᠡᠢ᠃ | ᠬᠤᠶᠠᠷ ᠲᠤ᠂ ᠤᠯᠤᠰ ᠠᠴᠠ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠬᠢᠯᠢ ᠪᠠᠷ ᠣᠷᠣᠵᠤ ᠢᠷᠡᠭᠰᠡᠳ᠂ ᠨᠢᠭᠲᠠ ᠣᠶᠢᠷᠠᠲᠤᠭᠰᠠᠳ᠂ ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ᠂ | ᠪᠠᠰᠠ ᠪᠢᠲᠡᠭᠦᠦ ᠴᠠᠭᠠᠷᠢᠭᠲᠤ ᠬᠠᠮᠢᠶᠠᠷᠤᠯᠲᠠ ᠠᠴᠠ ᠭᠠᠷᠤᠭᠰᠠᠨ ᠥᠨᠳᠥᠷ ᠲᠦᠭᠰᠢᠭᠦᠷᠢᠲᠦ ᠠᠵᠢᠯ ᠤᠨ ᠪᠠᠶᠢᠷᠢ ᠶᠢᠨ ᠬᠥᠮᠥᠰ | ᠵᠡᠷᠭᠡ ᠥᠨᠳᠥᠷ ᠲᠦᠭᠰᠢᠭᠦᠷᠢᠲᠦ ᠬᠥᠮᠥᠰ ᠲᠤ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠳᠣᠣᠷ᠎ᠠ | ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠬᠥᠮᠥᠰ ᠲᠤ ᠠᠯᠪᠠᠳᠠᠯᠭ᠎ᠠ ᠪᠠᠷ ᠢᠳᠬᠠᠨ ᠪᠤᠴᠠᠭᠠᠯᠭᠠᠬᠤ ᠪᠠ | ᠲᠤᠰᠠᠭᠠᠷᠯᠠᠭᠤᠯᠬᠤ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃ | ᠭᠤᠷᠪᠠ ᠳᠤ᠂ ᠲᠦᠭᠰᠢᠭᠦᠷᠢᠲᠦ ᠬᠥᠮᠥᠰ ᠢ ᠲᠤᠰᠠᠭᠠᠷᠯᠠᠬᠤ ᠪᠠ ᠡᠷᠡᠭᠦᠯ ᠮᠡᠨᠳᠤ ᠶᠢ ᠬᠢᠨᠠᠨ ᠰᠢᠨᠵᠢᠯᠡᠬᠦ | ᠬᠤᠭᠤᠴᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢᠲᠦ ᠬᠥᠮᠥᠰ ᠢ ᠲᠤᠰᠠᠭᠠᠷᠯᠠᠬᠤ ᠪᠠ | ᠡᠷᠡᠭᠦᠯ ᠮᠡᠨᠳᠤ ᠶᠢ ᠬᠢᠨᠠᠨ ᠰᠢᠨᠵᠢᠯᠡᠬᠦ ᠴᠠᠭ ᠢ ᠳᠤᠷ᠎ᠠ ᠪᠠᠷ ᠤᠷᠲᠤᠳᠬᠠᠵᠤ ᠪᠣᠯᠬᠤ ᠦᠭᠡᠢ᠃ | ᠪᠠᠷᠠᠭᠠᠨ ᠤ ᠲᠡᠭᠡᠭᠡᠪᠦᠷᠢ ᠶᠢᠨ ᠲᠡᠷᠭᠡᠨ ᠤ ᠰᠠᠭᠠᠳ ᠦᠭᠡᠢ ᠨᠡᠪᠲᠡᠷᠡᠬᠦ ᠶᠢ ᠬᠡᠷᠬᠢᠨ ᠪᠠᠲᠤᠯᠠᠬᠤ ᠪᠣᠶ︖ | ᠨᠢᠭᠡ ᠳᠤ᠂ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠢᠷᠡᠬᠦ ᠪᠠᠷᠠᠭᠠᠨ ᠤ ᠲᠡᠷᠭᠡ ᠶᠢᠨ ᠨᠡᠪᠲᠡᠷᠡᠬᠦ ᠶᠢ | ᠳᠤᠷ᠎ᠠ ᠪᠠᠷ ᠬᠢᠵᠠᠭᠠᠷᠯᠠᠵᠤ ᠪᠣᠯᠬᠤ ᠦᠭᠡᠢ᠃ ᠡᠯ᠎ᠡ ᠭᠠᠵᠠᠷ ᠤᠨ ᠬᠢᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠪᠠ | ᠵᠢᠯᠣᠭᠤᠴᠢ ᠠᠶᠠᠨᠴᠢᠳ ᠤᠨ ᠪᠣᠳᠠᠲᠠᠢ ᠠᠶᠠᠯᠠᠯ ᠤᠨ ᠵᠠᠮ᠂ ᠬᠢᠵᠢᠭ ᠲᠤ ᠬᠤᠯᠪᠣᠭᠳᠠᠭᠰᠠᠨ ᠡᠰᠡᠬᠦ ᠵᠡᠷᠭᠡ ᠪᠠᠶᠢᠳᠠᠯ ᠢ | ᠦᠨᠳᠦᠰᠦᠯᠡᠨ᠂ ᠵᠠᠮ ᠨᠡᠪᠲᠡᠷᠡᠯᠭᠡ ᠶᠢᠨ ᠬᠠᠮᠢᠶᠠᠷᠤᠯᠲᠠ ᠡᠵᠡᠮᠳᠡᠯ ᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ ᠲᠡᠷᠭᠡᠨ ᠤ | ᠬᠠᠷᠢᠶ᠎ᠠ ᠭᠠᠵᠠᠷ᠂ ᠡᠷᠦᠬᠡ ᠠᠮᠠ ᠶᠢᠨ ᠬᠠᠷᠢᠶ᠎ᠠ ᠭᠠᠵᠠᠷ ᠢᠶᠠᠷ ᠵᠠᠮ ᠨᠡᠪᠲᠡᠷᠡᠯᠭᠡ ᠶᠢ ᠬᠢᠵᠠᠭᠠᠷᠯᠠᠬᠤ ᠨᠥᠬᠦᠴᠡᠯ ᠪᠣᠯᠭᠠᠵᠤ ᠪᠣᠯᠬᠤ | ᠦᠭᠡᠢ᠃ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠪᠠᠷᠠᠭᠠᠨ ᠤ ᠲᠡᠭᠡᠭᠡᠪᠦᠷᠢ ᠶᠢᠨ ᠲᠡᠷᠭᠡ | ᠬᠥᠰᠬᠡ ᠶᠢᠨ ᠬᠢᠵᠢᠭ ᠢ ᠰᠡᠷᠭᠡᠶᠢᠯᠡᠬᠦ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠬᠤ ᠬᠡᠷᠡᠭᠲᠡᠢ ᠭᠡᠵᠦ | ᠱᠠᠭᠠᠷᠳᠠᠪᠠ᠃ ᠵᠢᠯᠣᠭᠤᠴᠢ ᠪᠠ ᠠᠶᠠᠨᠴᠢᠳ ᠨᠢ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ᠂ | ᠥᠭᠡᠷ᠎ᠡ ᠪᠠᠷ ᠬᠡᠯᠡᠪᠡᠯ ᠵᠢᠯᠣᠭᠤᠴᠢ ᠪᠠ ᠠᠶᠠᠨᠴᠢᠳ ᠤᠨ ᠴᠢᠮᠡᠭᠡ ᠬᠤᠯᠪᠣᠭᠠᠨ ᠤ ᠠᠶᠠᠯᠠᠯ ᠤᠨ ᠺᠣᠳ᠋ ᠨᠢ ᠨᠣᠭᠤᠭᠠᠨ ᠥᠩᠭᠡ | ᠲᠠᠢ ᠪᠥᠭᠡᠳ ᠣᠳᠣᠨ ᠲᠡᠮᠳᠡᠭ ᠦᠭᠡᠢ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠪᠲᠡᠷᠡᠬᠦ ᠶᠢ ᠡᠯ᠎ᠡ ᠭᠠᠵᠠᠷ ᠤᠨ | ᠬᠢᠨ ᠳᠤᠷ᠎ᠠ ᠪᠠᠷ ᠬᠢᠵᠠᠭᠠᠷᠯᠠᠵᠤ ᠪᠣᠯᠬᠤ ᠦᠭᠡᠢ᠃ | ᠬᠤᠶᠠᠷ ᠲᠤ᠂ ᠴᠢᠮᠡᠭᠡ ᠬᠤᠯᠪᠣᠭᠠᠨ ᠤ ᠠᠶᠠᠯᠠᠯ ᠤᠨ ᠺᠣᠳ᠋ ᠨᠢ ᠣᠳᠣᠨ ᠲᠡᠮᠳᠡᠭ ᠪᠠᠶᠢᠬᠤ ᠪᠠᠷ ᠰᠢᠯᠲᠠᠭ ᠪᠣᠯᠭᠠᠵᠤ | ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠂ ᠵᠢᠯᠣᠭᠤᠴᠢ ᠪᠠ ᠠᠶᠠᠨᠴᠢᠳ ᠤᠨ ᠴᠢᠮᠡᠭᠡ | ᠬᠤᠯᠪᠣᠭᠠᠨ ᠤ ᠠᠶᠠᠯᠠᠯ ᠤᠨ ᠺᠣᠳ᠋ ᠨᠢ ᠨᠣᠭᠤᠭᠠᠨ ᠥᠩᠭᠡ ᠲᠠᠢ ᠪᠥᠭᠡᠳ ᠣᠳᠣᠨ ᠲᠡᠮᠳᠡᠭ ᠲᠠᠢ ᠪᠠᠷᠠᠭᠠᠨ ᠤ | ᠲᠡᠭᠡᠭᠡᠪᠦᠷᠢ ᠶᠢᠨ ᠲᠡᠷᠭᠡ ᠬᠥᠰᠬᠡ ᠳᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ᠂ ᠡᠷᠡᠭᠦᠯ | ᠮᠡᠨᠳᠦ ᠶᠢᠨ ᠨᠣᠭᠤᠭᠠᠨ ᠺᠣᠳ᠋᠂ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠨᠢ ᠬᠡᠪ ᠤᠨ ᠪᠠᠶᠢᠳᠠᠯ ᠲᠠᠢ ᠪᠣᠯ᠂ ᠡᠯ᠎ᠡ ᠭᠠᠵᠠᠷ | ᠣᠷᠣᠨ ᠨᠤᠭᠤᠳ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠂ ᠢᠳᠬᠠᠨ ᠪᠤᠴᠠᠭᠠᠯᠭᠠᠵᠤ ᠪᠣᠯᠬᠤ ᠦᠭᠡᠢ᠃ ᠤᠷᠢᠳᠴᠢᠯᠠᠨ | ᠮᠡᠳᠡᠭᠦᠯᠵᠦ ᠳᠠᠩᠰᠠᠯᠠᠭᠤᠯᠬᠤ᠂ ᠴᠡᠭ ᠠᠴᠠ ᠴᠡᠭ ᠲᠤ ᠬᠦᠷᠭᠡᠬᠦ ᠵᠡᠷᠭᠡ ᠪᠢᠲᠡᠭᠦᠦ ᠴᠠᠭᠠᠷᠢᠭᠲᠤ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠶᠢ ᠬᠡᠷᠡᠭᠵᠢᠭᠦᠯᠵᠦ ᠨᠡᠪᠲᠡᠷᠡᠬᠦ ᠶᠢ ᠪᠠᠲᠤᠯᠠᠵᠤ ᠪᠣᠯᠣᠨ᠎ᠠ᠃ | ᠭᠤᠷᠪᠠ ᠳᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠬᠦᠯᠢᠶᠡᠬᠦ ᠪᠠᠷ ᠰᠢᠯᠲᠠᠭ ᠪᠣᠯᠭᠠᠵᠤ | ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠃ ᠵᠢᠯᠣᠭᠤᠴᠢ ᠪᠠ ᠠᠶᠠᠨᠴᠢᠳ ᠤᠨ ᠴᠢᠮᠡᠭᠡ | ᠬᠤᠯᠪᠣᠭᠠᠨ ᠤ ᠠᠶᠠᠯᠠᠯ ᠤᠨ ᠺᠣᠳ᠋ ᠨᠢ ᠨᠣᠭᠤᠭᠠᠨ ᠥᠩᠭᠡ ᠲᠠᠢ ᠪᠥᠭᠡᠳ ᠣᠳᠣᠨ ᠲᠡᠮᠳᠡᠭ ᠲᠠᠢ ᠪᠠᠷᠠᠭᠠᠨ ᠤ | ᠲᠡᠭᠡᠭᠡᠪᠦᠷᠢ ᠶᠢᠨ ᠲᠡᠷᠭᠡ ᠬᠥᠰᠬᠡ ᠬᠡᠷᠪᠡ ᠵᠣᠷᠢᠭᠰᠠᠨ ᠭᠠᠵᠠᠷ ᠲᠤ ᠬᠦᠷᠬᠦ ᠦᠶᠡᠰ᠂ ᠪᠥᠭᠡᠮ ᠬᠦᠴᠢᠯ ᠤᠨ ᠪᠠᠶᠢᠴᠠᠭᠠᠯᠲᠠ ᠶᠢᠨ | ᠦᠷ᠎ᠡ ᠳ᠋ᠦᠩ ᠨᠢ 48 ᠴᠠᠭ ᠠᠴᠠ ᠬᠡᠲᠦᠷᠡᠭᠰᠡᠨ ᠪᠠᠶᠢᠪᠠᠯ᠂ ︽ᠪᠥᠭᠡᠮ ᠬᠦᠴᠢᠯ ᠤᠨ ᠪᠠᠶᠢᠴᠠᠭᠠᠯᠲᠠ + ᠠᠨᠲ᠋ᠢᠪᠤᠳ ᠤᠨ | ᠪᠠᠶᠢᠴᠠᠭᠠᠯᠲᠠ︾ ᠶᠢ ᠬᠡᠷᠡᠭᠯᠡᠬᠦ ᠬᠡᠷᠡᠭᠲᠡᠢ᠂ ᠠᠨᠲ᠋ᠢᠪᠤᠳ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠢ ᠪᠠᠶᠢᠪᠠᠯ᠂ | ᠳᠠᠷᠤᠶᠢᠬᠠᠨ ᠨᠡᠪᠲᠡᠷᠡᠭᠦᠯᠬᠦ ᠬᠡᠷᠡᠭᠲᠡᠢ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠬᠦᠯᠢᠶᠡᠬᠦ ᠪᠠᠷ ᠰᠢᠯᠲᠠᠭ | ᠪᠣᠯᠭᠠᠵᠤ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠃ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠠᠴᠠ ᠵᠣᠷᠢᠭᠰᠠᠨ | ᠭᠠᠵᠠᠷ ᠲᠤ ᠬᠦᠷᠲᠡᠯ᠎ᠡ ᠪᠢᠲᠡᠭᠦᠦ ᠴᠠᠭᠠᠷᠢᠭᠲᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠬᠠᠮᠲᠤ ᠪᠥᠭᠡᠮ | ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠬᠥᠳᠡᠯᠦᠩᠭᠦᠢ ᠪᠠᠷ ᠮᠥᠷᠳᠡᠬᠦ ᠲᠣᠭᠲᠠᠴᠠ ᠶᠢ ᠬᠡᠷᠡᠭᠵᠢᠭᠦᠯᠵᠦ ᠪᠣᠯᠣᠨ᠎ᠠ᠃ | ᠳᠥᠷᠪᠡ ᠳᠤ᠂ ᠪᠠᠷᠠᠭᠠᠨ ᠤ ᠲᠡᠷᠭᠡ ᠶᠢᠨ ᠵᠢᠯᠣᠭᠤᠴᠢ ᠠᠶᠠᠨᠴᠢᠳ ᠢᠶᠠᠷ ᠪᠥᠭᠡᠮ ᠬᠦᠴᠢᠯ ᠤᠨ ᠪᠠᠶᠢᠴᠠᠭᠠᠯᠲᠠ ᠶᠢ ᠳᠠᠬᠢᠨ | ᠳᠠᠪᠲᠠᠨ ᠬᠢᠯᠭᠡᠬᠦ ᠪᠠᠷ ᠱᠠᠭᠠᠷᠳᠠᠵᠤ ᠪᠣᠯᠬᠤ ᠦᠭᠡᠢ᠃ ᠡᠯ᠎ᠡ ᠭᠠᠵᠠᠷ ᠢ ᠰᠢᠮᠳᠠᠭᠤᠯᠤᠨ ᠪᠠᠷᠠᠭᠠᠨ ᠤ ᠲᠡᠷᠭᠡ ᠶᠢᠨ | ᠵᠢᠯᠣᠭᠤᠴᠢ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠪᠥᠬᠦ ᠤᠯᠤᠰ ᠲᠤ ᠬᠠᠷᠢᠯᠴᠠᠨ ᠮᠡᠳᠡᠷᠡᠵᠦ | ᠨᠡᠶᠢᠳᠡᠮ ᠬᠡᠷᠡᠭᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠦᠴᠦᠨ ᠲᠠᠢ ᠬᠤᠭᠤᠴᠠᠭᠠᠨ ᠳᠤ ᠪᠠᠶᠢᠴᠠᠭᠠᠯᠲᠠ ᠬᠢᠯᠭᠡᠬᠦ ᠪᠠᠷ | ᠳᠠᠬᠢᠨ ᠳᠠᠪᠲᠠᠨ ᠱᠠᠭᠠᠷᠳᠠᠵᠤ ᠪᠣᠯᠬᠤ ᠦᠭᠡᠢ᠃ ᠡᠯ᠎ᠡ ᠭᠠᠵᠠᠷ ᠢ ᠵᠢᠯᠤᠭᠤᠳᠴᠤ ᠪᠠᠶᠢᠭᠠᠳ ᠣᠷᠣᠨ ᠨᠤᠲᠤᠭ ᠤᠨ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠠᠵᠢᠯ ᠤᠨ ᠪᠦᠳᠦᠭᠦᠪᠴᠢ ᠲᠥᠰᠥᠪ ᠤᠨ ᠳᠣᠣᠷ᠎ᠠ᠂ | ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠤᠨ ᠣᠶᠢᠷ᠎ᠠ ᠬᠠᠪᠢ ᠳᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠡᠭ ᠢ | ᠢᠵᠢ ᠪᠦᠷᠢᠳᠦᠭᠦᠯᠦᠨ ᠲᠣᠬᠢᠷᠠᠭᠤᠯᠬᠤ ᠶᠢᠨ ᠬᠠᠮᠲᠤ᠂ ᠲᠡᠷᠭᠡᠨ ᠤ ᠤᠷᠤᠰᠬᠠᠯ ᠤᠨ ᠬᠡᠮᠵᠢᠶ᠎ᠡ ᠪᠠᠷ ᠨᠡᠯᠢᠶᠡᠳ ᠶᠡᠭᠡ ᠥᠨᠳᠥᠷ | ᠬᠤᠷᠳᠤᠴᠠᠲᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠡᠭ ᠤᠨ | ᠨᠢᠭᠲᠠᠴᠠ ᠶᠢ ᠶᠡᠬᠡᠰᠬᠡᠬᠦ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠨᠢ ᠪᠠᠷᠠᠭᠠᠨ ᠤ ᠲᠡᠷᠭᠡ ᠶᠢᠨ ᠵᠢᠯᠣᠭᠤᠴᠢ ᠵᠡᠷᠭᠡ | ᠪᠠᠷᠠᠭᠠᠨ ᠤ ᠭᠦᠢᠯᠭᠡᠭᠡᠨ ᠤ ᠠᠵᠢᠯᠲᠠᠳ ᠲᠤ ᠦᠨ᠎ᠡ ᠲᠥᠯᠥᠪᠦᠷᠢ ᠦᠭᠡᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠬᠦ | ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠴᠠᠭ ᠲᠤᠬᠠᠢ ᠳᠤ ᠨᠢ | ᠪᠠᠶᠢᠴᠠᠭᠠᠯᠲᠠ ᠬᠢᠬᠦ ᠳᠤ ᠳᠥᠭᠦᠮ ᠦᠵᠡᠭᠦᠯᠬᠦ ᠬᠡᠷᠡᠭᠲᠡᠢ᠃ | ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠰᠠᠭᠠᠳ ᠦᠭᠡᠢ ᠪᠥᠭᠡᠳ ᠳᠥᠭᠦᠮ ᠳᠦᠲᠡ ᠪᠠᠷ | ᠨᠤᠲᠤᠭ ᠲᠤ ᠪᠠᠨ ᠪᠤᠴᠠᠬᠤ ᠶᠢ ᠬᠡᠷᠬᠢᠨ ᠪᠠᠲᠤᠯᠠᠬᠤ ᠪᠣᠶ︖ | ᠨᠢᠭᠡ ᠳᠤ᠂ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢ ᠶᠢᠨ ᠲᠡᠳᠦᠢ ᠥᠩᠭᠡᠷᠡᠭᠡᠵᠦ ᠪᠣᠯᠬᠤ ᠦᠭᠡᠢ᠃ ᠡᠯ᠎ᠡ ᠱᠠᠲᠤᠨ ᠤ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠤᠯᠪᠤᠭᠠᠯᠠᠨ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠤᠬᠠᠢ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠦᠨᠡᠨ ᠬᠦ | ᠪᠠᠲᠤᠯᠠᠬᠤ︾ ᠶᠢ ᠭᠤᠣᠯᠴᠢᠯᠠᠨ ᠪᠡᠶᠡᠯᠡᠭᠦᠯᠦᠨ᠎ᠡ᠃ ᠨᠥᠬᠦᠴᠡᠯ ᠳᠤ ᠨᠡᠶᠢᠴᠡᠬᠦ ᠨᠤᠲᠤᠭ ᠲᠤ ᠪᠠᠨ ᠪᠤᠴᠠᠭᠰᠠᠨ ᠰᠣᠷᠣᠭᠴᠢ ᠶᠢ | ᠲᠥᠪᠯᠡᠷᠡᠭᠦᠯᠦᠨ ᠲᠤᠰᠠᠭᠠᠷᠯᠠᠵᠤ ᠠᠵᠢᠭᠯᠠᠯᠲᠠ ᠬᠢᠬᠦ ᠠᠴᠠ ᠬᠡᠯᠲᠦᠷᠢᠭᠦᠯᠬᠦ ᠶᠢ ᠦᠨᠡᠨ ᠬᠦ ᠪᠠᠲᠤᠯᠠᠨ᠎ᠠ︔ ᠲᠤᠰᠠᠭᠠᠷᠯᠠᠬᠤ | ᠴᠢᠬᠤᠯᠠ ᠲᠠᠢ ᠨᠤᠲᠤᠭ ᠲᠤ ᠪᠠᠨ ᠪᠤᠴᠠᠭᠰᠠᠨ ᠰᠤᠷᠤᠭᠴᠢᠳ ᠤᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ | ᠬᠡᠯᠲᠦᠷᠢᠭᠦᠯᠬᠦ ᠶᠢ ᠦᠨᠡᠨ ᠬᠦ ᠪᠠᠲᠤᠯᠠᠨ᠎ᠠ᠃ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ | ᠲᠤᠬᠠᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠵᠢᠴᠢ ᠡᠯ᠎ᠡ ᠵᠦᠢᠯ ᠤᠨ ᠪᠣᠳᠠᠲᠠᠢ ᠱᠠᠭᠠᠷᠳᠠᠯᠭ᠎ᠠ ᠶᠢ ᠨᠢᠭᠡᠨᠲᠡ ᠱᠠᠲᠤ | ᠳᠠᠷᠠᠭᠠᠯᠠᠨ ᠡᠯ᠎ᠡ ᠰᠠᠯᠠᠭ᠎ᠠ ᠮᠥᠴᠢᠷ᠂ ᠡᠯ᠎ᠡ ᠬᠠᠮᠢᠶ᠎ᠠ ᠪᠦᠬᠦᠢ ᠨᠢᠭᠡᠴᠢ ᠳᠤ ᠤᠯᠠᠮᠵᠢᠯᠠᠭᠰᠠᠨ ᠪᠥᠭᠡᠳ ᠴᠢᠩᠭ᠎ᠠ | ᠬᠡᠷᠡᠭᠵᠢᠭᠦᠯᠬᠦ ᠶᠢ ᠱᠠᠭᠠᠷᠳᠠᠪᠠ᠃ ᠱᠠᠲᠤ ᠱᠠᠲᠤ ᠪᠠᠷ ᠱᠠᠭᠠᠷᠳᠠᠯᠭ᠎ᠠ ᠨᠡᠮᠡᠵᠦ ᠪᠣᠯᠬᠤ ᠦᠭᠡᠢ᠂ ᠰᠤᠷᠤᠭᠴᠢᠳ ᠤᠨ | ᠨᠤᠲᠤᠭ ᠲᠤ ᠪᠠᠨ ᠪᠤᠴᠠᠬᠤ ᠶᠢ ᠬᠢᠵᠠᠭᠠᠷᠯᠠᠵᠤ ᠪᠣᠯᠬᠤ ᠦᠭᠡᠢ᠃ | ᠬᠤᠶᠠᠷ ᠲᠤ᠂ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠶᠢ ᠪᠠᠲᠤᠯᠠᠬᠤ ᠰᠢᠨ᠎ᠡ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠢᠵᠢᠭ ᠤᠨ ᠪᠠᠶᠢᠳᠠᠯ ᠲᠠᠢ ᠭᠠᠵᠠᠷ ᠣᠷᠣᠨ ᠳᠤ᠂ ᠰᠤᠷᠤᠭᠴᠢᠳ ᠤᠨ | ᠮᠣᠷᠳᠠᠬᠤ ᠭᠠᠵᠠᠷ᠂ ᠬᠦᠷᠬᠦ ᠭᠠᠵᠠᠷ ᠪᠠ ᠮᠤᠵᠢ ᠶᠢᠨ ᠱᠠᠲᠤᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠶᠢᠨ ᠬᠤᠭᠤᠷᠣᠨᠳᠣᠬᠢ ︽ᠨᠢᠭᠡ ᠠᠴᠠ ᠨᠢᠭᠡ ᠳᠤ ᠵᠣᠯᠭᠠᠭᠤᠯᠬᠤ︾ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ | ᠰᠤᠷᠤᠭᠴᠢᠳ ᠤᠨ ᠮᠡᠳᠡᠭᠡ ᠵᠠᠩᠭᠢ ᠶᠢ ᠤᠷᠢᠳᠴᠢᠯᠠᠨ ᠪᠦᠷᠢᠳᠬᠡᠵᠦ᠂ ᠴᠠᠭ ᠲᠤᠬᠠᠢ ᠳᠤ ᠨᠢ ᠮᠡᠳᠡᠭᠦᠯᠵᠦ᠂ ᠬᠦᠷᠬᠦ ᠭᠠᠵᠠᠷ ᠤᠨ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠥᠯᠢᠶᠡᠨ ᠠᠪᠬᠤ ᠪᠠ ᠵᠣᠯᠭᠠᠭᠤᠯᠬᠤ ᠠᠵᠢᠯ ᠢ ᠰᠠᠶᠢᠲᠤᠷ ᠬᠢᠬᠦ ᠳᠤ ᠲᠥᠬᠦᠮ | ᠦᠵᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠬᠢᠭᠡᠳ ᠰᠤᠷᠤᠭᠴᠢᠳ ᠤᠨ ᠮᠣᠷᠳᠠᠬᠤ ᠭᠠᠵᠠᠷ ᠪᠠ ᠬᠦᠷᠬᠦ ᠭᠠᠵᠠᠷ ᠤᠨ | ᠮᠤᠵᠢ ᠶᠢᠨ ᠱᠠᠲᠤᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠬᠤᠭᠤᠷᠣᠨᠳᠣᠬᠢ | ︽ᠨᠢᠭᠡ ᠠᠴᠠ ᠬᠤᠶᠠᠷ ᠲᠤ ᠵᠣᠯᠭᠠᠭᠤᠯᠬᠤ︾ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠴᠢᠩᠭᠠᠳᠬᠠᠵᠤ᠂ ᠭᠤᠷᠪᠠᠨ | ᠲᠠᠯ᠎ᠠ ᠶᠢᠨ ᠵᠣᠬᠢᠴᠠᠭᠤᠯᠭ᠎ᠠ ᠪᠠ ᠬᠠᠷᠢᠯᠴᠠᠭ᠎ᠠ ᠶᠢ ᠨᠢᠭᠲᠠᠷᠠᠭᠤᠯᠵᠤ᠂ ᠴᠠᠭ ᠲᠤᠬᠠᠢ ᠳᠤ ᠨᠢ ᠲᠣᠬᠢᠷᠠᠭᠤᠯᠤᠨ᠂ | ᠰᠤᠷᠤᠭᠴᠢᠳ ᠤᠨ ᠨᠤᠲᠤᠭ ᠲᠤ ᠪᠠᠨ ᠪᠤᠴᠠᠬᠤ ᠵᠠᠮ ᠳᠠᠬᠢ ᠭᠡᠨᠡᠳᠲᠡ ᠶᠢᠨ ᠪᠠᠶᠢᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ᠭᠤᠷᠪᠠ ᠳᠤ᠂ ᠰᠤᠷᠤᠭᠴᠢᠳ ᠤᠨ ᠨᠤᠲᠤᠭ ᠲᠤ ᠪᠠᠨ ᠪᠤᠴᠠᠬᠤ ᠵᠠᠮ ᠳᠤ ᠪᠠᠨ ᠬᠦᠰᠡᠯ ᠱᠠᠭᠠᠷᠳᠠᠯᠭ᠎ᠠ ᠪᠠᠨ ᠲᠤᠰᠬᠠᠬᠤ | ᠣᠯᠠᠨ ᠠᠷᠭ᠎ᠠ ᠵᠠᠮ ᠢ ᠨᠡᠪᠲᠡᠷᠡᠭᠦᠯᠦᠨ᠎ᠡ᠃ ᠰᠤᠷᠤᠭᠴᠢᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ | ᠵᠠᠮ ᠳᠤ ᠪᠠᠨ ᠬᠡᠷᠪᠡ ᠣᠨᠴᠠᠭᠠᠢ ᠠᠰᠠᠭᠤᠳᠠᠯ᠂ ᠣᠨᠴᠠᠭᠠᠢ ᠬᠡᠷᠡᠭᠴᠡᠭᠡ ᠱᠠᠭᠠᠷᠳᠠᠯᠭ᠎ᠠ ᠳᠤ ᠲᠤᠯᠭᠠᠷᠠᠪᠠᠯ᠂ ᠰᠤᠷᠭᠠᠭᠤᠯᠢ ᠶᠢᠨ | ᠰᠣᠷᠣᠭᠴᠢ ᠠᠵᠢᠯᠴᠢᠨ ᠤ ᠰᠠᠯᠠᠭ᠎ᠠ ᠮᠥᠴᠢᠷ ᠵᠢᠴᠢ ᠠᠩᠭᠢ ᠶᠢᠨ ᠡᠷᠬᠢᠯᠡᠭᠴᠢ ᠪᠣᠯᠣᠨ ᠬᠠᠪᠰᠤᠷᠤᠨ ᠵᠢᠯᠣᠭᠤᠳᠤᠭᠴᠢ | ᠪᠠᠭᠰᠢ ᠳᠤ ᠪᠠᠨ ᠪᠠᠶᠢᠳᠠᠯ ᠢᠶᠠᠨ ᠲᠤᠰᠬᠠᠵᠤ᠂ ᠰᠤᠷᠭᠠᠭᠤᠯᠢ ᠠᠴᠠ ᠪᠠᠶᠢᠳᠠᠯ ᠢ ᠴᠠᠭ ᠲᠤᠬᠠᠢ ᠳᠤ ᠨᠢ ᠲᠣᠭᠲᠠᠴᠠ ᠪᠠᠷ | ᠳᠠᠮᠵᠢᠭᠤᠯᠤᠨ ᠮᠣᠷᠳᠠᠭᠰᠠᠨ ᠭᠠᠵᠠᠷ ᠪᠤᠶᠤ ᠬᠦᠷᠬᠦ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠬᠠᠵᠤ | ᠰᠢᠢᠳᠪᠦᠷᠢᠯᠡᠭᠦᠯᠦᠨ᠎ᠡ᠃ ᠡᠯ᠎ᠡ ᠭᠠᠵᠠᠷ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ | ᠨᠡᠶᠢᠲᠡᠯᠡᠭᠰᠡᠨ ᠠᠰᠠᠭᠤᠨ ᠯᠠᠪᠯᠠᠬᠤ ᠤᠲᠠᠰᠤ ᠪᠠᠷ ᠬᠠᠪᠰᠤᠷᠤᠯᠭ᠎ᠠ ᠣᠯᠵᠤ ᠪᠣᠯᠣᠨ᠎ᠠ᠃ | ᠡᠭᠦᠨ ᠤ ᠵᠡᠷᠭᠡ ᠳᠤ᠂ ᠬᠢᠵᠢᠭ ᠤᠨ ᠪᠠᠶᠢᠳᠠᠯ ᠦᠭᠡᠢ ᠭᠠᠵᠠᠷ ᠣᠷᠣᠨ ᠳᠤ᠂ ᠶᠡᠭᠡ ᠳᠡᠭᠡᠳᠦ ᠰᠤᠷᠭᠠᠭᠤᠯᠢ ᠶᠢᠨ | ᠰᠤᠷᠤᠭᠴᠢᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ᠂ ᠬᠦᠷᠬᠦ ᠭᠠᠵᠠᠷ ᠣᠷᠣᠨ ᠤ ᠬᠠᠷᠢᠶ᠎ᠠ | ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ |