ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠥᠪᠡᠷᠮᠢᠴᠡ ᠣᠨᠴᠠᠯᠢᠭ ᠪᠦᠬᠦᠢ ︽ᠦᠨᠳᠦᠰᠦᠲᠡᠨ ᠤ ᠰᠣᠶᠣᠯ ᠤᠨ ᠬᠡᠷᠡᠮ︾᠎ ᠢ ᠴᠣᠭᠴᠠᠯᠠᠨ ᠪᠠᠶᠢᠭᠤᠯᠪᠠ
ᠨᠡᠶᠢᠲᠡᠯᠡᠭᠰᠡᠨ ᠴᠠᠭ᠄
2022/6/29
     ᠣᠶᠢᠷ᠎ᠠ ᠳᠤ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ  ᠡᠯᠪᠡᠭ ᠪᠠᠶᠠᠯᠢᠭ ᠨᠡᠶᠢᠭᠡᠮ ᠲᠣᠭᠤᠷᠢᠭ ᠤᠨ ᠎ ᠬᠢᠨ ᠹᠧᠩ ᠢ ᠵᠡᠭᠡᠯᠢ ᠶᠢᠨ 1—4 ᠳ᠋ᠤᠭᠡᠷ ᠰᠡᠷᠢᠭᠦᠨ ᠪᠠᠶᠢᠰᠢᠩ᠂ ᠬᠡᠷᠡᠮ ᠵᠢᠴᠢ ᠹᠧᠩ ᠢ ᠵᠡᠭᠡᠯᠢ ᠶᠢᠨ ᠭᠤᠣᠯ ᠵᠠᠮ ᠤᠨ 61 ᠴᠠᠬᠢᠯᠭᠠᠨ ᠬᠡᠮᠵᠢᠭᠦᠷ ᠤᠨ ᠬᠠᠶᠢᠷᠴᠠᠭ ᠨᠡᠶᠢᠲᠡ 864 ᠲᠡᠭᠰᠢ ᠳᠥᠷᠪᠡᠯᠵᠢᠨ ᠮᠧᠲᠷ ᠭᠠᠵᠠᠷ ᠲᠤ᠂ ︽ᠦᠨᠳᠦᠰᠦᠲᠡᠨ ᠤ ᠰᠣᠶᠣᠯ ᠤᠨ ᠣᠨᠴᠠᠯᠢᠭ︾᠎ ᠢᠶᠠᠷ ᠭᠤᠣᠯ ᠰᠡᠳᠦᠪ ᠪᠤᠯᠭᠠᠭᠰᠠᠨ ᠠᠮᠢᠳᠤᠯᠢᠭ ᠳᠦᠷᠰᠦᠯᠢᠭ ᠪᠤᠳᠤᠭᠲᠤ ᠵᠢᠷᠤᠭ ᠵᠢᠷᠤᠵᠠᠢ᠃ ᠲᠣᠰ ᠤᠳᠠᠭᠠᠨ ᠤ ᠪᠤᠳᠤᠭᠲᠤ ᠵᠢᠷᠤᠭ ᠨᠢ ᠰᠤᠷᠭᠠᠨ ᠬᠥᠮᠦᠵᠢᠯ ᠢ ᠪᠠᠶᠠᠷ ᠴᠡᠩᠭᠡᠯ ᠳᠤ ᠠᠬᠤᠭᠤᠯᠬᠤ ᠬᠡᠯᠪᠡᠷᠢ ᠪᠠᠷ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ᠂ ᠡᠶ᠎ᠡ ᠵᠣᠬᠢᠴᠠᠯ᠂ ᠪᠣᠯᠪᠠᠰᠤᠨ ᠤ ᠢᠳᠡᠪᠬᠢ ᠬᠦᠴᠦᠨ ᠢ ᠳᠠᠮᠵᠢᠭᠤᠯᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠳᠣᠲᠣᠨᠣ︾ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠦᠭᠰᠡᠨ ᠤ ᠬᠠᠮᠲᠤ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠭᠤᠶᠣᠯᠠᠨ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号