ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠲᠠᠯ᠎ᠠ ᠨᠤᠲᠤᠭ ᠨᠡᠶᠢᠭᠡᠮ ᠲᠣᠭᠤᠷᠢᠭ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/6/30
     ᠨᠡᠶᠢᠭᠡᠮ ᠲᠣᠭᠤᠷᠢᠭ  ᠎ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠭᠦᠨᠵᠡᠭᠡᠢ ᠨᠠᠶᠢᠳᠠᠪᠤᠷᠢᠵᠢᠭᠤᠯᠤᠨ᠂ ᠠᠶᠦᠯᠭᠦᠢ ᠶᠢᠨ ᠬᠦᠨᠳᠦ ᠶᠡᠭᠡ ᠡ᠊ᠨᠳᠡᠯ ᠢ ᠪᠦᠲᠦᠮᠵᠢᠲᠡᠶ ᠰᠡᠷᠭᠡᠶᠢᠯᠡᠵᠦ᠂ ᠬᠠᠷᠢᠶ᠎ᠠ ᠣᠷᠣᠨ ᠤ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠣᠶᠢᠷ᠎ᠠ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠲᠠᠯ᠎ᠠ ᠨᠤᠲᠤᠭ ᠨᠡᠶᠢᠭᠡᠮ ᠲᠣᠭᠤᠷᠢᠭ ᠤᠨ ᠬᠢᠨ ᠠᠶᠤᠯᠭᠦᠢ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠬᠢᠪᠡ᠃ ᠬᠤᠷᠠᠯ ᠠᠴᠠ᠂ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠪᠣᠳᠠᠲᠠᠢ ᠳᠤ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ︔ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ︔ ᠬᠤᠳᠠᠯᠳᠤᠭᠠᠨ ᠤ ᠫᠦᠰᠡ ᠵᠡᠷᠭᠡ ᠬᠥᠮᠥᠨ ᠨᠢᠭᠲᠠᠷᠠᠨ ᠴᠤᠭᠯᠠᠷᠠᠭᠰᠠᠨ ᠭᠠᠵᠠᠷ ᠲᠤ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠯᠲᠠ ᠬᠢᠵᠦ᠂ ᠳᠠᠯᠳᠠ ᠬᠡᠮ ᠢ ᠣᠯᠵᠤ ᠮᠡᠳᠡᠪᠡᠯ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠵᠠᠯᠭᠠᠭᠠᠳ ᠲᠠᠯ᠎ᠠ ᠨᠤᠲᠤᠭ ᠨᠡᠶᠢᠭᠡᠮ ᠲᠣᠭᠤᠷᠢᠭ ᠤᠨ ᠬᠢᠨ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号