ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2022 ᠣᠨ ᠤ 9 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/30
     6 ᠰᠠᠷ᠎ᠠ ᠶᠢᠨ 25 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠡᠷᠲᠡᠭᠡᠨ ᠵᠠᠰᠠᠬᠤ ᠣᠷᠣᠨ ᠳᠤ ᠬᠠᠷᠢᠭᠤ ᠲᠤᠰᠬᠠᠭᠰᠠᠨ ᠱᠠᠯᠠᠪᠳᠠᠭᠤᠯᠤᠨ ᠪᠠᠶᠢᠴᠠᠭᠠᠬᠤ ᠰᠠᠨᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠴᠢᠩᠱᠠᠨ ᠲᠣᠭᠤᠷᠢᠭ ᠤᠨ 2022 ᠣᠨ ᠤ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ︾ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠵᠠᠢ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ ᠢ ᠡᠷᠭᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠭᠤᠤ ᠶᠢᠨ ᠮᠢᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠬᠠᠢ ᠯᠢᠶᠠᠩ᠂ ᠲᠣᠭᠤᠷᠢᠭ ᠤᠨ ᠳᠡᠳ᠋ ᠳᠠᠷᠤᠭ᠎ᠠ ᠸᠠᠩ  ᠹᠧᠩ ᠴᠢᠶᠠᠩ᠂ ᠦ᠋ ᠬᠤᠤ᠂ ᠵᠧᠦ ᠰᠢᠤᠸᠠᠢ ᠯᠢᠶᠠᠩ᠂ ᠵᠢᠶᠠᠩ ᠲᠢᠶᠠᠨ ᠴᠧᠩ ᠬᠤᠷᠠᠯ ᠳᠤ ᠣᠷᠣᠯᠴᠠᠪᠠ᠃      ᠬᠤᠷᠠᠯ ᠠᠴᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠪᠣᠯ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠲᠦᠯᠦᠪᠵᠢᠭᠦᠯᠦᠨ ᠪᠠᠶᠢᠷᠢᠯᠠᠭᠤᠯᠵᠤ ᠲᠦᠯᠬᠢᠨ ᠠᠬᠢᠭᠤᠯᠤᠭᠰᠠᠨ ᠴᠢᠬᠤᠯᠠ ᠶᠡᠭᠡ ᠳᠦᠷᠢᠮ ᠤᠨ ᠰᠢᠨ᠎ᠡ ᠡᠭᠦᠳᠦᠯᠲᠡ ᠪᠣᠯᠣᠨ᠎ᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ᠥᠪᠥᠷ ᠮᠣᠩᠭᠤᠯ   ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ   ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠬᠤ ᠨᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠠᠰᠢᠭᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠬᠦᠴᠦ ᠪᠠᠨ ᠬᠠᠮᠲᠤᠳᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ  ᠪᠠ ᠠᠮᠢ ᠨᠠᠰᠤ ᠶᠢ ᠳᠡᠭᠡᠳᠦᠯᠡᠬᠦ᠂ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠤᠯᠠᠭᠠᠨ ᠱᠤᠭᠤᠮ︾ ᠤᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠨᠢᠭᠡ ᠳᠤ᠂ ︽ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ︾ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ︽ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ︾  ᠶᠢ ᠨᠠᠷᠢᠨ ᠨᠠᠶᠢᠳᠠᠪᠤᠷᠢᠵᠢᠭᠤᠯᠵᠤ᠂ ᠡᠯ᠎ᠡ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠵᠠᠰᠠᠬᠤ ᠠᠵᠢᠯ ᠢ ᠴᠢᠩᠭ᠎ᠠ ᠠᠳᠬᠤᠬᠤ ᠬᠡᠷᠡᠭᠲᠡᠢ᠃ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠳᠠᠯᠳᠠ ᠬᠡᠮ ᠢ ᠠᠷᠢᠯᠭᠠᠬᠤ ᠶᠢ ᠦᠨᠡᠨᠬᠦ ᠪᠠᠲᠤᠯᠠᠨ᠎ᠠ᠃ ᠬᠤᠶᠠᠷ ᠲᠤ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ᠂ ᠦᠶᠡᠷ ᠤᠰᠤᠲᠤᠯ ᠢ ᠰᠡᠷᠭᠡᠶᠢᠯᠡᠬᠦ ᠵᠡᠷᠭᠡ ᠠᠵᠢᠯ ᠢ ᠦᠷᠭᠦᠯᠵᠢᠯᠡᠨ ᠥᠷᠨᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢ ᠲᠠᠯ᠎ᠠ ᠨᠢᠭᠡᠪᠦᠷᠢ᠂ ᠭᠤᠭᠴᠤᠭ᠎ᠠ ᠨᠢᠭᠡᠪᠦᠷᠢ ᠳᠤ ᠨᠠᠶᠢᠳᠠᠪᠤᠷᠢᠵᠢᠭᠤᠯᠤᠨ᠎ᠠ᠃ ᠭᠤᠷᠪᠠ ᠳᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯ ᠢ ᠥᠷᠭᠡᠨ ᠢᠶᠠᠷ ᠥᠷᠨᠢᠭᠦᠯᠵᠦ᠂ ᠣᠨᠴᠠᠭᠠᠶᠢᠯᠠᠨ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠠᠶᠤᠯᠲᠠᠢ ᠬᠢᠮᠢ ᠶᠢᠨ ᠪᠣᠳᠠᠰ᠂ ᠭᠠᠯ ᠤᠨᠲᠠᠷᠠᠭᠠᠬᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠵᠡᠷᠭᠡ ᠠᠵᠢᠯ ᠲᠦᠷᠦᠯ ᠤᠨ ᠬᠦᠷᠢᠶᠡᠨ ᠳᠤ ᠴᠢᠭᠯᠡᠭᠦᠯᠵᠦ᠂ ᠡᠷᠬᠡᠪᠰᠢ ᠠᠶᠤᠯᠭᠦᠢ ᠦᠢᠯᠡᠳᠪᠦᠷᠢᠯᠡᠯ ᠢ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ ᠶᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠨᠡᠩ ᠥᠨᠳᠥᠷ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠬᠤᠪᠢᠰᠬᠠᠯ ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠨᠡᠪᠴᠢᠭᠦᠯᠬᠦ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠠᠰᠤᠨ ᠳᠤ ᠦᠯᠦ ᠬᠦᠷᠦᠭᠰᠡᠳ ᠢ ᠬᠥᠲᠥᠯᠥᠨ ᠵᠢᠯᠤᠭᠤᠳᠴᠤ ᠪᠠᠶᠢᠭᠠᠳ ᠰᠣᠶᠣᠯ ᠤᠨ ᠬᠠᠶᠢᠷ᠎ᠠ ᠰᠡᠳᠬᠢᠯᠭᠡ ᠶᠢ ᠨᠢ ᠬᠠᠳᠠᠭᠠᠯᠠᠭᠤᠯᠵᠤ᠂ ᠰᠣᠶᠣᠯ ᠤᠨ ᠤᠬᠠᠮᠰᠠᠷ ᠢ ᠨᠢ ᠴᠢᠩᠭᠠᠳᠬᠠᠵᠤ᠂ ᠰᠣᠶᠣᠯ ᠤᠨ ᠢᠲᠡᠭᠡᠯ ᠢ ᠨᠢ ᠪᠠᠲᠤᠳᠬᠠᠬᠤ ᠬᠡᠷᠡᠭᠲᠡᠢ᠃ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠲᠣᠭᠲᠠᠴᠠ ᠶᠢ ᠪᠠᠶᠢᠩᠭᠤ ᠪᠥᠭᠡᠳ ᠣᠷᠳᠣ ᠬᠤᠭᠤᠴᠠᠭ᠎ᠠ ᠪᠠᠷ ᠨᠠᠶᠢᠳᠠᠪᠤᠷᠢᠵᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠵᠢᠯᠴᠠᠨ ᠬᠥᠮᠥᠨ ᠬᠥᠮᠥᠵᠢᠭᠦᠯᠬᠦ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠪᠠᠲᠤ ᠪᠠᠬᠢ ᠴᠣᠭᠴᠠᠯᠠᠬᠤ ᠶᠢ ᠴᠢᠩᠭᠠᠳᠬᠠᠨ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠵᠤ᠂ ᠨᠠᠰᠤᠨ ᠳᠤ ᠥᠯᠥ ᠭᠦᠷᠦᠭᠰᠡᠳ ᠢ ᠬᠦᠲᠦᠯᠦᠨ ᠵᠢᠯᠤᠭᠤᠳᠴᠦ ᠦᠭᠡᠳᠡᠯᠡᠨ ᠳᠠᠪᠰᠢᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号