︽ᠠᠷᠠᠳ ᠤᠨ ᠶᠠᠪᠤᠳᠠᠯ ᠠᠷᠠᠳ ᠤᠨ ᠲᠥᠯᠥᠭᠡ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ  ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠰᠡᠳᠭᠢᠯ ᠠᠴᠠ ᠪᠠᠨ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2022/6/8
     ᠰᠤᠷᠪᠤᠯᠵᠢᠯᠠᠭᠰᠠᠨ ᠭᠤᠣᠯ ᠰᠡᠳᠦᠪ᠄ ︽ᠠᠷᠠᠳ ᠤᠨ ᠶᠠᠪᠤᠳᠠᠯ ᠠᠷᠠᠳ ᠤᠨ ᠲᠥᠯᠥᠭᠡ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ   ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠰᠡᠳᠭᠢᠯ ᠠᠴᠠ ᠪᠠᠨ ᠰᠠᠶᠢᠲᠤᠷ ᠬᠢᠨ᠎ᠡ      ᠰᠤᠷᠪᠤᠯᠵᠢᠯᠠᠭᠰᠠᠨ ᠴᠠᠭ᠄ 2022 ᠣᠨ ᠤ 5 ᠰᠠᠷ᠎ᠠ ᠶᠢᠨ 24᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠶᠢᠨ ᠶᠠᠨ      ᠰᠤᠷᠪᠤᠯᠵᠢᠯᠠᠭᠰᠠᠨ ᠠᠬᠤᠢ ᠪᠠᠶᠢᠳᠠᠯ᠄ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨᠬᠦ ᠠᠳᠬᠤᠨ ᠪᠣᠳᠠᠲᠠᠢ ᠪᠠᠷ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ‍ᠤᠨ‌ᠦᠨᠳᠦᠰᠦᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠬᠦ ᠶᠢ ᠠᠬᠢᠭᠤᠯᠤᠨ᠎ᠠ᠃      【ᠬᠥᠲᠥᠯᠥᠭᠴᠢ】      ᠴᠢᠩᠱᠠᠨ ᠲᠣᠭᠤᠷᠢᠭ ᠤᠨ ᠬᠤᠷᠢᠮ ᠤᠨ ᠵᠠᠩᠰᠢᠯ ᠤᠨ ᠥᠭᠡᠷᠡᠴᠢᠯᠡᠯᠲᠡ ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠯᠢ ᠶᠢᠨ ᠶᠠᠨ】      ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ︽ᠨᠢᠭᠡ ᠲᠢᠩᠬᠢᠮ ᠨᠢᠭᠡ ᠴᠡᠴᠡᠷᠯᠢᠭ︾ ︵ᠳᠠᠷᠤᠢ᠄ ᠴᠡᠴᠡᠷᠯᠢᠭ ᠮᠠᠶ᠋ᠢᠭ ᠤᠨ ᠣᠷᠤᠭ ᠤᠨ ᠪᠦᠷᠢᠳᠬᠡᠯ ᠤᠨ ᠶᠡᠭᠡ ᠲᠢᠩᠬᠢᠮ᠂ ᠣᠷᠤᠭ ᠤᠨ ᠰᠣᠶᠣᠯ ᠤᠨ ᠭᠤᠣᠯ ᠰᠡᠳᠦᠪᠲᠦ ᠴᠡᠴᠡᠷᠯᠢᠭ︶᠎ ᠢ ᠪᠣᠶ ᠪᠣᠯᠭᠠᠨ᠎ᠠ᠃ ᠤᠯᠠᠨ ᠤᠳᠠᠭ᠎ᠠ ᠶᠢᠨ ᠲᠤᠬᠠᠢ ᠶᠢᠨ ᠭᠠᠵᠠᠷ ᠤᠨ ᠬᠠᠶᠢᠨ ᠰᠢᠯᠭᠠᠯᠲᠠ᠂ ᠤᠯᠠᠨ ᠡᠭᠡᠯᠵᠢ ᠶᠢᠨ ᠵᠢᠷᠤᠭ ᠲᠥᠯᠥᠪᠯᠡᠭᠡ ᠶᠢᠨ ᠬᠢᠨᠠᠨ ᠰᠢᠯᠭᠠᠷᠠᠭᠤᠯᠤᠯᠲᠠ᠂ ᠤᠯᠠᠨ ᠲᠠᠯ᠎ᠠ ᠶᠢᠨ ᠵᠢᠷᠤᠭ ᠲᠥᠯᠥᠪᠯᠡᠭᠡ ᠶᠢᠨ ᠶᠠᠷᠢᠯᠴᠠᠭ᠎ᠠ ᠪᠠᠷ ᠳᠠᠮᠵᠢᠨ᠂ ᠪᠤᠭᠤᠲᠤ ᠬᠤᠳᠠ ᠶᠢᠨ ᠣᠯᠢᠮᠫᠢᠺ ᠤᠨ ᠴᠡᠴᠡᠷᠯᠢᠭ ᠲᠤ ᠪᠠᠶᠢᠷᠢᠯᠠᠵᠤ ᠪᠠᠶᠢᠭ᠎ᠠ ᠴᠢᠩᠱᠠᠨ ᠲᠣᠭᠤᠷᠢᠭ ᠤᠨ ᠤᠷᠤᠭ ᠤᠨ ᠪᠦᠷᠢᠳᠬᠡᠯ ᠤᠨ ᠭᠠᠵᠠᠷ 2022 ᠣᠨ ᠤ 2 ᠰᠠᠷ᠎ᠠ ᠳᠤ ᠨᠢᠭᠡᠨᠲᠡ ᠠᠰᠢᠭᠯᠠᠯᠲᠠ ᠳᠤ ᠣᠷᠣᠪᠠ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︿ᠡᠷᠡᠭᠦᠯ ᠡᠩᠬᠡ ᠣᠷᠤᠭ﹀᠎ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ︾᠎ ᠶᠢ ᠪᠠᠶᠢᠭᠤᠯᠵᠤ᠂ ᠰᠠᠶᠢᠨ ᠳᠤᠷᠠᠴᠤᠤᠯ ᠣᠷᠤᠭ ᠭᠡᠷ ᠪᠦᠯᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠳᠤ 300 ᠭᠠᠷᠤᠢ ᠤᠳᠠᠭ᠎ᠠ ᠣᠷᠣᠯᠴᠠᠪᠠ︔ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠳᠠᠪᠬᠤᠷᠭ᠎ᠠ ᠳᠤ ᠣᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠣᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠶᠢ ᠨᠡᠶᠢᠭᠡᠮ ᠲᠣᠭᠤᠷᠢᠭ ᠲᠤ ᠠᠭᠤᠰᠬᠠᠨ ᠣᠷᠣᠭᠤᠯᠵᠤ᠂ ᠭᠡᠷ ᠤᠨ ᠡᠭᠦᠳᠡᠨ ᠳᠠᠬᠢ ᠦᠢᠯᠡᠴᠢᠯᠡᠭᠡ ᠶᠢ ᠬᠡᠷᠡᠭᠵᠢᠭᠦᠯᠦᠨ᠎ᠡ᠃ ᠡᠨᠡ ᠵᠢᠯ ᠤᠨ 3 ᠰᠠᠷ᠎ᠠ ᠳᠤ ᠨᠢᠭᠡ ᠵᠢᠯ ᠤᠨ ᠬᠤᠭᠤᠴᠠᠭ᠎ᠠ ᠲᠠᠢ ︽ᠤᠷᠤᠭ ᠬᠤᠷᠢᠮ ᠤᠨ ᠰᠢᠨ᠎ᠡ ᠬᠡᠪ ᠰᠤᠷᠲᠠᠯ ᠢ ᠲᠦᠮᠡᠨ ᠡᠷᠦᠬᠡ ᠳᠤ ᠬᠦᠷᠭᠡᠵᠦ᠂ ᠨᠡᠶᠢᠭᠡᠮ ᠲᠣᠭᠤᠷᠢᠭ ᠬᠤᠯᠪᠤᠭᠠᠯᠠᠨ ᠬᠥᠳᠡᠯᠦᠯᠴᠡᠵᠦ ᠪᠦᠬᠦᠨ ᠢ ᠬᠠᠮᠤᠷᠬᠤ︾ ᠲᠤᠰᠬᠠᠢ ᠠᠵᠢᠯᠯᠠᠭ᠎ᠠ ᠶᠢ ᠡᠬᠢᠯᠡᠭᠦᠯᠪᠡ᠃ ᠨᠡᠶᠢᠭᠡᠮ ᠲᠣᠭᠤᠷᠢᠭ ᠤᠨ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠤᠬᠠᠭᠤᠯᠤᠨ ᠲᠠᠶᠢᠯᠪᠤᠷᠢᠯᠠᠬᠤ ᠪᠠ ᠤᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠳᠤᠭᠤᠶᠢᠯᠠᠩ ᠤᠨ ᠠᠵᠢᠯᠯᠠᠭ᠎ᠠ ᠶᠢ ᠨᠢᠭᠡᠨᠲᠡ ᠲᠠᠪᠤᠨ ᠲᠠᠯᠠᠪᠤᠷ ᠵᠣᠬᠢᠶᠠᠨ ᠪᠠᠶᠢᠭᠤᠯᠤᠨ ᠥᠷᠨᠢᠭᠦᠯᠵᠦ᠂ ᠵᠠᠭᠤ ᠭᠠᠷᠤᠢ ᠡᠷᠤᠭᠡ ᠳᠤ ᠬᠦᠷᠴᠦ ᠰᠤᠷᠪᠤᠯᠵᠢᠯᠠᠨ᠂ ᠥᠷᠭᠡᠨ ᠤᠯᠠᠨ ᠬᠤᠳᠠ ᠶᠢᠨ ᠠᠷᠠᠳ᠂ ᠤᠷᠤᠭ ᠪᠠᠷᠢᠯᠳᠤᠬᠤ ᠪᠠᠷ ᠪᠦᠷᠢᠳᠬᠡᠭᠦᠯᠦᠭᠰᠡᠨ ᠰᠢᠨ᠎ᠡ ᠬᠥᠮᠥᠰ ᠲᠤ ︽ᠠᠷᠪᠢᠴᠢ ᠭᠠᠮᠲᠠᠢ ᠬᠤᠷᠢᠮ      ᠪᠣᠯᠪᠠᠰᠤᠨ ᠰᠢᠨ᠎ᠡ ᠬᠤᠷᠢᠮ ᠤᠨ ᠵᠠᠩ ᠳᠠᠳᠬᠠᠯ︾ ᠭᠡᠬᠦ ᠰᠠᠨᠠᠭᠠᠴᠢᠯᠠᠭ᠎ᠠ ᠶᠢᠨ ᠪᠢᠴᠢᠭ ᠢ 5000 ᠬᠤᠪᠢ ᠲᠠᠷᠬᠠᠭᠠᠪᠠ᠃ ᠡᠭᠦᠨ ᠤ ᠬᠠᠮᠲᠤ ᠣᠷᠤᠭ ᠭᠡᠷ ᠪᠦᠯᠢ ᠶᠢᠨ ᠪᠠᠶᠢᠭᠤᠯᠤᠯᠲᠠ ᠶᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠬᠠᠮᠤᠭ ᠤᠨ ᠭᠤᠶᠣ ᠭᠡᠷ ᠪᠦᠯᠢ᠂ ᠪᠣᠯᠪᠠᠰᠤᠨ ᠭᠡᠷ ᠪᠦᠯᠢ ᠶᠢ ᠰᠢᠯᠭᠠᠷᠠᠭᠤᠯᠬᠤ ᠳᠤ ᠤᠷᠤᠭᠤᠯᠪᠠ᠃ ᠤᠷᠢᠳ ᠬᠤᠵᠢᠳ ︽ᠭᠡᠷ ᠪᠦᠯᠢ  ᠎ ᠶᠢᠨ ᠦᠯᠢᠭᠡᠷ ᠢ ᠶᠠᠷᠢᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠤᠯᠠᠮᠵᠢᠯᠠᠨ ᠵᠠᠯᠭᠠᠮᠵᠢᠯᠠᠬᠤ︾᠂ ︽ᠤᠷᠤᠭᠤᠳᠠᠯ ᠨᠠᠰᠤᠲᠠᠨ ᠢ ᠬᠠᠯᠠᠮᠵᠢᠯᠠᠨ ᠬᠠᠶᠢᠷᠠᠯᠠᠵᠤ᠂ ᠵᠣᠯ ᠵᠢᠷᠭᠠᠯᠲᠤ ᠠᠯᠲᠠᠨ ᠤᠷᠤᠭ ᠢ ᠭᠡᠷᠡᠴᠢᠯᠡᠨ᠎ᠡ︾᠂ ︽ᠤᠷᠤᠭ ᠬᠤᠷᠢᠮ ᠤᠨ ᠵᠠᠩᠰᠢᠯ ᠤᠨ ᠰᠢᠨ᠎ᠡ ᠬᠡᠪ ᠵᠢᠱᠢᠶᠡᠴᠢ ᠭᠡᠷ ᠪᠦᠯᠢ︾᠎ ᠶᠢ ᠬᠥᠬᠢᠭᠦᠯᠦᠨ ᠰᠠᠶᠢᠰᠢᠶᠠᠬᠤ᠂ ︽ᠬᠤᠷᠢᠮ ᠤᠨ ᠵᠠᠩᠰᠢᠯ ᠤᠨ ᠰᠢᠨ᠎ᠡ ᠬᠡᠪ ᠪᠣᠯᠪᠠᠰᠤᠨ ᠢᠳᠡᠭᠡᠨ ᠤᠮᠳᠠᠭᠠᠨ ᠤ ᠵᠢᠱᠢᠶ᠎ᠡ ᠦᠵᠡᠭᠦᠯᠬᠦ ᠳᠡᠯᠭᠡᠭᠦᠷ︾᠎ ᠢ ᠰᠢᠯᠭᠠᠷᠠᠭᠤᠯᠬᠤ ᠵᠡᠷᠭᠡ ᠠᠵᠢᠯᠯᠠᠭ᠎ᠠ ᠥᠷᠨᠢᠭᠦᠯᠵᠦ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠥᠰ ᠢᠶᠠᠨ ᠬᠥᠮᠥᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠰᠤᠷᠲᠠᠯ ᠎ ᠢ ᠰᠠᠬᠢᠭᠤᠯᠵᠤ᠂ ᠭᠡᠷ ᠪᠦᠯᠢ ᠶᠢᠨ ᠪᠠᠶᠢᠭᠤᠯᠤᠯᠲᠠ ᠶᠢ ᠴᠢᠬᠤᠯᠠᠴᠢᠯᠠᠨ᠎ᠠ᠃ ᠣᠲᠣ ᠣᠷᠤᠭ ᠤᠨ ᠳᠠᠩᠰᠠᠯᠠᠯᠲᠠ ᠶᠢ ᠪᠥᠬᠦ ᠬᠤᠲᠠ ᠳᠤ ᠨᠡᠶᠢᠳᠡᠮ ᠭᠦᠢᠴᠡᠳᠬᠡᠵᠦ᠂ ᠣᠷᠤᠭ ᠤᠨ ᠳᠠᠩᠰᠠᠯᠠᠯᠲᠠ ᠭᠠᠷᠠᠭ ᠤᠨ ᠰᠡᠭᠦᠯᠴᠢ ᠳᠤ ᠠᠮᠠᠷᠠᠯᠲᠠ ᠦᠭᠡᠢ ᠪᠠᠷ ᠪᠦᠷᠢᠳᠬᠡᠭᠦᠯᠬᠦ ᠶᠢ ᠬᠡᠷᠡᠭᠵᠢᠭᠦᠯᠵᠦ᠂ ᠡᠭᠦᠨ ᠠᠴᠠ ᠭᠠᠳᠠᠨ᠎ᠠ ᠪᠤᠭᠤᠲᠤ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ ᠲᠠᠪᠤᠨ ᠠᠶᠢᠮᠠᠭ ᠬᠤᠲᠠ ᠶᠢᠨ ᠭᠠᠳᠠᠭᠠᠳᠤ ᠳᠤ ᠬᠤᠯᠪᠣᠭᠳᠠᠬᠤ ᠣᠷᠤᠭ ᠤᠨ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠳᠠᠭᠠᠭᠠᠨ ᠠᠪᠤᠨ᠎ᠠ᠃      【ᠬᠥᠲᠥᠯᠥᠭᠴᠢ】      ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠬᠤ ᠳᠤ ᠶᠠᠮᠠᠷ ᠰᠢᠨ᠎ᠡ ᠲᠦᠷᠦ ᠶᠢᠨ ᠪᠤᠳᠤᠯᠭ᠎ᠠ ᠪᠠᠶᠢᠬᠤ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠯᠢ ᠶᠢᠨ ᠶᠠᠨ】      ᠤᠤᠯ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ᠂ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠠᠪᠤᠷᠠᠨ ᠲᠤᠰᠠᠯᠠᠯᠲᠠ᠂ ᠲᠦᠷ ᠴᠠᠭ ᠤᠨ ᠠᠪᠤᠷᠠᠨ ᠲᠤᠰᠠᠯᠠᠯᠲᠠ ᠶᠢᠨ ᠰᠠᠭᠤᠷᠢᠨ ᠳᠡᠭᠡᠷ᠎ᠡ᠂ ᠡᠨᠡ ᠵᠢᠯ ᠡᠷᠦᠬᠡ ᠠᠮᠠ ᠶᠢᠨ ᠳᠠᠩᠰᠠ ᠪᠣᠯᠣᠨ ᠰᠠᠭᠤᠭ᠎ᠠ ᠭᠠᠵᠠᠷ ᠨᠢ ᠰᠠᠯᠤᠩᠬᠢᠷᠠᠭᠰᠠᠨ ᠬᠤᠲᠠ ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ ᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠨ ᠭᠦᠢᠴᠡᠳᠬᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠣᠨ ᠪᠦᠰᠡ ᠠᠯᠤᠰᠯᠠᠨ ᠭᠦᠢᠴᠡᠳᠬᠡᠬᠦ ᠶᠢ ᠠᠬᠢᠭᠤᠯᠵᠤ᠂ ᠣᠯᠠᠨ ᠲᠦᠮᠡᠨ ᠤ ︽ᠣᠯᠠᠨ ᠭᠠᠵᠠᠷ ᠢᠶᠠᠷ ᠭᠦᠶᠦᠬᠦ︾᠂ ︽ᠪᠤᠴᠠᠵᠤ ᠭᠦᠶᠦᠬᠦ︾᠎ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠳᠤ ᠳᠥᠭᠦᠮ ᠦᠵᠡᠭᠦᠯᠬᠦ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠶᠢᠨ ᠲᠦᠯᠦᠭᠡ᠂ ᠪᠥᠬᠦ ᠬᠤᠲᠠ ᠶᠢᠨ ᠬᠡᠪᠴᠢᠶᠡᠨ ᠳᠤ ᠬᠦᠴᠢᠷᠳᠡᠯᠲᠡᠢ ᠣᠯᠠᠨ ᠲᠦᠮᠡᠨ ᠤ ᠣᠷᠣᠰᠢᠨ ᠰᠠᠭᠤᠵᠤ ᠪᠠᠶᠢᠭ᠎ᠠ ᠭᠠᠵᠠᠷ ᠲᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠤᠶᠤᠴᠢᠯᠠᠨ ᠡᠷᠭᠢᠯᠡᠬᠦ ᠶᠢ ᠥᠷᠨᠢᠭᠦᠯᠵᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠨᠢᠭᠡ ᠬᠤᠲᠠ ᠳᠤ ᠨᠡᠶᠢᠳᠡᠮ ᠭᠦᠢᠴᠡᠳᠬᠡᠬᠦ ᠪᠠᠷ ᠭᠤᠶᠤᠴᠢᠯᠠᠬᠤ ᠶᠢ ᠪᠡᠶᠡᠯᠡᠭᠦᠯᠬᠦ ᠪᠠᠷ ᠲᠤᠭᠲᠠᠵᠦ᠂ ᠲᠤᠬᠠᠶᠢᠯᠠᠪᠠᠯ ᠡᠷᠦᠬᠡ ᠠᠮᠠ ᠶᠢᠨ ᠬᠢᠵᠠᠭᠠᠷᠯᠠᠯ ᠢ ᠡᠪᠳᠡᠵᠦ᠂ ᠪᠤᠭᠤᠲᠤ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ᠂ ᠣᠷᠳᠣ ᠬᠤᠭᠤᠴᠠᠭ᠎ᠠ ᠪᠠᠷ ᠪᠤᠭᠤᠲᠤ ᠬᠤᠲᠠ ᠶᠢᠨ ᠬᠡᠪᠴᠢᠶᠡᠨ ᠳᠤ ᠠᠳᠠᠯᠢ ᠨᠢᠭᠡ ᠣᠷᠣᠰᠢᠨ ᠰᠠᠭᠤᠵᠤ ᠪᠠᠶᠢᠭ᠎ᠠ ᠭᠠᠵᠠᠷ ᠲᠤ ᠪᠦᠬᠦᠯᠢ ᠨᠢᠭᠡ ᠵᠢᠯ ᠠᠴᠠ ᠳᠡᠭᠡᠭᠰᠢ ᠣᠷᠣᠰᠢᠨ ᠰᠠᠭᠤᠵᠤ ᠪᠠᠶᠢᠭ᠎ᠠ ᠬᠦᠴᠢᠷᠳᠡᠯᠲᠡᠢ ᠣᠯᠠᠨ ᠲᠦᠮᠡᠨ ᠣᠷᠳᠣ ᠬᠤᠭᠤᠴᠠᠭ᠎ᠠ ᠪᠠᠷ ᠣᠷᠣᠰᠢᠨ ᠰᠠᠭᠤᠵᠤ ᠪᠠᠶᠢᠭ᠎ᠠ ᠭᠠᠵᠠᠷ ᠲᠠᠭᠠᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠣᠨ᠎ᠠ᠃      【ᠬᠥᠲᠥᠯᠥᠭᠴᠢ】      ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ︶᠎ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠠᠵᠢᠯ ᠤᠨ ᠠᠬᠢᠴᠠ ᠪᠠᠶᠢᠬᠤ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠯᠢ ᠶᠢᠨ ᠶᠠᠨ】      ᠣᠷᠴᠢᠮ ᠤᠨ ᠨᠢᠭᠡ ᠤᠳᠠᠭᠠᠨ ᠤ ᠬᠢᠵᠢᠭ ᠤᠨ ᠳᠠᠷᠠᠭ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠡᠮᠬᠢ ᠴᠡᠭᠴᠡ ᠲᠠᠢ ᠶᠠᠪᠤᠭᠳᠠᠭᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠭᠡ᠂ 2021 ᠣᠨ ᠤ ᠵᠢᠯ ᠤᠨ ᠡᠴᠦᠰ ᠲᠤ ᠪᠠᠶᠢᠭᠤᠯᠵᠤ ᠳᠠᠭᠤᠰᠬᠠᠭᠰᠠᠨ ᠪᠥᠭᠡᠳ ᠡᠵᠡᠩᠨᠡᠵᠦ ᠪᠠᠶᠢᠭᠰᠠᠨ 32 ᠨᠡᠶᠢᠭᠡᠮ ᠲᠣᠭᠤᠷᠢᠭ ᠤᠨ 39 ᠵᠠᠯᠠᠭᠤᠴᠤᠳ ᠨᠠᠰᠤᠲᠠᠶᠢᠴᠤᠳ ᠤᠨ ᠴᠡᠩᠭᠡᠯ ᠤᠨ ᠬᠦᠷᠢᠶᠡᠯᠡᠩ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠲᠤᠷᠠᠭᠰᠠᠨ ᠪᠠᠶᠢᠴᠠᠭᠠᠯᠲᠠ ᠬᠢᠬᠦ ᠶᠢᠨ ᠬᠠᠮᠲᠤ 2022 ᠣᠨ ᠤ ᠰᠢᠨ᠎ᠡ ᠪᠠᠷ ᠪᠠᠶᠢᠭᠤᠯᠬᠤ ᠡᠭᠦᠷᠭᠡ ᠶᠢᠨ ᠣᠷᠣᠨ ᠪᠠᠶᠢᠷᠢ ᠶᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠨ ᠬᠢᠨᠠᠨ ᠵᠢᠯᠤᠭᠤᠳᠴᠤ ᠪᠠᠶᠢᠭᠠᠳ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠣᠶᠢᠷ᠎ᠠ ᠳᠤ ᠪᠢᠳᠡ ᠭᠤᠷᠪᠠᠳᠠᠭᠢ ᠡᠲᠡᠭᠡᠳ ᠤᠨ ᠲᠤᠰᠬᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠲᠤᠰᠬᠠᠢ ᠮᠡᠷᠭᠡᠵᠢᠯᠲᠡᠨ ᠢ ᠤᠷᠢᠵᠤ᠂ ᠨᠢᠭᠡᠨᠲᠡ ᠪᠠᠶᠢᠭᠤᠯᠤᠭᠰᠠᠨ ᠨᠠᠰᠤᠲᠠᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠰᠢᠯᠭᠠᠨ ᠠᠪᠬᠤ ᠠᠵᠢᠯ ᠢ ᠬᠢᠵᠦ᠂ ᠮᠠᠨ ᠤ ᠣᠷᠣᠨ ᠤ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠠᠵᠢᠯ ᠢ ᠲᠦᠷᠭᠡᠳᠬᠡᠨ ᠠᠬᠢᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号