ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠴᠢᠩᠱᠠᠨ ᠲᠣᠭᠤᠷᠢᠭ ᠤᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠨᠡᠶᠢᠭᠡᠮ ᠤᠨ ᠪᠠᠲᠤᠯᠠᠭ᠎ᠠ ᠶᠢᠨ ᠲᠤᠰᠬᠠᠢ ᠲᠤᠰᠢᠶᠠᠯᠲᠠᠨ ᠤ  ︽ᠲᠤᠰᠬᠠᠢ ᠮᠡᠷᠭᠡᠵᠢᠯ ᠤᠨ ᠰᠢᠯᠢᠳᠡᠭ︾ ᠲᠤᠰᠬᠠᠢ ᠰᠡᠳᠦᠪᠲᠦ ᠪᠤᠯᠪᠠᠰᠤᠷᠠᠯ ᠤᠨ ᠬᠤᠶᠠᠳᠤᠭᠠᠷ ᠬᠤᠭᠤᠴᠠᠭᠠᠨ ᠤ ᠠᠩᠭᠢ ᠶᠢ ᠵᠣᠬᠢᠶᠠᠨ ᠪᠠᠶᠢᠭᠤᠯᠤᠨ ᠦᠷᠨᠢᠭᠦᠯᠪᠡ
ᠨᠡᠶᠢᠲᠡᠯᠡᠭᠰᠡᠨ ᠴᠠᠭ᠄
2022/7/1
     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠢᠩᠱᠠᠨ ᠲᠣᠭᠤᠷᠢᠭ ᠤᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠨᠠᠩ ᠰᠠᠶᠢᠨ ᠨᠠᠩ ᠰᠢᠯᠢᠳᠡᠭ ᠦᠢᠯᠡᠴᠢᠯᠡᠬᠦ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠴᠢᠩᠱᠠᠨ ᠲᠣᠭᠤᠷᠢᠭ ᠤᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠨᠡᠶᠢᠭᠡᠮ ᠤᠨ ᠪᠠᠲᠤᠯᠠᠭ᠎ᠠ ᠶᠢᠨ ᠲᠤᠰᠬᠠᠢ ᠲᠤᠰᠢᠶᠠᠯᠲᠠᠨ ᠤ ︽ᠲᠤᠰᠬᠠᠢ ᠮᠡᠷᠭᠡᠵᠢᠯ ᠤᠨ ᠰᠢᠯᠢᠳᠡᠭ︾ ᠲᠤᠰᠬᠠᠢ ᠰᠡᠳᠦᠪᠲᠦ ᠪᠤᠯᠪᠠᠰᠤᠷᠠᠯ ᠤᠨ ᠬᠤᠶᠠᠳᠤᠭᠠᠷ ᠬᠤᠭᠤᠴᠠᠭᠠᠨ ᠤ ᠠᠩᠭᠢ ᠶᠢ ᠵᠣᠬᠢᠶᠠᠨ ᠪᠠᠶᠢᠭᠤᠯᠵᠦ᠂ ᠴᠢᠩᠱᠠᠨ ᠲᠣᠭᠤᠷᠢᠭ ᠤᠨ ᠳᠠᠭᠠᠳᠬᠠᠯ ᠳᠤ ᠣᠷᠣᠯᠴᠠᠭᠰᠠᠨ 80 ᠭᠠᠷᠤᠢ ᠠᠵᠤ ᠠᠬᠤᠶᠢᠯᠠᠯ ᠤᠨ ᠨᠡᠶᠢᠭᠡᠮ ᠤᠨ ᠪᠠᠲᠤᠯᠠᠭ᠎ᠠ ᠶᠢᠨ ᠲᠤᠰᠬᠠᠢ ᠲᠤᠰᠢᠶᠠᠯᠲᠠᠨ ᠪᠤᠯᠪᠠᠰᠤᠷᠠᠯ ᠳᠤ ᠣᠷᠣᠯᠴᠠᠵᠠᠢ᠃      ᠪᠤᠯᠪᠠᠰᠤᠷᠠᠯ ᠤᠨ ᠡᠬᠢᠨ ᠤ ᠬᠤᠭᠤᠴᠠᠭᠠᠨ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠠᠵᠢᠯᠲᠠᠳ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠤᠲᠠᠰᠤ ᠪᠠᠷ ᠠᠰᠠᠭᠤᠨ ᠯᠠᠪᠯᠠᠬᠤ᠂ ᠸᠢᠴᠠᠲ ᠤᠨ ᠠᠵᠢᠯ ᠤᠨ ᠪᠦᠯᠦᠭ ᠠᠴᠠ ᠠᠰᠠᠭᠤᠨ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠬᠠᠮᠢᠶ᠎ᠠ ᠪᠦᠬᠦᠢ ᠠᠰᠠᠭᠤᠳᠠᠯ ᠢ ᠴᠤᠭᠯᠠᠭᠤᠯᠤᠨ ᠡᠮᠬᠢᠳᠬᠡᠵᠦ᠂ ᠪᠤᠯᠪᠠᠰᠤᠷᠠᠯ ᠤᠨ ᠲᠥᠰᠥᠯ ᠲᠣᠭᠲᠠᠭᠠᠨ᠂ ᠪᠤᠯᠪᠠᠰᠤᠷᠠᠯ ᠤᠨ ᠤᠷᠤᠭᠰᠢᠲᠠᠢ ᠶᠠᠪᠤᠭᠳᠠᠬᠤ ᠳᠤ ᠭᠦᠢᠴᠡᠳ ᠪᠡᠯᠡᠳᠬᠡᠯ ᠬᠢᠪᠡ᠃      ᠪᠣᠯᠪᠠᠰᠤᠷᠠᠯ ᠤᠨ ᠶᠠᠪᠤᠴᠠ ᠳᠤ᠂ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ᠂ ᠰᠦᠯᠵᠢᠶᠡᠨ ᠤ ᠠᠯᠪᠠᠨ ᠲᠢᠩᠬᠢᠮ ᠤᠨ ᠲᠠᠪᠴᠠᠩ ᠤᠨ ᠠᠵᠢᠯᠯᠠᠭᠠᠨ ᠤ ᠶᠠᠪᠤᠴᠠ ᠵᠡᠷᠭᠡ ᠶᠢᠨ ᠲᠣᠭᠤᠷᠢᠨ ᠳᠤ ᠪᠦᠬᠦ ᠲᠠᠯ᠎ᠠ ᠶᠢᠨ ᠨᠠᠷᠢᠨ ᠲᠠᠶᠢᠯᠪᠤᠷᠢᠯᠠᠯᠲᠠ ᠬᠢᠵᠦ᠂ ᠲᠤᠬᠠᠢ ᠶᠢᠨ ᠲᠠᠯᠠᠪᠤᠷ ᠲᠤ ᠰᠦᠯᠵᠢᠶᠡᠨ ᠤ ᠲᠢᠩᠬᠢᠮ ᠤᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠵᠠᠭᠪᠤᠷ ᠢ ᠳᠡᠯᠭᠡᠨ ᠦᠵᠡᠭᠦᠯᠵᠦ᠂ ᠰᠦᠯᠵᠢᠶᠡᠨ ᠤ ᠠᠯᠪᠠᠨ ᠭᠡᠷ ᠤᠨ ᠳᠤᠮᠳᠠᠬᠢ ᠬᠦᠴᠢᠷ ᠲᠦᠪᠡᠭᠲᠡᠢ ᠬᠡᠮ ᠠᠷᠬᠠᠭ ᠢ ᠭᠤᠣᠯᠳᠠᠯᠭ᠎ᠠ ᠲᠠᠢ ᠵᠠᠳᠠᠯᠤᠨ ᠰᠢᠨᠵᠢᠯᠡᠵᠦ᠂ ᠮᠡᠳᠡᠭᠦᠯᠬᠦ ᠶᠠᠪᠤᠴᠠ ᠳᠠᠬᠢ ᠠᠩᠬᠠᠷᠬᠤ ᠵᠦᠢᠯᠡᠰ ᠢ ᠴᠢᠬᠤᠯᠠᠴᠢᠯᠠᠨ᠂ ᠲᠤᠬᠠᠢ ᠶᠢᠨ ᠲᠠᠯᠠᠪᠤᠷ ᠲᠤ ᠡᠯ᠎ᠡ ᠨᠢᠭᠡᠴᠡ ᠶᠢᠨ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠠᠰᠠᠭᠤᠳᠠᠯ ᠵᠢᠴᠢ ᠲᠤᠬᠠᠶᠢᠯᠠᠭᠰᠠᠨ ᠠᠵᠢᠯ ᠤᠨ ᠬᠦᠴᠢᠷ ᠠᠰᠠᠭᠤᠳᠠᠯ ᠳᠤ ᠬᠠᠷᠢᠭᠤᠯᠲᠠ ᠥᠭᠴᠦ᠂ ᠨᠡᠶᠢᠭᠡᠮ ᠤᠨ ᠳᠠᠭᠠᠳᠬᠠᠯ ᠤᠨ ᠲᠤᠰᠬᠠᠢ ᠲᠤᠰᠢᠶᠠᠯᠲᠠᠨ ᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠲᠤᠰᠬᠠᠢ ᠮᠡᠷᠭᠡᠵᠢᠯ ᠤᠨ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠤᠯᠪᠠᠰᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠠᠵᠢᠯᠲᠠᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠤᠨᠤᠪᠴᠢᠲᠠᠢ ᠢᠶᠠᠷ ᠵᠣᠯᠭᠠᠭᠤᠯᠤᠨ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠦᠷᠭᠦᠯᠵᠢᠯᠡᠨ ᠳᠥᠭᠦᠮᠴᠢᠯᠡᠵᠦ᠂ ᠠᠵᠤ ᠠᠬᠤᠶᠢᠯᠠᠯ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ᠂ ᠳᠣᠲᠣᠨᠣ ᠦᠢᠯᠡᠴᠢᠯᠡᠭᠡ ᠬᠠᠩᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号